ᠦᠴᠦᠸᠠᠨ ᠰᠢᠶᠠᠨ ᠤ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠲᠠᠶᠢᠨ ᠤ ᠰᠠᠭᠤᠷᠢᠨ ᠭᠠᠵᠠᠷ ᠤᠨ ᠦᠵᠡᠭᠦᠯᠭᠡ ᠶᠢᠨ ᠣᠷᠳᠣᠨ ᠳᠤ ᠳᠤᠮᠳᠠᠳᠤ ᠤᠯᠤᠰ ᠤᠨ ᠬᠤᠪᠢᠰᠬᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠣᠯᠲᠠ ᠶᠢᠨ ᠠᠬᠢᠭᠤᠯᠬᠤ ᠬᠤᠷᠠᠯ ᠠᠴᠠ ︽ᠬᠤᠪᠢᠰᠬᠠᠯ ᠤᠨ ᠵᠣᠷᠢᠭ ᠰᠠᠨᠠᠭᠠᠨ ᠤ ᠬᠥᠮᠦᠵᠢᠯ ᠤᠨ ᠰᠠᠭᠤᠷᠢᠨ ᠭᠠᠵᠠᠷ︾ ᠤᠨ ᠴᠣᠯᠠ ᠣᠯᠭᠤᠪᠠ
ᠨᠡᠶᠢᠲᠡᠯᠡᠭᠰᠡᠨ ᠴᠠᠭ᠄
2024/11/25
     ᠣᠶᠢᠷ᠎ᠠ ᠳᠤ᠂ ᠳᠤᠮᠳᠠᠳᠤ ᠤᠯᠤᠰ ᠤᠨ ᠬᠤᠪᠢᠰᠬᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠣᠯᠲᠠ ᠶᠢᠨ ᠠᠬᠢᠭᠤᠯᠬᠤ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠰᠠᠭᠤᠷᠢᠨ ᠭᠠᠵᠠᠷ ᠤᠨ 13 ᠬᠤᠪᠢᠰᠬᠠᠯ ᠤᠨ ᠣᠷᠳᠣᠨ ᠳᠤ〈ᠬᠤᠪᠢᠰᠬᠠᠯ ᠤᠨ ᠵᠣᠷᠢᠭ ᠰᠠᠨᠠᠭᠠᠨ ᠤ ᠬᠥᠮᠦᠵᠢᠯ ᠤᠨ ᠰᠠᠭᠤᠷᠢᠨ ᠭᠠᠵᠠᠷ〉 ᠤᠨ ᠫᠠᠶᠢᠰᠠ ᠣᠯᠭᠤᠬᠤ ᠲᠤᠬᠠᠢ ᠲᠣᠭᠲᠠᠭᠠᠯ︾ ᠭᠠᠷᠭᠠᠵᠤ᠂ ᠦᠴᠦᠸᠠᠨ ᠰᠢᠶᠠᠨ ᠤ ︽ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠲᠠᠶᠢᠨ ᠤ ᠰᠠᠭᠤᠷᠢᠨ ᠭᠠᠵᠠᠷ ᠤᠨ ᠦᠵᠡᠭᠦᠯᠦᠯᠭᠡ ᠶᠢᠨ ᠣᠷᠳᠣᠨ︾ ᠵᠢᠭᠰᠠᠭᠠᠭᠳᠠᠵᠤ᠂ ᠳᠤᠮᠳᠠᠳᠤ ᠤᠯᠤᠰ ᠤᠨ ᠬᠤᠪᠢᠰᠬᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠣᠯᠲᠠ ᠶᠢᠨ ᠠᠬᠢᠭᠤᠯᠬᠤ ᠬᠤᠷᠠᠯ ᠠᠴᠠ ︽ᠬᠤᠪᠢᠰᠬᠠᠯ ᠤᠨ ᠵᠣᠷᠢᠭ ᠰᠠᠨᠠᠭᠠᠨ ᠤ ᠬᠥᠮᠦᠵᠢᠯ ᠤᠨ ᠰᠠᠭᠤᠷᠢᠨ ᠭᠠᠵᠠᠷ︾ ᠤᠨ ᠴᠣᠯᠠ ᠣᠯᠭᠤᠪᠠ᠃ 11 ᠰᠠᠷ᠎ᠠ ᠶᠢᠨ 22 ᠤᠨ ᠡᠳᠦᠷ᠂ ᠬᠥᠬᠡᠬᠤᠲᠠ᠂ ᠦᠴᠦᠸᠠᠨ ᠰᠢᠶᠠᠨ ᠤ ᠬᠤᠶᠠᠷ ᠱᠠᠲᠤᠨ ᠤ ᠬᠤᠪᠢᠰᠬᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠣᠯᠲᠠ ᠶᠢᠨ ᠠᠬᠢᠭᠤᠯᠬᠤ ᠬᠤᠷᠠᠯ ᠨᠢ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠲᠠᠶᠢᠨ ᠤ ᠰᠠᠭᠤᠷᠢᠨ ᠭᠠᠵᠠᠷ ᠤᠨ ᠦᠵᠡᠭᠦᠯᠭᠡ ᠶᠢᠨ ᠣᠷᠳᠣᠨ ᠳᠤ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃
     ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠲᠠᠶᠢᠨ ᠤ ᠰᠠᠭᠤᠷᠢᠨ ᠭᠠᠵᠠᠷ ᠪᠣᠯ ᠶᠠᠫᠤᠨ ᠢ ᠡᠰᠡᠷᠭᠦᠴᠡᠬᠦ ᠲᠠᠶᠢᠨ ᠤ ᠦᠶ᠎ᠡ ᠶᠢᠨ ᠰᠦ᠋ ᠮᠧᠩ ᠵᠦᠭ ᠨᠡᠪᠲᠡᠷᠡᠬᠦ ᠬᠤᠪᠢᠰᠬᠠᠯ ᠤᠨ ᠵᠠᠮ ᠬᠠᠷᠢᠯᠴᠠᠭᠠᠨ ᠤ ᠬᠦᠢᠰᠦ᠂ ᠤᠮᠠᠷᠠᠲᠤ ᠣᠷᠣᠨ ᠤ ᠶᠠᠫᠤᠨ ᠢ ᠡᠰᠡᠷᠭᠦᠴᠡᠬᠦ ᠲᠠᠶᠢᠨ ᠤ ᠪᠠᠬᠢᠯᠡᠯᠲᠡ ᠮᠥᠨ᠂ ᠪᠦᠬᠦ ᠤᠯᠤᠰ ᠤᠨ 19 ᠰᠠᠭᠤᠷᠢᠨ ᠭᠠᠵᠠᠷ ᠤᠨ ᠨᠢᠭᠡ ᠮᠥᠨ᠂ ᠶᠠᠫᠤᠨ ᠢ ᠡᠰᠡᠷᠭᠦᠴᠡᠬᠦ ᠲᠠᠶᠢᠨ ᠤ ᠬᠤᠪᠢᠰᠬᠠᠯ ᠤᠨ ᠲᠡᠦᠬᠡᠨ ᠳᠡᠭᠡᠷ᠎ᠡ ᠭᠦᠨ ᠵᠤᠵᠠᠭᠠᠨ ᠬᠤᠪᠢᠰᠬᠠᠯ ᠤᠨ ᠰᠣᠶᠣᠯ ᠤᠨ ᠠᠭᠤᠯᠬᠤᠨ ᠲᠠᠢ ᠪᠠᠶᠢᠵᠤ᠂ ᠰᠢᠨᠲᠠᠷᠠᠰᠢ ᠦᠭᠡᠢ ᠬᠠᠳᠠᠨ ᠪᠠᠲᠤ ᠬᠤᠪᠢᠰᠬᠠᠯ ᠤᠨ ᠵᠣᠷᠢᠭ ᠰᠠᠨᠠᠭ᠎ᠠ ᠪᠣᠯᠣᠨ ᠭᠦᠨ ᠵᠤᠵᠠᠭᠠᠨ ᠬᠤᠪᠢᠰᠬᠠᠯ ᠤᠨ ᠣᠷᠣᠨ ᠤ ᠵᠣᠷᠢᠭ ᠰᠠᠨᠠᠭ᠎ᠠ ᠶᠢ ᠠᠴᠢᠶᠠᠯᠠᠵᠤ ᠪᠠᠶᠢᠳᠠᠭ᠃ ᠦᠵᠡᠰᠬᠦᠯᠡᠩ ᠤᠨ ᠣᠷᠳᠣᠨ ᠤ ᠭᠤᠣᠯ ᠰᠡᠳᠦᠪᠲᠦ ᠠᠭᠤᠯᠭ᠎ᠠ ᠨᠢ ᠢᠯᠡ ᠲᠣᠳᠣ᠂ ᠭᠤᠣᠯ ᠰᠡᠳᠦᠪᠲᠦ ᠭᠤᠣᠯ ᠲᠢᠩᠬᠢᠮ ᠪᠣᠯᠣᠨ ᠲᠠᠪᠤᠨ ᠦᠵᠡᠭᠦᠯᠦᠯᠭᠡ ᠶᠢᠨ ᠲᠣᠭᠤᠷᠢᠭ ᠢᠶᠠᠷ ᠪᠦᠷᠢᠯᠳᠦᠵᠦ᠂ ᠣᠷᠳᠣᠨ ᠤ ᠳᠣᠲᠣᠷᠠᠬᠢ ᠳᠡᠯᠭᠡᠨ ᠦᠵᠡᠭᠦᠯᠬᠦ ᠡᠳ᠋ ᠨᠢ ᠪᠠᠶᠠᠯᠢᠭ᠂ ᠤᠬᠠᠭᠤᠯᠤᠨ ᠲᠠᠶᠢᠯᠪᠤᠷᠢᠯᠠᠬᠤ ᠮᠠᠲ᠋ᠧᠷᠢᠶᠠᠯ ᠨᠢ ᠨᠠᠷᠢᠨ ᠪᠣᠳᠠᠲᠠᠢ ᠪᠥᠭᠡᠳ ᠠᠮᠢᠳᠤᠯᠢᠭ᠂ ᠴᠢᠳᠠᠪᠬᠢ ᠦᠢᠯᠡᠳᠦᠯ ᠨᠢ ᠢᠯᠡᠷᠬᠡᠢ ᠪᠠᠶᠢᠵᠤ᠂ ᠬᠥᠬᠡᠬᠤᠲᠠ ᠶᠢᠨ ᠴᠢᠬᠤᠯᠠ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠤᠨ ᠰᠠᠭᠤᠷᠢᠨ ᠭᠠᠵᠠᠷ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠪᠦᠬᠦ ᠤᠯᠤᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠣᠨ᠎ᠠ᠃      ᠲᠣᠰ ᠤᠳᠠᠭ᠎ᠠ ᠫᠠᠶᠢᠰᠠ ᠣᠯᠭᠤᠭᠰᠠᠨ ᠨᠢ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠲᠠᠶᠢᠨ ᠤ ᠰᠠᠭᠤᠷᠢᠨ ᠭᠠᠵᠠᠷ ᠤᠨ ᠦᠵᠡᠭᠦᠯᠭᠡ ᠶᠢᠨ ᠣᠷᠳᠣᠨ ᠳᠤ ᠰᠢᠨ᠎ᠡ ᠡᠭᠦᠷᠭᠡ ᠪᠠ ᠬᠠᠷᠢᠭᠤᠴᠠᠯᠭ᠎ᠠ ᠣᠯᠭᠤᠪᠠ᠃ ᠦᠴᠦᠸᠠᠨ ᠰᠢᠶᠠᠨ ᠬᠤᠪᠢᠰᠬᠠᠯ ᠤᠨ ᠡᠬᠢ ᠪᠠᠶᠠᠯᠢᠭ᠂ ᠨᠡᠶᠢᠭᠡᠮ ᠤᠨ ᠡᠬᠢ ᠪᠠᠶᠠᠯᠢᠭ ᠪᠣᠯᠣᠨ ᠲᠤᠰ ᠪᠡᠶ᠎ᠡ ᠶᠢᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠨᠡᠩ ᠴᠢᠩᠭ᠎ᠠ ᠬᠠᠷᠢᠭᠤᠴᠠᠯᠭ᠎ᠠ᠂ ᠨᠡᠩ ᠶᠡᠭᠡ ᠡᠷᠴᠢᠮ᠂ ᠨᠡᠩ ᠪᠣᠳᠠᠲᠠᠢ ᠠᠵᠢᠯ ᠢᠶᠠᠷ ᠬᠤᠪᠢᠰᠬᠠᠯ ᠤᠨ ᠲᠡᠦᠬᠡ ᠶᠢᠨ ᠮᠠᠲ᠋ᠧᠷᠢᠶᠠᠯ ᠢ ᠢᠳᠡᠪᠬᠢᠲᠡᠢ ᠠᠭᠤᠳᠠᠯᠵᠤ᠂ ᠬᠤᠪᠢᠰᠬᠠᠯ ᠤᠨ ᠪᠦᠲᠦᠭᠡᠯ ᠢ ᠵᠣᠬᠢᠶᠠᠨ ᠪᠦᠲᠦᠭᠡᠵᠦ᠂ ᠬᠤᠪᠢᠰᠬᠠᠯ ᠤᠨ ᠲᠡᠦᠬᠡ ᠶᠢ ᠤᠬᠠᠭᠤᠯᠤᠨ ᠲᠠᠶᠢᠯᠪᠤᠷᠢᠯᠠᠵᠤ᠂ ᠬᠤᠪᠢᠰᠬᠠᠯ ᠤᠨ ᠳᠠᠭᠤᠤ ᠶᠢ ᠳᠠᠭᠤᠯᠠᠵᠤ᠂ ᠬᠤᠪᠢᠰᠬᠠᠯ ᠤᠨ ᠡᠬᠢ ᠪᠠᠶᠠᠯᠢᠭ ᠢ ᠠᠮᠢᠯᠠᠭᠤᠯᠬᠤ᠂ ᠬᠤᠪᠢᠰᠬᠠᠯ ᠤᠨ ᠤᠳᠤᠮᠰᠢᠯ ᠢ ᠤᠯᠠᠮᠵᠢᠯᠠᠬᠤ ᠶᠢ ᠭᠦᠨᠵᠡᠭᠡᠢ ᠠᠬᠢᠭᠤᠯᠵᠤ᠂ ᠪᠦᠬᠦ ᠰᠢᠶᠠᠨ ᠤ ᠬᠤᠪᠢᠰᠬᠠᠯ ᠤᠨ ᠰᠣᠶᠣᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠪᠣᠯᠣᠨ᠎ᠠ᠃      ᠬᠤᠳᠠ ᠶᠢᠨ ᠬᠤᠪᠢᠰᠬᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠣᠯᠲᠠ ᠶᠢᠨ ᠠᠬᠢᠭᠤᠯᠬᠤ ᠬᠤᠷᠠᠯ  ᠨᠢ ᠪᠠᠰᠠ ᠰᠠᠭᠤᠷᠢᠨ ᠭᠠᠵᠠᠷ ᠤᠨ ᠬᠥᠭᠵᠢᠯᠲᠡ ᠶᠢ ᠦᠷᠭᠦᠯᠵᠢᠯᠡᠨ ᠠᠩᠬᠠᠷᠴᠤ᠂ ᠬᠤᠪᠢᠰᠬᠠᠯ ᠤᠨ ᠣᠷᠣᠨ ᠤ ᠵᠣᠷᠢᠭ ᠰᠠᠨᠠᠭ᠎ᠠ ᠶᠢ ᠡᠭᠦᠷᠢᠳᠡ ᠭᠡᠷᠡᠯ ᠭᠢᠯᠪᠠᠭ᠎ᠠ ᠰᠠᠴᠤᠷᠠᠭᠤᠯᠵᠤ᠂ ᠨᠡᠩ ᠰᠠᠶᠢᠲᠤᠷ ᠤᠯᠠᠮᠵᠢᠯᠠᠨ᠎ᠠ ᠭᠡᠵᠦ ᠢᠯᠡᠳᠬᠡᠪᠡ᠃ (ᠰᠤᠷᠪᠤᠯᠵᠢᠯᠠᠭᠴᠢ᠄ ᠯᠢᠦᠢ ᠫᠢᠩ ᠫᠢᠩ  ᠶᠠᠩ ᠵᠢᠶᠧ)              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号