︽ᠲᠠᠪᠤ ᠶᠢ ᠪᠠᠷᠢᠮᠲᠠᠯᠠᠨ︾ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠵᠤ ᠦᠷᠭᠦᠯᠵᠢᠯᠡᠨ ᠠᠰᠢᠭᠯᠠᠬᠤ  ᠶᠢ ᠴᠢᠩᠭᠠᠳᠬᠠᠨ᠎ᠠ
ᠨᠡᠶᠢᠲᠡᠯᠡᠭᠰᠡᠨ ᠴᠠᠭ᠄
2024/11/21
     ︽ᠪᠢᠳᠡ ︿ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠦᠷᠭᠦᠯᠵᠢᠯᠡᠨ ᠠᠰᠢᠭᠯᠠᠵᠤ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ ᠲᠤᠬᠠᠢ ᠮᠡᠳᠡᠭᠳᠡᠯ﹀ ᠢ ᠳᠠᠷᠤᠮᠠᠯᠯᠠᠨ ᠲᠠᠷᠬᠠᠭᠠᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠬᠦ ᠵᠡᠷᠭᠡ 6 ᠲᠠᠯ᠎ᠠ ᠪᠠᠷ 48 ᠵᠤᠷᠪᠤᠰ ᠪᠣᠳᠠᠲᠠᠢ ᠠᠷᠭ᠎ᠠ ᠬᠡᠮᠵᠢᠶ᠎ᠡ ᠳᠤᠷᠠᠳᠴᠠᠢ︾ ᠭᠡᠵᠦ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠳᠠᠷᠤᠭ᠎ᠠ ᠵᠤᠤ ᠳ᠋ᠠ ᠶᠦᠩ ᠶᠠᠷᠢᠨ᠎ᠠ᠃      ᠪᠠᠶᠢᠭᠠᠯᠢ ᠶᠢᠨ ᠡᠬᠢ ᠪᠠᠶᠠᠯᠢᠭ ᠪᠣᠯ ᠣᠷᠣᠰᠢᠨ ᠲᠣᠭᠲᠠᠨᠢᠬᠤ ᠶᠢᠨ ᠰᠠᠭᠤᠷᠢ᠂ ᠬᠥᠭᠵᠢᠯᠲᠡ ᠶᠢᠨ ᠰᠤᠳᠠᠰᠤ᠂ ᠠᠷᠠᠳ ᠤᠨ ᠠᠮᠢᠳᠤᠷᠠᠯ ᠤᠨ ᠦᠨᠳᠦᠰᠦ᠂ ᠠᠮᠢ ᠠᠬᠤᠢ ᠶᠢᠨ ᠲᠤᠯᠭᠠᠭᠤᠷᠢ ᠪᠤᠯᠬᠤ ᠶᠤᠮ᠃ ᠮᠠᠨ ᠤ ᠣᠷᠣᠨ ᠪᠠᠶᠢᠭᠠᠯᠢ  ᠶᠢᠨ ᠡᠬᠢ ᠪᠠᠶᠠᠯᠢᠭ ᠢ ᠬᠠᠮᠠᠭᠠᠯᠠᠵᠤ ᠦᠷᠭᠦᠯᠵᠢᠯᠡᠨ ᠠᠰᠢᠭᠯᠠᠬᠤ ᠳᠠᠭᠠᠨ ᠶᠠᠮᠠᠷ ᠬᠡᠳᠦᠨ ᠲᠠᠯ᠎ᠠ ᠶᠢ ᠪᠠᠷᠢᠮᠲᠠᠯᠠᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠪᠠᠶᠢᠭ᠎ᠠ ᠪᠣᠯ︖ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠲᠦᠷᠦᠭᠦᠬᠡᠨ ᠬᠤᠷᠠᠯᠳᠤᠭᠤᠯᠤᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ︾ ᠰᠢᠷᠢᠰ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠬᠤ᠂ ᠠᠷᠪᠢᠲᠠᠢ ᠡᠷᠴᠢᠮᠯᠢᠭ ᠪᠠᠶᠢᠬᠤ ᠶᠢ ᠪᠠᠷᠢᠮᠲᠠᠯᠠᠬᠤ ᠵᠡᠷᠭᠡ ︽ᠲᠠᠪᠤ ᠶᠢ ᠪᠠᠷᠢᠮᠲᠠᠯᠠᠨ︾ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠵᠤ ᠦᠷᠭᠦᠯᠵᠢᠯᠡᠨ ᠠᠰᠢᠭᠯᠠᠬᠤ ᠡᠷᠴᠢᠮ  ᠢ ᠴᠢᠩᠭᠠᠷᠠᠭᠤᠯᠵᠤ ᠪᠠᠶᠢᠨ᠎ᠠ᠃      ᠮᠠᠨ ᠤ ᠣᠷᠣᠨ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠤᠯᠤᠰ  ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠬᠡᠷᠡᠭᠵᠢᠭᠦᠯᠬᠦ ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ ᠬᠠᠳᠤᠨ ᠭᠤᠣᠯ ᠳᠠᠭᠠᠤ ᠶᠢᠨ ᠣᠷᠣᠨ ᠪᠦᠰᠡ ᠶᠢᠨ ᠴᠢᠨᠠᠷᠲᠠᠢ ᠬᠥᠭᠵᠢᠯᠲᠡ ᠶᠢ ᠠᠬᠢᠭᠤᠯᠬᠤ  ᠶᠢᠨ ᠬᠠᠮᠲᠤ ︽ᠭᠤᠷᠪᠠᠨ ᠣᠷᠣᠨ ᠭᠤᠷᠪᠠᠨ ᠱᠤᠭᠤᠮ︾ ᠤᠨ ᠬᠠᠮᠢᠶᠠᠷᠤᠯᠲᠠ ᠡᠵᠡᠮᠳᠡᠯ ᠢ ᠨᠠᠶᠢᠳᠠᠪᠤᠷᠢᠵᠢᠭᠤᠯᠵᠤ᠂ 1.7050 ᠳ᠋ᠦᠩᠰᠢᠭᠤᠷ ᠮᠦ ᠲᠠᠷᠢᠶᠠᠨ ᠭᠠᠵᠠᠷ ᠤᠨ ᠬᠤᠷᠢᠭ᠎ᠠ ᠱᠤᠭᠤᠮ ᠢ ᠪᠠᠲᠤ ᠰᠠᠬᠢᠵᠤ ᠪᠠᠶᠢᠨ᠎ᠠ᠃ ᠠᠷᠪᠢᠲᠠᠢ ᠡᠷᠴᠢᠮᠯᠢᠭ ᠪᠠᠶᠢᠬᠤ ᠶᠢ ᠪᠠᠷᠢᠮᠲᠠᠯᠠᠨ ᠡᠬᠢ ᠪᠠᠶᠠᠯᠢᠭ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ︽ᠲᠥᠷᠥᠯ ᠵᠦᠢᠯ ᠤᠨ ᠨᠠᠷᠢᠨ ᠳᠠᠩᠰᠠ + ᠰᠠᠭᠤᠷᠢ ᠭᠦᠢᠴᠡᠳᠬᠡᠯ ᠲᠤᠭ᠎ᠠ + ᠱᠠᠩᠨᠠᠯ ᠤᠨ ᠭᠦᠢᠴᠡᠳᠬᠡᠯ ᠲᠤᠭ᠎ᠠ + ᠦᠯᠡᠳᠡᠭᠡᠯ ᠭᠦᠢᠴᠡᠳᠬᠡᠯ ᠲᠤᠭ᠎ᠠ︾ ᠶᠢᠨ ᠵᠠᠭᠪᠤᠷ ᠢᠶᠠᠷ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠯᠡᠭᠡ ᠶᠢᠨ ᠭᠦᠢᠴᠡᠳᠬᠡᠯ ᠲᠤᠭ᠎ᠠ ᠶᠢᠨ ᠬᠠᠮᠢᠶᠠᠷᠤᠯᠲᠠ ᠶᠢᠨ ᠭᠡᠯᠪᠡᠷᠢ ᠶᠢ ᠲᠡᠭᠦᠯᠳᠡᠷᠵᠢᠭᠦᠯᠬᠦ ᠪᠣᠯᠣᠨ᠎ᠠ᠃ ᠵᠠᠰᠠᠯᠲᠠ ᠪᠠᠷ ᠭᠤᠣᠯ ᠪᠤᠯᠭᠠᠬᠤ ᠶᠢ ᠪᠠᠷᠢᠮᠲᠠᠯᠠᠨ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠶᠢ ᠨᠢᠭᠡᠳᠦᠯᠲᠡᠢ ᠲᠥᠯᠥᠪᠵᠢᠭᠦᠯᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ 3 ᠵᠢᠱᠢᠶ᠎ᠡ ᠦᠵᠡᠭᠦᠯᠭᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠥᠷᠨᠢᠭᠦᠯᠵᠦ ᠪᠠᠶᠢᠨ᠎ᠠ᠃ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠬᠦ ᠶᠢ ᠪᠠᠷᠢᠮᠲᠠᠯᠠᠨ ᠡᠨᠧᠷᠭᠢ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠵᠤ᠂ ᠬᠤᠵᠢᠷᠯᠢᠭ ᠭᠠᠵᠠᠷ ᠵᠡᠷᠭᠡ ᠪᠡᠯᠡᠳᠬᠡᠯ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠡᠮᠬᠢ ᠵᠢᠷᠤᠮ ᠲᠠᠢ ᠠᠬᠢᠭᠤᠯᠤᠨ 2025 ᠣᠨ ᠪᠤᠯᠳᠠᠯ᠎ᠠ 4 ᠲᠦᠮᠡᠨ ᠮᠦ ᠲᠠᠷᠢᠶᠠᠨ ᠭᠠᠵᠠᠷ ᠢ ᠰᠢᠨ᠎ᠡ ᠪᠠᠷ ᠨᠡᠮᠡᠭᠳᠡᠭᠦᠯᠬᠦ ᠶᠢᠨ ᠬᠠᠮᠲᠤ ᠰᠢᠨ᠎ᠡ ᠨᠢᠭᠡ ᠡᠭᠡᠯᠵᠢ ᠶᠢᠨ ᠠᠭᠤᠷᠬᠠᠢ ᠡᠷᠢᠬᠦ ᠰᠢᠪᠲᠤᠯᠤᠯᠲᠠ ᠶᠢᠨ ᠠᠵᠢᠯᠯᠠᠭ᠎ᠠ ᠶᠢ ᠠᠬᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠤᠯᠤᠰ ᠠᠴᠠ ᠪᠠᠭᠤᠯᠭᠠᠭᠰᠠᠨ 13 ᠵᠦᠢᠯ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠠᠭᠤᠷᠬᠠᠢ ᠡᠷᠢᠬᠦ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠬᠤ ᠪᠣᠯᠣᠨ᠎ᠠ᠃ ᠪᠠᠰᠠ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ ᠬᠠᠤᠯᠢ ᠪᠠᠷ ᠵᠠᠰᠠᠬᠤ ᠳᠦᠷᠢᠮ ᠤᠨ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠬᠦ ᠪᠠᠷ ᠪᠤᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号