ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ | ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠣᠶᠢᠷ᠎ᠠ ᠳᠤ ︽ᠲᠠᠷᠢᠶᠠᠨ ᠭᠠᠵᠠᠷ ᠤᠨ ᠬᠠᠮᠠᠭᠠᠯᠠᠯᠲᠠ ᠶᠢ | ᠴᠢᠩᠭᠠᠳᠬᠠᠬᠤ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠭᠦ ᠡᠵᠡᠯᠡᠵᠦ ᠨᠥᠬᠦᠪᠦᠷᠢᠯᠡᠬᠦ ᠶᠢ | ᠲᠡᠩᠴᠡᠭᠦᠷᠢᠲᠡᠢ ᠪᠠᠶᠢᠯᠭᠠᠬᠤ ᠶᠢ ᠲᠡᠭᠦᠯᠳᠡᠷᠵᠢᠭᠦᠯᠬᠦ ᠲᠤᠬᠠᠢ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ | ᠰᠠᠨᠠᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠪᠠ᠃ | ︽ᠬᠡᠷᠡᠭᠵᠢᠭᠦᠯᠬᠦ ᠰᠠᠨᠠᠯ︾ ᠳᠤ ᠲᠠᠷᠢᠶᠠᠨ ᠭᠠᠵᠠᠷ ᠤᠨ ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠭᠦ᠂ | ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠥᠭᠡᠷᠡᠴᠢᠯᠡᠨ | ᠲᠡᠭᠦᠯᠳᠡᠷᠵᠢᠭᠦᠯᠬᠦ᠂ ᠮᠠᠯᠴᠢᠨ ᠲᠠᠷᠢᠶᠠᠴᠢᠳ ᠪᠠ ᠣᠷᠣᠨ ᠨᠤᠲᠤᠭ ᠤᠨ ᠵᠠᠰᠠᠭ ᠤᠨ ᠣᠷᠳᠣᠨ ᠢ ᠳᠠᠶᠢᠴᠢᠯᠠᠨ ᠲᠠᠷᠢᠶᠠᠨ | ᠭᠠᠵᠠᠷ ᠢ ᠬᠠᠮᠠᠭᠠᠯᠠᠬᠤ᠂ ᠠᠮᠤ ᠪᠤᠳᠠᠭᠠᠨ ᠤ ᠲᠠᠷᠢᠮᠠᠯ ᠲᠠᠷᠢᠬᠤ ᠢᠳᠡᠪᠬᠢᠵᠢᠯ ᠢ ᠳᠠᠶᠢᠴᠢᠯᠠᠬᠤ᠂ ᠡᠯ᠎ᠡ ᠲᠥᠷᠥᠯ ᠤᠨ | ᠤᠯᠠᠮᠵᠢᠯᠠᠯᠲᠤ ᠪᠤᠰᠤ ᠲᠠᠷᠢᠶᠠᠨ ᠭᠠᠵᠠᠷ ᠤᠨ ᠡᠬᠢ ᠪᠠᠶᠠᠯᠢᠭ ᠢ ᠢᠳᠡᠪᠬᠢᠲᠡᠢ ᠨᠡᠭᠡᠭᠡᠨ ᠬᠥᠭᠵᠢᠭᠦᠯᠬᠦ᠂ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠵᠡᠷᠭᠡ 6 ᠲᠠᠯ᠎ᠠ ᠠᠴᠠ ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ | ᠤᠨ ᠴᠢᠳᠠᠪᠤᠷᠢ ᠶᠢ ᠪᠠᠲᠤᠯᠠᠵᠤ ᠮᠡᠷᠭᠡᠵᠢᠯ ᠢᠶᠠᠷ ᠠᠮᠤ ᠪᠤᠳᠠᠭᠠᠨ ᠤ ᠤᠨᠠᠯᠳᠠ ᠶᠢ ᠨᠡᠮᠡᠭᠳᠡᠭᠦᠯᠬᠦ ᠪᠠᠶᠢᠯᠳᠤᠬᠤ ᠪᠣᠳᠣᠯᠭ᠎ᠠ | ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠪᠠ᠃ | ︽ᠬᠡᠷᠡᠭᠵᠢᠭᠦᠯᠬᠦ ᠰᠠᠨᠠᠯ︾ ᠳᠤ᠂ ᠥᠪᠡᠷᠲᠡᠭᠡᠨ ᠵᠠᠰᠠᠬᠤ ᠣᠷᠣᠨ ᠠᠴᠠ ᠲᠠᠷᠢᠶᠠᠨ ᠭᠠᠵᠠᠷ ᠢ ᠬᠠᠮᠠᠭᠠᠯᠠᠬᠤ | ᠬᠠᠷᠢᠭᠤᠴᠠᠯᠭ᠎ᠠ ᠶᠢ ᠪᠦᠭᠦ ᠲᠠᠯ᠎ᠠ ᠪᠠᠷ ᠪᠣᠳᠠᠲᠠᠶᠢᠵᠢᠭᠤᠯᠵᠤ᠂ ᠪᠦᠭᠦ ᠣᠷᠣᠨ ᠤ ᠲᠠᠷᠢᠶᠠᠨ ᠭᠠᠵᠠᠷ 17050 | ᠲᠦᠮᠡᠨ ᠮᠦ ᠠᠴᠠ ᠳᠡᠭᠡᠭᠰᠢ ᠪᠠᠶᠢᠬᠤ ᠶᠢ ᠪᠠᠲᠤᠯᠠᠨ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ | ᠬᠠᠮᠠᠭᠠᠯᠠᠯᠲᠠ ᠶᠢᠨ ᠲᠠᠯᠠᠪᠠᠶ 13383 ᠲᠦᠮᠡᠨ ᠮᠦ ᠠᠴᠠ ᠳᠡᠭᠡᠭᠰᠢ ᠪᠠᠶᠢᠬᠤ ᠶᠢ ᠦᠨᠡᠨ ᠬᠦ ᠪᠠᠲᠤᠯᠠᠨ᠎ᠠ᠃ | ᠥᠪᠡᠷᠲᠡᠭᠡᠨ ᠵᠠᠰᠠᠬᠤ ᠣᠷᠣᠨ ᠠᠴᠠ ᠲᠠᠷᠢᠶᠠᠨ ᠭᠠᠵᠠᠷ ᠢ ᠬᠠᠮᠠᠭᠠᠯᠠᠬᠤ ᠳᠤ ᠨᠠᠮ ᠵᠠᠰᠠᠭ ᠠᠳᠠᠯᠢ ᠬᠠᠷᠢᠭᠤᠴᠠᠯᠭ᠎ᠠ | ᠡᠭᠦᠷᠭᠡᠯᠡᠬᠦ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ | ᠱᠤᠭᠤᠮ ᠢ ᠡᠪᠳᠡᠬᠦ ᠵᠡᠷᠭᠡ ᠴᠢᠬᠤᠯᠠ ᠶᠡᠭᠡ ᠠᠰᠠᠭᠤᠳᠠᠯ ᠣᠷᠣᠰᠢᠵᠤ ᠪᠠᠶᠢᠪᠠᠯ ︽ᠨᠢᠭᠡ ᠪᠢᠯᠧᠲ ᠢᠶᠠᠷ ᠦᠭᠡᠶᠢᠰᠭᠡᠭᠦ︾ | ᠠᠷᠭ᠎ᠠ ᠠᠪᠴᠠᠯ ᠢ ᠬᠡᠷᠡᠭᠵᠢᠭᠦᠯᠵᠦ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠨᠠᠰᠤᠨ ᠲᠤᠷᠰᠢᠲᠠ ᠬᠠᠷᠢᠭᠤᠴᠠᠯᠭ᠎ᠠ | ᠨᠡᠬᠡᠮᠵᠢᠯᠡᠨ᠎ᠡ ᠭᠡᠵᠦ ᠵᠢᠭᠠᠵᠤ ᠭᠠᠷᠭᠠᠵᠠᠢ᠃ | | |