ᠥᠪᠥᠷ ᠮᠣᠩᠭᠤᠯ ᠤᠨ 4 ᠵᠣᠬᠢᠶᠠᠯᠴᠢ ᠠᠵᠢᠨᠠᠢ ᠱᠠᠩᠨᠠᠯ ᠭᠦᠷᠳᠡᠯ᠎ᠠ
ᠨᠡᠶᠢᠲᠡᠯᠡᠭᠰᠡᠨ ᠴᠠᠭ᠄
2024/11/20
     ᠤᠮᠠᠷᠠᠲᠤ ᠬᠢᠯᠢ ᠶᠢᠨ ᠰᠣᠶᠣᠯ᠂ ᠶᠦᠩᠵᠢᠶᠠᠩ ᠮᠥᠷᠡᠨ ᠳᠤ ᠭᠡᠷᠡᠯ ᠭᠢᠯᠪᠠᠭ᠎ᠠ ᠪᠠᠨ ᠰᠠᠴᠤᠷᠠᠭᠤᠯᠪᠠ᠃ 11 ᠰᠠᠷ᠎ᠠ ᠶᠢᠨ 16 ᠤ ᠣᠷᠣᠢ᠂ ᠥᠪᠥᠷ ᠮᠣᠩᠭᠤᠯ ᠤᠨ ᠤᠳᠬ᠎ᠠ ᠵᠣᠬᠢᠶᠠᠯ ᠭᠡᠷᠡᠯ ᠰᠠᠴᠤᠷᠠᠩᠭᠤᠢ ᠤᠨᠴᠠᠭᠠᠢ ᠨᠢᠭᠡᠨ ᠮᠥᠴᠡ ᠪᠠᠨ ᠤᠭᠲᠤᠯ᠎ᠠ᠃      ᠭᠤᠸᠠᠩᠰᠢ ᠶᠢᠨ ᠨᠠᠨᠨᠢᠩ ᠳᠤ ᠶᠠᠪᠤᠭᠳᠠᠭᠰᠠᠨ 2024 ᠳᠤᠮᠳᠠᠳᠤ ᠤᠯᠤᠰ ᠤᠨ ᠤᠳᠬ᠎ᠠ ᠵᠣᠬᠢᠶᠠᠯ ᠤᠨ ᠦᠪᠡᠳᠡᠭᠰᠢ ᠴᠤᠭᠯᠠᠭᠠᠨ ᠪᠤᠯᠬᠤ ᠠᠵᠢᠨᠠᠢ ᠱᠠᠩᠨᠠᠯ ᠣᠯᠭᠤᠬᠤ ᠶᠣᠰᠣᠯᠠᠯ ᠳᠡᠭᠡᠷ᠎ᠡ᠂ ᠮᠠᠨ ᠤ ᠣᠷᠣᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠳᠬ᠎ᠠ ᠵᠣᠬᠢᠶᠠᠯ ᠤᠨ ᠵᠣᠬᠢᠶᠠᠨ ᠪᠦᠲᠦᠭᠡᠯᠭᠡ ᠶᠢᠨ ᠠᠵᠢᠨᠠᠢ ᠱᠠᠩᠨᠠᠯ ︵ᠳᠥᠭᠦᠮᠴᠢᠯᠡᠭᠡᠳ ᠠᠵᠢᠨᠠᠢ ᠱᠠᠩᠨᠠᠯ ᠭᠡᠳᠡᠭ︶ ᠢ ᠭᠥᠷᠳᠡᠭᠰᠡᠨ 3 ᠵᠣᠬᠢᠶᠠᠯᠴᠢ ᠪᠠ 1 ᠣᠷᠴᠢᠭᠤᠯᠤᠭᠴᠢ ᠲᠠᠶᠢᠰᠠᠨ ᠳᠤ ᠭᠠᠷᠴᠤ᠂ ᠮᠠᠨ ᠤ ᠤᠯᠤᠰ ᠤᠨ ᠦᠨᠳᠦᠰᠦᠲᠡᠨ ᠤ ᠤᠳᠬ᠎ᠠ ᠵᠣᠬᠢᠶᠠᠯ ᠤᠨ ᠬᠠᠮᠤᠭ ᠤᠨ ᠳᠡᠭᠡᠳᠦ ᠢᠷᠠᠭᠤ ᠠᠯᠳᠠᠷ ᠢ ᠭᠦᠷᠳᠡᠪᠡ᠃      ᠲᠣᠰ ᠤᠳᠠᠭ᠎ᠠ ᠪᠦᠭᠦ ᠤᠯᠤᠰ ᠤᠨ 25 ᠪᠦᠲᠦᠭᠡᠯ᠂ 5 ᠣᠷᠴᠢᠭᠤᠯᠤᠭᠴᠢ ᠠᠵᠢᠨᠠᠢ ᠱᠠᠩᠨᠠᠯ ᠬᠦᠷᠲᠡᠵᠦ᠂ ᠮᠠᠨ ᠤ ᠣᠷᠣᠨ ᠤ ᠱᠠᠩᠨᠠᠯ ᠭᠥᠷᠳᠡᠭᠰᠡᠨ ᠲᠤᠭ᠎ᠠ ᠪᠦᠭᠦ ᠤᠯᠤᠰ ᠲᠤ ᠲᠦᠷᠦᠭᠦᠯᠡᠪᠡ᠃ ᠵᠣᠬᠢᠶᠠᠯᠴᠢ ᠠᠶᠤᠷᠵᠠᠨ᠎ᠠ ᠶᠢᠨ ︽ᠭᠤᠪᠢ ᠶᠢᠨ ᠬᠥᠬᠡ ᠲᠡᠭᠷᠢ︾ ︵ᠮᠣᠩᠭᠤᠯ︶᠂ ᠨᠠᠷᠠᠩᠭᠤᠸ᠎ᠠ ᠶᠢᠨ ︽ᠰᠦᠨᠡᠰᠦᠨ ᠠᠴᠢᠶ᠎ᠠ ᠲᠠᠢ ᠭᠦᠯᠦᠭ︾ ᠪᠦᠲᠦᠭᠡᠯ  ᠨᠢ ᠲᠤᠭᠤᠵᠢ ᠥᠭᠦᠯᠡᠯᠭᠡ ᠶᠢᠨ ᠱᠠᠩᠨᠠᠯ ᠬᠦᠷᠲᠡᠵᠦ᠂ ᠨᠢᠦ ᠬᠠᠢ ᠺᠦᠨ ᠤ ︽ᠳᠡᠯᠡᠬᠡᠢ ᠶᠢᠨ ᠬᠠᠷᠠᠭᠠᠨ ᠳᠤ︾ ᠭᠡᠬᠦ ᠪᠦᠲᠦᠭᠡᠯ ᠨᠢ ᠮᠡᠳᠡᠭᠡᠯᠡᠯ ᠤᠨ ᠤᠷᠠᠨ ᠵᠣᠬᠢᠶᠠᠯ ᠤᠨ ᠱᠠᠩᠨᠠᠯ ᠬᠦᠷᠲᠡᠵᠦ᠂ ᠣᠷᠴᠢᠭᠤᠯᠤᠭᠴᠢ ᠳᠤᠷᠤᠨ᠎ᠠ ᠣᠷᠴᠢᠭᠤᠯᠭ᠎ᠠ ᠶᠢᠨ ᠱᠠᠩᠨᠠᠯ ᠭᠦᠷᠳᠡᠪᠡ᠃      ᠠᠵᠢᠨᠠᠢ ᠱᠠᠩᠨᠠᠯ ᠭᠡᠬᠦ ᠡᠨᠡ ᠬᠦ ᠢᠷᠠᠭᠤ ᠠᠯᠳᠠᠷ ᠪᠣᠯ ᠥᠪᠥᠷ ᠮᠣᠩᠭᠤᠯ ᠤᠨ ᠵᠣᠬᠢᠶᠠᠯᠴᠢᠳ ᠲᠤ ᠥᠭᠭᠦᠭᠰᠡᠨ ᠵᠣᠷᠢᠭᠵᠢᠭᠤᠯᠤᠯ ᠮᠥᠨ᠂ ᠨᠠᠩ ᠴᠤ ᠥᠪᠥᠷ ᠮᠣᠩᠭᠤᠯ ᠤᠨ ᠤᠳᠬ᠎ᠠ ᠵᠣᠬᠢᠶᠠᠯ ᠤᠨ ᠵᠣᠬᠢᠶᠠᠨ ᠪᠦᠲᠦᠭᠡᠯᠭᠡ ᠶᠢᠨ ᠲᠤᠬᠠᠢ ᠨᠤᠲᠠᠯᠠᠯᠲᠠ ᠮᠥᠨ᠃      ︽ᠡᠨᠡ ᠤᠳᠠᠭ᠎ᠠ ᠱᠠᠩᠨᠠᠯ ᠣᠯᠣᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠂ ᠤᠩᠰᠢᠭᠴᠢᠳ ᠤᠨ ᠠᠩᠬᠠᠷᠤᠨ ᠬᠠᠯᠠᠮᠵᠢᠯᠠᠭᠰᠠᠨ ᠳᠤ ᠲᠠᠯᠠᠷᠬᠠᠵᠤ ᠪᠠᠶᠢᠨ᠎ᠠ᠂ ᠰᠢᠯᠭᠠᠷᠠᠭᠤᠯᠬᠤ ᠺᠣᠮᠢᠰ ᠤᠨ ᠦᠨᠡᠯᠡᠯᠲᠡ ᠪᠠ ᠨᠤᠲᠠᠯᠠᠯᠲᠠ ᠳᠤ ᠲᠠᠯᠠᠷᠬᠠᠵᠤ ᠪᠠᠶᠢᠨ᠎ᠠ︾ ᠭᠡᠵᠦ ᠱᠠᠩᠨᠠᠯ ᠤᠨ ᠬᠤᠨᠳᠠᠭ᠎ᠠ ᠪᠠᠨ ᠡᠷᠭᠦᠨ ᠵᠣᠬᠢᠶᠠᠯᠴᠢ ᠠᠶᠤᠷᠵᠠᠨ᠎ᠠ ᠪᠠᠶᠠᠷᠯᠠᠨ ᠬᠡᠯᠡᠪᠡ᠃ ᠠᠯᠠᠱᠠ ᠠᠶᠢᠮᠠᠭ ᠤᠨ ᠡᠵᠡᠨ᠎ᠡ ᠬᠤᠰᠢᠭᠤᠨ ᠳᠤ ᠲᠦᠷᠦᠭᠰᠡᠡ ᠵᠣᠬᠢᠶᠠᠯᠴᠢ ᠠᠶᠤᠷᠵᠠᠨ᠎ᠠ ᠥᠪᠡᠷᠲᠡᠭᠡᠨ ᠵᠠᠰᠠᠬᠤ ᠣᠷᠣᠨ ᠤ ︽ᠲᠠᠪᠤᠨ ᠨᠢᠭᠡ ᠶᠢᠨ ᠢᠨᠵᠧᠨᠧᠷᠢᠩ︾ ᠤᠨ ᠱᠠᠩᠨᠠᠯ ᠢ ᠬᠦᠷᠲᠡᠵᠦ᠂ 3 ᠤᠳᠠᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠬ᠎ᠠ ᠵᠣᠬᠢᠶᠠᠯ ᠤᠨ ᠵᠣᠬᠢᠶᠠᠨ ᠪᠦᠲᠦᠭᠡᠯᠭᠡ ᠶᠢᠨ ︽ᠰᠣᠯᠣᠩᠭ᠎ᠠ︾ ᠱᠠᠩᠨᠠᠯ ᠢ ᠬᠦᠷᠲᠡᠵᠡᠢ᠃ ᠡᠨᠡ ᠤᠳᠠᠭᠠᠨ ᠤ ᠱᠠᠩᠨᠠᠯ ᠭᠥᠷᠳᠡᠭᠰᠡᠨ ᠲᠤᠭᠤᠵᠢ ᠶᠢᠨ ᠲᠡᠭᠦᠪᠦᠷᠢ ︽ᠭᠤᠪᠢ ᠶᠢᠨ ᠬᠥᠬᠡ ᠲᠡᠭᠷᠢ︾ ᠨᠢ ᠬᠥᠮᠥᠨ ᠬᠥᠮᠥᠨ ᠤ ᠬᠤᠭᠤᠷᠣᠨᠳᠣᠭᠢ ᠬᠠᠶᠢᠷ᠎ᠠ ᠪᠠ ᠰᠡᠳᠬᠢᠯ ᠢᠶᠠᠷ ᠰᠢᠵᠢᠮᠯᠡᠵᠦ᠂ ᠥᠷᠭᠡᠨ ᠠᠭᠤᠳᠠᠮ ᠭᠤᠪᠢ ᠨᠤᠲᠤᠭ ᠤᠨ ᠬᠥᠮᠥᠨ ᠮᠥᠰᠥ ᠶᠢᠨ ᠭᠡᠷᠡᠯ ᠭᠢᠯᠪᠠᠭ᠎ᠠ ᠪᠠ ᠠᠮᠢ ᠨᠠᠰᠤᠨ ᠤ ᠠᠪᠤᠷᠠᠯ ᠢ ᠭᠦᠨᠵᠡᠭᠡᠢ ᠵᠢᠷᠤᠭᠯᠠᠵᠠᠢ᠃      ᠨᠠᠷᠠᠩᠭᠤᠸ᠎ᠠ ᠶᠢᠨ ︽ᠰᠦᠨᠡᠰᠦᠨ ᠠᠴᠢᠶ᠎ᠠ ᠲᠠᠢ ᠭᠦᠯᠦᠭ︾ ᠨᠢ 15 ᠥᠭᠦᠯᠡᠯᠭᠡ ᠪᠠᠷ ᠪᠦᠷᠢᠯᠳᠦᠵᠦ᠂ ᠭᠠᠵᠠᠷ ᠣᠷᠣᠨ ᠤ ᠣᠨᠴᠠᠯᠢᠭ ᠪᠦᠬᠦᠢ ᠬᠥᠮᠥᠨ ᠤ ᠳᠦᠷᠢ ᠪᠠᠷ ᠳᠠᠮᠵᠢᠨ᠂ ᠨᠠᠮ ᠵᠢᠮ ᠪᠥᠭᠡᠳ ᠡᠵᠡᠭᠦᠢ ᠡᠯᠡᠰᠦᠨ ᠴᠥᠯ ᠳᠠᠬᠢ ᠬᠥᠮᠥᠰ ᠤᠨ ᠲᠡᠰᠪᠦᠷᠢ ᠲᠡᠪᠴᠢᠶᠡᠷᠢ ᠲᠠᠢ ᠠᠮᠢᠳᠤᠷᠠᠯ ᠤᠨ ᠣᠪᠣᠷ᠂ ᠭᠦᠨ ᠭᠦᠨᠵᠡᠭᠡᠢ ᠳᠣᠲᠣᠭᠠᠳᠤ ᠰᠡᠳᠬᠢᠯ ᠤᠨ ᠶᠢᠷᠲᠢᠨᠴᠦ ᠵᠢᠴᠢ ᠲᠡᠳᠡᠨ ᠤ ᠪᠠᠷᠢᠮᠲᠠᠯᠠᠯ ᠢ ᠢᠯᠡᠷᠡᠭᠦᠯᠦᠭᠰᠡᠨ ᠪᠠᠶᠢᠨ᠎ᠠ᠃ ᠨᠠᠷᠠᠩᠭᠤᠸ᠎ᠠ ᠪᠣᠯ ᠣᠷᠳᠣᠰ ᠬᠤᠳᠠ ᠶᠢᠨ ᠬᠠᠩᠭᠢᠨ ᠬᠤᠰᠢᠭᠤ ᠪᠠᠷ ᠨᠤᠲᠤᠭ ᠲᠠᠢ᠂ ᠲᠡᠭᠦᠨ ᠤ ᠲᠦᠷᠦᠭᠰᠡᠨ ᠨᠤᠲᠤᠭ ᠨᠢ ᠳᠤᠮᠳᠠᠳᠤ ᠤᠯᠤᠰ ᠤᠨ ᠳᠣᠯᠣᠳᠤᠭᠠᠷ ᠶᠡᠭᠡ ᠡᠯᠡᠰᠦᠨ ᠴᠦᠯ ᠪᠤᠯᠬᠤ ᠬᠥᠪᠴᠢ ᠶᠢᠨ ᠡᠯᠡᠰᠦᠨ ᠳᠤ ᠪᠤᠢ᠂ ᠤᠯᠠᠨ ᠵᠢᠯ ᠤᠨ ᠲᠤᠷᠰᠢ ᠲᠡᠷᠡ ᠡᠨᠡ ᠬᠦ ᠦᠵᠡᠰᠬᠦᠯᠡᠩᠲᠦ ᠰᠠᠶᠢᠬᠠᠨ  ᠨᠤᠲᠤᠭ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤᠮᠳᠠ ᠭᠠᠯ ᠬᠠᠯᠠᠭᠤᠨ ᠠᠮᠢᠳᠤᠷᠠᠯ ᠢᠶᠠᠨ ᠴᠣᠭᠴᠠᠯᠠᠵᠤ ᠪᠠᠶᠢᠭ᠎ᠠ ᠬᠥᠮᠥᠰ ᠢ ᠲᠡᠮᠳᠡᠭᠯᠡᠭᠰᠡᠭᠡᠷ ᠢᠷᠡᠵᠠᠢ᠃ ︽ᠰᠠᠯᠬᠢ ᠰᠢᠭᠤᠷᠭ᠎ᠠ ᠳᠡᠭᠳᠡᠵᠦ ᠪᠠᠶᠢᠭᠰᠠᠨ ᠠᠴᠠ ᠨᠣᠮᠢᠨ ᠨᠣᠭᠤᠭᠠᠨ ᠭᠡᠷ ᠣᠷᠣᠨ ᠪᠣᠯᠤᠭᠰᠠᠨ ᠭᠦᠷᠲᠡᠯ᠎ᠡ᠂ ᠴᠠᠭ ᠦᠶ᠎ᠡ ᠶᠢᠨ ᠬᠥᠭᠵᠢᠯᠲᠡ ᠶᠢ ᠳᠠᠭᠠᠯᠳᠤᠨ᠂ ᠮᠢᠨᠤ ᠨᠤᠲᠤᠭ ᠲᠤ ᠠᠰᠤᠷᠤ ᠶᠡᠭᠡ ᠬᠤᠪᠢᠷᠠᠯᠲᠠ ᠭᠠᠷᠤᠭᠰᠠᠨ ᠪᠤᠯᠪᠠᠴᠤ ᠠᠳᠡᠬᠢ ᠠᠷᠠᠳ ᠲᠦᠮᠡᠨ ᠤ ᠠᠵᠢᠯᠴᠢ ᠭᠦᠳᠡᠯᠮᠦᠷᠢᠴᠢ ᠵᠠᠩ ᠠᠷᠠᠨᠰᠢᠨ ᠬᠤᠪᠢᠷᠠᠭ᠎ᠠ ᠦᠭᠡᠢ ᠬᠡᠪ ᠢᠶᠠᠷ ᠢᠶᠠᠨ᠂ ᠨᠤᠲᠤᠭ ᠤᠨ ᠠᠬ᠎ᠠ ᠳᠡᠭᠦᠦ ᠨᠠᠷ ᠤᠨ ᠦᠯᠢᠭᠡᠷ ᠢ ᠥᠭᠦᠯᠡᠵᠦ᠂ ᠨᠤᠲᠤᠭ ᠤᠰᠤ ᠪᠠᠨ ᠲᠡᠮᠳᠡᠭᠯᠡᠬᠦ ᠨᠢ ᠮᠢᠨᠤ ᠤᠳᠬ᠎ᠠ ᠵᠣᠬᠢᠶᠠᠯ ᠳᠤ ᠬᠠᠶᠢᠷᠠᠲᠠᠢ ᠪᠠᠶᠢᠬᠤ ᠶᠢᠨ ᠰᠢᠯᠲᠠᠭᠠᠨ ᠪᠣᠯᠣᠨ᠎ᠠ︾ ᠭᠡᠵᠦ ᠨᠠᠷᠠᠩᠭᠤᠸ᠎ᠠ ᠤᠴᠢᠷᠲᠠᠶᠢᠬᠠᠨ ᠶᠠᠷᠢᠵᠤ ᠪᠠᠶᠢᠯ᠎ᠠ᠃      ᠱᠠᠩᠨᠠᠯ ᠣᠯᠭᠤᠬᠤ ᠶᠣᠰᠣᠯᠠᠯ ᠳᠡᠭᠡᠷ᠎ᠡ᠂ ᠨᠢᠦ ᠬᠠᠢ ᠺᠦᠨ ᠮᠡᠳᠡᠭᠡᠯᠡᠯ ᠤᠨ ᠤᠷᠠᠨ ᠵᠣᠬᠢᠶᠠᠯᠴᠢ ᠶᠢᠨ ᠲᠥᠯᠥᠭᠡᠯᠡᠭᠴᠢ ᠶᠢᠨ ᠬᠤᠪᠢ ᠪᠠᠷ ᠦᠭᠡ ᠬᠡᠯᠡᠪᠡ᠃ ᠲᠡᠭᠦᠨ ᠤ ︽ᠳᠡᠯᠡᠬᠡᠢ ᠶᠢᠨ ᠬᠠᠷᠠᠭᠠᠨ ᠳᠤ︾ ᠭᠡᠬᠦ ᠮᠡᠳᠡᠭᠡᠯᠡᠯ ᠤᠨ ᠤᠷᠠᠨ ᠵᠣᠬᠢᠶᠠᠯ ᠨᠢ ᠪᠦᠭᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠯᠢᠭᠡᠷ ᠳᠠᠭᠤᠷᠢᠶᠠᠯ᠂ ᠪᠦᠭᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠬᠤᠪᠢ ᠨᠡᠮᠡᠷᠢ ᠶᠢᠨ ᠱᠠᠩᠨᠠᠯ ᠭᠦᠷᠳᠡᠭᠴᠢ ᠪᠠᠢ ᠵᠢᠩ ᠶᠢᠩ ᠤᠨ ᠥᠪᠥᠷ ᠮᠣᠩᠭᠤᠯ ᠤᠨ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2 ᠲᠦᠮᠡ ᠭᠠᠷᠤᠢ ᠮᠠᠯᠴᠢᠨ ᠲᠠᠷᠢᠶᠠᠴᠢᠨ ᠡᠮᠡᠭᠲᠡᠶᠢᠴᠦᠳ ᠢ ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠰᠡᠳᠬᠢᠯ ᠬᠥᠳᠡᠯᠭᠡᠮ᠎ᠡ ᠦᠯᠢᠭᠡᠷ ᠢ ᠪᠦᠭᠦ ᠲᠠᠯ᠎ᠠ ᠪᠠᠷ ᠦᠨᠡᠨ ᠪᠣᠳᠠᠲᠠᠢ ᠪᠠᠷ ᠲᠣᠭᠠᠴᠢᠨ ᠲᠡᠮᠳᠡᠭᠯᠡᠭᠰᠡᠨ ᠪᠠᠶᠢᠨ᠎ᠠ᠃ ︽ᠰᠣᠷᠪᠤᠯᠵᠢᠯᠠᠭ᠎ᠠ ᠶᠢᠨ ᠳᠤᠮᠳᠠ ᠮᠠᠰᠢ ᠣᠯᠠᠨ ᠬᠠᠳᠬᠤᠮᠠᠯᠴᠢᠨ ᠤ ᠥᠯᠢᠭᠡᠷ ᠨᠢ ᠨᠠᠮᠠᠶᠢ ᠡᠷᠬᠡ ᠦᠭᠡᠢ ᠳᠣᠭᠳᠣᠯᠤᠭᠤᠯᠪᠠ᠂ ᠲᠠᠳᠠ ᠠᠮᠢᠳᠤᠷᠠᠯ ᠢᠶᠠᠨ ᠠᠷᠭᠠᠴᠠᠭᠠᠬᠤ ᠶᠢᠨ ᠠᠷᠭ᠎ᠠ ᠦᠭᠡᠢ ᠪᠠᠶᠢᠭᠰᠠᠨ ᠠᠴᠠ ᠪᠠᠨ ᠶᠠᠳᠠᠭᠤ ᠬᠦᠴᠢᠷᠳᠡᠯ ᠠᠴᠠ ᠠᠩᠭᠢᠵᠢᠷᠠᠭᠠᠳ ᠰᠠᠶᠢᠨ ᠰᠠᠶᠢᠬᠠᠨ ᠠᠮᠢᠳᠤᠷᠠᠯ ᠢᠶᠠᠨ ᠴᠣᠭᠴᠠᠯᠠᠬᠤ ᠢᠲᠡᠭᠡᠯ ᠲᠠᠢ ᠪᠣᠯᠤᠭᠰᠠᠨ ᠭᠦᠷᠲᠡᠯ᠎ᠡ᠂ ᠮᠣᠩᠭᠤᠯ ᠦᠨᠳᠦᠰᠦᠲᠡᠨ ᠤ ᠬᠠᠳᠬᠤᠮᠠᠯ ᠨᠢ ᠲᠡᠳᠡᠨ ᠤ ᠠᠮᠢᠳᠤᠷᠠᠯ ᠢ ᠬᠤᠪᠢᠷᠠᠭᠤᠯᠤᠭᠰᠠᠨ ᠢᠶᠠᠷ ᠪᠠᠷᠠᠬᠤ ᠦᠭᠡᠢ ᠨᠠᠩ ᠴᠤ ᠨᠢᠭᠡ ᠵᠦᠢᠯ ᠤᠨ ᠣᠶᠤᠨ ᠰᠠᠨᠠᠭᠠᠨ ᠤ ᠬᠥᠭᠡᠭᠡᠴᠡᠯᠳᠦᠯ ᠢ ᠣᠯᠭᠤᠭᠰᠠᠨ ᠪᠠᠶᠢᠨ᠎ᠠ᠂ ᠡᠨᠡ ᠪᠣᠯ ᠳᠤᠮᠳᠠᠳᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠤᠮᠠᠷᠠᠲᠤ ᠬᠢᠯᠢ ᠶᠢᠨ ᠡᠬᠡ ᠭᠠᠵᠠᠷ ᠲᠠᠬᠢ ᠢᠷᠠᠭᠤ ᠳᠠᠭᠤᠯᠠᠯ ᠮᠥᠨ᠂ ᠡᠷᠬᠢᠮ ᠨᠠᠨᠳᠢᠨ ᠲᠤᠷᠰᠢᠯᠭ᠎ᠠ ᠪᠠ ᠣᠶᠤᠨ ᠤᠬᠠᠭᠠᠨ ᠢᠶᠠᠨ ᠳᠡᠯᠡᠬᠡᠢ ᠳ᠋ᠠᠬᠢᠨ ᠳᠤ ᠮᠡᠳᠡᠭᠦᠯᠬᠦ ᠴᠢᠬᠤᠯᠠᠲᠠᠢ᠂ ᠡᠨᠡ ᠪᠣᠯ ᠮᠢᠨᠤ ᠵᠣᠬᠢᠶᠠᠨ ᠪᠦᠲᠦᠭᠡᠯᠭᠡ ᠶᠢᠨ ᠤᠭ ᠰᠠᠨᠠᠭ᠎ᠠ᠂ ᠮᠥᠨ ᠴᠦ ᠲᠤᠰ ᠪᠦᠲᠦᠭᠡᠯ ᠤᠨ ᠴᠠᠭᠠᠨᠠᠬᠢ ᠭᠦᠨ ᠤᠳᠬ᠎ᠠ ᠰᠠᠨᠠᠭ᠎ᠠ ᠭᠡᠯᠲᠡᠢ᠃ ᠦᠰᠦᠭ ᠪᠢᠴᠢᠭ ᠢᠶᠠᠷ ᠴᠠᠭ ᠦᠶ᠎ᠡ ᠶᠢ ᠲᠡᠮᠳᠡᠭᠯᠡᠵᠦ᠂ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ᠂ ᠥᠪᠥᠷ ᠮᠣᠩᠭᠤᠯ ᠤᠨ ᠦᠯᠢᠭᠡᠷ ᠢ ᠰᠠᠶᠢᠲᠤᠷ ᠶᠠᠷᠢᠬᠤ ᠪᠣᠯ ᠦᠰᠦᠭ ᠪᠢᠴᠢᠭ ᠤᠨ ᠠᠵᠢᠯᠲᠠᠳ ᠤᠨ ᠭᠦᠢᠴᠡᠳᠬᠡᠪᠡᠰᠦ ᠵᠣᠬᠢᠬᠤ ᠡᠭᠦᠷᠭᠡ ᠬᠠᠷᠢᠭᠤᠴᠠᠯᠭ᠎ᠠ ᠪᠣᠯᠣᠨ᠎ᠠ︾ ᠭᠡᠵᠦ ᠨᠢᠦ ᠬᠠᠢ ᠺᠦᠨ ᠬᠡᠯᠡᠪᠡ᠃      ᠣᠷᠴᠢᠭᠤᠯᠤᠭᠴᠢ ᠲᠣᠷᠤᠨ᠎ᠠ ᠪᠣᠯ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤᠨ ᠤ ᠬᠥᠮᠥᠨ᠂ ︽ᠪᠡᠷᠬᠡ ᠬᠤᠯᠠ ᠶᠢᠨ ᠨᠤᠲᠤᠭ︾᠂︽ᠲᠠᠰᠤᠷᠬᠠᠢ︾᠂ ︽ᠠᠳᠤᠭᠤᠨ ᠬᠤᠳᠳᠤᠭ︾ ᠵᠡᠷᠭᠡ ᠨᠣᠮ ᠢ ᠣᠷᠴᠢᠭᠤᠯᠵᠤ ᠬᠡᠪᠯᠡᠭᠦᠯᠦᠭᠰᠡᠨ ᠶᠤᠮ᠂ ᠲᠣᠰ ᠤᠳᠠᠭᠠᠨ ᠤ ᠱᠠᠩᠨᠠᠯ ᠭᠥᠷᠳᠡᠭᠰᠡᠨ ᠣᠷᠴᠢᠭᠤᠯᠭ᠎ᠠ ᠶᠢᠨ ᠪᠦᠲᠦᠭᠡᠯ ︽ᠮᠢᠨᠤ ᠤᠢ ᠰᠠᠨᠠᠮᠵᠢ ᠶᠢᠨ ᠨᠡᠷ᠎ᠡ︾ ᠪᠣᠯ ᠵᠣᠬᠢᠶᠠᠯᠴᠢ ᠰᠢ ᠮᠥᠷᠡᠨ ᠤ ᠳᠤᠷᠠᠰᠤᠮᠵᠢ ᠶᠢᠨ ᠲᠡᠮᠳᠡᠭᠯᠡᠯ ᠮᠠᠶ᠋ᠢᠭ ᠤᠨ ᠨᠠᠶᠢᠷᠠᠭᠤᠯᠤᠯ ᠤᠨ ᠲᠡᠭᠦᠪᠦᠷᠢ ᠪᠣᠯᠣᠨ᠎ᠠ᠃ ᠲᠤᠷᠤᠨ᠎ᠠ᠄ ︽30 ᠭᠠᠷᠤᠢ ᠵᠢᠯ ᠤᠨ ᠲᠤᠷᠰᠢ ᠪᠢ 10 ᠭᠠᠷᠤᠢ ᠪᠦᠲᠦᠭᠡᠯ ᠢ ᠣᠷᠴᠢᠭᠤᠯᠪᠠ᠂ ᠪᠢ ᠣᠷᠴᠢᠭᠤᠯᠭ᠎ᠠ ᠪᠠᠷ ᠲᠠᠮᠵᠢᠨ ᠥᠷᠭᠡᠨ ᠤᠯᠠᠨ ᠤᠩᠰᠢᠭᠴᠢᠳ ᠲᠤ ᠥᠪᠥᠷ ᠮᠣᠩᠭᠤᠯ ᠤᠨ ᠤᠳᠬ᠎ᠠ ᠵᠣᠬᠢᠶᠠᠯ ᠤᠨ ᠥᠪᠡᠷᠮᠢᠴᠡ ᠷᠢᠳᠢ ᠰᠢᠳᠢ᠂ ᠤᠮᠠᠷᠠᠲᠤ ᠬᠢᠯᠢ ᠶᠢᠨ ᠰᠣᠶᠣᠯ ᠤᠨ ᠭᠦᠨ ᠵᠤᠵᠠᠭᠠᠨ ᠠᠭᠤᠯᠬᠤᠨ᠂ ᠳᠤᠮᠳᠠᠳᠤ ᠤᠯᠤᠰ ᠤᠨ ᠤᠳᠬ᠎ᠠ ᠵᠣᠬᠢᠶᠠᠯ ᠤᠨ ᠥᠷᠭᠡᠨ ᠳᠡᠯᠭᠡᠷ ᠢ ᠮᠡᠳᠡᠭᠦᠯᠬᠦ ᠶᠢ ᠬᠦᠰᠡᠵᠦ ᠪᠠᠶᠢᠨ᠎ᠠ᠃ ᠪᠢ ᠨᠢᠭᠡ ᠵᠦᠢᠯ ᠤᠨ ᠭᠡᠯᠡ ᠶᠢ ᠣᠨᠳᠣᠣ ᠨᠢᠭᠡ ᠵᠦᠢᠯ ᠤᠨ ᠬᠡᠯᠡᠨ ᠳᠡᠭᠡᠷ᠎ᠡ ᠪᠠᠭᠤᠯᠭᠠᠬᠤ ᠦᠶ᠎ᠡ ᠳᠤ᠂ ᠰᠣᠶᠣᠯ ᠤᠨ ᠰᠣᠯᠢᠯᠴᠠᠭᠠᠨ ᠤ ᠡᠭᠦᠷᠭᠡ ᠪᠠᠨ ᠪᠡᠶᠡᠯᠡᠭᠦᠯᠵᠦ ᠪᠠᠶᠢᠨ᠎ᠠ᠂ ᠥᠪᠥᠷ ᠮᠣᠩᠭᠤᠯ ᠤᠨ ᠦᠯᠢᠭᠡᠷ᠂ ᠳᠤᠮᠳᠠᠳᠤ ᠤᠯᠤᠰ ᠤᠨ ᠦᠯᠢᠭᠡᠷ ᠢ ᠰᠠᠶᠢᠬᠠᠨ ᠶᠠᠷᠢᠭᠰᠠᠨ ᠨᠡᠩ ᠤᠯᠠᠨ ᠰᠢᠯᠢᠳᠡᠭ ᠪᠦᠲᠦᠭᠡᠯ ᠢ ᠣᠷᠴᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤᠮᠳᠠ ᠤᠳᠬ᠎ᠠ ᠵᠣᠬᠢᠶᠠᠯ ᠤᠨ ᠣᠷᠴᠢᠭᠤᠯᠭ᠎ᠠ ᠶᠢᠨ ᠴᠢᠬᠤᠯᠠ ᠦᠢᠯᠡᠳᠦᠯ ᠢ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠳᠤ ᠥᠴᠥᠬᠡᠨ ᠬᠤᠪᠢ ᠨᠡᠮᠡᠷᠢ ᠪᠠᠨ ᠦᠵᠡᠭᠦᠯᠦᠨ᠎ᠡ︾ ᠭᠡᠪᠡ᠃      1981 ᠣᠨ ᠳᠤ ᠭᠠᠷᠭᠠᠭᠰᠠᠨ ᠪᠦᠭᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠳᠬ᠎ᠠ ᠵᠣᠬᠢᠶᠠᠯ ᠤᠨ ᠠᠵᠢᠨᠠᠢ ᠱᠠᠩᠨᠠᠯ ᠢ ᠳᠥᠷᠪᠡᠨ ᠵᠢᠯ ᠳᠤ ᠨᠢᠭᠡ ᠤᠳᠠᠭ᠎ᠠ ᠰᠢᠯᠭᠠᠷᠠᠭᠤᠯᠳᠠᠭ᠂ ᠡᠨᠡ ᠪᠣᠯ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠠᠴᠠ ᠬᠠᠮᠲᠤᠷᠠᠨ ᠡᠷᠭᠢᠯᠡᠭᠰᠡᠨ ᠤᠯᠤᠰ ᠤᠨ ᠳᠡᠰ ᠤᠨ ᠤᠳᠬ᠎ᠠ ᠵᠣᠬᠢᠶᠠᠯ ᠤᠨ ᠱᠠᠩᠨᠠᠯ ᠪᠠᠶᠢᠵᠤ᠂ ᠮᠣᠣ ᠳ᠋ᠦᠨ ᠤᠳᠬ᠎ᠠ ᠵᠣᠬᠢᠶᠠᠯ ᠤᠨ ᠱᠠᠩᠨᠠᠯ᠂ ᠯᠦ ᠰᠢᠶᠦ᠋ᠨ ᠤᠳᠬ᠎ᠠ ᠵᠣᠬᠢᠶᠠᠯ ᠤᠨ ᠱᠠᠩᠨᠠᠯ᠂ ᠪᠦᠭᠦ ᠤᠯᠤᠰ ᠤᠨ ᠰᠢᠯᠢᠳᠡᠭ ᠬᠡᠦᠬᠡᠳ ᠤᠨ ᠤᠳᠬ᠎ᠠ ᠵᠣᠬᠢᠶᠠᠯ ᠤᠨ ᠱᠠᠩᠨᠠᠯ ᠲᠠᠢ ᠬᠠᠮᠲᠤ ᠪᠠᠷ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ ᠤᠨ ᠪᠦᠭᠦ ᠤᠯᠤᠰ ᠤᠨ ᠴᠢᠨᠠᠷᠲᠠᠢ ᠤᠳᠬ᠎ᠠ ᠵᠣᠬᠢᠶᠠᠯ ᠤᠨ ᠳᠥᠷᠪᠡᠨ ᠶᠡᠭᠡ ᠱᠠᠩᠨᠠᠯ ᠤᠨ ᠨᠢᠭᠡ ᠪᠣᠯᠣᠨ᠎ᠠ᠃ ᠪᠦᠷᠢᠳᠬᠡᠯ ᠢ ᠦᠨᠳᠦᠰᠦᠯᠡᠪᠡᠯ᠂ 2012 ᠣᠨ ᠠᠴᠠ ᠨᠠᠭᠠᠰᠢ  ᠥᠪᠥᠷ ᠮᠣᠩᠭᠤᠯ ᠤᠨ 1 ᠪᠦᠲᠦᠭᠡᠯ ᠯᠦ ᠰᠢᠶᠦ᠋ᠨ ᠤᠳᠬ᠎ᠠ ᠵᠣᠬᠢᠶᠠᠯ ᠤᠨ ᠱᠠᠩᠨᠠᠯ ᠬᠦᠷᠲᠡᠵᠦ᠂ 14 ᠪᠦᠲᠦᠭᠡᠯ ᠠᠵᠢᠨᠠᠢ ᠱᠠᠩᠨᠠᠯ ᠬᠦᠷᠲᠡᠵᠡᠢ᠃      ᠡᠨᠡ ᠪᠣᠯ ᠥᠪᠥᠷ ᠮᠣᠩᠭᠤᠯ ᠤᠨ ᠤᠳᠬ᠎ᠠ ᠵᠣᠬᠢᠶᠠᠯ ᠤᠨ ᠪᠠᠰᠠ ᠨᠢᠭᠡᠨ ︽ᠣᠷᠭᠢᠯ︾ ᠮᠥᠨ᠃ ᠡᠨᠡ ᠬᠦ ᠥᠩᠭᠡ ᠭᠡᠷᠡᠯ ᠤᠨ  ᠲᠤᠶᠠᠭᠠᠯᠠᠯ ᠳᠣᠣᠷ᠎ᠠ᠂ ᠥᠪᠥᠷ ᠮᠣᠩᠭᠤᠯ ᠤᠨ ᠤᠳᠬ᠎ᠠ ᠵᠣᠬᠢᠶᠠᠯ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠵᠤ᠂ ᠥᠪᠥᠷ ᠮᠣᠩᠭᠤᠯ ᠤᠨ ᠦᠯᠢᠭᠡᠷ ᠢ ᠰᠠᠶᠢᠲᠤᠷ ᠶᠠᠷᠢᠵᠤ᠂ ᠤᠮᠠᠷᠠᠲᠤ ᠬᠢᠯᠢ ᠶᠢᠨ ᠰᠣᠶᠣᠯ ᠢ ᠰᠠᠶᠢᠲᠤᠷ ᠤᠯᠠᠮᠵᠢᠯᠠᠵᠤ᠂ ᠬᠤᠷᠳᠤᠨ ᠭᠦᠯᠦᠭ ᠲᠡᠭᠡᠨ ᠮᠣᠷᠳᠠᠨ ᠡᠷᠡᠮᠡᠬᠡᠶᠢᠯᠡᠨ ᠤᠷᠤᠭᠰᠢᠯᠠᠨ᠎ᠠ︕
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号