ᠮᠠᠨ ᠤ ᠣᠷᠣᠨ ᠤ ᠳᠥᠷᠪᠡᠨ ᠰᠠᠯᠠᠭ᠎ᠠ ᠮᠥᠴᠢᠷ ᠠᠷᠠᠳ ᠤᠨ ᠠᠮᠢᠳᠤᠷᠠᠯ ᠤᠨ ᠬᠦᠷᠢᠶᠡᠨ ᠳᠠᠬᠢ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠷᠭ᠎ᠠ ᠬᠡᠮᠵᠢᠶ᠎ᠡ ᠪᠠ ᠦᠷ᠎ᠡ | ᠪᠦᠲᠦᠮᠵᠢ ᠶᠢ ᠨᠡᠶᠢᠲᠡᠯᠡᠭᠰᠡᠨ ᠪᠥᠭᠡᠳ ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠪᠠ | | 11 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠭᠡᠷ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ | ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ︾ ᠰᠢᠷᠢᠰ ᠭᠤᠣᠯ ᠰᠡᠳᠦᠪᠲᠦ | ᠰᠣᠨᠢᠨ ᠮᠡᠳᠡᠭᠡ ᠨᠡᠶᠢᠲᠡᠯᠡᠬᠦ ᠬᠤᠷᠠᠯ - ︽ᠳᠦᠷᠢᠮ ᠤᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ | ᠬᠥᠭᠵᠢᠭᠦᠯᠬᠦ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ︾ ᠲᠤᠰᠬᠠᠢ ᠲᠠᠯᠠᠪᠤᠷ ᠬᠤᠷᠠᠯ | ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠥᠪᠡᠷᠲᠡᠭᠡᠨ ᠵᠠᠰᠠᠬᠤ | ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠡᠷᠲᠡᠭᠡᠨ | ᠵᠠᠰᠠᠬᠤ ᠣᠷᠣᠨ ᠤ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠳᠦᠷᠢᠮ ᠤᠨ | ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠬᠦ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ | ᠲᠠᠨᠢᠯᠴᠠᠭᠤᠯᠬᠤ ᠶᠢᠨ ᠬᠠᠮᠲᠤ᠂ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠢ | ᠰᠠᠶᠢᠲᠤᠷ ᠬᠢᠬᠦ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ | ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ᠂ ᠢᠯᠴᠢ ᠬᠠᠩᠭᠠᠯᠭ᠎ᠠ ᠶᠢᠨ ᠬᠦᠷᠢᠶ᠎ᠡ ᠶᠢ ᠭᠦᠨᠵᠡᠭᠡᠶᠢᠷᠡᠭᠦᠯᠬᠦ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶ᠎ᠡ ᠵᠡᠷᠭᠡ ᠲᠠᠯ᠎ᠠ ᠶᠢᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ | ᠶᠢᠨ ᠲᠤᠬᠠᠢ ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠪᠠ᠃ | ᠡᠨᠡ ᠵᠢᠯ ᠠᠴᠠ ᠮᠠᠨ ᠤ ᠣᠷᠣᠨ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠶᠢ ᠲᠦᠷᠭᠡᠳᠬᠡᠨ ᠬᠥᠭᠵᠢᠭᠦᠯᠵᠦ᠂ ᠳᠦᠷᠢᠮ ᠤᠨ ᠲᠥᠰᠥᠪᠯᠡᠯ ᠲᠡᠭᠦᠯᠳᠡᠷᠵᠢᠭᠦᠯᠬᠦ᠂ ᠬᠠᠩᠭᠠᠯᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠭᠦ᠂ ᠬᠠᠮᠢᠶᠠᠷᠤᠯᠲᠠ ᠦᠢᠯᠡᠴᠢᠯᠡᠭᠡ ᠶᠢ ᠰᠢᠯᠢᠳᠡᠭᠵᠢᠭᠦᠯᠬᠦ᠂ ᠬᠦᠴᠦᠨ ᠵᠦᠢᠯ ᠤᠨ | ᠪᠠᠲᠤᠯᠠᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠢᠳᠡᠪᠬᠢᠲᠡᠢ ᠰᠦᠪᠡᠭᠴᠢᠯᠡᠯᠲᠡ ᠬᠢᠵᠡᠢ᠃ ᠥᠪᠡᠷᠲᠡᠭᠡᠨ ᠵᠠᠰᠠᠬᠤ | ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ ᠵᠡᠷᠭᠡ 13 ᠰᠠᠯᠠᠭ᠎ᠠ ᠮᠥᠴᠢᠷ ᠲᠠᠢ ᠬᠠᠮᠲᠤᠷᠠᠨ ︽ᠮᠠᠯᠵᠢᠬᠤ ᠲᠠᠷᠢᠶᠠᠯᠠᠬᠤ ᠣᠷᠣᠨ ᠤ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠢ ᠲᠦᠷᠭᠡᠳᠬᠡᠨ ᠬᠥᠭᠵᠢᠭᠦᠯᠬᠦ︾ ᠲᠣᠭᠤᠷᠢᠨ ᠳᠤ ᠬᠡᠷᠡᠭᠵᠢᠭᠦᠯᠬᠦ | ᠲᠥᠰᠥᠯ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ︽ᠰᠢᠶᠠᠨ ᠰᠢᠶᠠᠩ ᠲᠣᠰᠬᠤᠨ ᠤ ᠭᠡᠷ ᠪᠦᠯᠢ ᠶᠢᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠦᠷᠢᠨᠰᠢᠭᠦᠯᠬᠦ᠂ ᠳᠦᠷᠢᠮ ᠤᠨ ᠰᠢᠰᠲ᠋ᠧᠮ ᠤᠨ ᠰᠢᠨ᠎ᠡ ᠶᠢ | ᠡᠭᠦᠳᠬᠦ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ᠂ ᠠᠵᠢᠯ ᠤᠨ ᠪᠠᠲᠤᠯᠠᠭ᠎ᠠ ᠶᠢ ᠴᠢᠩᠭᠠᠷᠠᠭᠤᠯᠬᠤ︾ ᠵᠡᠷᠭᠡ | ᠳᠥᠷᠪᠡᠨ ᠲᠠᠯ᠎ᠠ ᠶᠢᠨ 17 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠨᠠᠷᠢᠯᠢᠬᠵᠢᠭᠤᠯᠪᠠ᠃ ᠮᠠᠯᠵᠢᠬᠤ ᠲᠠᠷᠢᠶᠠᠯᠠᠬᠤ | ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠡᠭᠦᠳᠴᠦ᠂ 10 ᠰᠠᠷ᠎ᠠ ᠶᠢᠨ | ᠰᠡᠭᠦᠯᠴᠢ ᠪᠤᠯᠲᠠᠯ᠎ᠠ ᠪᠦᠭᠦ ᠣᠷᠣᠨ ᠳᠤ ᠰᠤᠮᠤ ᠰᠢᠶᠠᠩ ᠪᠠᠯᠭᠠᠰᠤ ᠶᠢᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠥᠪ ᠢ ᠨᠡᠶᠢᠲᠡ 570 ᠪᠠᠶᠢᠭᠤᠯᠵᠤ᠂ ᠲᠣᠰᠬᠤᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠥᠷᠲᠡᠭᠡ ︵ᠵᠣᠯ ᠵᠢᠷᠭᠠᠯᠲᠤ ᠬᠦᠷᠢᠶᠡᠯᠡᠩ ᠪᠠᠭᠲᠠᠨ᠎ᠠ︶ ᠶᠢ 6217 ᠪᠠᠶᠢᠭᠤᠯᠪᠠ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯᠳᠠ ᠶᠢᠨ ᠦᠢᠯᠡᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠬᠤ ᠬᠠᠮᠢᠶ᠎ᠠ ᠪᠦᠬᠦᠢ ᠠᠷᠭ᠎ᠠ ᠬᠡᠮᠵᠢᠶ᠎ᠡ︾ ᠶᠢ ᠳᠠᠷᠤᠮᠠᠯᠯᠠᠨ ᠲᠠᠷᠬᠠᠭᠠᠵᠤ᠂ ᠲᠥᠪ ᠤᠨ | ᠠᠰᠠᠷᠠᠮᠵᠢ ᠶᠢᠨ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ 4308.75 ᠲᠦᠮᠡᠨ ᠲᠥᠭᠦᠷᠢᠭ | ᠲᠣᠬᠢᠷᠠᠭᠤᠯᠵᠤ᠂ ᠬᠤᠰᠢᠭᠤ ᠰᠢᠶᠠᠨ ᠤ ᠱᠠᠲᠤᠨ ᠤ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ | ᠦᠢᠯᠡᠴᠢᠯᠡᠭᠡᠨ ᠤ ᠪᠠᠶᠢᠭᠤᠯᠤᠮᠵᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠭᠠᠯ ᠰᠡᠷᠭᠡᠶᠢᠯᠡᠵᠦ ᠭᠠᠯ | ᠤᠨᠲᠠᠷᠠᠭᠠᠬᠤ ᠰᠠᠭᠤᠷᠢ ᠲᠥᠬᠦᠭᠡᠷᠦᠮᠵᠢ ᠶᠢ ᠵᠠᠰᠠᠨ ᠰᠡᠯᠪᠢᠬᠦ ᠲᠡᠰ ᠳᠡᠪᠰᠢᠭᠦᠯᠬᠦ ᠳᠤ ᠬᠡᠷᠡᠭᠯᠡᠪᠡ᠃ ᠡᠭᠦᠨ ᠤ ᠬᠠᠮᠲᠤ | ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ | ᠦᠷᠭᠦᠯᠵᠢᠯᠡᠨ ᠠᠬᠢᠭᠤᠯᠵᠤ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠥᠭᠡᠷᠡᠴᠢᠯᠡᠨ ᠰᠠᠶᠢᠵᠢᠷᠠᠭᠤᠯᠬᠤ᠂ | ᠴᠢᠳᠠᠮᠵᠢ ᠶᠢ ᠥᠷᠭᠡᠳᠬᠡᠬᠦ ᠪᠠᠷ ᠳᠠᠮᠵᠢᠭᠤᠯᠤᠨ ᠰᠢᠶᠠᠨ ᠰᠢᠶᠠᠩ ᠲᠣᠰᠬᠤᠨ ᠢ ᠵᠣᠯᠭᠠᠭᠤᠯᠤᠭᠰᠠᠨ ᠭᠤᠷᠪᠠᠨ | ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠰᠦᠯᠵᠢᠶᠡᠨ ᠤ ᠪᠠᠶᠢᠭᠤᠯᠤᠯᠲᠠ ᠶᠢ | ᠴᠢᠩᠭᠠᠳᠬᠠᠨ᠎ᠠ᠃ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠵᠢᠭᠦᠯᠬᠦ | ᠲᠥᠰᠥᠯ ᠢ ᠲᠣᠭᠲᠠᠭᠠᠵᠤ᠂ ᠥᠭᠡᠷᠡᠴᠢᠯᠡᠯᠲᠡ ᠶᠢᠨ ᠡᠭᠦᠷᠭᠡ ᠶᠢ ᠲᠦᠷᠦᠭᠦᠯᠡᠨ ᠬᠢᠬᠦ ᠲᠣᠭᠤᠷᠢᠨ ᠳᠤ 36 ᠵᠦᠢᠯ ᠤᠨ | ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠣᠳᠣᠬᠠᠨ ᠳᠤ ᠨᠡᠶᠢᠭᠡᠮ ᠤᠨ ᠳᠠᠭᠠᠳᠬᠠᠯ ᠤᠨ | ᠲᠤᠬᠠᠶᠢᠯᠠᠭᠰᠠᠨ ᠠᠵᠢᠯ ᠢ ︽ᠬᠠᠮᠲᠤ ᠳᠤᠨᠢ ᠬᠢᠨᠠᠵᠤ ᠨᠢᠭᠡᠳᠦᠯᠲᠡᠢ ᠭᠦᠢᠴᠡᠳᠬᠡᠬᠦ︾ ᠶᠢ ᠬᠡᠷᠡᠭᠵᠢᠭᠦᠯᠵᠦ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ | ᠮᠥᠩᠭᠦ ᠶᠢ ᠠᠶᠢᠮᠠᠭ ᠬᠤᠲᠠ ᠶᠢᠨ ᠱᠠᠲᠤᠨ ᠳᠤ ᠨᠢᠭᠡᠳᠦᠯᠲᠡᠢ ᠬᠠᠮᠢᠶᠠᠷᠬᠤ ᠶᠢ ᠪᠡᠶᠡᠯᠡᠭᠦᠯᠬᠦ ᠵᠡᠷᠭᠡ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠪᠥᠭᠡᠳ ᠢᠳᠡᠪᠬᠢᠲᠡᠢ ᠦᠷ᠎ᠡ ᠪᠦᠲᠦᠮᠵᠢ ᠣᠯᠪᠠ᠃ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠲᠣᠭᠤᠷᠢᠨ ᠳᠤ ᠠᠵᠢᠯ ᠣᠯᠭᠤᠯᠲᠠ ᠶᠢ | ᠤᠷᠢᠳ ᠢᠶᠠᠷ ᠪᠣᠳᠣᠯᠬᠢᠯᠠᠬᠤ ᠲᠥᠷᠥ ᠶᠢᠨ ᠪᠣᠳᠣᠯᠭ᠎ᠠ ᠶᠢ ᠴᠢᠩᠭᠠᠳᠬᠠᠵᠤ᠂ ᠠᠵᠢᠯ ᠣᠯᠭᠤᠯᠲᠠ ᠶᠢᠨ ᠬᠦᠷᠢᠶᠡᠨ ᠳᠠᠬᠢ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠰᠠᠨᠠᠯ ᠢ ᠨᠡᠶᠢᠲᠡᠯᠡᠬᠦ | ᠶᠢ ᠲᠦᠷᠭᠡᠳᠬᠡᠨ ᠠᠬᠢᠭᠤᠯᠵᠤ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠳᠡᠮᠵᠢᠬᠦ ᠰᠢᠰᠲ᠋ᠧᠮ ᠢ | ᠲᠡᠭᠦᠯᠳᠡᠷᠵᠢᠭᠦᠯᠦᠨ᠂ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠢᠳᠡᠪᠬᠢᠲᠡᠢ ᠨᠠᠮᠳᠠᠭᠤᠯᠵᠤ᠂ | ᠠᠵᠢᠯ ᠣᠯᠭᠤᠵᠤ ᠦᠢᠯᠡᠰ ᠪᠣᠰᠬᠠᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠪᠠ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠬᠦ᠂ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠲᠡᠭᠦᠯᠳᠡᠷᠵᠢᠭᠦᠯᠬᠦ ᠶᠢᠨ ᠲᠣᠭᠤᠷᠢᠨ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠳᠡᠰ ᠳᠠᠪᠬᠤᠷᠭ᠎ᠠ ᠣᠯᠠᠨ ᠲᠤᠯᠭᠠᠭᠤᠷᠢᠳᠤ ᠨᠠᠰᠤᠵᠢᠯ ᠤᠨ | ᠳᠠᠭᠠᠳᠬᠠᠯ ᠤᠨ ᠰᠢᠰᠲ᠋ᠧᠮ ᠢ ᠪᠠᠶᠢᠭᠤᠯᠬᠤ ᠰᠠᠨᠠᠯ︾ ᠢ ᠪᠦᠭᠦ ᠤᠯᠤᠰ ᠲᠤ ᠤᠷᠢᠳ ᠢᠶᠠᠷ ᠨᠡᠶᠢᠲᠡᠯᠡᠵᠦ᠂ ᠨᠡᠶᠢᠭᠡᠮ ᠤᠨ | ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡ ᠪᠠᠷ ᠬᠡᠷᠡᠭᠯᠡᠨ ᠠᠮᠢᠳᠤᠯᠢᠭ ᠢᠶᠠᠷ ᠠᠵᠢᠯ ᠣᠯᠣᠭᠰᠠᠳ᠂ ᠬᠥᠯᠥᠰᠦᠨ ᠮᠠᠯᠴᠢᠨ ᠲᠠᠷᠢᠶᠠᠴᠢᠨ᠂ ᠰᠢᠨ᠎ᠡ ᠭᠡᠯᠪᠡᠷᠢ | ᠶᠢᠨ ᠠᠵᠢᠯ ᠣᠯᠣᠭᠰᠠᠳ ᠤᠨ ᠨᠡᠶᠢᠭᠡᠮ ᠤᠨ ᠪᠠᠲᠤᠯᠠᠭ᠎ᠠ ᠳᠤ ᠣᠷᠤᠯᠴᠠᠬᠤ ᠶᠢ ᠠᠬᠢᠭᠤᠯᠵᠤ᠂ ᠨᠥᠬᠦᠴᠡᠯ ᠲᠠᠢ | ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠳᠤ ᠨᠥᠬᠦᠪᠦᠷᠢ ᠥᠭᠬᠦ ᠠᠵᠢᠯ ᠥᠷᠨᠢᠭᠦᠯᠬᠦ ᠶᠢ | ᠵᠣᠷᠢᠭᠵᠢᠭᠤᠯᠪᠠ᠃ ᠡᠭᠦᠨ ᠤ ᠰᠠᠭᠤᠷᠢᠨ ᠳᠡᠭᠡᠷ᠎ᠡ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠲᠦᠪᠰᠢᠨ ᠢ | ᠦᠷᠭᠦᠯᠵᠢᠯᠡᠨ ᠳᠡᠭᠡᠭᠰᠢᠯᠡᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦᠨ ᠤ ᠬᠠᠮᠢᠶᠠᠷᠤᠯᠲᠠ ᠶᠢ | ᠦᠷᠭᠦᠯᠵᠢᠯᠡᠨ ᠴᠢᠩᠭᠠᠳᠬᠠᠨ᠎ᠠ᠃ | ︽ᠳᠤᠯᠠᠭᠠᠯᠠᠭ᠎ᠠ ᠶᠢᠨ ᠢᠨᠵᠧᠨᠧᠷᠢᠩ︾ ᠢ ᠬᠡᠷᠡᠭᠵᠢᠭᠦᠯᠦᠭᠰᠡᠨ ᠠᠴᠠ ᠨᠠᠭᠠᠰᠢ ᠮᠠᠨ ᠤ ᠣᠷᠣᠨ ᠢᠳᠡᠪᠬᠢᠲᠡᠢ | ᠦᠷ᠎ᠡ ᠪᠦᠲᠦᠮᠵᠢ ᠣᠯᠪᠠ᠃ 10 ᠰᠠᠷ᠎ᠠ ᠶᠢᠨ 15 ᠤ ᠡᠳᠦᠷ ᠪᠤᠯᠲᠠᠯ᠎ᠠ ᠪᠦᠭᠦ ᠵᠢᠯ ᠢᠶᠠᠷ ᠬᠡᠷᠡᠭᠵᠢᠭᠦᠯᠬᠦ ᠪᠠᠷ | ᠲᠥᠯᠥᠪᠯᠡᠵᠦ ᠪᠠᠶᠢᠭᠰᠠᠨ 528 ᠲᠥᠷᠥᠯ ᠵᠦᠢᠯ ᠢ ᠪᠦᠭᠦᠨ ᠢ ᠪᠠᠷᠢᠯᠭ᠎ᠠ ᠳᠠᠭᠤᠰᠬᠠᠵᠤ᠂ ᠪᠦᠭᠦ ᠣᠷᠣᠨ ᠤ 103 | ᠬᠤᠰᠢᠭᠤ ᠰᠢᠶᠠᠨ ︵ᠬᠤᠲᠠ᠂ ᠲᠣᠭᠤᠷᠢᠭ︶ ᠪᠦᠭᠦᠨ ᠢᠶᠠᠷ ᠢᠶᠠᠨ ᠴᠠᠭ ᠲᠠᠭᠠᠨ ᠢᠯᠴᠢ ᠬᠠᠩᠭᠠᠪᠠ᠃ ᠣᠳᠣᠬᠠᠨ ᠳᠤ | ᠪᠦᠭᠦ ᠣᠷᠣᠨ ᠤ ᠢᠯᠴᠢ ᠬᠠᠩᠭᠠᠬᠤ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠢᠯᠴᠢ ᠬᠠᠩᠭᠠᠬᠤ ᠶᠠᠰᠤ | ᠴᠢᠨᠠᠷ ᠢ ᠢᠯᠡᠳᠲᠡ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ | ᠨᠠᠢᠮᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠭᠦ | ᠣᠷᠣᠨ ᠤ ᠢᠯᠴᠢ ᠬᠠᠩᠭᠠᠬᠤ ᠬᠦᠷᠢᠶᠡᠨ ᠤ ᠥᠭᠡᠷᠡᠴᠢᠯᠡᠯᠲᠡ ᠶᠢ ᠠᠬᠢᠭᠤᠯᠤᠨ᠂ ︽ᠳᠤᠯᠠᠭᠠᠯᠠᠭ᠎ᠠ ᠶᠢᠨ ᠢᠨᠵᠧᠨᠧᠷᠢᠩ︾ | ᠤᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠥᠯᠥᠭᠡ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠢᠯᠴᠢ ᠬᠠᠩᠭᠠᠬᠤ ᠬᠤᠭᠤᠴᠠᠭᠠᠨ ᠳᠠᠬᠢ ᠨᠠᠷᠢᠯᠢᠭ | ᠣᠨᠣᠴᠠᠲᠠᠢ ᠦᠢᠯᠡᠴᠢᠯᠡᠭᠡ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠪᠦᠭᠦ ᠣᠷᠣᠨ ᠪᠦᠰᠡ ᠶᠢᠨ ᠣᠶᠤᠨᠲᠤ | ᠢᠯᠴᠢ ᠬᠠᠩᠭᠠᠬᠤ ᠵᠢᠱᠢᠶ᠎ᠡ ᠦᠵᠡᠭᠦᠯᠭᠦ ᠴᠡᠭ ᠢ ᠰᠦᠪᠡᠭᠴᠢᠯᠡᠨ ᠥᠷᠨᠢᠭᠦᠯᠵᠦ᠂ ᠲᠤᠷᠰᠢᠯᠭ᠎ᠠ ᠪᠠ ᠦᠷ᠎ᠡ ᠪᠦᠲᠦᠭᠡᠯ ᠢ | ᠢᠳᠡᠭ ᠢᠳᠡᠭ ᠢᠶᠠᠷ ᠪᠦᠭᠦ ᠣᠷᠣᠨ ᠳᠤ ᠳᠡᠯᠭᠡᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠣᠶᠤᠨᠲᠤ ᠢᠯᠴᠢ | ᠬᠠᠩᠭᠠᠬᠤ ᠪᠠᠷᠢᠮᠵᠢᠶ᠎ᠠ ᠶᠢ ᠵᠡᠷᠭᠡ ᠪᠠᠷ ᠰᠤᠳᠤᠯᠤᠨ ᠲᠣᠭᠲᠠᠭᠠᠵᠤ᠂ ︽ᠡᠨᠧᠷᠭᠢ᠂ ᠲᠣᠣᠷ᠂ ᠥᠷᠲᠡᠭᠡ᠂ ᠡᠷᠦᠭᠡ︾ ᠶᠢᠨ | ᠪᠦᠭᠦ ᠬᠡᠯᠬᠢᠶᠡᠨ ᠤ ᠣᠶᠤᠨᠲᠤ ᠬᠠᠮᠢᠶᠠᠷᠤᠯᠲᠠ ᠶᠢ ᠪᠡᠶᠡᠯᠡᠭᠦᠯᠦᠨ᠎ᠡ᠃ ᠢᠯᠴᠢ ᠬᠠᠩᠭᠠᠯᠭ᠎ᠠ ᠶᠢᠨ ᠬᠡᠮᠵᠢᠶᠡᠯᠡᠨ | ᠰᠦᠢᠳᠬᠡᠯ ᠬᠤᠷᠢᠶᠠᠬᠤ᠂ ᠬᠠᠮᠢᠶᠠᠷᠬᠤ ᠪᠠ ᠤᠬᠠᠭᠤᠯᠬᠤ ᠰᠢᠰᠲ᠋ᠧᠮ ᠢ ᠰᠦᠪᠡᠭᠴᠢᠯᠡᠨ ᠪᠠᠶᠢᠭᠤᠯᠵᠤ᠂ ︽ᠨᠠᠷᠢᠯᠢᠭ | ᠣᠨᠣᠴᠠᠲᠠᠢ ᠪᠠᠷ ᠢᠯᠴᠢ ᠬᠠᠩᠭᠠᠬᠤ᠂ ᠬᠡᠷᠡᠭᠴᠡᠭᠡ ᠶᠣᠰᠣᠭᠠᠷ ᠢᠯᠴᠢ ᠬᠠᠩᠭᠠᠬᠤ︾ ᠬᠠᠷᠠᠯᠲᠠ ᠶᠢ ᠠᠯᠬᠤᠮ | ᠠᠯᠬᠤᠮ ᠢᠶᠠᠷ ᠪᠡᠶᠡᠯᠡᠭᠦᠯᠦᠨ᠂ ᠡᠨᠧᠷᠭᠢ ᠠᠷᠪᠢᠯᠠᠬᠤ᠂ ᠲᠠᠭᠠᠯᠠᠮᠵᠢᠲᠠᠢ ᠢᠯᠴᠢ ᠬᠠᠩᠭᠠᠬᠤ ᠰᠢᠨ᠎ᠡ ᠪᠠᠶᠢᠷᠢᠰᠢᠯ ᠢ ᠪᠤᠶ | ᠪᠤᠯᠭᠠᠵᠤ᠂ ᠪᠦᠭᠦ ᠣᠷᠣᠨ ᠤ ᠢᠯᠴᠢ ᠬᠠᠩᠭᠠᠬᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ | ᠠᠬᠢᠭᠤᠯᠤᠨ᠎ᠠ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠰᠢᠨ᠎ᠡ | ᠪᠠᠶᠢᠷᠢᠯᠠᠭᠤᠯᠤᠯᠲᠠ ᠬᠢᠵᠦ᠂ ᠰᠢᠨ᠎ᠡ ᠱᠠᠭᠠᠷᠳᠠᠯᠭ᠎ᠠ ᠳᠤᠷᠠᠳᠴᠠᠢ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ 9 ᠲᠠᠯ᠎ᠠ ᠶᠢᠨ ᠭᠤᠣᠯ ᠡᠭᠦᠷᠭᠡ᠂ 35 ᠵᠦᠢᠯ ᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ | ᠪᠦᠭᠦᠨ ᠢ ᠡᠬᠢᠯᠡᠨ ᠬᠡᠷᠡᠭᠵᠢᠭᠦᠯᠵᠦ᠂ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ | ᠲᠠᠯ᠎ᠠ ᠶᠢᠨ ᠥᠨᠳᠥᠷᠴᠡ ᠠᠴᠠ ᠡᠷᠡᠭᠦᠯ ᠬᠠᠮᠠᠭᠠᠯᠠᠯ ᠡᠷᠡᠭᠦᠯ ᠡᠩᠬᠡ ᠶᠢᠨ ᠠᠵᠢᠯ ᠢ ᠡᠵᠡᠮᠳᠡᠨ ᠠᠬᠢᠭᠤᠯᠵᠤ᠂ ᠡᠷᠡᠭᠦᠯ | ᠬᠠᠮᠠᠭᠠᠯᠠᠯ ᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠪᠠ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠳᠦᠷᠢᠮ︾ ᠳᠤ | ᠵᠠᠰᠠᠪᠤᠷᠢ ᠣᠷᠣᠭᠤᠯᠵᠤ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠂ ᠰᠠᠭᠤᠭᠠᠯᠢ | ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠲᠦᠪᠰᠢᠨ 29.18% ᠳᠤ ᠬᠦᠷᠴᠦ᠂ ᠪᠦᠭᠦ ᠤᠯᠤᠰ ᠤᠨ | ᠳᠤᠮᠳᠠᠴᠢ ᠬᠢᠷᠢ ᠲᠦᠪᠰᠢᠨ ᠠᠴᠠ ᠵᠠᠭᠤᠨ ᠤ ᠬᠠᠷᠢᠴᠠᠯ ᠢᠶᠠᠷ 1.4 ᠬᠤᠪᠢ ᠥᠨᠳᠥᠷ ᠪᠣᠯᠪᠠ᠃ ᠪᠦᠭᠦ ᠣᠷᠣᠨ ᠤ | ᠬᠠᠮᠤᠭ ᠤᠨ ᠥᠷᠭᠡᠨ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠪᠠᠲᠤᠯᠠᠬᠤ ᠡᠭᠦᠳᠡᠨ ᠠᠴᠠ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠤᠯᠠᠨ ᠲᠦᠮᠡᠨ ᠳᠤ ᠨᠡᠩ ᠴᠢᠨᠠᠷ ᠰᠠᠶᠢᠲᠠᠢ ᠥᠨᠳᠥᠷ | ᠪᠦᠲᠦᠮᠵᠢᠲᠡᠢ᠂ ᠰᠢᠰᠲ᠋ᠧᠮ ᠲᠠᠢ ᠦᠷᠭᠦᠯᠵᠢᠯᠡᠭᠰᠡᠨ᠂ ᠡᠷᠬᠡ ᠲᠡᠭᠰᠢ ᠬᠦᠷᠲᠡᠵᠦ ᠪᠣᠯᠬᠤᠶᠢᠴᠠ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠨ᠎ᠠ᠃ ᠨᠢᠭᠡ ᠲᠠᠯ᠎ᠠ ᠪᠠᠷ ᠣᠷᠣᠨ ᠤ ᠭᠠᠳᠠᠨᠠᠬᠢ ᠴᠢᠨᠠᠷ ᠰᠠᠶᠢᠲᠠᠢ | ᠡᠮᠴᠢᠯᠡᠭᠡᠨ ᠤ ᠡᠬᠢ ᠪᠠᠶᠠᠯᠢᠭ ᠢ ᠣᠷᠣᠭᠤᠯᠤᠨ ᠠᠪᠴᠢᠷᠠᠬᠤ ᠪᠠᠭᠲᠠᠭᠠᠮᠵᠢ ᠶᠢ ᠥᠷᠭᠡᠳᠬᠡᠵᠦ᠂ ᠨᠦᠭᠦᠭᠡ ᠲᠠᠯ᠎ᠠ ᠪᠠᠷ | ᠣᠷᠣᠨ ᠤ ᠳᠣᠲᠣᠷᠠᠬᠢ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠬᠤ ᠶᠢ | ᠴᠢᠩᠭ᠎ᠠ ᠠᠳᠬᠤᠨ᠎ᠠ᠃ ᠡᠷᠡᠭᠦᠯ ᠬᠠᠮᠠᠭᠠᠯᠠᠯ ᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ | ᠨᠠᠶᠢᠳᠠᠪᠤᠷᠢᠵᠢᠭᠤᠯᠬᠤ᠂ ︽ᠡᠮᠨᠡᠯᠭᠡ ᠶᠢᠨ ᠳᠠᠭᠠᠳᠬᠠᠯ᠂ ᠡᠮᠴᠢᠯᠡᠭᠡ᠂ ᠡᠮ ᠡᠮᠨᠡᠯᠭᠡ︾ ᠶᠢ ᠵᠣᠬᠢᠴᠠᠯᠳᠤᠭᠤᠯᠤᠨ | ᠬᠥᠭᠵᠢᠭᠦᠯᠬᠦ ᠪᠠ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠢᠲᠠᠳ ᠡᠮ ᠡᠮᠨᠡᠯᠭᠡ ᠶᠢ ᠤᠯᠠᠮᠵᠢᠯᠠᠨ | ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠦᠷᠡᠵᠢᠯ ᠢ ᠳᠡᠮᠵᠢᠬᠦ | ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠵᠡᠷᠭᠡ ᠥᠭᠡᠷᠡᠴᠢᠯᠡᠯᠲᠡ ᠶᠢᠨ ᠡᠭᠦᠷᠭᠡ ᠶᠢ ᠨᠢᠭᠡᠳᠦᠯᠲᠡᠢ | ᠲᠥᠯᠥᠪᠵᠢᠭᠦᠯᠦᠨ ᠨᠠᠶᠢᠳᠠᠪᠤᠷᠢᠵᠢᠭᠤᠯᠵᠤ᠂ ᠪᠦᠭᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ | ᠡᠷᠡᠭᠦᠯ ᠮᠡᠨᠳᠦ ᠠᠵᠠ ᠵᠢᠷᠭᠠᠯ ᠢ ᠳᠡᠭᠡᠭᠰᠢᠯᠡᠭᠦᠯᠦᠨ᠎ᠡ᠃ | | |