ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | | | ᠥᠪᠥᠷ ᠵᠠᠰᠠᠭ ᠠᠯᠪᠠᠨ ᠲᠠᠷᠬᠠᠭᠠᠭᠰᠠᠨ ﹇2024﹈ 40 ᠳ᠋ᠦ᠋ᠭᠡᠷ ᠲᠣᠭᠠᠲᠤ | | | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠠᠬᠢ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ | ᠤᠷᠢᠳᠠᠴᠢ ᠬᠢᠨᠠᠨ ᠪᠠᠶᠢᠴᠠᠭᠠᠬᠤ ᠠᠵᠢᠯ ᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠶᠡᠷᠦᠩᠬᠡᠢ ᠱᠦᠵᠢ | ᠰᠢ ᠶᠢᠨ ᠫᠢᠩ ᠤᠨ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠲᠤᠬᠠᠢ ᠴᠢᠬᠤᠯᠠ ᠥᠭᠦᠯᠡᠯᠲᠡ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ | ᠵᠦᠢᠯ ᠤᠨ ᠬᠠᠮᠠᠭᠠᠯᠠᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ | ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠳᠦᠷᠢᠮ︾ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠂ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠭᠠᠵᠠᠷ ᠳᠡᠭᠡᠷᠡᠬᠢ ᠲᠡᠦᠬᠡ ᠶᠢᠨ ᠳᠤᠷᠠᠰᠬᠠᠯᠲᠤ ᠵᠦᠢᠯ ᠪᠣᠯ | ︽ᠤᠷᠢᠳ ᠢᠶᠠᠷ ᠪᠠᠶᠢᠴᠠᠭᠠᠯᠲᠠ ᠬᠢᠵᠦ᠂ ᠳᠠᠷᠠᠭ᠎ᠠ ᠳᠤ ᠨᠢ ᠪᠦᠲᠦᠭᠡᠨ ᠪᠠᠶᠢᠭᠤᠯᠬᠤ︾᠂ ᠭᠠᠵᠠᠷ ᠳᠣᠣᠷᠠᠬᠢ ᠲᠡᠦᠬᠡ ᠶᠢᠨ | ᠳᠤᠷᠠᠰᠬᠠᠯᠲᠤ ᠵᠦᠢᠯ ᠪᠣᠯ ︽ᠤᠷᠢᠳ ᠢᠶᠠᠷ ᠬᠠᠭᠤᠴᠢ ᠰᠤᠳᠤᠯᠤᠯ ᠬᠢᠵᠦ᠂ ᠳᠠᠷᠠᠭ᠎ᠠ ᠳᠤ ᠨᠢ ᠲᠥᠯᠥᠪᠦᠷᠢᠲᠡᠢ | ᠰᠢᠯᠵᠢᠭᠦᠯᠬᠦ︾ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯ ᠤᠨ | ᠬᠠᠮᠠᠭᠠᠯᠠᠯᠲᠠ ᠶᠢᠨ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ | ᠮᠡᠲᠦ ᠮᠡᠳᠡᠭᠳᠡᠪᠡ᠃ | ᠨᠢᠭᠡ᠂ ᠤᠷᠢᠳᠠᠴᠢ ᠬᠢᠨᠠᠨ ᠵᠥᠪᠰᠢᠶᠡᠷᠡᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠤᠭᠤᠳ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠬᠠᠷᠢᠭᠤᠴᠠᠵᠤ ᠪᠠᠶᠢᠭ᠎ᠠ | ᠰᠠᠯᠠᠭ᠎ᠠ ᠮᠥᠴᠢᠷ ᠢ ᠵᠢᠯᠤᠭᠤᠳᠴᠤ ᠪᠠᠶᠢᠭᠠᠳ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠢ ᠪᠠᠭᠲᠠᠭᠠᠭᠰᠠᠨ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠨ ᠬᠤᠯᠪᠤᠭᠠᠯᠠᠨ ᠭᠦᠢᠴᠡᠳᠬᠡᠬᠦ ᠲᠣᠭᠲᠠᠴᠠ ᠶᠢ | ᠪᠠᠶᠢᠭᠤᠯᠬᠤ ᠬᠡᠷᠡᠭᠲᠡᠢ᠃ ᠡᠯ᠎ᠡ ᠱᠠᠲᠤᠨ ᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠨᠢ ᠡᠯ᠎ᠡ ᠲᠥᠷᠥᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠢᠨᠠᠮᠠᠭᠠᠢ | ᠡᠮᠬᠢᠯᠡᠵᠦ᠂ ᠲᠥᠷᠥᠯ ᠵᠦᠢᠯ ᠲᠣᠭᠲᠠᠭᠠᠬᠤ᠂ ᠭᠠᠵᠠᠷ ᠬᠡᠷᠡᠭᠯᠡᠵᠦ ᠭᠠᠵᠠᠷ ᠰᠣᠩᠭᠤᠬᠤ ᠲᠠᠯ᠎ᠠ ᠶᠢᠨ ᠠᠵᠢᠯ ᠢ | ᠬᠠᠷᠢᠭᠤᠴᠠᠵᠤ ᠪᠠᠶᠢᠭ᠎ᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠲᠥᠷᠥᠯ ᠵᠦᠢᠯ ᠢ | ᠤᠷᠢᠳᠴᠢᠯᠠᠨ ᠬᠢᠨᠠᠬᠤ ᠱᠠᠲᠤᠨ ᠳᠤ ᠠᠳᠠᠯᠢ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯ ᠤᠨ ᠰᠠᠯᠠᠭ᠎ᠠ | ᠮᠥᠴᠢᠷ ᠤᠨ ᠰᠠᠨᠠᠯ ᠢ ᠰᠠᠨᠠᠭᠠᠴᠢᠯᠠᠭ᠎ᠠ ᠠᠴᠠ ᠪᠠᠨ ᠬᠤᠷᠢᠶᠠᠬᠤ ᠬᠡᠷᠡᠭᠲᠡᠢ︔ ᠲᠣᠮᠣ ᠬᠡᠯᠪᠡᠷᠢ ᠶᠢᠨ ᠦᠨᠳᠦᠰᠦᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠡᠬᠢᠯᠡᠭᠦᠯᠬᠦ ᠵᠥᠪᠰᠢᠶᠡᠷᠡᠯ ᠢ ᠬᠠᠷᠢᠭᠤᠴᠠᠵᠤ ᠪᠠᠶᠢᠭ᠎ᠠ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠤᠨ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠵᠥᠪᠰᠢᠶᠡᠷᠡᠯ ᠢ | ᠤᠷᠢᠳᠠᠴᠢ ᠬᠢᠨᠠᠨ ᠪᠠᠶᠢᠴᠠᠭᠠᠯᠲᠠ ᠶᠢᠨ ᠴᠢᠬᠤᠯᠠ ᠨᠥᠬᠦᠴᠡᠯ ᠪᠣᠯᠭᠠᠨ ᠵᠢᠭᠰᠠᠭᠠᠬᠤ ᠬᠡᠷᠡᠭᠲᠡᠢ᠃ | ᠬᠤᠶᠠᠷ᠂ ᠤᠷᠢᠳᠠᠴᠢ ᠬᠢᠨᠠᠨ ᠵᠥᠪᠰᠢᠶᠡᠷᠡᠭᠦᠯᠬᠦ ᠳᠡᠰ ᠳᠠᠷᠠᠭᠠᠯᠠᠯ ᠢ ᠵᠢᠷᠤᠮᠵᠢᠭᠤᠯᠬᠤ ᠬᠡᠷᠡᠭᠲᠡᠢ᠃ ᠪᠦᠬᠦ | ᠣᠷᠣᠨ ᠤ ᠡᠯ᠎ᠡ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠡᠯ᠎ᠡ | ᠱᠠᠲᠤᠨ ᠤ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ ᠶᠢᠨ ᠬᠠᠮᠠᠭᠠᠯᠠᠬᠤ ᠬᠦᠷᠢᠶ᠎ᠡ ᠬᠡᠪᠴᠢᠶ᠎ᠡ | ᠪᠠ ᠪᠦᠲᠦᠭᠡᠨ ᠪᠠᠶᠢᠭᠤᠯᠤᠯᠲᠠ ᠶᠢ ᠬᠢᠵᠠᠭᠠᠷᠯᠠᠬᠤ ᠣᠷᠣᠨ ᠪᠦᠰᠡ ᠶᠢᠨ ᠮᠡᠳᠡᠭᠡ ᠵᠠᠩᠭᠢ ᠶᠢ ᠨᠡᠶᠢᠭᠡᠮ ᠨᠡᠶᠢᠳᠡ ᠳᠤ | ᠢᠯᠡ ᠪᠣᠯᠭᠠᠬᠤ ᠬᠡᠷᠡᠭᠲᠡᠢ᠃ ᠲᠣᠮᠣ ᠬᠡᠯᠪᠡᠷᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ | ᠪᠠᠷᠢᠬᠤ ᠳᠤ ᠪᠠᠨ᠂ ᠪᠠᠷᠢᠯᠭ᠎ᠠ ᠪᠠᠶᠢᠭᠤᠯᠬᠤ ᠨᠢᠭᠡᠴᠢ ᠨᠢ ᠤᠷᠢᠳ ᠢᠶᠠᠷ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ | ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠵᠦ ᠬᠠᠭᠤᠴᠢ ᠰᠤᠳᠤᠯᠤᠯ ᠤᠨ | ᠨᠡᠭᠡᠭᠡᠨ ᠮᠠᠯᠲᠠᠬᠤ ᠠᠵᠢᠯ ᠬᠢᠵᠦ ᠪᠠᠶᠢᠭ᠎ᠠ ᠨᠢᠭᠡᠴᠢ ᠨᠦᠭᠦᠳ ᠢ ᠵᠣᠬᠢᠶᠠᠨ ᠪᠠᠶᠢᠭᠤᠯᠵᠤ ᠪᠠᠶᠢᠭᠠᠳ ᠪᠠᠷᠢᠯᠭ᠎ᠠ ᠶᠢᠨ | ᠭᠠᠵᠠᠷ ᠪᠣᠯᠭᠠᠨ ᠰᠣᠩᠭᠤᠬᠤ ᠬᠡᠪᠴᠢᠶᠡᠨ ᠳᠣᠲᠣᠷ᠎ᠠ ᠬᠠᠭᠤᠴᠢ ᠰᠤᠳᠤᠯᠤᠯ ᠤᠨ ᠪᠠᠶᠢᠴᠠᠭᠠᠯᠲᠠ ᠪᠠ ᠬᠠᠶᠢᠨ | ᠰᠢᠨᠵᠢᠯᠲᠡ ᠬᠢᠯᠭᠡᠬᠦ ᠪᠠᠷ ᠭᠤᠶᠤᠴᠢᠯᠠᠵᠤ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠠᠤᠯᠢ ᠳᠤ ᠲᠣᠭᠲᠠᠭᠠᠭᠰᠠᠨ ᠴᠠᠭ ᠬᠤᠭᠤᠴᠠᠭᠠᠨ ᠤ ᠳᠣᠲᠣᠷ᠎ᠠ ᠬᠢᠨᠠᠨ | ᠬᠠᠷᠭᠤᠭᠤᠯᠤᠭᠰᠠᠨ ᠰᠠᠨᠠᠯ ᠢᠶᠠᠨ ᠭᠠᠷᠭᠠᠬᠤ ᠬᠡᠷᠡᠭᠲᠡᠢ᠃ ᠬᠤᠲᠠ ᠪᠠᠯᠭᠠᠰᠤᠨ ᠤ ᠲᠥᠯᠦᠪᠵᠢᠭᠦᠯᠭᠡ ᠶᠢᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠨ ᠳᠣᠲᠣᠷ᠎ᠠ ᠵᠢᠴᠢ ᠡᠯ᠎ᠡ ᠲᠥᠷᠥᠯ ᠤᠨ ᠨᠡᠭᠡᠭᠡᠯᠲᠡ ᠶᠢᠨ | ᠲᠣᠭᠤᠷᠢᠭ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠠᠵᠤ ᠦᠢᠯᠡᠰ ᠤᠨ ᠪᠥᠭᠡᠮᠨᠡᠷᠡᠯ ᠤᠨ ᠲᠣᠭᠤᠷᠢᠭ᠂ | ᠬᠤᠲᠠ ᠬᠥᠳᠡᠭᠡ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠣᠭᠤᠷᠢᠭ ᠵᠡᠷᠭᠡ ᠬᠡᠰᠡᠭ ᠢᠶᠠᠷ ᠨᠡᠭᠡᠭᠡᠨ | ᠬᠥᠭᠵᠢᠭᠦᠯᠬᠦ ᠪᠠᠷ ᠲᠥᠯᠥᠪᠵᠢᠭᠦᠯᠵᠦ ᠪᠠᠶᠢᠭ᠎ᠠ ᠭᠠᠵᠠᠷ ᠰᠢᠷᠣᠢ ᠳᠤ ᠣᠷᠣᠨ ᠪᠦᠰᠡ ᠶᠢᠨ ᠦᠨᠡᠯᠡᠨ ᠵᠢᠱᠢᠯᠲᠡ | ᠥᠷᠨᠢᠭᠦᠯᠬᠦ ᠳᠤ ᠪᠠᠨ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠢ ᠤᠷᠢᠵᠤ ᠣᠷᠣᠯᠴᠠᠭᠤᠯᠬᠤ ᠬᠡᠷᠡᠭᠲᠡᠢ᠃ ᠬᠠᠭᠤᠴᠢ ᠰᠤᠳᠤᠯᠤᠯ ᠤᠨ ᠪᠠᠶᠢᠴᠠᠭᠠᠯᠲᠠ ᠪᠠ ᠬᠠᠶᠢᠨ | ᠰᠢᠨᠵᠢᠯᠲᠡ ᠬᠢᠬᠦ ᠪᠠᠷ ᠳᠠᠮᠵᠢᠭᠠᠳ ᠲᠡᠦᠬᠡ ᠶᠢᠨ ᠳᠤᠷᠠᠰᠬᠠᠯᠲᠤ ᠵᠦᠢᠯ ᠣᠯᠵᠤ ᠮᠡᠳᠡᠭᠰᠡᠨ ᠦᠭᠡᠢ ᠪᠣᠯ ᠥᠪᠡᠷᠲᠡᠭᠡᠨ | ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠠᠤᠯᠢ ᠳᠤ | ᠲᠣᠭᠲᠠᠭᠠᠭᠰᠠᠨ ᠴᠠᠭ ᠬᠤᠭᠤᠴᠠᠭᠠᠨ ᠤ ᠳᠣᠲᠣᠷ᠎ᠠ ᠬᠢᠨᠠᠨ ᠬᠠᠷᠭᠤᠭᠤᠯᠤᠭᠰᠠᠨ ᠰᠠᠨᠠᠯ ᠢᠶᠠᠨ ᠭᠠᠷᠭᠠᠬᠤ ᠬᠡᠷᠡᠭᠲᠡᠢ︔ | ᠲᠡᠦᠬᠡ ᠶᠢᠨ ᠳᠤᠷᠠᠰᠬᠠᠯᠲᠤ ᠵᠦᠢᠯ ᠢ ᠣᠯᠵᠤ ᠢᠯᠡᠷᠡᠭᠦᠯᠪᠡᠯ᠂ ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ | ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠬᠠᠶᠢᠨ ᠰᠢᠨᠵᠢᠯᠲᠡ ᠶᠢᠨ ᠠᠵᠢᠯ ᠬᠢᠭᠰᠡᠨ | ᠰᠠᠭᠤᠷᠢᠨ ᠳᠡᠭᠡᠷ᠎ᠡ ᠨᠡᠭᠡᠭᠡᠨ ᠮᠠᠯᠲᠠᠬᠤ ᠲᠥᠯᠥᠪᠯᠡᠭᠡ ᠳᠤᠷᠠᠳᠴᠤ᠂ ᠲᠥᠷᠥ ᠶᠢᠨ ᠶᠠᠪᠤᠳᠠᠯ ᠤᠨ ᠬᠤᠷᠢᠶᠠᠨ ᠤ | ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠦᠨ ᠵᠥᠪᠰᠢᠶᠡᠷᠡᠭᠦᠯᠬᠦ | ᠬᠡᠷᠡᠭᠲᠡᠢ᠃ ᠦᠨᠡᠨ ᠬᠦ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ ᠶᠢᠨ ᠬᠠᠮᠠᠭᠠᠯᠠᠬᠤ | ᠬᠦᠷᠢᠶ᠎ᠡ ᠬᠡᠪᠴᠢᠶ᠎ᠡ ᠪᠠ ᠪᠦᠲᠦᠭᠡᠨ ᠪᠠᠶᠢᠭᠤᠯᠤᠯᠲᠠ ᠶᠢ ᠬᠢᠵᠠᠭᠠᠷᠯᠠᠬᠤ ᠣᠷᠣᠨ ᠪᠦᠰᠡ ᠶᠢᠨ ᠳᠣᠲᠣᠷ᠎ᠠ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠪᠠᠷᠢᠬᠤ ᠴᠢᠬᠤᠯᠠᠲᠠᠢ ᠪᠠᠶᠢᠪᠠᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠬᠠᠤᠯᠢ︾ ᠶᠢᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ᠃ | ᠭᠤᠷᠪᠠ᠂ ᠪᠦᠲᠦᠭᠡᠨ ᠪᠠᠶᠢᠭᠤᠯᠬᠤ ᠪᠠᠷᠢᠯᠭ᠎ᠠ ᠳᠤ ᠬᠢᠨᠠᠯᠲᠠ ᠬᠠᠮᠢᠶᠠᠷᠤᠯᠲᠠ ᠬᠢᠬᠦ ᠪᠠᠨ ᠴᠢᠩᠭᠠᠳᠬᠠᠬᠤ | ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ | ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠱᠠᠭᠠᠷᠳᠠᠯᠭ᠎ᠠ ᠪᠠ ᠲᠤᠰ ᠮᠡᠳᠡᠭᠳᠡᠯ ᠤᠨ ᠵᠣᠷᠢᠭ | ᠰᠠᠨᠠᠭ᠎ᠠ ᠶᠢ ᠦᠨᠳᠦᠰᠦᠯᠡᠨ᠂ ᠡᠯ᠎ᠡ ᠲᠥᠷᠥᠯ ᠤᠨ ᠪᠦᠲᠦᠭᠡᠨ ᠪᠠᠶᠢᠭᠤᠯᠬᠤ ᠲᠥᠷᠥᠯ ᠵᠦᠢᠯ ᠳᠤ ᠰᠠᠶᠢᠲᠤᠷ ᠬᠢᠨᠠᠯᠲᠠ | ᠬᠠᠮᠢᠶᠠᠷᠤᠯᠲᠠ ᠬᠢᠬᠦ ᠬᠡᠷᠡᠭᠲᠡᠢ᠃ ᠪᠠᠷᠢᠯᠭ᠎ᠠ ᠶᠢᠨ ᠭᠠᠵᠠᠷ ᠰᠣᠩᠭᠤᠬᠤ ᠳᠤ ᠪᠠᠨ ᠨᠡᠭᠦᠯᠭᠡᠨ ᠰᠢᠯᠵᠢᠭᠦᠯᠵᠦ ᠪᠣᠯᠣᠰᠢ | ᠦᠭᠡᠢ ᠲᠡᠦᠬᠡ ᠶᠢᠨ ᠳᠤᠷᠠᠰᠬᠠᠯᠲᠤ ᠵᠦᠢᠯ ᠠᠴᠠ ᠵᠠᠶᠢᠯᠠᠬᠤ ᠬᠡᠷᠡᠭᠲᠡᠢ᠂ ᠣᠨᠴᠠᠭᠠᠶ ᠪᠠᠶᠢᠳᠠᠯ ᠠᠴᠠ ᠪᠣᠯᠵᠤ ᠦᠨᠡᠨ ᠬᠦ | ᠵᠠᠶᠢᠯᠠᠭᠤᠯᠬᠤ ᠪᠣᠯᠣᠯᠴᠠᠭ᠎ᠠ ᠦᠭᠡᠢ ᠪᠣᠯᠪᠠᠯ ᠬᠠᠤᠯᠢ ᠲᠣᠭᠲᠠᠭᠠᠯ ᠶᠣᠰᠣᠭᠠᠷ ᠲᠡᠦᠬᠡ ᠶᠢᠨ ᠳᠤᠷᠠᠰᠬᠠᠯᠲᠤ ᠵᠦᠢᠯ ᠤᠨ | ᠬᠠᠮᠠᠭᠠᠯᠠᠯᠲᠠ ᠶᠢᠨ ᠤᠷᠢᠳᠠᠴᠢ ᠬᠢᠨᠠᠨ ᠵᠥᠪᠰᠢᠶᠡᠷᠡᠭᠦᠯᠬᠦ ᠳᠡᠰ ᠳᠠᠷᠠᠭᠠᠯᠠᠯ ᠢ ᠭᠦᠢᠴᠡᠳᠬᠡᠬᠦ ᠬᠡᠷᠡᠭᠲᠡᠢ᠃ ᠪᠠᠷᠢᠯᠭ᠎ᠠ | ᠪᠠᠷᠢᠬᠤ ᠶᠠᠪᠤᠴᠠ ᠳᠤ ᠲᠡᠦᠬᠡ ᠶᠢᠨ ᠳᠤᠷᠠᠰᠬᠠᠯᠲᠤ ᠵᠦᠢᠯ ᠢ ᠣᠯᠵᠤ ᠢᠯᠡᠷᠡᠭᠦᠯᠪᠡᠯ᠂ ᠲᠤᠬᠠᠢ ᠶᠢᠨ ᠭᠠᠵᠠᠷ ᠢ ᠨᠢ | ᠬᠠᠮᠠᠭᠠᠯᠠᠵᠤ᠂ ᠳᠠᠷᠤᠶᠢᠬᠠᠨ ᠲᠤᠬᠠᠢ ᠶᠢᠨ ᠭᠠᠵᠠᠷ ᠤᠨ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠲᠤ ᠮᠡᠳᠡᠭᠦᠯᠵᠦ᠂ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ | ᠨᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ | ᠬᠠᠮᠠᠭᠠᠯᠠᠯᠲᠠ ᠶᠢᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠃ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤᠮᠳᠠ ᠢᠯᠡᠷᠡᠭᠰᠡᠨ ᠬᠠᠭᠤᠴᠢ ᠰᠤᠳᠤᠯᠤᠯ ᠤᠨ ᠪᠠᠶᠢᠴᠠᠭᠠᠯᠲᠠ᠂ ᠬᠠᠶᠢᠨ | ᠰᠢᠨᠵᠢᠯᠲᠡ᠂ ᠨᠡᠭᠡᠭᠡᠨ ᠮᠠᠯᠲᠠᠬᠤ ᠠᠵᠢᠯ ᠢ ᠬᠠᠷᠰᠢᠯᠠᠨ ᠨᠥᠯᠥᠭᠡᠯᠡᠬᠦ᠂ ᠬᠤᠷᠢᠭᠯᠠᠨ ᠰᠠᠭᠠᠲᠠᠭᠠᠬᠤ ᠪᠠ ᠲᠡᠦᠬᠡ ᠶᠢᠨ | ᠳᠤᠷᠠᠰᠬᠠᠯᠲᠤ ᠵᠦᠢᠯ ᠢ ᠡᠪᠳᠡᠨ ᠰᠦᠢᠳᠬᠡᠬᠦ᠂ ᠲᠡᠦᠬᠡ ᠶᠢᠨ ᠳᠤᠷᠠᠰᠬᠠᠯᠲᠤ ᠵᠦᠢᠯ ᠢ ᠳᠦᠷᠭᠢᠯᠳᠦᠨ ᠪᠤᠯᠢᠶᠠᠯᠳᠤᠬᠤ | ᠵᠡᠷᠭᠡ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠢ᠃ | ᠳᠥᠷᠪᠡ᠂ ᠤᠷᠢᠳᠠᠴᠢ ᠬᠢᠨᠠᠨ ᠵᠥᠪᠰᠢᠶᠡᠷᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠪᠦᠬᠦ | ᠣᠷᠣᠨ ᠤ ᠡᠯ᠎ᠡ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠪᠦᠬᠦ | ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢᠨ ᠬᠠᠮᠤᠭ ᠤᠨ ᠰᠢᠨ᠎ᠡ ᠲᠤᠭ᠎ᠠ | ᠪᠠᠷᠢᠮᠲᠠ ᠶᠢ ᠦᠨᠳᠦᠰᠦᠯᠡᠨ ᠲᠡᠦᠬᠡ ᠶᠢᠨ ᠳᠤᠷᠠᠰᠬᠠᠯᠲᠤ ᠵᠦᠢᠯ ᠤᠨ ᠤᠷᠢᠳᠠᠴᠢ ᠬᠢᠨᠠᠨ ᠵᠥᠪᠰᠢᠶᠡᠷᠡᠭᠦᠯᠬᠦ ᠠᠵᠢᠯ ᠢ | ᠥᠷᠨᠢᠭᠦᠯᠬᠦ ᠬᠡᠷᠡᠭᠲᠡᠢ᠃ ᠬᠠᠭᠤᠴᠢ ᠰᠤᠳᠤᠯᠤᠯ ᠤᠨ ᠪᠠᠶᠢᠴᠠᠭᠠᠯᠲᠠ᠂ ᠬᠠᠶᠢᠨ ᠰᠢᠨᠵᠢᠯᠲᠡ᠂ ᠨᠡᠭᠡᠭᠡᠨ ᠮᠠᠯᠲᠠᠯᠲᠠ ᠶᠢᠨ | ᠨᠢᠭᠡᠴᠢ ᠶᠢᠨ ᠬᠢᠷᠢ ᠭᠡᠮ ᠢ ᠴᠢᠩᠭ᠎ᠠ ᠬᠢᠨᠠᠨ ᠪᠠᠶᠢᠴᠠᠭᠠᠵᠤ᠂ ᠬᠠᠭᠤᠴᠢ ᠰᠤᠳᠤᠯᠤᠯ ᠤᠨ ᠠᠵᠢᠯ ᠤᠨ ᠶᠠᠰᠤ ᠴᠢᠨᠠᠷ ᠲᠤ | ᠬᠢᠨᠠᠯᠲᠠ ᠬᠠᠮᠢᠶᠠᠷᠤᠯᠲᠠ ᠬᠢᠬᠦ ᠪᠠᠨ ᠴᠢᠩᠭᠠᠳᠬᠠᠬᠤ ᠬᠡᠷᠡᠭᠲᠡᠢ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠴᠤᠪᠤᠷᠠᠯ ᠢ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ | ᠬᠠᠤᠯᠢ ᠳᠤ ᠲᠣᠭᠲᠠᠭᠠᠭᠰᠠᠨ ᠴᠠᠭ ᠬᠤᠭᠤᠴᠠᠭᠠᠨ ᠤ ᠳᠣᠲᠣᠷ᠎ᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠵᠥᠪᠰᠢᠶᠡᠷᠡᠯ ᠢ ᠪᠡᠶᠡᠯᠡᠭᠦᠯᠬᠦ ᠶᠢ | ᠦᠨᠡᠨ ᠬᠦ ᠪᠠᠲᠤᠯᠠᠬᠤ ᠬᠡᠷᠡᠭᠲᠡᠢ᠃ ᠬᠠᠭᠤᠴᠢ ᠰᠤᠳᠤᠯᠤᠯ ᠤᠨ ᠪᠠᠶᠢᠴᠠᠭᠠᠯᠲᠠ᠂ ᠬᠠᠶᠢᠨ ᠰᠢᠨᠵᠢᠯᠲᠡ᠂ ᠨᠡᠭᠡᠭᠡᠨ | ᠮᠠᠯᠲᠠᠬᠤ ᠠᠵᠢᠯ ᠢ ᠬᠡᠷᠡᠭᠵᠢᠭᠦᠯᠬᠦ ᠨᠢᠭᠡᠴᠢ ᠨᠦᠭᠦᠳ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠠᠵᠢᠯᠯᠠᠬᠤ | ᠠᠷᠭ᠎ᠠ ᠶᠢᠨ ᠲᠠᠯ᠎ᠠ ᠳᠤ ᠰᠢᠨ᠎ᠡ ᠶᠢ ᠡᠭᠦᠳᠴᠦ᠂ ᠬᠠᠤᠯᠢ ᠲᠣᠭᠲᠠᠭᠠᠯ ᠶᠣᠰᠣᠭᠠᠷ ᠰᠢᠨᠵᠢᠯᠡᠬᠦ ᠤᠬᠠᠭᠠᠨᠴᠢ ᠪᠥᠭᠡᠳ | ᠥᠨᠳᠥᠷ ᠪᠦᠲᠦᠮᠵᠢᠲᠡᠶ ᠪᠠᠷ ᠠᠵᠢᠯ ᠢᠶᠠᠨ ᠥᠷᠨᠢᠭᠦᠯᠬᠦ ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠲᠥᠷᠥᠯ | ᠵᠦᠢᠯ ᠤᠨ ᠬᠢᠨᠠᠨ ᠵᠥᠪᠰᠢᠶᠡᠷᠡᠬᠦ ᠶᠠᠪᠤᠴᠠ ᠳᠤ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠪᠠ ᠰᠦᠪᠡᠭᠴᠢ ᠶᠢ | ᠰᠢᠯᠵᠢᠭᠦᠯᠦᠨ ᠬᠦᠷᠭᠡᠬᠦ ᠲᠣᠭᠲᠠᠴᠠ᠂ ᠬᠠᠮᠵᠢᠯᠴᠠᠨ ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠠᠬᠢ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ | ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠬᠦ ᠬᠡᠷᠡᠭᠲᠡᠢ᠃ | ᠲᠠᠪᠤ᠂ ᠪᠤᠰᠤᠳ ᠬᠤᠯᠪᠣᠭᠳᠠᠯ ᠪᠦᠬᠦᠢ ᠵᠦᠢᠯᠡᠰ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠲᠡᠦᠬᠡ ᠶᠢᠨ | ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠠᠵᠢᠯ ᠤᠨ ᠴᠢᠬᠤᠯᠠ ᠴᠢᠨᠠᠷ ᠪᠠ ᠵᠠᠶᠢᠯᠠᠰᠢ ᠦᠭᠡᠢ ᠴᠢᠨᠠᠷ ᠢ ᠭᠦᠢᠴᠡᠳ | ᠲᠠᠨᠢᠵᠤ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ ᠪᠠᠶᠢᠭ᠎ᠠ ᠶᠠᠪᠤᠳᠠᠯ ᠪᠣᠯ ᠮᠥᠨ ᠴᠦ ᠵᠠᠰᠠᠭ ᠤᠨ | ᠠᠵᠢᠯ ᠤᠨ ᠠᠮᠵᠢᠯᠲᠠ ᠪᠦᠲᠦᠮᠵᠢ ᠪᠣᠯᠬᠤ ᠰᠢᠨᠵᠢᠯᠡᠬᠦ ᠤᠬᠠᠭᠠᠨᠴᠢ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ | ᠰᠣᠶᠣᠯ ᠤᠨ ᠥᠪ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ | ᠰᠣᠶᠣᠯ ᠤᠨ ᠥᠪ ᠤᠨ ᠬᠠᠮᠠᠭᠠᠯᠠᠯᠲᠠ ᠶᠢᠨ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠦᠨ ᠮᠡᠳᠡᠭᠡᠯᠡᠬᠦ ᠳᠦᠷᠢᠮ᠂ | ᠲᠤᠰᠬᠠᠢ ᠮᠡᠷᠭᠡᠵᠢᠯᠲᠡᠨ ᠠᠴᠠ ᠯᠠᠪᠯᠠᠭ᠎ᠠ ᠠᠪᠬᠤ ᠳᠦᠷᠢᠮ ᠵᠢᠴᠢ ᠣᠯᠠᠨ ᠨᠡᠶᠢᠲᠡ ᠪᠠ ᠶᠠᠷᠢᠶ᠎ᠠ ᠬᠡᠯᠡᠯᠴᠡᠭᠡ ᠪᠠᠷ | ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠠᠬᠢ ᠲᠡᠦᠬᠡ ᠶᠢᠨ | ᠳᠤᠷᠠᠰᠬᠠᠯᠲᠤ ᠵᠦᠢᠯ ᠤᠨ ᠤᠷᠢᠳᠠᠴᠢ ᠬᠢᠨᠠᠨ ᠵᠥᠪᠰᠢᠶᠡᠷᠡᠭᠦᠯᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ | ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ | ᠥᠷᠭᠡᠨ ᠢᠶᠠᠷ ᠤᠬᠠᠭᠤᠯᠵᠤ᠂ ︽ᠰᠣᠶᠣᠯ ᠪᠠ ᠪᠠᠶᠢᠭᠠᠯᠢ ᠶᠢᠨ ᠥᠪ ᠤᠨ ᠡᠳᠦᠷ︾᠂ ︽5.18 ᠤ ᠣᠯᠠᠨ ᠤᠯᠤᠰ ᠤᠨ | ᠮᠦᠽᠧᠢ ᠶᠢᠨ ᠡᠳᠦᠷ︾ ᠵᠡᠷᠭᠡ ᠲᠣᠬᠢᠶᠠᠯ ᠢ ᠠᠰᠢᠭᠯᠠᠨ᠂ ︽ᠲᠣᠰᠬᠤᠨ ᠪᠣᠯᠭᠠᠨ ᠳᠤ ᠳᠠᠭᠤᠷᠢᠰᠤᠭᠤᠯᠬᠤ︾ ᠷᠠᠳᠢᠣ᠋ | ᠨᠡᠪᠲᠡᠷᠡᠭᠦᠯᠭᠡ ᠶᠢᠨ ᠲᠠᠪᠴᠠᠩ᠂ ᠤᠬᠠᠭᠤᠯᠭ᠎ᠠ ᠶᠢᠨ ᠪᠤᠯᠤᠩ᠂ ᠤᠬᠠᠭᠤᠯᠭ᠎ᠠ ᠶᠢᠨ ᠲᠣᠪᠬᠢᠮᠠᠯ ᠵᠡᠷᠭᠡ | ᠠᠴᠢᠶᠠᠯᠠᠪᠤᠷᠢ ᠶᠢ ᠰᠠᠶᠢᠲᠤᠷ ᠬᠡᠷᠡᠭᠯᠡᠵᠦ᠂ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠬᠠᠤᠯᠢ | ᠳᠦᠷᠢᠮ ᠤᠨ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ | ᠲᠤᠬᠠᠢ ᠣᠯᠠᠨ ᠨᠡᠶᠢᠲᠡ ᠶᠢᠨ ᠬᠠᠤᠯᠢ ᠳᠦᠷᠢᠮ ᠤᠨ ᠦᠵᠡᠯᠲᠡ ᠶᠢ ᠨᠢ ᠴᠢᠩᠭᠠᠷᠠᠭᠤᠯᠤᠨ᠂ ᠨᠡᠶᠢᠭᠡᠮ ᠳᠠᠶᠠᠭᠠᠷ ᠤᠨ | ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠳᠤ ᠣᠷᠣᠯᠴᠠᠬᠤ ᠤᠬᠠᠮᠰᠠᠷ ᠢ ᠨᠢ ᠳᠡᠭᠡᠭᠰᠢᠯᠡᠭᠦᠯᠬᠦ ᠬᠡᠷᠡᠭᠲᠡᠢ᠃ | ᠪᠥᠬᠦ ᠣᠷᠣᠨ ᠤ ᠡᠯ᠎ᠡ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ | ᠲᠦᠷᠦᠭᠦᠯᠡᠨ ᠬᠠᠷᠢᠭᠤᠴᠠᠵᠤ ᠶᠡᠷᠦᠩᠬᠡᠶᠢᠯᠡᠨ ᠠᠳᠬᠤᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠲᠡᠦᠬᠡ ᠶᠢᠨ | ᠳᠤᠷᠠᠰᠬᠠᠯᠲᠤ ᠵᠦᠢᠯ ᠤᠨ ᠠᠮᠤᠷ ᠲᠦᠪᠰᠢᠨ ᠤ ᠪᠠᠶᠢᠴᠠᠭᠠᠯᠲᠠ ᠪᠠ ᠴᠠᠭᠳᠠᠨ ᠪᠠᠶᠢᠴᠠᠭᠠᠯᠲᠠ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠦᠨ᠂ ᠡᠯ᠎ᠡ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ ᠶᠢ | ᠰᠢᠮᠳᠠᠭᠤᠯᠤᠨ ᠵᠢᠯᠤᠭᠤᠳᠴᠤ ᠪᠠᠶᠢᠭᠠᠳ ︽ᠳᠥᠷᠪᠡ ᠶᠢ ᠪᠦᠷᠢᠯᠳᠦᠭᠦᠯᠦᠭᠰᠡᠨ ︵ᠬᠠᠮᠠᠭᠠᠯᠠᠬᠤ ᠬᠡᠪᠴᠢᠶ᠎ᠡ ᠲᠠᠢ᠂ | ᠲᠡᠮᠳᠡᠭ ᠬᠠᠲᠠᠭᠰᠠᠨ ᠲᠣᠳᠣᠷᠬᠠᠶᠢᠯᠠᠯᠲᠠ ᠲᠠᠢ᠂ ᠲᠡᠮᠳᠡᠭᠯᠡᠯ ᠤᠨ ᠲᠠᠩᠰᠠ ᠡᠪᠬᠡᠮᠡᠯ ᠲᠠᠢ᠂ ᠲᠤᠰᠬᠠᠢ | ᠪᠠᠶᠢᠭᠤᠯᠤᠮᠵᠢ ᠲᠠᠢ ᠪᠤᠶᠤ ᠲᠤᠰᠬᠠᠢ ᠬᠥᠮᠥᠨ ᠢᠶᠠᠷ ᠬᠠᠷᠢᠭᠤᠴᠠᠭᠤᠯᠤᠨ ᠬᠠᠮᠢᠶᠠᠷᠤᠭᠤᠯᠤᠭᠰᠠᠨ ᠪᠠᠶᠢᠬᠤ︶ ᠲᠠᠩᠰᠠ | ᠡᠪᠬᠡᠮᠡᠯ︾ ᠢ ᠦᠷᠭᠦᠯᠵᠢᠯᠡᠨ ᠪᠦᠷᠢᠨᠰᠢᠭᠦᠯᠵᠦ᠂ ᠬᠠᠮᠠᠭᠠᠯᠠᠯᠲᠠ ᠶᠢ ᠲᠡᠷᠢᠭᠦᠨ ᠪᠠᠶᠢᠷᠢᠨ ᠳᠤ ᠲᠠᠯᠪᠢᠬᠤ᠂ | ᠬᠠᠮᠢᠶᠠᠷᠤᠯᠲᠠ ᠶᠢ ᠴᠢᠩᠭᠠᠳᠬᠠᠬᠤ᠂ ᠦᠨ᠎ᠡ ᠥᠷᠲᠡᠭ ᠢ ᠠᠭᠤᠳᠠᠯᠬᠤ᠂ ᠪᠦᠲᠦᠮᠵᠢᠲᠡᠶ ᠠᠰᠢᠭᠯᠠᠬᠤ᠂ ᠲᠡᠦᠬᠡ ᠶᠢᠨ | ᠳᠤᠷᠠᠰᠬᠠᠯᠲᠤ ᠵᠦᠢᠯ ᠢ ᠰᠡᠷᠭᠦᠭᠡᠨ ᠠᠮᠢᠯᠠᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ | | 2024ᠣᠨ ᠤ10 ᠳ᠋ᠤᠭᠠᠷ ᠰᠠᠷ᠎ᠠ ᠶᠢᠨ 15 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2024 ᠣᠨ ᠤ 10 ᠳ᠋ᠤᠭᠠᠷ ᠰᠠᠷ᠎ᠠ ᠶᠢᠨ 15 ᠤ ᠡᠳᠦᠷ ᠳᠠᠷᠤᠮᠠᠯᠯᠠᠨ ᠲᠠᠷᠬᠠᠭᠠᠪᠠ | | |