ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ︽ᠠᠮᠤ ᠪᠤᠳᠠᠭ᠎ᠠ ᠶᠢ ᠠᠷᠪᠢᠯᠠᠨ ᠭᠠᠮᠨᠠᠬᠤ ᠪᠠ ᠢᠳᠡᠭᠡᠨ ᠢ | ᠪᠦᠷᠢᠯᠭᠡᠨ ᠰᠦᠢᠳᠬᠡᠬᠦ ᠶᠢ ᠡᠰᠡᠷᠭᠦᠴᠡᠬᠦ ᠠᠵᠢᠯᠯᠠᠭ᠎ᠠ ᠶᠢᠨ ᠲᠥᠰᠥᠯ︾ ᠢ ᠳᠠᠷᠤᠮᠠᠯᠯᠠᠨ ᠲᠠᠷᠬᠠᠭᠠᠭᠰᠠᠨ ᠪᠥᠭᠡᠳ | ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ | ︽ᠠᠮᠤ ᠪᠤᠳᠠᠭ᠎ᠠ ᠶᠢ ᠠᠷᠪᠢᠯᠠᠨ ᠭᠠᠮᠨᠠᠬᠤ ᠪᠠ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ | ᠠᠵᠢᠯᠯᠠᠭ᠎ᠠ ᠶᠢᠨ ᠲᠥᠰᠥᠯ︾ ᠤᠨ ᠪᠦᠭᠦ ᠠᠭᠤᠯᠭ᠎ᠠ ᠨᠢ ᠳᠣᠣᠷᠠᠬᠢ ᠮᠡᠲᠦ᠃ | ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠷᠪᠢᠯᠠᠨ ᠭᠠᠮᠨᠠᠬᠤ ᠶᠢ ᠴᠢᠩᠭ᠎ᠠ | ᠬᠡᠷᠡᠭᠵᠢᠭᠦᠯᠵᠦ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠲᠤᠬᠠᠢ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠭᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ | ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤ | ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠠᠤᠯᠢ︾ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠮᠤ | ᠪᠤᠳᠠᠭ᠎ᠠ ᠪᠣᠯᠣᠨ ᠢᠳᠡᠭᠡᠨ ᠢ ᠠᠷᠪᠢᠯᠠᠨ ᠭᠠᠮᠨᠠᠬᠤ ᠲᠤᠬᠠᠢ ᠦᠨᠡᠨ ᠬᠦ ᠲᠤᠰᠠᠲᠠᠢ ᠤᠷᠲᠤ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠲᠦᠷᠭᠡᠳᠬᠡᠨ ᠪᠤᠶ ᠪᠤᠯᠭᠠᠵᠤ᠂ ᠠᠮᠤ ᠪᠤᠳᠠᠭ᠎ᠠ ᠶᠢ ᠬᠤᠷᠣᠭᠳᠠᠭᠤᠯᠬᠤ ᠪᠠ ᠢᠳᠡᠭᠡᠨ ᠢ | ᠪᠦᠷᠢᠯᠭᠡᠨ ᠰᠦᠢᠳᠬᠡᠬᠦ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠶᠢᠨ ᠲᠥᠯᠥᠭᠡ᠂ ᠲᠤᠰ ᠲᠥᠰᠥᠯ ᠢ ᠲᠣᠭᠲᠠᠭᠠᠪᠠ᠃ | | ᠨᠢᠭᠡ᠂ ᠶᠡᠷᠦᠩᠬᠡᠢ ᠬᠠᠷᠠᠯᠲᠠ | ᠤᠨᠠᠯᠳᠠ ᠶᠢ ᠨᠡᠮᠡᠭᠳᠡᠭᠦᠯᠬᠦ ᠳᠤ ᠡᠷᠬᠡᠪᠰᠢ ᠠᠷᠪᠢᠯᠠᠨ ᠭᠠᠮᠨᠠᠵᠤ᠂ ᠠᠷᠪᠢᠯᠠᠨ ᠭᠠᠮᠨᠠᠬᠤ ᠪᠣᠯ ᠳᠠᠷᠤᠢ ᠤᠨᠠᠯᠳᠠ ᠶᠢ | ᠨᠡᠮᠡᠭᠳᠡᠭᠦᠯᠵᠦ ᠪᠠᠶᠢᠭ᠎ᠠ ᠶᠠᠪᠤᠳᠠᠯ ᠮᠥᠨ ᠭᠡᠬᠦ ᠤᠬᠠᠮᠰᠠᠷ ᠢ ᠪᠠᠲᠤ ᠪᠤᠶ ᠪᠤᠯᠭᠠᠵᠤ᠂ ᠤᠷᠳᠤ ᠬᠤᠭᠤᠴᠠᠭ᠎ᠠ ᠪᠠᠷ | ᠵᠢᠳᠬᠦᠨ ᠴᠢᠷᠮᠠᠶᠢᠵᠤ᠂ ᠰᠤᠯᠠᠷᠠᠭᠤᠯᠤᠯ ᠦᠭᠡᠢ ᠪᠠᠶᠢᠩᠭᠤ ᠠᠳᠬᠤᠵᠤ᠂ ᠬᠠᠯᠠᠰᠢᠷᠠᠯ ᠦᠭᠡᠢ ᠴᠢᠩᠭ᠎ᠠ ᠠᠳᠬᠤᠨ᠂ | ᠭᠤᠣᠯᠳᠠᠯᠭ᠎ᠠ ᠲᠠᠢ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤ | ᠪᠤᠳᠠᠭ᠎ᠠ ᠪᠣᠯᠣᠨ ᠢᠳᠡᠭᠡᠨ ᠢ ᠬᠤᠬᠢᠷᠠᠭᠤᠯᠵᠤ ᠪᠦᠷᠢᠯᠭᠡᠨ ᠰᠦᠢᠳᠬᠡᠬᠦ ᠶᠢ ᠦᠨᠡᠨ ᠬᠦ ᠪᠠᠭᠤᠷᠠᠭᠤᠯᠤᠨ᠎ᠠ᠃ 2027 | ᠣᠨ ᠤ ᠡᠴᠦᠰ ᠪᠤᠯᠬᠤ ᠳᠤ᠂ ᠠᠮᠤ ᠪᠤᠳᠠᠭ᠎ᠠ ᠪᠠ ᠢᠳᠡᠭᠡᠨ ᠢ ᠠᠷᠪᠢᠯᠠᠨ ᠭᠠᠮᠨᠠᠬᠤ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠨᠠᠩ ᠪᠦᠷᠢᠨᠰᠢᠭᠦᠯᠵᠦ᠂ ᠠᠮᠤ ᠪᠤᠳᠠᠭ᠎ᠠ ᠶᠢ ᠬᠤᠷᠣᠭᠳᠠᠭᠤᠯᠤᠭᠰᠠᠨ ᠪᠠ ᠢᠳᠡᠭᠡᠨ ᠢ | ᠪᠦᠷᠢᠯᠭᠡᠨ ᠰᠦᠢᠳᠬᠡᠭᠰᠡᠨ ᠪᠠᠶᠢᠳᠠᠯ ᠢ ᠪᠦᠷᠢᠳᠬᠡᠨ ᠪᠠᠶᠢᠴᠠᠭᠠᠬᠤ ᠳᠦᠷᠢᠮ᠂ ᠪᠠᠷᠢᠮᠵᠢᠶ᠎ᠠ ᠵᠢᠷᠤᠮᠵᠢᠯ ᠪᠠ ᠭᠦᠢᠴᠡᠳᠬᠡᠯ | ᠲᠤᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ᠂ | ᠬᠠᠳᠠᠭᠠᠯᠠᠬᠤ᠂ ᠲᠡᠭᠡᠭᠡᠪᠦᠷᠢᠯᠡᠬᠦ᠂ ᠡᠳ᠋ᠰᠢᠭᠦᠯᠬᠦ ᠶᠠᠪᠤᠴᠠ ᠳᠠᠬᠢ ᠬᠤᠷᠣᠭᠳᠠᠭᠤᠯᠬᠤ ᠨᠣᠷᠮ᠎ᠠ ᠶᠢ ᠳᠡᠯᠡᠬᠡᠢ ᠶᠢᠨ ᠳᠤᠮᠳᠠᠴᠢ | ᠲᠦᠪᠰᠢᠨ ᠠᠴᠠ ᠳᠣᠣᠷ᠎ᠠ ᠪᠠᠶᠢᠯᠭᠠᠵᠤ᠂ ᠢᠳᠡᠭᠡᠨ ᠤᠮᠳᠠᠭᠠᠨ ᠤ ᠠᠵᠢᠯ ᠲᠥᠷᠥᠯ᠂ ᠠᠯᠪᠠᠨ ᠪᠠᠶᠢᠭᠤᠯᠭ᠎ᠠ ᠶᠢᠨ | ᠬᠤᠭᠤᠯᠠᠨ ᠭᠡᠷ᠂ ᠰᠤᠷᠭᠠᠭᠤᠯᠢ ᠶᠢᠨ ᠬᠤᠭᠤᠯᠠᠨ ᠭᠡᠷ᠂ ᠠᠵᠤ ᠠᠬᠤᠶᠢᠯᠠᠯ ᠤᠨ ᠬᠤᠭᠤᠯᠠᠨ ᠭᠡᠷ ᠵᠡᠷᠭᠡ ᠶᠢᠨ ᠬᠥᠮᠥᠨ | ᠳᠤᠮᠳᠠᠴᠢ ᠶᠢᠨ ᠢᠳᠡᠭᠡᠨ ᠢ ᠪᠦᠷᠢᠯᠭᠡᠨ ᠰᠦᠢᠳᠬᠡᠬᠦ ᠬᠡᠮᠵᠢᠶ᠎ᠡ ᠶᠢ ᠢᠯᠡᠳᠲᠡ ᠪᠠᠭᠤᠷᠠᠭᠤᠯᠵᠤ᠂ ᠢᠳᠡᠭᠡᠨ ᠤᠮᠳᠠᠭᠠᠨ ᠢ | ᠪᠦᠷᠢᠯᠭᠡᠨ ᠰᠦᠢᠳᠬᠡᠬᠦ ᠶᠢ ᠪᠦᠲᠦᠮᠵᠢᠲᠡᠶ ᠬᠤᠷᠢᠭᠯᠠᠨ᠎ᠠ᠃ ᠦᠷᠭᠦᠯᠵᠢᠯᠡᠨ ᠴᠢᠷᠮᠠᠶᠢᠬᠤ ᠪᠠ ᠪᠦᠭᠦ ᠠᠷᠠᠳ ᠢᠶᠠᠷ ᠢᠶᠠᠨ | ᠣᠷᠤᠯᠴᠠᠬᠤ ᠪᠠᠷ ᠳᠠᠮᠵᠢᠨ᠂ ᠠᠮᠤ ᠪᠤᠳᠠᠭ᠎ᠠ ᠶᠢ ᠠᠷᠪᠢᠯᠠᠨ ᠭᠠᠮᠨᠠᠬᠤ ᠶᠢ ᠠᠬᠢᠭᠤᠯᠵᠤ᠂ ᠪᠦᠷᠢᠯᠭᠡᠨ ᠰᠦᠢᠳᠬᠡᠬᠦ ᠶᠢ | ᠡᠰᠡᠷᠭᠦᠴᠡᠬᠦ ᠶᠠᠪᠤᠳᠠᠯ ᠢ ᠪᠦᠭᠦ ᠨᠡᠶᠢᠭᠡᠮ ᠤᠨ ᠬᠡᠪ ᠵᠠᠩᠰᠢᠯ ᠪᠤᠯᠭᠠᠬᠤ ᠬᠡᠷᠡᠭᠲᠡᠢ᠃ | ᠬᠤᠶᠠᠷ᠂ ᠠᠮᠤ ᠪᠤᠳᠠᠭ᠎ᠠ ᠶᠢ ᠠᠷᠪᠢᠯᠠᠨ ᠭᠠᠮᠨᠠᠵᠤ ᠬᠤᠷᠣᠭᠳᠠᠭᠤᠯᠤᠯ ᠢ ᠪᠠᠭᠠᠰᠬᠠᠬᠤ ᠠᠵᠢᠯᠯᠠᠭ᠎ᠠ | ︵ᠨᠢᠭᠡ︶ ᠠᠮᠤ ᠪᠤᠳᠠᠭ᠎ᠠ ᠶᠢ ᠮᠠᠰᠢᠨ ᠢᠶᠠᠷ ᠬᠤᠷᠢᠶᠠᠬᠤ ᠦᠶ᠎ᠡ ᠶᠢᠨ ᠬᠤᠷᠣᠭᠳᠠᠭᠤᠯᠤᠯ ᠢ ᠪᠠᠭᠠᠰᠬᠠᠨ᠎ᠠ᠃ | ᠤᠰᠤᠨ ᠲᠤᠲᠤᠷᠭ᠎ᠠ᠂ ᠡᠷᠳᠡᠨᠢ ᠰᠢᠰᠢ᠂ ᠪᠤᠭᠤᠳᠠᠢ᠂ ᠰᠢᠷ᠎ᠠ ᠪᠤᠷᠴᠠᠭ ᠢ ᠮᠠᠰᠢᠨ ᠢᠶᠠᠷ ᠬᠤᠷᠢᠶᠠᠬᠤ ᠦᠶ᠎ᠡ ᠶᠢᠨ | ᠬᠤᠷᠣᠭᠳᠠᠭᠤᠯᠤᠯ ᠢ ᠪᠠᠭᠠᠰᠬᠠᠬᠤ ᠮᠡᠷᠭᠡᠵᠢᠯ ᠤᠨ ᠵᠢᠯᠣᠭᠤᠳᠤᠮᠵᠢ ᠪᠠ ᠮᠠᠰᠢᠨ ᠢᠶᠠᠷ ᠬᠤᠷᠢᠶᠠᠬᠤ ᠠᠵᠢᠯ ᠤᠨ ᠶᠠᠰᠤ | ᠴᠢᠨᠠᠷ ᠤᠨ ᠪᠠᠷᠢᠮᠵᠢᠶ᠎ᠠ ᠶᠢ ᠲᠣᠭᠲᠠᠭᠠᠵᠤ᠂ ᠲᠠᠷᠢᠶᠠᠨ ᠴᠢᠬᠢ ᠶᠢ ᠲᠥᠪᠯᠡᠷᠡᠭᠦᠯᠦᠨ ᠪᠣᠶᠢᠵᠢᠭᠤᠯᠬᠤ᠂ ᠨᠢᠭᠲᠠ ᠲᠠᠷᠢᠬᠤ | ᠵᠡᠷᠭᠡ ᠮᠡᠷᠭᠡᠵᠢᠯ ᠢ ᠳᠡᠯᠭᠡᠷᠡᠭᠦᠯᠵᠦ᠂ ᠲᠠᠷᠢᠶᠠᠴᠢᠳ ᠢ ᠬᠥᠲᠥᠯᠥᠨ ᠵᠢᠯᠤᠭᠤᠳᠴᠤ ᠵᠣᠬᠢᠰᠲᠠᠢ ᠴᠠᠭ ᠳᠤᠭᠢᠶᠠᠯ ᠢ | ᠰᠣᠩᠭᠤᠨ ᠨᠠᠷᠢᠯᠢᠭ ᠬᠤᠷᠢᠶᠠᠯᠭᠠᠨ᠎ᠠ᠃ ᠲᠠᠷᠢᠶᠠᠯᠠᠩ ᠤᠨ ᠮᠠᠰᠢᠨ ᠮᠧᠬᠠᠨᠢᠭ ᠤᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠲᠠᠷᠢᠶᠠᠯᠠᠩ ᠤᠨ ᠮᠠᠰᠢᠨ ᠮᠧᠬᠠᠨᠢᠭ ᠤᠨ ᠰᠢᠨ᠎ᠡ ᠶᠢ ᠡᠭᠦᠳᠴᠦ | ᠰᠤᠳᠤᠯᠤᠨ ᠨᠡᠭᠡᠭᠡᠬᠦ ᠶᠢ ᠴᠢᠩᠭᠠᠳᠬᠠᠨ᠂ ᠳᠣᠪᠣᠷᠬᠠᠭ ᠠᠭᠤᠯᠠᠷᠬᠠᠭ ᠣᠷᠣᠨ ᠳᠤ ᠬᠡᠷᠡᠭᠯᠡᠬᠦ ᠬᠥᠩᠭᠡᠨ ᠲᠥᠭᠦᠮ | ᠭᠡᠯᠪᠡᠷᠢ ᠶᠢᠨ ᠠᠮᠤ ᠪᠤᠳᠠᠭ᠎ᠠ ᠬᠤᠷᠢᠶᠠᠬᠤ ᠮᠠᠰᠢᠨ ᠢ ᠰᠤᠳᠤᠯᠤᠨ ᠦᠢᠯᠡᠳᠦᠨ᠎ᠡ᠃ ᠲᠠᠷᠢᠶᠠᠯᠠᠩ ᠤᠨ ᠮᠠᠰᠢᠨ ᠮᠧᠬᠠᠨᠢᠭ | ᠬᠤᠳᠠᠯᠳᠤᠨ ᠠᠪᠬᠤ ᠪᠠ ᠬᠡᠷᠡᠭᠯᠡᠬᠦ ᠳᠤ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠥᠨᠳᠥᠷ | ᠪᠦᠲᠦᠮᠵᠢᠲᠡᠶ ᠬᠤᠷᠣᠭᠳᠠᠭᠤᠯᠤᠯ ᠪᠠᠭᠠᠲᠠᠢ ᠲᠠᠷᠢᠶ᠎ᠠ ᠬᠤᠷᠢᠶᠠᠬᠤ ᠮᠠᠰᠢᠨ ᠪᠠᠭᠠᠵᠢ᠂ ᠠᠮᠤ ᠪᠤᠳᠠᠭ᠎ᠠ ᠬᠠᠳᠠᠭᠠᠬᠤ ᠮᠠᠰᠢᠨ | ᠵᠢᠴᠢ ᠢᠵᠢ ᠪᠦᠷᠢᠳᠦᠭᠦᠯᠦᠭᠰᠡᠨ ᠲᠣᠨᠣᠭᠯᠠᠯ᠂ ᠭᠢᠨᠵᠢᠲᠦ ᠭᠡᠯᠪᠡᠷᠢ ᠶᠢᠨ ᠲᠠᠷᠢᠶ᠎ᠠ ᠬᠤᠷᠢᠶᠠᠬᠤ ᠮᠠᠰᠢᠨ ᠵᠡᠷᠭᠡ ᠬᠡᠷᠡᠭᠯᠡᠬᠦ | ᠳᠤ ᠲᠣᠬᠢᠷᠠᠮᠵᠢᠲᠠᠢ ᠲᠡᠷᠢᠭᠦᠨ ᠤ ᠲᠠᠷᠢᠶᠠᠯᠠᠩ ᠤᠨ ᠮᠠᠰᠢᠨ ᠮᠧᠬᠠᠨᠢᠭ ᠬᠤᠳᠠᠯᠳᠤᠨ ᠠᠪᠴᠤ ᠬᠡᠷᠡᠭᠯᠡᠬᠦ ᠶᠢ | ᠳᠡᠯᠭᠡᠷᠡᠭᠦᠯᠦᠨ᠎ᠡ᠃ ᠣᠷᠣᠨ ᠪᠦᠰᠡ ᠶᠢᠨ ᠲᠠᠷᠢᠶᠠᠯᠠᠩ ᠤᠨ ᠮᠠᠰᠢᠨ ᠮᠧᠬᠠᠨᠢᠭ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ | ᠲᠥᠪ ᠪᠣᠯᠣᠨ ᠣᠷᠣᠨ ᠪᠦᠰᠡ ᠶᠢᠨ ᠲᠠᠷᠢᠶᠠᠯᠠᠩ ᠤᠨ ᠪᠠᠴᠢᠮ ᠪᠠᠶᠢᠳᠠᠯ ᠢ ᠠᠷᠭᠠᠴᠠᠭᠠᠵᠤ ᠭᠠᠮᠰᠢᠭ ᠠᠴᠠ ᠠᠪᠤᠷᠠᠬᠤ | ᠲᠥᠪ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠠᠴᠢᠮ ᠪᠠᠶᠢᠳᠠᠯ ᠢ | ᠠᠷᠭᠠᠴᠠᠭᠠᠵᠤ ᠱᠠᠯᠠᠪᠳᠠᠨ ᠲᠠᠷᠢᠵᠤ ᠱᠠᠯᠠᠪᠳᠠᠨ ᠬᠤᠷᠢᠶᠠᠬᠤ ᠲᠣᠨᠣᠭᠯᠠᠯ ᠤᠨ ᠮᠡᠷᠭᠡᠵᠢᠯ ᠤᠨ ᠲᠦᠪᠰᠢᠨ ᠪᠣᠯᠣᠨ | ᠪᠠᠴᠢᠮ ᠪᠠᠶᠢᠳᠠᠯ ᠢ ᠠᠷᠭᠠᠴᠠᠭᠠᠬᠤ ᠦᠢᠯᠡᠴᠢᠯᠡᠭᠡ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠤᠰᠬᠠᠢ | ᠲᠠᠷᠢᠶᠠᠯᠠᠩ ᠤᠨ ᠮᠠᠰᠢᠨ ᠮᠧᠬᠠᠨᠢᠭ ᠤᠨ ᠵᠢᠯᠣᠭᠤᠴᠢ ᠶᠢᠨ ᠪᠣᠯᠪᠠᠰᠤᠷᠠᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ | ᠲᠠᠷᠢᠶᠠᠯᠠᠩ ᠤᠨ ᠮᠠᠰᠢᠨ ᠮᠧᠬᠠᠨᠢᠭ ᠤᠨ ᠵᠢᠯᠣᠭᠤᠴᠢ ᠶᠢᠨ ᠵᠢᠷᠤᠮᠵᠢᠭᠤᠨ ᠠᠵᠢᠯᠯᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ | ︵ᠬᠤᠶᠠᠷ︶ ᠠᠮᠤ ᠪᠤᠳᠠᠭ᠎ᠠ ᠶᠢ ᠬᠠᠳᠠᠭᠠᠯᠠᠬᠤ ᠦᠶ᠎ᠡ ᠶᠢᠨ ᠬᠤᠬᠢᠷᠠᠯ ᠬᠤᠷᠣᠭᠳᠠᠭᠤᠯᠤᠯ ᠢ ᠪᠠᠭᠠᠰᠬᠠᠨ᠎ᠠ᠃ | ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠶᠢ ᠬᠠᠳᠠᠭᠠᠯᠠᠬᠤ ᠪᠠᠭᠠᠵᠢ ᠬᠡᠷᠡᠭᠰᠡᠯ ᠢ ᠭᠠᠵᠠᠷ ᠣᠷᠣᠨ ᠤ ᠪᠠᠶᠢᠳᠠᠯ | ᠳᠠᠭᠠᠨ ᠲᠣᠬᠢᠷᠠᠭᠤᠯᠤᠨ ᠳᠡᠯᠭᠡᠷᠡᠭᠦᠯᠵᠦ᠂ ᠲᠠᠷᠢᠶᠠᠴᠢᠳ ᠤᠨ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠬᠠᠳᠠᠭᠠᠯᠠᠬᠤ | ᠶᠢ ᠢᠳᠡᠪᠬᠢᠲᠡᠢ ᠬᠥᠲᠥᠯᠥᠨ ᠵᠢᠯᠤᠭᠤᠳᠴᠤ᠂ ︽ᠠᠮᠤ ᠪᠤᠳᠠᠭ᠎ᠠ ᠶᠢ ᠭᠠᠵᠠᠷ ᠳᠡᠭᠡᠷ᠎ᠡ ᠣᠪᠣᠭᠠᠯᠠᠨ ᠲᠠᠯᠪᠢᠬᠤ︾ | ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠨ᠎ᠡ᠃ ᠠᠮᠤ ᠪᠤᠳᠠᠭ᠎ᠠ ᠶᠢ ᠪᠣᠬᠢᠷᠳᠤᠯ ᠦᠭᠡᠢ ᠬᠥᠮᠥᠷᠭᠡᠯᠡᠨ | ᠬᠠᠳᠠᠭᠠᠯᠠᠬᠤ ᠶᠢ ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠪᠣᠬᠢᠷᠳᠤᠯ ᠦᠭᠡᠢ ᠪᠠᠷ ᠠᠮᠤ | ᠪᠤᠳᠠᠭ᠎ᠠ ᠶᠢ ᠬᠠᠳᠠᠭᠠᠯᠠᠬᠤ ᠪᠠᠷᠢᠮᠵᠢᠶᠠᠵᠢᠭᠤᠯᠤᠭᠰᠠᠨ ᠲᠤᠷᠰᠢᠯᠲᠠ ᠶᠢᠨ ᠴᠡᠭ ᠢ ᠯᠠᠪᠳᠠᠭᠤᠨ ᠢᠶᠠᠷ ᠠᠬᠢᠭᠤᠯᠵᠤ᠂ ᠤᠳᠤ | ᠶᠢᠨ ᠪᠠᠶᠢᠭ᠎ᠠ ᠰᠠᠩ ᠬᠥᠮᠥᠷᠭᠡ ᠶᠢ ᠳᠡᠰ ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠵᠤ᠂ ᠥᠨᠳᠥᠷ ᠪᠠᠷᠢᠮᠵᠢᠶᠠᠲᠤ ᠠᠮᠤ | ᠪᠤᠳᠠᠭᠠᠨ ᠤ ᠰᠠᠩ ᠬᠥᠮᠥᠷᠭᠡ ᠪᠠᠶᠢᠭᠤᠯᠬᠤ ᠶᠢ ᠵᠣᠷᠢᠭᠵᠢᠭᠤᠯᠤᠨ᠎ᠠ᠃ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠤ | ᠪᠤᠳᠠᠭ᠎ᠠ ᠬᠥᠮᠥᠷᠭᠡᠯᠡᠨ ᠬᠠᠳᠠᠭᠠᠯᠠᠬᠤ ᠬᠠᠮᠢᠶᠠᠷᠤᠯᠲᠠ ᠶᠢ ᠴᠢᠩᠭᠠᠳᠬᠠᠵᠤ᠂ ᠪᠣᠬᠢᠷᠳᠤᠯ ᠦᠭᠡᠢ ᠪᠠᠷ ᠠᠮᠤ ᠪᠤᠳᠠᠭ᠎ᠠ | ᠬᠠᠳᠠᠭᠠᠯᠠᠬᠤ ᠮᠡᠷᠭᠡᠵᠢᠯ ᠤᠨ ᠰᠢᠨ᠎ᠡ ᠶᠢ ᠡᠭᠦᠳᠬᠦ ᠶᠢ ᠰᠢᠰᠲ᠋ᠧᠮᠵᠢᠭᠦᠯᠦᠨ ᠬᠤᠷᠠᠭᠤᠯᠬᠤ ᠶᠢ ᠴᠢᠩᠭᠠᠳᠬᠠᠨ᠂ ᠪᠣᠬᠢᠷᠳᠤᠯ | ᠦᠭᠡᠢ ᠪᠠᠷ ᠠᠮᠤ ᠪᠤᠳᠠᠭ᠎ᠠ ᠬᠠᠳᠠᠭᠠᠯᠠᠬᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠠᠮᠤ ᠪᠤᠳᠠᠭ᠎ᠠ ᠶᠢ ᠬᠠᠳᠠᠭᠠᠯᠠᠬᠤ | ᠳᠤ ᠪᠣᠬᠢᠷᠳᠤᠯ ᠦᠭᠡᠢ ᠪᠠᠷ ᠴᠢᠨᠠᠷ ᠰᠠᠶᠢᠲᠠᠢ ᠬᠠᠳᠠᠭᠠᠯᠠᠬᠤ᠂ ᠬᠠᠳᠠᠭᠠᠯᠠᠯᠲᠠ ᠶᠢ ᠪᠠᠶᠢᠩᠭᠤ ᠰᠢᠨᠡᠳᠬᠡᠬᠦ ᠶᠢ | ᠠᠬᠢᠭᠤᠯᠤᠨ᠎ᠠ᠃ ᠣᠶᠤᠨᠴᠢ ᠠᠮᠤ ᠪᠤᠳᠠᠭᠠᠨ ᠤ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠡᠳᠡᠭᠡ | ᠵᠠᠩᠭᠢᠵᠢᠯᠲᠠ ᠶᠢᠨ ᠠᠷᠭ᠎ᠠ ᠪᠠᠷᠢᠯ ᠢ ᠠᠰᠢᠭᠯᠠᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠮᠤ ᠪᠤᠳᠠᠭ᠎ᠠ ᠶᠢ | ᠳᠠᠭᠠᠭᠠᠴᠢᠯᠠᠨ ᠬᠠᠳᠠᠭᠠᠯᠠᠬᠤ ᠠᠵᠤ ᠠᠬᠤᠶᠢᠯᠠᠯ ᠤᠨ ᠬᠠᠳᠠᠭᠠᠯᠠᠯᠲᠠ ᠶᠢᠨ ᠶᠠᠪᠤᠴᠠ ᠳᠠᠬᠢ ᠬᠤᠬᠢᠷᠠᠯ | ᠬᠤᠷᠣᠭᠳᠠᠭᠤᠯᠤᠯ ᠢ ᠪᠠᠭᠤᠷᠠᠭᠤᠯᠬᠤ ᠶᠢ ᠠᠬᠢᠭᠤᠯᠤᠨ᠎ᠠ᠃ | ︵ᠭᠤᠷᠪᠠ︶ ᠠᠮᠤ ᠪᠤᠳᠠᠭᠠᠨ ᠤ ᠲᠡᠭᠡᠭᠡᠪᠦᠷᠢ ᠶᠢᠨ ᠶᠠᠪᠤᠴᠠ ᠳᠠᠬᠢ ᠬᠤᠷᠣᠭᠳᠠᠭᠤᠯᠤᠯ ᠢ ᠪᠠᠭᠠᠰᠬᠠᠨ᠎ᠠ᠃ ᠲᠡᠮᠦᠷ | ᠵᠠᠮ ᠤᠨ ᠲᠤᠰᠬᠠᠢ ᠱᠤᠭᠤᠮ᠂ ᠲᠤᠰᠬᠠᠢ ᠭᠠᠷᠠᠮ᠂ ᠰᠤᠯᠠ ᠠᠮᠤ ᠪᠤᠳᠠᠭ᠎ᠠ ᠶᠢ ᠰᠢᠯᠵᠢᠭᠦᠯᠦᠨ ᠲᠡᠭᠡᠭᠡᠪᠦᠷᠢᠯᠡᠬᠦ ᠵᠢᠴᠢ | ᠢᠵᠢ ᠪᠦᠷᠢᠳᠦᠭᠦᠯᠦᠭᠰᠡᠨ ᠲᠤᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ | ᠲᠤᠰᠬᠠᠢ ᠠᠴᠢᠶᠠᠯᠠᠵᠤ ᠪᠠᠭᠤᠯᠭᠠᠬᠤ ᠮᠠᠰᠢᠨ ᠮᠧᠬᠠᠨᠢᠭ ᠵᠡᠷᠭᠡ ᠠᠮᠤ ᠪᠤᠳᠠᠭᠠᠨ ᠤ ᠲᠡᠭᠡᠭᠡᠪᠦᠷᠢ ᠶᠢᠨ ᠲᠤᠨᠤᠭ | ᠲᠥᠬᠦᠭᠡᠷᠦᠮᠵᠢ ᠶᠢ ᠳᠡᠯᠭᠡᠷᠡᠭᠦᠯᠵᠦ᠂ ᠠᠮᠤ ᠪᠤᠳᠠᠭᠠᠨ ᠤ ᠲᠡᠭᠡᠭᠡᠪᠦᠷᠢ ᠶᠢᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ | ᠦᠭᠡᠢ ᠲᠡᠭᠦᠯᠳᠡᠷᠵᠢᠭᠦᠯᠦᠨ᠎ᠡ᠃ ᠠᠮᠤ ᠪᠤᠳᠠᠭ᠎ᠠ ᠶᠢ ᠣᠯᠠᠨ ᠭᠡᠯᠪᠡᠷᠢ ᠪᠠᠷ ᠬᠠᠮᠲᠤᠷᠠᠨ ᠲᠡᠭᠡᠭᠡᠪᠦᠷᠢᠯᠡᠬᠦ ᠮᠡᠷᠭᠡᠵᠢᠯ ᠤᠨ | ᠰᠢᠨ᠎ᠡ ᠶᠢ ᠡᠭᠦᠳᠴᠦ ᠬᠡᠷᠡᠭᠯᠡᠬᠦ ᠶᠢ ᠴᠢᠩᠭᠠᠳᠬᠠᠨ᠂ ᠠᠮᠤ ᠪᠤᠳᠠᠭ᠎ᠠ ᠶᠢ ᠣᠯᠠᠨ ᠭᠡᠯᠪᠡᠷᠢ ᠪᠠᠷ ᠬᠠᠮᠲᠤᠷᠠᠨ | ᠲᠡᠭᠡᠭᠡᠪᠦᠷᠢᠯᠡᠬᠦ ᠶᠢ ᠶᠡᠭᠡ ᠪᠠᠷ ᠬᠥᠭᠵᠢᠭᠦᠯᠦᠨ᠎ᠡ᠃ ᠵᠠᠩᠭᠢᠯᠠᠭ᠎ᠠ ᠶᠢᠨ ᠴᠠᠭ ᠦᠶ᠎ᠡ᠂ ᠴᠢᠬᠤᠯᠠ ᠤᠨᠠᠯᠳᠠ ᠶᠢᠨ ᠣᠷᠣᠨ᠂ | ᠭᠤᠣᠯᠳᠠᠯᠭ᠎ᠠ ᠲᠠᠢ ᠡᠳ᠋ ᠪᠠᠷᠠᠭ᠎ᠠ ᠶᠢᠨ ᠲᠣᠭᠤᠷᠢᠨ ᠳᠤ᠂ ᠠᠮᠤ ᠪᠤᠳᠠᠭᠠᠨ ᠤ ᠭᠦᠢᠯᠭᠡᠭᠡᠨ ᠤ ᠠᠵᠢᠯ ᠤᠨ ᠠᠷᠭ᠎ᠠ | ᠬᠡᠮᠵᠢᠶ᠎ᠡ ᠶᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠲᠡᠭᠡᠭᠡᠪᠦᠷᠢᠯᠡᠬᠦ ᠶᠠᠪᠤᠴᠠ ᠳᠠᠬᠢ ᠠᠮᠤ ᠪᠤᠳᠠᠭᠠᠨ ᠤ | ᠬᠤᠷᠣᠭᠳᠠᠭᠤᠯᠤᠯ ᠢ ᠪᠠᠭᠠᠰᠬᠠᠨ᠎ᠠ᠃ ᠰᠤᠯᠠ ᠠᠮᠤ ᠪᠤᠳᠠᠭ᠎ᠠ ᠶᠢᠨ ᠲᠡᠭᠡᠭᠡᠪᠦᠷᠢ ᠶᠢᠨ ᠵᠢᠷᠤᠮᠵᠢᠬᠰᠠᠨ᠂ ᠪᠠᠷᠢᠮᠵᠢᠶᠠᠵᠢᠭᠰᠠᠨ᠂ | ᠮᠡᠳᠡᠭᠡ ᠵᠠᠩᠭᠢᠴᠢᠯᠠᠭᠰᠠᠨ ᠦᠢᠯᠡᠴᠢᠯᠡᠭᠡᠨ ᠤ ᠰᠢᠰᠲ᠋ᠧᠮ ᠢ ᠬᠥᠭᠵᠢᠭᠦᠯᠵᠦ᠂ ᠠᠮᠤ ᠪᠤᠳᠠᠭᠠᠨ ᠤ ᠥᠨᠳᠥᠷ | ᠪᠦᠲᠦᠮᠵᠢᠳᠠᠢ ᠪᠥᠭᠡᠳ ᠬᠤᠷᠣᠭᠳᠠᠭᠤᠯᠤᠯ ᠢ ᠪᠠᠭᠠᠰᠬᠠᠬᠤ ᠪᠠᠷᠠᠭᠠᠨ ᠤ ᠭᠦᠢᠯᠭᠡᠭᠡ ᠶᠢᠨ ᠵᠠᠭᠪᠤᠷ ᠢ ᠰᠦᠪᠡᠭᠴᠢᠯᠡᠨ | ᠬᠡᠷᠡᠭᠯᠡᠵᠦ᠂ ᠰᠤᠯᠠ ᠠᠮᠤ ᠪᠤᠳᠠᠭ᠎ᠠ ᠶᠢᠨ ᠲᠡᠭᠡᠭᠡᠪᠦᠷᠢ ᠶᠢᠨ ᠲᠤᠨᠤᠭ ᠲᠥᠬᠦᠭᠡᠷᠦᠮᠵᠢ ᠶᠢ ᠵᠠᠪᠰᠠᠷ ᠦᠭᠡᠢ ᠵᠣᠯᠭᠠᠭᠤᠯᠬᠤ | ᠶᠢ ᠠᠬᠢᠭᠤᠯᠤᠨ᠎ᠠ᠃ | ︵ᠳᠥᠷᠪᠡ︶ ᠠᠮᠤ ᠪᠤᠳᠠᠭ᠎ᠠ ᠶᠢ ᠡᠳ᠋ᠰᠢᠭᠦᠯᠦᠨ ᠪᠤᠯᠪᠠᠰᠤᠷᠠᠭᠤᠯᠬᠤ ᠦᠶ᠎ᠡ ᠶᠢᠨ ᠬᠤᠷᠣᠭᠳᠠᠭᠤᠯᠤᠯ ᠢ | ᠪᠠᠭᠠᠰᠬᠠᠨ᠎ᠠ᠃ ᠠᠮᠤ ᠪᠤᠳᠠᠭ᠎ᠠ ᠶᠢ ᠵᠣᠬᠢᠰᠲᠠᠢ ᠬᠡᠮᠵᠢᠶ᠎ᠡ ᠪᠠᠷ ᠡᠳ᠋ᠰᠢᠭᠦᠯᠦᠨ ᠪᠤᠯᠪᠠᠰᠤᠷᠠᠭᠤᠯᠬᠤ ᠶᠢ ᠬᠥᠲᠥᠯᠥᠨ | ᠵᠢᠯᠤᠭᠤᠳᠴᠤ᠂ ᠠᠮᠤ ᠪᠤᠳᠠᠭ᠎ᠠ ᠶᠢ ᠡᠳ᠋ᠰᠢᠭᠦᠯᠦᠨ ᠪᠤᠯᠪᠠᠰᠤᠷᠠᠭᠤᠯᠬᠤ ᠨᠠᠷᠢᠯᠢᠭ ᠤᠨ ᠬᠡᠮᠵᠢᠶ᠎ᠡ ᠵᠡᠷᠭᠡ ᠭᠦᠢᠴᠡᠳᠬᠡᠯ | ᠲᠤᠭ᠎ᠠ ᠶᠢ ᠵᠦᠢ ᠵᠣᠬᠢᠰᠲᠠᠢ ᠲᠣᠭᠲᠠᠭᠠᠨ᠂ ᠠᠮᠤ ᠪᠤᠳᠠᠭᠠᠨ ᠤ ᠪᠦᠲᠦᠭᠡᠭᠳᠡᠬᠦᠨ ᠤ ᠨᠣᠷᠮ᠎ᠠ ᠶᠢ ᠳᠡᠭᠡᠭᠰᠢᠯᠡᠭᠦᠯᠦᠨ᠎ᠡ᠃ | ᠠᠮᠤ ᠲᠣᠰᠣ ᠶᠢ ᠵᠣᠬᠢᠰᠲᠠᠢ ᠬᠡᠮᠵᠢᠶ᠎ᠡ ᠪᠠᠷ ᠡᠳ᠋ᠰᠢᠭᠦᠯᠦᠨ ᠪᠤᠯᠪᠠᠰᠤᠷᠠᠭᠤᠯᠬᠤ ᠶᠢ ᠪᠠᠷᠢᠮᠵᠢᠶᠠᠵᠢᠭᠤᠯᠬᠤ ᠶᠢ ᠠᠬᠢᠭᠤᠯᠵᠤ᠂ | ᠬᠥᠩᠭᠡᠨ ᠬᠡᠮᠵᠢᠶ᠎ᠡ ᠪᠠᠷ ᠲᠡᠭᠡᠷᠮᠡᠳᠡᠬᠦ᠂ ᠥᠨᠳᠥᠷ ᠨᠠᠷᠢᠯᠢᠭ ᠰᠠᠶᠢᠵᠠᠳᠠᠬᠤ ᠵᠡᠷᠭᠡ ᠤᠷ᠎ᠠ ᠮᠡᠷᠭᠡᠵᠢᠯ ᠢ ᠳᠡᠯᠭᠡᠷᠡᠭᠦᠯᠦᠨ | ᠬᠡᠷᠡᠭᠯᠡᠵᠦ᠂ ᠳᠣᠣᠷ᠎ᠠ ᠳᠤᠯᠠᠭᠠᠨ ᠳᠤ ᠲᠡᠭᠡᠷᠮᠡᠳᠡᠬᠦ᠂ ᠵᠥᠭᠡᠯᠡᠨ ᠢᠶᠠᠷ ᠪᠤᠳᠠᠭ᠎ᠠ ᠲᠡᠭᠡᠷᠮᠡᠳᠡᠬᠦ ᠵᠡᠷᠭᠡ ᠲᠤᠨᠤᠭ | ᠲᠥᠬᠦᠭᠡᠷᠦᠮᠵᠢ ᠶᠢ ᠳᠡᠯᠭᠡᠷᠡᠭᠦᠯᠦᠨ᠎ᠡ᠃ ᠪᠣᠷᠳᠤᠭ᠎ᠠ ᠳᠠᠬᠢ ᠠᠮᠤ ᠪᠤᠳᠠᠭᠠᠨ ᠤ ᠬᠡᠮᠵᠢᠶ᠎ᠡ ᠶᠢ ᠪᠠᠭᠠᠰᠬᠠᠨ | ᠣᠷᠣᠯᠠᠭᠤᠯᠬᠤ ᠶᠢ ᠭᠦᠨᠵᠡᠭᠡᠢ ᠠᠬᠢᠭᠤᠯᠵᠤ᠂ ᠡᠯᠳᠡᠪ ᠠᠮᠤ᠂ ᠠᠮᠤ ᠶᠢᠨ ᠰᠢᠭᠠᠷᠤ᠂ ᠠᠮᠤ ᠪᠤᠳᠠᠭ᠎ᠠ ᠶᠢ ᠡᠳ᠋ᠰᠢᠭᠦᠯᠬᠦ ᠳᠤ | ᠳᠠᠭᠠᠯᠳᠤᠨ ᠪᠤᠢ ᠪᠣᠯᠤᠭᠰᠠᠨ ᠪᠣᠳᠠᠰ ᠵᠡᠷᠭᠡ ᠣᠷᠣᠯᠠᠬᠤ ᠡᠬᠢ ᠪᠠᠶᠠᠯᠢᠭ ᠢ ᠭᠦᠢᠴᠡᠳ ᠠᠭᠤᠳᠠᠯᠤᠨ ᠠᠰᠢᠭᠯᠠᠵᠤ᠂ | ᠠᠭ᠎ᠠ᠂ ᠬᠡᠪᠡᠭ᠂ ᠭᠦᠪᠦᠷᠡᠯ ᠤᠨ ᠨᠠᠬᠢᠶ᠎ᠠ ᠵᠡᠷᠭᠡ ᠠᠮᠤ ᠶᠢᠨ ᠲᠣᠰᠣ ᠡᠳ᠋ᠰᠢᠭᠦᠯᠬᠦ ᠳᠤ ᠳᠠᠭᠠᠯᠳᠤᠨ ᠪᠤᠢ ᠪᠣᠯᠤᠭᠰᠠᠨ | ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠨ᠎ᠠ᠃ ᠠᠮᠤ ᠪᠤᠳᠠᠭᠠᠨ ᠤ ᠪᠦᠭᠦ ᠠᠵᠤ ᠦᠢᠯᠡᠰ ᠤᠨ | ᠬᠥᠭᠵᠢᠯᠲᠡ ᠶᠢ ᠠᠬᠢᠭᠤᠯᠵᠤ᠂ ᠠᠮᠤ ᠪᠤᠳᠠᠭᠠᠨ ᠤ ᠡᠬᠢ ᠪᠠᠶᠠᠯᠢᠭ ᠢ ᠥᠨᠳᠥᠷ ᠪᠦᠲᠦᠮᠵᠢᠲᠡᠢ ᠠᠰᠢᠭᠯᠠᠬᠤ ᠶᠢ | ᠠᠬᠢᠭᠤᠯᠤᠨ᠎ᠠ᠃ | ᠭᠤᠷᠪᠠ᠂ ᠪᠦᠭᠦ ᠠᠷᠠᠳ ᠤᠨ ᠠᠮᠤ ᠪᠤᠳᠠᠭ᠎ᠠ ᠶᠢ ᠠᠷᠪᠢᠯᠠᠨ ᠭᠠᠮᠨᠠᠬᠤ ᠤᠬᠠᠮᠰᠠᠷ ᠢ ᠳᠡᠭᠡᠭᠰᠢᠯᠡᠭᠦᠯᠭᠦ | ᠠᠵᠢᠯᠯᠠᠭ᠎ᠠ | ︵ᠲᠠᠪᠤ︶ ᠭᠡᠷ ᠪᠦᠯᠢ ᠪᠠ ᠬᠤᠪᠢ ᠬᠥᠮᠥᠨ ᠤ ᠢᠳᠡᠭᠡᠨ ᠢ ᠪᠦᠷᠢᠯᠭᠡᠨ ᠰᠦᠢᠳᠬᠡᠬᠦ ᠶᠢ ᠪᠠᠭᠠᠰᠬᠠᠬᠤ ᠬᠡᠷᠡᠭᠲᠡᠢ᠃ | ᠳᠤᠮᠳᠠᠳᠤ ᠤᠯᠤᠰ ᠤᠨ ᠰᠠᠭᠤᠭᠠᠯᠢ ᠠᠷᠠᠳ ᠤᠨ ᠡᠷᠡᠭᠦᠯ ᠰᠠᠷᠠᠭᠤᠯ ᠬᠤᠭᠤᠯᠠᠯᠠᠬᠤ ᠲᠤᠬᠠᠢ ᠰᠤᠳᠤᠯᠭᠠᠨ ᠢ | ᠭᠦᠨᠵᠡᠭᠡᠶᠢᠷᠡᠭᠦᠯᠵᠦ᠂ ᠲᠥᠮᠥᠰᠥ ᠶᠢᠨ ᠲᠥᠷᠥᠯ᠂ ᠢᠳᠡᠰᠢᠨ ᠨᠣᠭᠤᠭ᠎ᠠ ᠵᠢᠮᠢᠰ ᠤᠨ ᠲᠥᠷᠥᠯ᠂ ᠮᠠᠯ ᠵᠢᠭᠦᠷᠲᠡᠨ ᠵᠢᠭᠠᠰᠤ | ᠥᠨᠳᠡᠭᠡ ᠰᠦ ᠶᠢᠨ ᠲᠥᠷᠥᠯ᠂ ᠰᠢᠷ᠎ᠠ ᠪᠤᠷᠴᠠᠭ ᠪᠠ ᠬᠠᠲᠠᠭᠤ ᠵᠢᠮᠢᠰ ᠤᠨ ᠲᠥᠷᠥᠯ ᠵᠢᠴᠢ ᠬᠠᠭᠤᠷᠴᠤ ᠬᠠᠭᠠᠷᠢᠬᠤ ᠳᠤ | ᠬᠡᠷᠡᠭᠯᠡᠬᠦ ᠲᠣᠰᠣ ᠳᠠᠪᠤᠰᠤ ᠵᠡᠷᠭᠡ 5 ᠶᠡᠭᠡ ᠲᠥᠷᠥᠯ ᠤᠨ ᠢᠳᠡᠭᠡᠨ ᠤ ᠬᠡᠷᠡᠭᠯᠡᠬᠦ ᠬᠡᠮᠵᠢᠶ᠎ᠡ ᠶᠢᠨ ᠰᠠᠨᠠᠭᠤᠯᠭ᠎ᠠ ᠶᠢᠨ | ᠬᠡᠪᠴᠢᠶ᠎ᠡ ᠶᠢ ᠨᠡᠶᠢᠲᠡᠯᠡᠵᠦ᠂ ᠰᠢᠮ᠎ᠡ ᠲᠡᠵᠢᠭᠡᠯ ᠲᠡᠩᠴᠡᠭᠦᠷᠢᠲᠡᠢ᠂ ᠰᠢᠨᠵᠢᠯᠡᠬᠦ ᠤᠬᠠᠭᠠᠨᠴᠢ ᠵᠣᠬᠢᠰᠲᠠᠢ ᠬᠡᠮᠵᠢᠶᠡᠨ ᠤ | ᠡᠷᠡᠭᠦᠯ ᠰᠠᠷᠠᠭᠤᠯ ᠬᠤᠭᠤᠯᠠᠯᠠᠬᠤ ᠳᠠᠳᠬᠠᠯ ᠢ ᠰᠠᠨᠠᠭᠠᠴᠢᠯᠠᠵᠤ᠂ ᠭᠡᠷ ᠪᠦᠯᠢ ᠶᠢ ᠬᠥᠲᠥᠯᠥᠨ ᠵᠢᠯᠤᠭᠤᠳᠴᠤ ᠬᠡᠷᠡᠭᠴᠡᠭᠡ | ᠳᠡᠭᠡᠨ ᠲᠣᠬᠢᠷᠠᠭᠤᠯᠤᠨ ᠢᠳᠡᠭᠡᠨ ᠤ ᠮᠠᠲ᠋ᠧᠷᠢᠶᠠᠯ ᠬᠤᠳᠠᠯᠳᠤᠨ ᠠᠪᠬᠤ ᠪᠠ ᠬᠠᠳᠠᠭᠠᠯᠠᠬᠤ ᠶᠢ ᠠᠬᠢᠭᠤᠯᠤᠨ᠎ᠠ᠃ ᠵᠠᠩ | ᠳᠠᠳᠬᠠᠯ ᠢ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠬᠤᠷᠢᠮ ᠨᠠᠶᠢᠷ ᠪᠡᠯᠪᠡᠰᠦᠷᠡᠯ ᠤᠨ ᠶᠠᠪᠤᠳᠠᠯ ᠢ ᠪᠣᠯᠪᠠᠰᠤᠨ | ᠠᠷᠪᠢᠴᠢ ᠭᠠᠮᠲᠠᠢ ᠪᠠᠷ ᠬᠢᠬᠦ ᠶᠢ ᠰᠠᠨᠠᠭᠠᠴᠢᠯᠠᠨ᠂ ᠶᠡᠭᠡ ᠪᠠᠷ ᠬᠢᠬᠦ᠂ ᠪᠦᠷᠢᠯᠭᠡᠨ ᠰᠦᠢᠳᠬᠡᠬᠦ ᠵᠡᠷᠭᠡ ᠦᠢᠯᠡ | ᠠᠵᠢᠯᠯᠠᠭ᠎ᠠ ᠶᠢ ᠬᠤᠷᠢᠭᠯᠠᠬᠤ ᠬᠡᠷᠡᠭᠲᠡᠢ᠃ | ︵ᠵᠢᠷᠭᠤᠭ᠎ᠠ︶ ᠬᠥᠲᠥᠯᠥᠨ ᠵᠢᠯᠤᠭᠤᠳᠴᠤ ᠵᠢᠷᠤᠮᠵᠢᠭᠤᠯᠬᠤ ᠶᠢ ᠴᠢᠩᠭᠠᠳᠬᠠᠨ᠎ᠠ᠃ ᠠᠮᠤ ᠪᠤᠳᠠᠭ᠎ᠠ ᠶᠢ ᠠᠷᠪᠢᠯᠠᠨ | ᠭᠠᠮᠨᠠᠬᠤ ᠪᠠ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠶᠢ ᠬᠤᠲᠠ ᠶᠢᠨ ᠠᠷᠠᠳ ᠤᠨ ᠨᠡᠶᠢᠲᠡ ᠶᠢᠨ ᠭᠡᠷ᠎ᠡ᠂ | ᠲᠣᠰᠬᠤᠨ ᠤ ᠲᠣᠭᠲᠠᠭᠠᠯ ᠠᠷᠠᠳ ᠤᠨ ᠭᠡᠷ᠎ᠡ᠂ ᠠᠵᠢᠯ ᠲᠥᠷᠥᠯ ᠤᠨ ᠵᠢᠷᠤᠮᠵᠢᠯ ᠳᠤ ᠠᠭᠤᠰᠤᠯᠴᠠᠭᠤᠯᠵᠤ᠂ ᠪᠣᠯᠪᠠᠰᠤᠨ | ᠬᠤᠲᠠ᠂ ᠪᠣᠯᠪᠠᠰᠤᠨ ᠲᠣᠰᠬᠤᠨ ᠪᠠᠯᠭᠠᠰᠤ᠂ ᠪᠣᠯᠪᠠᠰᠤᠨ ᠨᠢᠭᠡᠴᠢ᠂ ᠪᠣᠯᠪᠠᠰᠤᠨ ᠭᠡᠷ ᠪᠦᠯᠢ᠂ ᠪᠣᠯᠪᠠᠰᠤᠨ | ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠠᠭᠤᠯᠭ᠎ᠠ ᠳᠤ ᠣᠷᠣᠭᠤᠯᠬᠤ ᠬᠡᠷᠡᠭᠲᠡᠢ᠃ ᠪᠦᠭᠦ | ᠤᠯᠤᠰ ᠤᠨ ᠬᠥᠬᠡ ᠬᠥᠬᠡᠭᠴᠢᠨ ᠲᠠᠰ ᠤᠨ ᠵᠢᠭᠤᠯᠴᠢᠯᠠᠯ ᠤᠨ ᠣᠷᠣᠨ ᠤ ᠠᠷᠠᠳ ᠤᠨ ᠤᠯᠠᠮᠵᠢᠯᠠᠯᠲᠤ ᠰᠠᠭᠤᠴᠠ ᠶᠢᠨ | ᠪᠠᠭᠤᠳᠠᠯ ᠢ ᠦᠨᠡᠯᠡᠨ ᠲᠣᠭᠲᠠᠭᠠᠬᠤ ᠳᠤ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠵᠡᠷᠭᠡ ᠪᠠᠶᠢᠳᠠᠯ ᠢ | ᠭᠤᠣᠯᠳᠠᠯᠭ᠎ᠠ ᠲᠠᠢ ᠪᠠᠶᠢᠴᠠᠭᠠᠬᠤ ᠬᠡᠷᠡᠭᠲᠡᠢ᠃ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠬᠤᠷᠢᠭᠯᠠᠬᠤ | ᠬᠤᠯᠪᠣᠭᠳᠠᠯ ᠪᠦᠬᠦᠢ ᠱᠠᠭᠠᠷᠳᠠᠯᠭ᠎ᠠ ᠶᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ | ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠭᠦ ᠠᠵᠢᠯᠯᠠᠭ᠎ᠠ ᠶᠢᠨ ᠲᠥᠰᠥᠯ ᠪᠠ ᠣᠨ ᠤ ᠠᠵᠢᠯ ᠤᠨ | ᠲᠣᠬᠢᠷᠠᠭᠤᠯᠤᠯᠲᠠ ᠳᠤ ᠣᠷᠣᠭᠤᠯᠤᠨ᠎ᠠ᠃ | ︵ᠲᠤᠯᠤᠭ᠎ᠠ︶ ᠵᠠᠯᠠᠭᠤᠴᠤᠳ ᠪᠠᠭᠠᠴᠤᠳ ᠤᠨ ᠬᠥᠮᠦᠵᠢᠯ ᠪᠠ ᠠᠵᠢᠯᠴᠢ ᠠᠷᠪᠢᠴᠢ ᠪᠠᠷ ᠠᠮᠢᠳᠤᠷᠠᠬᠤ ᠭᠡᠷ ᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ︽ᠵᠠᠯᠠᠭᠤᠴᠤᠳ ᠪᠠᠭᠠᠴᠤᠳ ᠳᠤᠮᠳᠠᠳᠤ ᠤᠯᠤᠰ ᠤᠨ ᠠᠮᠤ | ᠪᠤᠳᠠᠭ᠎ᠠ ᠶᠢ ᠰᠠᠬᠢᠨ ᠬᠠᠮᠠᠭᠠᠯᠠᠬᠤ︾ ᠪᠦᠭᠦ ᠤᠯᠤᠰ ᠤᠨ ᠵᠠᠯᠠᠭᠤᠴᠤᠳ ᠪᠠᠭᠠᠴᠤᠳ ᠤᠨ ᠠᠮᠤ ᠪᠤᠳᠠᠭ᠎ᠠ ᠶᠢ ᠠᠷᠪᠢᠯᠠᠨ | ᠭᠠᠮᠨᠠᠬᠤ ᠠᠵᠢᠯᠯᠠᠭ᠎ᠠ ᠶᠢ ᠥᠷᠨᠢᠭᠦᠯᠵᠦ᠂ ᠠᠮᠤ ᠪᠤᠳᠠᠭ᠎ᠠ ᠶᠢ ᠠᠷᠪᠢᠯᠠᠨ ᠭᠠᠮᠨᠠᠬᠤ ᠶᠢ ᠡᠪ ᠬᠠᠮᠲᠤ ᠵᠠᠯᠠᠭᠤᠴᠤᠳ ᠤᠨ | ᠡᠪᠯᠡᠯ᠂ ᠪᠠᠭᠠᠴᠤᠳ ᠤᠨ ᠬᠤᠰᠢᠭᠤᠴᠢ ᠠᠩᠭᠢ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠴᠢᠬᠤᠯᠠ | ᠠᠭᠤᠯᠭ᠎ᠠ ᠪᠤᠯᠭᠠᠵᠤ᠂ ︽ᠠᠷᠪᠢᠯᠠᠨ ᠭᠠᠮᠨᠠᠬᠤ ᠲᠡᠮᠳᠡᠭ︾ ᠵᠡᠷᠭᠡ ᠤᠯᠠᠭᠠᠨ ᠪᠦᠴᠡᠲᠡᠨ ᠤ ᠱᠠᠩᠨᠠᠯ ᠤᠨ ᠲᠡᠮᠳᠡᠭ | ᠣᠯᠭᠤᠬᠤ ᠠᠵᠢᠯᠯᠠᠭ᠎ᠠ ᠶᠢ ᠳᠡᠯᠭᠡᠷᠡᠭᠦᠯᠦᠨ ᠥᠷᠨᠢᠭᠦᠯᠵᠦ᠂ ᠠᠮᠤ ᠪᠤᠳᠠᠭ᠎ᠠ ᠶᠢ ᠠᠷᠪᠢᠯᠠᠨ ᠭᠠᠮᠨᠠᠬᠤ ᠰᠠᠶᠢᠨ ᠳᠤᠷ᠎ᠠ ᠶᠢᠨ | ᠦᠢᠯᠡᠴᠢᠯᠡᠭᠡ ᠶᠢ ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠤ ᠬᠥᠮᠦᠵᠢᠯ᠂ | ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠬᠥᠮᠦᠵᠢᠯ ᠢ ᠶᠡᠭᠡ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ | ᠰᠠᠨᠠᠭ᠎ᠠ ᠤᠯᠤᠰ ᠲᠥᠷᠥ ᠶᠢᠨ ᠬᠢᠴᠢᠶᠡᠯ᠂ ᠤᠯᠤᠰ ᠤᠨ ᠪᠠᠶᠢᠳᠠᠯ ᠤᠨ ᠬᠥᠮᠦᠵᠢᠯ ᠵᠡᠷᠭᠡ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠠᠵᠢᠯᠯᠠᠭ᠎ᠠ ᠳᠤ ᠠᠭᠤᠰᠤᠯᠴᠠᠭᠤᠯᠤᠨ᠂ ᠰᠤᠷᠤᠯᠴᠠᠯᠭ᠎ᠠ ᠦᠢᠯᠡᠳᠦᠯᠭᠡ᠂ ᠭᠦᠳᠡᠯᠮᠦᠷᠢ ᠶᠢ ᠣᠶᠢᠯᠠᠭᠠᠬᠤ | ᠵᠡᠷᠭᠡ ᠭᠡᠯᠪᠡᠷᠢ ᠪᠠᠷ ᠳᠠᠮᠵᠢᠭᠤᠯᠤᠨ᠂ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠲᠤᠰᠬᠠᠢ ᠰᠡᠳᠦᠪᠲᠦ | ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠰᠤᠷᠤᠬᠴᠢᠳ ᠤᠨ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ᠂ ᠠᠮᠤ | ᠪᠤᠳᠠᠭ᠎ᠠ ᠶᠢ ᠨᠠᠨᠳᠢᠩᠨᠠᠬᠤ ᠳᠠᠳᠬᠠᠯ ᠢ ᠬᠥᠮᠥᠵᠢᠭᠦᠯᠬᠦ ᠬᠡᠷᠡᠭᠲᠡᠢ᠃ ︽ᠬᠠᠮᠤᠭ ᠤᠨ ᠭᠤᠶᠤ ᠭᠡᠷ ᠪᠦᠯᠢ︾᠂ ︽ | ᠡᠮᠡᠭᠲᠡᠶᠢᠴᠦᠳ ᠤᠨ ᠶᠡᠭᠡ ᠤᠬᠠᠭᠤᠯᠤᠨ ᠲᠠᠶᠢᠯᠪᠤᠷᠢᠯᠠᠯᠲᠠ︾᠂ ︽ᠡᠮᠡᠭᠲᠡᠶᠢᠴᠦᠳ ᠤᠨ ᠠᠮᠤ ᠪᠤᠳᠠᠭ᠎ᠠ ᠶᠢ ᠬᠥᠭᠵᠢᠭᠦᠯᠵᠦ | ᠠᠮᠤ ᠪᠤᠳᠠᠭ᠎ᠠ ᠶᠢ ᠠᠷᠪᠢᠯᠠᠬᠤ︾᠂ ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠵᠡᠷᠭᠡ | ᠠᠵᠢᠯᠯᠠᠭ᠎ᠠ ᠲᠠᠢ ᠤᠶᠠᠯᠳᠤᠭᠤᠯᠤᠨ᠂ ᠭᠡᠷ ᠪᠦᠯᠢ ᠶᠢᠨ ᠠᠮᠤ ᠪᠤᠳᠠᠭ᠎ᠠ ᠶᠢ ᠬᠠᠶᠢᠷᠠᠯᠠᠵᠤ ᠠᠮᠤ ᠪᠤᠳᠠᠭ᠎ᠠ ᠶᠢ | ᠠᠷᠪᠢᠯᠠᠬᠤ ᠶᠢ ᠰᠠᠨᠠᠭᠠᠴᠢᠯᠠᠵᠤ᠂ ᠠᠵᠢᠯᠴᠢ ᠠᠷᠪᠢᠴᠢ ᠰᠠᠶᠢᠨ ᠰᠠᠶᠢᠬᠠᠨ ᠭᠡᠷ ᠤᠨ ᠰᠤᠷᠲᠠᠯ ᠢ ᠪᠠᠳᠠᠷᠠᠭᠤᠯᠬᠤ ᠬᠡᠷᠡᠭᠲᠡᠢ᠃ | | ᠳᠥᠷᠪᠡ᠂ ᠢᠳᠡᠭᠡᠨ ᠤᠮᠳᠠᠭᠠᠨ ᠤ ᠠᠵᠢᠯ ᠲᠥᠷᠥᠯ ᠤᠨ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠠᠵᠢᠯᠯᠠᠭ᠎ᠠ | ︵ᠨᠠᠢᠮᠠ︶ ︽ᠠᠷᠪᠢᠲᠠᠢ ᠬᠤᠭᠤᠯᠠᠯᠠᠬᠤ ᠠᠵᠢᠯᠯᠠᠭ᠎ᠠ︾ ᠶᠢ ᠭᠦᠨᠵᠡᠭᠡᠶᠢᠷᠡᠭᠦᠯᠬᠦ ᠬᠡᠷᠡᠭᠲᠡᠢ᠃ ᠢᠳᠡᠭᠡᠨ | ᠤᠮᠳᠠᠭᠠᠨ ᠤ ᠦᠢᠯᠡᠴᠢᠯᠡᠭᠡ ᠶᠢᠨ ᠠᠵᠢᠯ ᠲᠦᠷᠦᠯ ᠡᠵᠡᠩᠨᠡᠭᠴᠢ ᠶᠢ ᠬᠥᠲᠥᠯᠥᠨ ᠵᠢᠯᠤᠭᠤᠳᠴᠤ ᠬᠡᠷᠡᠭᠴᠡᠭᠡ ᠶᠣᠰᠣᠭᠠᠷ | ᠵᠣᠬᠢᠰᠲᠠᠢ ᠬᠡᠮᠵᠢᠶ᠎ᠡ ᠪᠠᠷ ᠬᠤᠭᠤᠯᠠ ᠵᠠᠬᠢᠶᠠᠯᠠᠬᠤ ᠰᠠᠨᠠᠭᠤᠯᠤᠮᠵᠢ ᠥᠭᠬᠦ ᠶᠢ ᠴᠢᠩᠭᠠᠳᠬᠠᠵᠤ᠂ ᠨᠣᠭᠤᠭ᠎ᠠ ᠵᠠᠭᠤᠰᠢ ᠪᠠ | ᠭᠤᠣᠯ ᠬᠤᠭᠤᠯᠠ ᠶᠢᠨ ᠬᠡᠪ ᠪᠠᠷᠢᠮᠵᠢᠶ᠎ᠠ ᠲᠤᠭ᠎ᠠ ᠬᠡᠮᠵᠢᠶ᠎ᠡ ᠶᠢ ᠲᠣᠳᠣᠷᠬᠠᠶᠢᠯᠠᠬᠤ ᠶᠢᠨ ᠬᠠᠮᠲᠤ ᠵᠦᠢ ᠵᠣᠬᠢᠰᠲᠠᠢ | ᠲᠣᠬᠢᠷᠠᠭᠤᠯᠵᠤ᠂ ᠪᠠᠭ᠎ᠠ ᠬᠡᠮᠵᠢᠶᠡᠨ ᠤ ᠬᠤᠭᠤᠯᠠ ᠶᠢ ᠢᠳᠡᠪᠬᠢᠲᠡᠢ ᠪᠠᠷ ᠳᠡᠯᠭᠡᠷᠡᠭᠦᠯᠦᠨ᠂ ᠦᠯᠡᠳᠡᠭᠰᠡᠨ ᠢᠳᠡᠭᠡᠨ ᠢᠶᠠᠨ | ᠠᠪᠴᠤ ᠶᠠᠪᠤᠬᠤ ᠶᠢ ᠰᠠᠨᠠᠭᠠᠴᠢᠯᠠᠭ᠎ᠠ ᠠᠴᠠ ᠪᠠᠨ ᠰᠠᠨᠠᠭᠤᠯᠬᠤ ᠬᠡᠷᠡᠭᠲᠡᠢ᠃ ᠢᠳᠡᠭᠡᠨ ᠤᠮᠳᠠᠭᠠᠨ ᠤ ᠦᠢᠯᠡᠴᠢᠯᠡᠭᠡᠨ ᠤ | ᠰᠦᠯᠵᠢᠶᠡᠨ ᠤ ᠲᠠᠪᠴᠠᠩ ᠤᠨ ᠬᠢᠨ ᠬᠤᠳᠠᠯᠳᠤᠭᠠᠴᠢᠨ ᠡᠷᠦᠭᠡ ᠶᠢᠨ ᠢᠳᠡᠭᠡᠨ ᠢ ᠪᠦᠷᠢᠯᠭᠡᠨ ᠰᠦᠢᠳᠬᠡᠬᠦ ᠶᠢ | ᠡᠰᠡᠷᠭᠦᠴᠡᠬᠦ ᠳᠤ ᠢᠳᠡᠪᠬᠢᠲᠡᠢ ᠣᠷᠤᠯᠴᠠᠬᠤ ᠶᠢ ᠵᠣᠷᠢᠭᠵᠢᠭᠤᠯᠬᠤ ᠬᠡᠷᠡᠭᠲᠡᠢ᠃ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠳᠠᠭᠤᠷᠢᠶᠠᠮᠠᠯ ᠳᠠᠩᠰᠠᠨ ᠡᠷᠦᠭᠡ ᠶᠢ ᠪᠠᠶᠢᠭᠤᠯᠬᠤ᠂ ᠠᠷᠪᠢᠯᠠᠨ ᠭᠠᠮᠨᠠᠭᠰᠠᠨ ᠬᠤᠪᠢ ᠲᠡᠮᠳᠡᠭᠯᠡᠵᠦ | ᠥᠭᠬᠦ᠂ ᠬᠠᠷᠠᠭᠠᠯᠵᠠᠯ ᠦᠵᠡᠭᠦᠯᠭᠦ ᠲᠡᠮᠳᠡᠭᠲᠦ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠬᠡᠷᠡᠭᠯᠡᠭᠴᠢᠳ ᠢ | ᠬᠥᠲᠥᠯᠥᠨ ᠵᠢᠯᠤᠭᠤᠳᠴᠤ ᠪᠠᠭ᠎ᠠ ᠬᠡᠮᠵᠢᠶᠡᠨ ᠤ ᠢᠳᠡᠭᠡᠨ ᠬᠤᠳᠠᠯᠳᠤᠨ ᠠᠪᠬᠤ ᠶᠢ ᠵᠣᠷᠢᠭᠵᠢᠭᠤᠯᠬᠤ ᠬᠡᠷᠡᠭᠲᠡᠢ᠃ | ᠢᠳᠡᠭᠡᠨ ᠦᠢᠯᠡᠳᠪᠦᠷᠢᠯᠡᠵᠦ ᠡᠵᠡᠩᠨᠡᠭᠴᠢ᠂ ᠵᠢᠵᠢᠭᠯᠡᠨ ᠬᠤᠳᠠᠯᠳᠤᠬᠤ ᠬᠤᠳᠠᠯᠳᠤᠭᠠᠴᠢᠨ ᠵᠡᠷᠭᠡ ᠶᠢᠨ ᠠᠮᠤᠷ ᠲᠦᠪᠰᠢᠨ | ᠪᠠ ᠶᠠᠰᠤ ᠴᠢᠨᠠᠷ ᠤᠨ ᠱᠠᠭᠠᠷᠳᠠᠯᠭ᠎ᠠ ᠳᠤ ᠨᠡᠶᠢᠴᠡᠬᠦ ᠢᠳᠡᠭᠡᠨ ᠢ ᠪᠠᠶᠢᠭ᠎ᠠ ᠭᠠᠵᠠᠷ ᠤᠨ ᠢᠶᠠᠨ ᠬᠤᠯᠪᠣᠭᠳᠠᠯ ᠪᠦᠬᠦᠢ | ᠠᠰᠠᠷᠠᠮᠵᠢ ᠶᠢᠨ ᠪᠠᠶᠢᠭᠤᠯᠤᠮᠵᠢ᠂ ᠠᠪᠤᠷᠠᠨ ᠲᠤᠰᠠᠯᠠᠬᠤ ᠪᠠᠶᠢᠭᠤᠯᠤᠮᠵᠢ ᠳᠤ ᠲᠣᠭᠲᠠᠮᠠᠯ ᠬᠤᠭᠤᠴᠠᠭ᠎ᠠ ᠲᠠᠢ ᠪᠠᠷ | ᠬᠠᠨᠳᠢᠪᠯᠡᠬᠤ ᠶᠢ ᠳᠡᠮᠵᠢᠬᠦ ᠬᠡᠷᠡᠭᠲᠡᠢ᠃ ᠦᠨ᠎ᠡ ᠬᠠᠩᠰᠢ ᠶᠢ ᠢᠯᠡ ᠬᠠᠳᠠᠬᠤ ᠲᠣᠭᠲᠠᠭᠠᠯ ᠢ ᠴᠢᠩᠭ᠎ᠠ | ᠨᠠᠶᠢᠳᠠᠪᠤᠷᠢᠵᠢᠭᠤᠯᠵᠤ᠂ ᠢᠳᠡᠭᠡᠨ ᠤᠮᠳᠠᠭᠠᠨ ᠤ ᠦᠢᠯᠡᠴᠢᠯᠡᠭᠡ ᠶᠢᠨ ᠠᠵᠢᠯ ᠲᠦᠷᠦᠯ ᠡᠵᠡᠩᠨᠡᠭᠴᠢ ᠠᠴᠠ | ᠬᠡᠷᠡᠭᠯᠡᠭᠴᠢᠳ ᠲᠤ ᠬᠠᠩᠭᠠᠬᠤ ᠢᠳᠡᠭᠡᠨ ᠤᠮᠳᠠᠭᠠᠨ ᠵᠢᠴᠢ ᠦᠢᠯᠡᠴᠢᠯᠡᠭᠡᠨ ᠤ ᠦᠨ᠎ᠡ ᠬᠠᠩᠰᠢ᠂ ᠢᠵᠢ | ᠬᠤᠭᠤᠯᠠ ᠳᠠᠬᠢ ᠡᠯ᠎ᠡ ᠵᠦᠢᠯ ᠤᠨ ᠨᠣᠭᠤᠭ᠎ᠠ ᠵᠠᠭᠤᠰᠢ ᠶᠢᠨ ᠦᠨ᠎ᠡ ᠬᠠᠩᠰᠢ ᠶᠢ ᠲᠣᠳᠣᠷᠬᠠᠢ ᠢᠯᠡᠳᠬᠡᠬᠦ ᠬᠡᠷᠡᠭᠲᠡᠢ᠃ | ᠳᠠᠶᠢᠯᠠᠯᠭ᠎ᠠ ᠶᠢᠨ ᠦᠢᠯᠡᠴᠢᠯᠡᠭᠡᠨ ᠤ ᠡᠵᠡᠩᠨᠡᠭᠴᠢ ᠪᠣᠯᠣᠨ ᠬᠡᠷᠡᠭᠯᠡᠭᠴᠢᠳ ᠢᠳᠡᠭᠡᠨ ᠤᠮᠳᠠᠭᠠᠨ ᠢ ᠪᠦᠷᠢᠯᠭᠡᠨ | ᠰᠦᠢᠳᠬᠡᠬᠦ ᠶᠢ ᠡᠰᠡᠷᠭᠦᠴᠡᠬᠦ ᠡᠭᠦᠷᠭᠡ ᠪᠣᠯᠵᠣᠨ ᠲᠣᠭᠲᠠᠬᠤ ᠶᠢ ᠵᠣᠷᠢᠭᠵᠢᠭᠤᠯᠵᠤ᠂ ᠭᠡᠷ᠎ᠡ ᠲᠣᠭᠲᠠᠬᠤ ᠳᠤ ᠪᠦᠷᠢᠯᠭᠡᠨ | ᠰᠦᠢᠳᠬᠡᠬᠦ ᠶᠢ ᠡᠰᠡᠷᠭᠦᠴᠡᠬᠦ ᠵᠦᠢᠯ ᠵᠤᠷᠪᠤᠰ ᠢ ᠠᠰ ᠲᠤᠨᠢ ᠵᠢᠭᠰᠠᠭᠠᠵᠤ ᠪᠣᠯᠣᠨ᠎ᠠ᠃ ᠬᠡᠷᠡᠭᠯᠡᠭᠴᠢᠳ ᠵᠠᠬᠢᠶᠠᠯᠠᠭ᠎ᠠ ᠶᠢᠨ | ᠬᠤᠭᠤᠯᠠ ᠵᠠᠬᠢᠶᠠᠯᠠᠬᠤ ᠳᠠᠭᠠᠨ︽ᠬᠤᠭᠤᠯᠠᠨ ᠤ ᠬᠡᠷᠡᠭᠰᠡᠯ ᠠᠪᠬᠤ ᠦᠭᠡᠢ︾᠂ ᠬᠡᠷᠡᠭᠯᠡᠭᠰᠡᠨ ᠤ ᠳᠠᠷᠠᠭ᠎ᠠ ︽ᠠᠷᠪᠢᠲᠠᠢ | ᠬᠤᠭᠤᠯᠠᠯᠠᠬᠤ︾ ᠵᠡᠷᠭᠡ ᠳᠤ ᠣᠷᠤᠯᠴᠠᠬᠤ ᠶᠢ ᠵᠣᠷᠢᠭᠵᠢᠭᠤᠯᠵᠤ᠂ ᠬᠡᠷᠡᠭᠯᠡᠭᠴᠢᠳ ᠤᠨ ᠬᠠᠷᠢᠭᠤ ᠲᠤᠰᠬᠠᠵᠤ ᠦᠨᠡᠯᠡᠬᠦ | ᠲᠣᠭᠲᠠᠴᠠ ᠳᠤ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠤᠯᠪᠣᠭᠳᠠᠯ ᠪᠦᠬᠦᠢ ᠠᠭᠤᠯᠭ᠎ᠠ ᠶᠢ | ᠲᠡᠭᠦᠯᠳᠡᠷᠵᠢᠭᠦᠯᠬᠦ ᠶᠢ ᠰᠦᠪᠡᠭᠴᠢᠯᠡᠬᠦ ᠬᠡᠷᠡᠭᠲᠡᠢ᠃ ᠲᠣᠭᠤᠭᠠᠨ ᠭᠡᠷ ᠤᠨ ᠬᠤᠭ ᠨᠣᠪᠰᠢ ᠶᠢ ᠲᠥᠷᠥᠯ ᠬᠤᠪᠢᠶᠠᠨ | ᠴᠤᠭᠯᠠᠭᠤᠯᠬᠤ᠂ ᠲᠠᠯᠪᠢᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠲᠣᠭᠤᠭᠠᠨ | ᠭᠡᠷ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠪᠠ ᠬᠤᠣᠷ ᠦᠭᠡᠶᠢᠳᠡᠭᠦᠯᠦᠨ ᠰᠢᠢᠳᠪᠦᠷᠢᠯᠡᠬᠦ ᠶᠢ | ᠠᠬᠢᠭᠤᠯᠬᠤ ᠬᠡᠷᠡᠭᠲᠡᠢ᠃ | ︵ᠶᠢᠰᠦ︶ ᠬᠠᠤᠯᠢ ᠠᠴᠠ ᠵᠥᠷᠢᠴᠡᠭᠰᠡᠳ ᠢ ᠵᠠᠯᠬᠠᠭᠠᠨ ᠰᠢᠢᠳᠬᠡᠬᠦ ᠶᠢ ᠴᠢᠩᠭᠠᠳᠬᠠᠨ᠎ᠠ᠃ ᠢᠳᠡᠭᠡᠨ ᠤᠮᠳᠠᠭᠠᠨ ᠤ | ᠠᠵᠢᠯ ᠲᠥᠷᠥᠯ ᠤᠨ ᠢᠳᠡᠭᠡᠨ ᠤ ᠠᠮᠤᠷ ᠲᠦᠪᠰᠢᠨ ᠤ ᠬᠢᠨᠠᠯᠲᠠ ᠲᠠᠯᠪᠢᠵᠤ ᠪᠠᠶᠢᠴᠠᠭᠠᠬᠤ ᠳᠤᠮᠳᠠ ᠢᠳᠡᠭᠡᠨ | ᠤᠮᠳᠠᠭᠠᠨ ᠢ ᠪᠦᠷᠢᠯᠭᠡᠨ ᠰᠦᠢᠳᠬᠡᠬᠦ ᠶᠢ ᠵᠡᠷᠭᠡ ᠪᠠᠷ ᠬᠤᠷᠢᠭᠯᠠᠵᠤ᠂ ᠢᠳᠡᠭᠡᠨ ᠢ ᠪᠦᠷᠢᠯᠭᠡᠨ ᠰᠦᠢᠳᠬᠡᠬᠦ ᠶᠢ | ᠡᠰᠡᠷᠭᠦᠴᠡᠬᠦ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠬᠤ ᠦᠭᠡᠢ ᠢᠳᠡᠭᠡᠨ ᠤᠮᠳᠠᠭᠠᠨ ᠤ ᠦᠢᠯᠡᠴᠢᠯᠡᠭᠡ ᠶᠢᠨ | ᠠᠵᠢᠯ ᠲᠦᠷᠦᠯ ᠡᠵᠡᠩᠨᠡᠭᠴᠢ ᠲᠠᠢ ᠲᠣᠭᠲᠠᠭᠠᠯ ᠶᠣᠰᠣᠭᠠᠷ ᠪᠣᠯᠵᠣᠨ ᠶᠠᠷᠢᠯᠴᠠᠵᠤ᠂ ᠱᠠᠯᠠᠪᠳᠠᠭᠤᠯᠤᠨ ᠴᠡᠭᠴᠡᠯᠡᠨ | ᠰᠠᠶᠢᠵᠢᠷᠠᠭᠤᠯᠬᠤ ᠬᠡᠷᠡᠭᠲᠡᠢ᠃ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ︽ᠳᠥᠭᠦᠮ ᠬᠡᠷᠡᠭ ᠢ ᠲᠦᠷᠭᠡᠨ | ᠰᠢᠢᠳᠪᠦᠷᠢᠯᠡᠬᠦ︾ ᠶᠢ ᠵᠢᠯᠣᠭᠤᠳᠤᠨ ᠶᠠᠪᠤᠭᠳᠠᠭᠤᠯᠵᠤ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ | ᠶᠣᠰᠣᠭᠠᠷ ᠲᠦᠷᠭᠡᠨ ᠵᠠᠯᠠᠷᠠᠭᠤᠯᠵᠤ ᠪᠠᠶᠢᠴᠠᠭᠠᠨ ᠰᠢᠢᠳᠪᠦᠷᠢᠯᠡᠵᠦ᠂ ᠢᠳᠡᠭᠡᠨ ᠢ ᠪᠦᠷᠢᠯᠭᠡᠨ ᠰᠦᠢᠳᠬᠡᠭᠰᠡᠨ ᠵᠡᠷᠭᠡ | ᠨᠡᠶᠢᠲᠡᠯᠢᠭ ᠬᠡᠷᠡᠭ ᠢ ᠢᠯᠡ ᠨᠡᠶᠢᠲᠡᠯᠡᠨ ᠵᠠᠷᠯᠠᠨ᠎ᠠ᠃ | ︵ᠠᠷᠪᠠ︶ ᠠᠵᠢᠯ ᠲᠥᠷᠥᠯ ᠤᠨ ᠬᠢᠨ ᠤ ᠥᠪᠡᠷ ᠢ ᠪᠠᠨ ᠱᠠᠭᠠᠷᠳᠠᠬᠤ ᠶᠢ ᠠᠬᠢᠭᠤᠯᠤᠨ᠎ᠠ᠃ ᠢᠳᠡᠭᠡᠨ | ᠤᠮᠳᠠᠭᠠᠨ ᠤ ᠠᠵᠢᠯ ᠲᠥᠷᠥᠯ ᠤᠨ ᠨᠡᠶᠢᠭᠡᠮᠯᠢᠭ ᠵᠡᠷᠭᠡ ᠶᠢᠨ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ | ᠡᠰᠡᠷᠭᠦᠴᠡᠬᠦ ᠰᠠᠨᠠᠭᠠᠴᠢᠯᠠᠭ᠎ᠠ ᠨᠡᠶᠢᠲᠡᠯᠡᠬᠦ ᠶᠢ ᠳᠡᠮᠵᠢᠵᠦ᠂ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠵᠡᠷᠭᠡ | ᠬᠠᠮᠢᠶ᠎ᠠ ᠪᠦᠬᠦᠢ ᠪᠦᠯᠭᠦᠮ ᠤᠨ ᠪᠠᠷᠢᠮᠵᠢᠶ᠎ᠠ ᠪᠠ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠵᠢᠷᠤᠮᠵᠢᠯ ᠢ | ᠬᠠᠤᠯᠢ ᠶᠣᠰᠣᠭᠠᠷ ᠲᠣᠭᠲᠠᠭᠠᠬᠤ ᠪᠠ ᠬᠡᠷᠡᠭᠵᠢᠭᠦᠯᠵᠦ᠂ ᠢᠳᠡᠭᠡᠨ ᠢ ᠪᠦᠷᠢᠯᠭᠡᠨ ᠰᠦᠢᠳᠬᠡᠬᠦ ᠶᠢ ᠰᠡᠷᠭᠡᠶᠢᠯᠡᠬᠦ | ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠢᠳᠡᠭᠡᠨ ᠤᠮᠳᠠᠭᠠᠨ ᠤ ᠠᠵᠢᠯ ᠲᠥᠷᠥᠯ ᠤᠨ ᠨᠡᠶᠢᠭᠡᠮᠯᠢᠭ ᠤᠨ | ᠭᠡᠰᠢᠭᠦᠳ ᠢ ᠬᠥᠲᠥᠯᠥᠨ ᠵᠢᠯᠤᠭᠤᠳᠴᠤ ᠢᠳᠡᠭᠡᠨ ᠢ ᠪᠦᠷᠢᠯᠭᠡᠨ ᠰᠦᠢᠳᠬᠡᠬᠦ ᠶᠢ ᠤᠬᠠᠮᠰᠠᠷ ᠠᠴᠠ ᠪᠠᠨ ᠡᠰᠡᠷᠭᠦᠴᠡᠬᠦ | ᠶᠢ ᠠᠬᠢᠭᠤᠯᠬᠤ ᠬᠡᠷᠡᠭᠲᠡᠢ᠃ ︽ᠢᠳᠡᠭᠡᠨ ᠤᠮᠳᠠᠭᠠᠨ ᠤ ᠦᠢᠯᠡᠰ ᠤᠨ ᠢᠳᠡᠭᠡᠨ ᠢ ᠪᠦᠷᠢᠯᠭᠡᠨ ᠰᠦᠢᠳᠬᠡᠬᠦ ᠶᠢ | ᠪᠠᠭᠠᠰᠬᠠᠬᠤ ᠲᠤᠬᠠᠢ ᠬᠡᠷᠡᠭᠵᠢᠭᠦᠯᠬᠦ ᠵᠦᠭᠯᠡᠭᠦᠷ︾ ᠵᠡᠷᠭᠡ ᠠᠵᠢᠯ ᠲᠥᠷᠥᠯ ᠤᠨ ᠵᠢᠷᠤᠮᠵᠢᠯ ᠢ ᠳᠡᠯᠭᠡᠷᠡᠭᠦᠯᠬᠦ ᠬᠡᠷᠡᠭᠲᠡᠢ᠃ | ᠵᠠᠬᠢᠶᠠᠯᠠᠭ᠎ᠠ ᠶᠢᠨ ᠬᠤᠭᠤᠯᠠ ᠶᠢᠨ ᠢᠳᠡᠭᠡᠨ ᠤᠮᠳᠠᠭᠠᠨ ᠤ ᠠᠵᠢᠯ ᠲᠥᠷᠥᠯ ᠤᠨ ᠡᠵᠡᠩᠨᠡᠨ ᠪᠣᠷᠣᠯᠠᠭᠤᠯᠬᠤ | ᠠᠵᠢᠯᠯᠠᠭ᠎ᠠ ᠶᠢ ᠵᠢᠷᠤᠮᠵᠢᠭᠤᠯᠵᠤ᠂ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠠᠷᠭ᠎ᠠ ᠬᠡᠮᠵᠢᠶ᠎ᠡ ᠶᠢ | ᠲᠤᠬᠠᠶᠢᠯᠠᠭᠰᠠᠨ ᠠᠵᠢᠯ ᠤᠨ ᠪᠦᠭᠦ ᠶᠠᠪᠤᠴᠠ ᠶᠢᠨ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠬᠤ ᠬᠡᠷᠡᠭᠲᠡᠢ᠃ | ᠲᠠᠪᠤ᠂ ᠪᠠᠶᠢᠭᠤᠯᠭ᠎ᠠ ᠨᠢᠭᠡᠴᠢ ᠶᠢᠨ ᠬᠤᠭᠤᠯᠠᠨ ᠭᠡᠷ ᠤᠨ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠠᠵᠢᠯᠯᠠᠭ᠎ᠠ | ︵ᠠᠷᠪᠠᠨ ᠨᠢᠭᠡ︶ ᠠᠯᠪᠠᠨ ᠪᠠᠶᠢᠭᠤᠯᠭ᠎ᠠ ᠶᠢᠨ ᠬᠤᠭᠤᠯᠠᠨ ᠭᠡᠷ ᠤᠨ ᠪᠦᠷᠢᠯᠭᠡᠨ ᠰᠦᠢᠳᠬᠡᠬᠦ ᠶᠢ ᠡᠰᠡᠷᠭᠦᠴᠡᠨ᠎ᠡ᠃ | ᠠᠯᠪᠠᠨ ᠪᠠᠶᠢᠭᠤᠯᠭ᠎ᠠ ᠶᠢᠨ ᠬᠤᠭᠤᠯᠠᠨ ᠭᠡᠷ ᠤᠨ ᠢᠳᠡᠭᠡᠨ ᠤ ᠵᠦᠢᠯᠡᠰ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ | ᠠᠵᠢᠯ ᠤᠨ ᠦᠷ᠎ᠡ ᠪᠦᠲᠦᠮᠵᠢ ᠶᠢ ᠦᠨᠡᠯᠡᠨ ᠵᠢᠱᠢᠬᠦ ᠪᠠ ᠨᠡᠶᠢᠲᠡᠯᠡᠬᠦ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠵᠦ᠂ | ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠂ ᠢᠳᠡᠭᠡᠨ ᠤ ᠵᠦᠢᠯᠡᠰ ᠢ ᠪᠦᠷᠢᠯᠭᠡᠨ ᠰᠦᠢᠳᠬᠡᠬᠦ ᠶᠢ | ᠡᠰᠡᠷᠭᠦᠴᠡᠭᠰᠡᠨ ᠪᠠᠶᠢᠳᠠᠯ ᠢ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠡᠬᠢ ᠪᠠᠶᠠᠯᠢᠭ ᠢ ᠠᠷᠪᠢᠯᠠᠬᠤ ᠶᠢ | ᠰᠢᠯᠭᠠᠨ ᠬᠢᠨᠠᠬᠤ ᠵᠡᠷᠭᠡ ᠶᠢᠨ ᠴᠢᠬᠤᠯᠠ ᠠᠭᠤᠯᠭ᠎ᠠ ᠪᠣᠯᠭᠠᠨ᠎ᠠ᠃ ︽ᠠᠯᠪᠠᠨ ᠪᠠᠶᠢᠭᠤᠯᠭ᠎ᠠ ᠶᠢᠨ ᠬᠤᠭᠤᠯᠠᠨ ᠭᠡᠷ ᠤᠨ | ᠢᠳᠡᠭᠡᠨ ᠤ ᠵᠦᠢᠯ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠠᠵᠢᠯ ᠤᠨ ᠵᠦᠭᠯᠡᠭᠦᠷ︾ ᠢ ᠬᠡᠷᠡᠭᠵᠢᠭᠦᠯᠵᠦ᠂ ᠠᠯᠪᠠᠨ | ᠪᠠᠶᠢᠭᠤᠯᠭ᠎ᠠ ᠶᠢᠨ ᠬᠤᠭᠤᠯᠠᠨ ᠭᠡᠷ ᠤᠨ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠠᠮᠢᠶᠠᠷᠤᠯᠲᠠ ᠶᠢᠨ | ᠳᠦᠷᠢᠮ ᠢ ᠪᠦᠷᠢᠨᠰᠢᠭᠦᠯᠦᠨ᠎ᠡ᠃ ᠠᠯᠪᠠᠨ ᠪᠠᠶᠢᠭᠤᠯᠭ᠎ᠠ ᠶᠢᠨ ᠬᠤᠭᠤᠯᠠᠨ ᠭᠡᠷ ᠢ ᠱᠠᠯᠠᠪᠳᠠᠭᠤᠯᠤᠨ ᠵᠢᠯᠤᠭᠤᠳᠴᠤ ᠣᠯᠠᠨ | ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ ᠢᠳᠡᠭᠡᠨ ᠢ ᠪᠦᠷᠢᠯᠭᠡᠨ ᠰᠦᠢᠳᠬᠡᠬᠦ ᠦᠢᠯᠡ ᠠᠵᠢᠯᠯᠠᠭ᠎ᠠ ᠳᠤ | ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠤ ᠡᠯ᠎ᠡ ᠰᠠᠯᠠᠭ᠎ᠠ ᠮᠥᠴᠢᠷ ᠠᠯᠪᠠᠨ ᠶᠠᠪᠤᠳᠠᠯ ᠤᠨ | ᠠᠵᠢᠯᠯᠠᠭ᠎ᠠ ᠶᠢᠨ ᠬᠤᠭᠤᠯᠠ ᠢᠳᠡᠬᠦ ᠬᠠᠮᠢᠶᠠᠷᠤᠯᠲᠠ ᠶᠢ ᠴᠢᠩᠳᠠᠯᠠᠵᠤ᠂ ᠬᠤᠭᠤᠯᠠ ᠪᠤᠳᠠᠭᠠᠨ ᠤ ᠲᠤᠭ᠎ᠠ ᠬᠡᠮᠵᠢᠶ᠎ᠡ ᠶᠢ | ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠲᠣᠬᠢᠷᠠᠭᠤᠯᠤᠨ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ | ᠡᠷᠡᠰ ᠡᠰᠡᠷᠭᠦᠴᠡᠬᠦ ᠬᠡᠷᠡᠭᠲᠡᠢ᠃ | ︵ᠠᠷᠪᠠᠨ ᠬᠤᠶᠠᠷ︶ ᠰᠤᠷᠭᠠᠭᠤᠯᠢ ᠶᠢᠨ ᠬᠤᠭᠤᠯᠠᠨ ᠭᠡᠷ ᠤᠨ ᠪᠦᠷᠢᠯᠭᠡᠨ ᠰᠦᠢᠳᠬᠡᠬᠦ ᠶᠢ ᠡᠰᠡᠷᠭᠦᠴᠡᠨ᠎ᠡ᠃ | ᠰᠤᠷᠭᠠᠭᠤᠯᠢ ᠶᠢᠨ ᠬᠤᠭᠤᠯᠠᠨ ᠭᠡᠷ ᠤᠨ ᠬᠤᠳᠠᠯᠳᠤᠨ ᠠᠪᠬᠤ᠂ ᠬᠠᠳᠠᠭᠠᠯᠠᠬᠤ᠂ᠡᠳ᠋ᠰᠢᠭᠦᠯᠬᠦ᠂ᠲᠣᠭᠤᠭᠠᠯᠠᠬᠤ᠂ ᠬᠤᠭᠤᠯᠠ | ᠬᠤᠪᠢᠶᠠᠬᠤ᠂ ᠬᠤᠭᠤᠯᠠ ᠬᠠᠩᠭᠠᠬᠤ ᠬᠠᠮᠢᠶᠠᠷᠤᠯᠲᠠ ᠶᠢ ᠴᠢᠩᠭᠠᠳᠬᠠᠨ᠂ ᠰᠤᠷᠭᠠᠭᠤᠯᠢ ᠶᠢᠨ ᠬᠤᠭᠤᠯᠠ ᠢᠳᠡᠬᠦ | ᠠᠵᠢᠯᠲᠠᠨ ᠤ ᠲᠤᠭ᠎ᠠ ᠬᠡᠮᠵᠢᠶ᠎ᠡ᠂ ᠪᠦᠲᠦᠴᠡ ᠶᠢ ᠬᠢᠨᠠᠨ ᠬᠡᠮᠵᠢᠬᠦ᠂ ᠵᠠᠳᠠᠯᠬᠤ ᠪᠠ ᠦᠨᠡᠯᠡᠨ ᠵᠢᠱᠢᠵᠦ᠂ | ᠲᠥᠯᠥᠪᠯᠡᠭᠡ ᠲᠠᠢ ᠪᠠᠷ ᠦᠢᠯᠡᠳᠪᠦᠷᠢᠯᠡᠬᠦ᠂ ᠬᠡᠷᠡᠭᠴᠡᠭᠡ ᠶᠣᠰᠣᠭᠠᠷ ᠬᠤᠭᠤᠯᠠ ᠬᠠᠩᠭᠠᠬᠤ᠂ ᠪᠣᠳᠠᠰ ᠢ ᠭᠦᠢᠴᠡᠳ | ᠬᠡᠷᠡᠭᠯᠡᠬᠦ ᠶᠢ ᠪᠡᠶᠡᠯᠡᠭᠦᠯᠦᠨ᠎ᠡ᠃ ᠰᠤᠷᠭᠠᠭᠤᠯᠢ ᠶᠢᠨ ᠭᠠᠳᠠᠨᠠᠬᠢ ᠬᠤᠭᠤᠯᠠ ᠬᠠᠩᠭᠠᠬᠤ ᠨᠢᠭᠡᠴᠢ ᠶᠢᠨ ᠰᠢᠯᠢᠳᠡᠭ ᠢ ᠨᠢ | ᠰᠣᠩᠭᠤᠵᠤ ᠣᠷᠣᠭᠤᠯᠤᠨ ᠠᠪᠴᠢᠷᠠᠬᠤ ᠪᠠ ᠤᠬᠤᠷᠢᠨ ᠭᠠᠷᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ᠰᠤᠷᠭᠠᠭᠤᠯᠢ ᠶᠢᠨ ᠬᠤᠭᠤᠯᠠᠨ ᠭᠡᠷ᠂ ᠰᠤᠷᠭᠠᠭᠤᠯᠢ ᠶᠢᠨ ᠭᠠᠳᠠᠨᠠᠬᠢ ᠬᠤᠭᠤᠯᠠ ᠬᠠᠩᠭᠠᠬᠤ ᠨᠢᠭᠡᠴᠢ ᠶᠢᠨ ᠬᠤᠭᠤᠯᠠ | ᠬᠠᠩᠭᠠᠬᠤ ᠠᠷᠭ᠎ᠠ ᠮᠠᠶ᠋ᠢᠭ ᠢ ᠰᠠᠶᠢᠵᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠬᠤᠭᠤᠯᠠ ᠲᠣᠬᠢᠷᠠᠭᠤᠯᠬᠤ ᠶᠢ | ᠠᠬᠢᠭᠤᠯᠤᠨ᠂ ᠠᠳᠠᠯᠢ ᠪᠤᠰᠤ ᠬᠡᠪ ᠪᠠᠷᠢᠮᠵᠢᠶ᠎ᠠ ᠪᠠ ᠠᠮᠲᠠ ᠶᠢ ᠦᠨᠳᠦᠰᠦᠯᠡᠨ ᠬᠤᠭᠤᠯᠠ ᠲᠣᠬᠢᠷᠠᠭᠤᠯᠬᠤ | ᠰᠣᠩᠭᠤᠯᠲᠠ ᠶᠢ ᠪᠠᠶᠠᠯᠢᠭᠵᠢᠭᠤᠯᠤᠨ᠂ ᠬᠤᠭᠤᠯᠠ ᠢᠳᠡᠬᠦ ᠬᠥᠮᠥᠰ ᠤᠨ ᠰᠠᠨᠠᠯ ᠰᠠᠨᠠᠭᠤᠯᠭ᠎ᠠ ᠶᠢ ᠲᠣᠭᠲᠠᠮᠠᠯ | ᠬᠤᠭᠤᠴᠠᠭ᠎ᠠ ᠲᠠᠢ ᠪᠠᠷ ᠰᠣᠨᠣᠰᠴᠤ᠂ ᠨᠣᠭᠤᠭ᠎ᠠ ᠵᠠᠭᠤᠰᠢ᠂ ᠭᠤᠣᠯ ᠢᠳᠡᠭᠡᠨ ᠤ ᠶᠠᠰᠤ ᠴᠢᠨᠠᠷ ᠢ ᠪᠠᠲᠤᠯᠠᠨ᠎ᠠ᠃ | ᠰᠤᠷᠭᠠᠭᠤᠯᠢ ᠶᠢᠨ ᠬᠤᠭᠤᠯᠠᠯᠠᠬᠤ ᠲᠤᠬᠠᠢ ᠶᠢᠨ ᠲᠠᠯᠠᠪᠠᠶ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠤᠭᠤᠯᠠ ᠢᠳᠡᠬᠦ | ᠦᠶ᠎ᠡ ᠶᠢᠨ ᠪᠠᠶᠢᠴᠠᠭᠠᠬᠤ ᠡᠷᠴᠢᠮ ᠢ ᠴᠢᠩᠭᠠᠷᠠᠭᠤᠯᠤᠨ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ | ᠴᠡᠴᠡᠷᠯᠢᠭ ᠲᠤ ᠲᠥᠪᠯᠡᠷᠡᠭᠦᠯᠦᠨ ᠬᠤᠭᠤᠯᠠᠯᠠᠬᠤ ᠬᠡᠦᠬᠡᠳ ᠲᠠᠢ ᠬᠠᠮᠲᠤ ᠬᠤᠭᠤᠯᠠᠯᠠᠬᠤ ᠳᠦᠷᠢᠮ ᠢ | ᠨᠠᠶᠢᠳᠠᠪᠤᠷᠢᠵᠢᠭᠤᠯᠵᠤ᠂ ᠶᠡᠭᠡ ᠰᠤᠷᠭᠠᠭᠤᠯᠢ ᠶᠢᠨ ᠬᠤᠭᠤᠯᠠᠨ ᠭᠡᠷ ᠤᠨ ᠬᠢᠨ ᠤ ᠬᠦᠨᠳᠦ ᠶᠢ ᠬᠡᠮᠵᠢᠵᠦ ᠬᠤᠭᠤᠯᠠ | ᠠᠪᠬᠤ ᠶᠢ ᠬᠡᠷᠡᠭᠵᠢᠭᠦᠯᠬᠦ ᠶᠢ ᠵᠣᠷᠢᠭᠵᠢᠭᠤᠯᠤᠨ᠎ᠠ᠃ | ︵ᠠᠷᠪᠠᠨ ᠭᠤᠷᠪᠠ︶ ᠠᠵᠤ ᠠᠬᠤᠶᠢᠯᠠᠯ ᠤᠨ ᠬᠤᠭᠤᠯᠠᠨ ᠭᠡᠷ ᠤᠨ ᠪᠦᠷᠢᠯᠭᠡᠨ ᠰᠦᠢᠳᠬᠡᠬᠦ ᠶᠢ ᠡᠰᠡᠷᠭᠦᠴᠡᠨ᠎ᠡ᠃ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠤᠭᠤᠯᠠᠨ ᠭᠡᠷ ᠤᠨ ᠬᠠᠮᠢᠶᠠᠷᠤᠯᠲᠠ ᠵᠡᠷᠭᠡ ᠳᠦᠷᠢᠮ ᠢ | ᠲᠡᠭᠦᠯᠳᠡᠷᠵᠢᠭᠦᠯᠵᠦ᠂ ᠲᠣᠭᠤᠭᠠᠨ ᠭᠡᠷ ᠤᠨ ᠬᠤᠭ ᠨᠣᠪᠰᠢ ᠳᠤ ᠵᠠᠳᠠᠯᠤᠯᠲᠠ ᠬᠢᠵᠦ ᠦᠨᠡᠯᠡᠬᠦ᠂ ᠲᠤᠬᠠᠢ ᠶᠢᠨ ᠭᠠᠵᠠᠷ | ᠲᠤᠨᠢ ᠱᠠᠯᠠᠪᠳᠠᠭᠤᠯᠤᠨ ᠵᠢᠯᠤᠭᠤᠳᠴᠤ ᠪᠠᠶᠢᠴᠠᠭᠠᠨ ᠰᠤᠳᠤᠯᠵᠤ ᠪᠠᠶᠢᠴᠠᠭᠠᠬᠤ ᠶᠢ ᠥᠷᠨᠢᠭᠦᠯᠦᠨ᠂ ᠪᠦᠷᠢᠯᠭᠡᠨ | ᠰᠦᠢᠳᠬᠡᠬᠦ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠵᠠᠯᠠᠷᠠᠭᠤᠯᠤᠨ᠎ᠠ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠢ ᠵᠢᠯᠣᠭᠤᠳᠤᠨ ᠢᠳᠡᠭᠡᠨ ᠢ ᠪᠦᠷᠢᠯᠭᠡᠨ ᠰᠦᠢᠳᠬᠡᠬᠦ ᠶᠢ ᠬᠤᠭᠤᠯᠠᠨ ᠭᠡᠷ ᠤᠨ ᠡᠵᠡᠩᠨᠡᠯᠲᠡ | ᠬᠠᠮᠢᠶᠠᠷᠤᠯᠲᠠ ᠶᠢᠨ ᠠᠵᠢᠯᠲᠠᠨ᠂ ᠠᠷᠤ ᠲᠠᠯ᠎ᠠ ᠶᠢᠨ ᠦᠢᠯᠡᠴᠢᠯᠡᠭᠡᠨ ᠤ ᠠᠵᠢᠯᠲᠠᠨ ᠤ ᠴᠠᠯᠢᠩ ᠪᠠ ᠠᠵᠢᠯ ᠤᠨ ᠬᠢᠷᠢ | ᠪᠦᠲᠦᠮᠵᠢ ᠯᠦᠭᠡ ᠬᠤᠯᠪᠣᠭᠳᠠᠭᠤᠯᠬᠤ ᠳᠦᠷᠢᠮ ᠢ ᠰᠦᠪᠡᠭᠴᠢᠯᠡᠨ ᠪᠠᠶᠢᠭᠤᠯᠬᠤ ᠬᠡᠷᠡᠭᠲᠡᠢ᠃ ᠬᠤᠯᠪᠣᠭᠳᠠᠯ ᠪᠦᠬᠦᠢ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠳᠣᠲᠣᠭᠠᠳᠤ ᠶᠢᠨ ᠲᠣᠭᠤᠷᠢᠨ ᠪᠠᠶᠢᠴᠠᠭᠠᠬᠤ ᠴᠠᠭᠳᠠᠨ | ᠪᠠᠶᠢᠴᠠᠭᠠᠬᠤ᠂ ᠪᠣᠯᠪᠠᠰᠤᠨ ᠨᠢᠭᠡᠴᠢ ᠶᠢ ᠰᠢᠯᠭᠠᠷᠠᠭᠤᠯᠬᠤ᠂ ᠣᠨ ᠤ ᠲᠡᠷᠢᠭᠦᠨ ᠰᠢᠯᠢᠳᠡᠭ ᠢ ᠰᠢᠯᠭᠠᠷᠠᠭᠤᠯᠬᠤ ᠦᠶ᠎ᠡ ᠳᠤ | ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠱᠠᠭᠠᠷᠳᠠᠯᠭ᠎ᠠ ᠶᠢ ᠨᠡᠮᠡᠵᠦ ᠣᠷᠣᠭᠤᠯᠤᠨ᠎ᠠ᠃ ᠡᠯ᠎ᠡ | ᠲᠥᠷᠥᠯ ᠤᠨ ᠠᠵᠤ ᠠᠬᠤᠶᠢᠯᠠᠯ ᠤᠨ ᠬᠤᠭᠤᠯᠠᠨ ᠭᠡᠷ ᠢ ᠬᠥᠲᠥᠯᠥᠨ ᠵᠢᠯᠤᠭᠤᠳᠴᠤ ᠢᠳᠡᠭᠡᠨ ᠢ ᠪᠦᠷᠢᠯᠭᠡᠨ | ᠰᠦᠢᠳᠬᠡᠬᠦ ᠶᠢ ᠡᠰᠡᠷᠭᠦᠴᠡᠬᠦ ᠠᠵᠢᠯ ᠢ ᠴᠢᠩᠭᠠᠳᠬᠠᠬᠤ ᠬᠡᠷᠡᠭᠲᠡᠢ᠃ | ᠵᠢᠷᠭᠤᠭ᠎ᠠ᠂ ᠬᠤᠷᠣᠭᠳᠠᠭᠤᠯᠵᠤ ᠪᠦᠷᠢᠯᠭᠡᠨ ᠰᠦᠢᠳᠬᠡᠭᠰᠡᠨ ᠢ ᠪᠦᠷᠢᠳᠬᠡᠨ ᠪᠠᠶᠢᠴᠠᠭᠠᠨ ᠰᠤᠳᠤᠯᠬᠤ ᠶᠢ | ᠴᠢᠩᠭᠠᠳᠬᠠᠨ᠎ᠠ | ︵ᠠᠷᠪᠠᠨ ᠳᠥᠷᠪᠡ︶ ᠪᠦᠷᠢᠳᠬᠡᠵᠦ ᠪᠠᠶᠢᠴᠠᠭᠠᠨ ᠰᠤᠳᠤᠯᠬᠤ ᠳᠦᠷᠢᠮ ᠢ ᠪᠠᠶᠢᠭᠤᠯᠤᠨ ᠪᠦᠷᠢᠨᠰᠢᠭᠦᠯᠬᠦ | ᠬᠡᠷᠡᠭᠲᠡᠢ᠃ ᠠᠮᠤ ᠪᠤᠳᠠᠭᠠᠨ ᠤ ᠬᠤᠷᠣᠭᠳᠠᠭᠤᠯᠤᠯ ᠪᠣᠯᠣᠨ ᠢᠳᠡᠭᠡᠨ ᠢ ᠪᠦᠷᠢᠯᠭᠡᠨ ᠰᠦᠢᠳᠬᠡᠭᠰᠡᠨ ᠢ ᠪᠦᠷᠢᠳᠬᠡᠵᠦ | ᠪᠠᠶᠢᠴᠠᠭᠠᠨ ᠰᠤᠳᠤᠯᠬᠤ ᠳᠦᠷᠢᠮ᠂ ᠪᠠᠷᠢᠮᠵᠢᠶ᠎ᠠ ᠵᠢᠷᠤᠮᠵᠢᠯ ᠪᠣᠯᠣᠨ ᠭᠦᠢᠴᠡᠳᠬᠡᠯ ᠲᠤᠭ᠎ᠠ ᠶᠢᠨ ᠰᠢᠰᠲ᠋ᠧᠮ ᠢ | ᠪᠠᠶᠢᠭᠤᠯᠤᠨ᠎ᠠ᠃ ᠠᠮᠤ ᠪᠤᠳᠠᠭ᠎ᠠ᠂ ᠮᠢᠬᠠᠨ ᠤ ᠲᠥᠷᠥᠯ᠂ ᠢᠳᠡᠰᠢᠨ ᠨᠣᠭᠤᠭ᠎ᠠ᠂ ᠵᠢᠮᠢᠰ᠂ ᠤᠰᠤᠨ ᠭᠠᠷᠤᠯᠲᠠ ᠵᠡᠷᠭᠡ ᠶᠢ | ᠪᠠᠭᠲᠠᠭᠠᠭᠰᠠᠨ ᠪᠦᠭᠦ ᠰᠢᠰᠲ᠋ᠧᠮ ᠤᠨ ᠢᠳᠡᠭᠡᠨ ᠤ ᠬᠤᠷᠣᠭᠳᠠᠭᠤᠯᠤᠯ ᠪᠠ ᠪᠦᠷᠢᠯᠭᠡᠨ ᠰᠦᠢᠳᠬᠡᠭᠰᠡᠨ ᠰᠠᠭᠤᠷᠢ | ᠲᠤᠭ᠎ᠠ ᠪᠠᠷᠢᠮᠲᠠ ᠶᠢᠨ ᠪᠠᠶᠢᠴᠠᠭᠠᠨ ᠰᠤᠳᠤᠯᠤᠯᠲᠠ ᠶᠢ ᠥᠷᠨᠢᠭᠦᠯᠬᠦ ᠶᠢ ᠳᠡᠮᠵᠢᠨ᠎ᠡ᠃ | ︵ᠠᠷᠪᠠᠨ ᠲᠠᠪᠤ︶ ᠬᠦᠷᠢᠶ᠎ᠡ ᠬᠡᠪᠴᠢᠶ᠎ᠡ ᠬᠤᠪᠢᠶᠠᠨ ᠲᠤᠰᠬᠠᠢ ᠪᠦᠷᠢᠳᠬᠡᠵᠦ ᠪᠠᠶᠢᠴᠠᠭᠠᠨ ᠰᠤᠳᠤᠯᠬᠤ ᠶᠢ | ᠥᠷᠨᠢᠭᠦᠯᠦᠨ᠎ᠡ᠃ ᠠᠮᠤ ᠪᠤᠳᠠᠭ᠎ᠠ ᠦᠢᠯᠡᠳᠪᠦᠷᠢᠯᠡᠬᠦ᠂ ᠬᠠᠳᠠᠭᠠᠯᠠᠬᠤ᠂ ᠲᠡᠭᠡᠭᠡᠪᠦᠷᠢᠯᠡᠬᠦ᠂ ᠡᠳ᠋ᠰᠢᠭᠦᠯᠬᠦ ᠵᠡᠷᠭᠡ ᠦᠶ᠎ᠡ ᠶᠢᠨ | ᠬᠤᠷᠣᠭᠳᠠᠭᠤᠯᠤᠯ ᠢ ᠪᠦᠷᠢᠳᠬᠡᠨ ᠪᠠᠶᠢᠴᠠᠭᠠᠨ ᠰᠤᠳᠤᠯᠬᠤ ᠶᠢ ᠪᠠᠶᠢᠩᠭᠤᠵᠢᠭᠤᠯᠤᠨ ᠥᠷᠨᠢᠭᠦᠯᠦᠨ᠎ᠡ᠃ ᠢᠳᠡᠭᠡᠨ | ᠤᠮᠳᠠᠭᠠᠨ ᠤ ᠠᠵᠢᠯ ᠲᠥᠷᠥᠯ᠂ ᠠᠯᠪᠠᠨ ᠪᠠᠶᠢᠭᠤᠯᠭ᠎ᠠ ᠶᠢᠨ ᠬᠤᠭᠤᠯᠠᠨ ᠭᠡᠷ᠂ ᠰᠤᠷᠭᠠᠭᠤᠯᠢ ᠶᠢᠨ ᠬᠤᠭᠤᠯᠠᠨ ᠭᠡᠷ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠤᠭᠤᠯᠠᠨ ᠭᠡᠷ ᠵᠡᠷᠭᠡ ᠢᠳᠡᠭᠡᠨ ᠢ ᠪᠦᠷᠢᠯᠭᠡᠨ ᠰᠦᠢᠳᠬᠡᠭᠰᠡᠨ | ᠲᠤᠬᠠᠢ ᠪᠦᠷᠢᠳᠬᠡᠵᠦ ᠪᠠᠶᠢᠴᠠᠭᠠᠨ ᠰᠤᠳᠤᠯᠬᠤ ᠶᠢ ᠪᠠᠶᠢᠩᠭᠤᠵᠢᠭᠤᠯᠤᠨ ᠥᠷᠨᠢᠭᠦᠯᠵᠦ᠂ ᠵᠠᠯᠠᠭᠤ ᠰᠠᠶᠢᠨ | ᠲᠤᠷᠠᠴᠤᠳ ᠢ ᠵᠣᠬᠢᠶᠠᠨ ᠪᠠᠶᠢᠭᠤᠯᠵᠤ ᠢᠳᠡᠭᠡᠨ ᠢ ᠪᠦᠷᠢᠯᠭᠡᠨ ᠰᠦᠢᠳᠬᠡᠭᠰᠡᠨ ᠲᠤᠬᠠᠢ ᠥᠯᠢᠭᠡᠷ ᠠᠪᠴᠤ | ᠪᠠᠶᠢᠴᠠᠭᠠᠨ᠎ᠠ᠃ ᠭᠡᠷ ᠪᠦᠯᠢ ᠵᠢᠴᠢ ᠵᠢᠵᠢᠭᠯᠡᠨ ᠪᠣᠷᠣᠯᠠᠭᠤᠯᠬᠤ ᠭᠤᠭᠴᠣᠭᠠᠨ ᠤ ᠢᠳᠡᠭᠡᠨ ᠢ ᠪᠦᠷᠢᠯᠭᠡᠨ ᠰᠦᠢᠳᠬᠡᠭᠰᠡᠨ | ᠦᠨᠡᠯᠡᠯᠲᠡ ᠬᠢᠬᠦ ᠶᠢ ᠰᠦᠪᠡᠭᠴᠢᠯᠡᠨ ᠥᠷᠨᠢᠭᠦᠯᠵᠦ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠰᠦᠯᠵᠢᠶᠡᠨ ᠤ | ᠲᠠᠪᠴᠠᠩ ᠤᠨ ᠬᠢᠨ ᠤ ᠵᠠᠬᠢᠶᠠᠯᠠᠭ᠎ᠠ ᠶᠢᠨ ᠬᠤᠭᠤᠯᠠ ᠶᠢᠨ ᠢᠳᠡᠭᠡᠨ ᠢ ᠪᠦᠷᠢᠯᠭᠡᠨ ᠰᠦᠢᠳᠬᠡᠭᠰᠡᠨ ᠲᠤᠬᠠᠢ | ᠦᠨᠡᠯᠡᠯᠲᠡ ᠬᠢᠬᠦ ᠶᠢ ᠵᠣᠷᠢᠭᠵᠢᠭᠤᠯᠤᠨ ᠳᠠᠮᠵᠢᠨ᠎ᠠ᠃ | ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠠᠷᠪᠠᠨ ᠵᠢᠷᠭᠤᠭ᠎ᠠ︶ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ | ᠥᠨᠳᠥᠷᠴᠡ ᠳᠤ ᠵᠣᠭᠰᠣᠵᠤ᠂ ᠡᠭᠦᠷᠭᠡ ᠬᠠᠷᠢᠭᠤᠴᠠᠯᠭᠠᠲᠤ ᠰᠡᠳᠬᠢᠯᠭᠡ᠂ᠲᠤᠯᠭᠠᠮ ᠰᠡᠳᠬᠢᠯᠭᠡ ᠪᠠᠨ ᠲᠠᠰᠤᠷᠠᠯᠲᠠ ᠦᠭᠡᠢ | ᠴᠢᠩᠭᠠᠳᠬᠠᠨ᠂ ᠠᠮᠤ ᠪᠤᠳᠠᠭ᠎ᠠ ᠶᠢ ᠠᠷᠪᠢᠯᠠᠨ ᠭᠠᠮᠨᠠᠬᠤ ᠪᠠ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ | ᠠᠵᠢᠯ ᠢ ᠪᠠᠶᠢᠩᠭᠤᠵᠢᠭᠤᠯᠤᠨ ᠣᠷᠳᠣ ᠬᠤᠭᠤᠴᠠᠭ᠎ᠠ ᠪᠠᠷ ᠪᠦᠲᠦᠮᠵᠢᠲᠡᠶ ᠠᠬᠢᠭᠤᠯᠬᠤ ᠬᠡᠷᠡᠭᠲᠡᠢ᠃ ᠠᠮᠤ ᠪᠤᠳᠠᠭᠠᠨ ᠤ | ᠠᠮᠤᠷ ᠲᠦᠪᠰᠢᠨ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠵᠡᠷᠭᠡ ᠬᠢᠨᠠᠨ | ᠰᠢᠯᠭᠠᠯᠲᠠ ᠳᠤ ᠠᠮᠤ ᠪᠤᠳᠠᠭ᠎ᠠ ᠶᠢ ᠠᠷᠪᠢᠯᠠᠨ ᠭᠠᠮᠨᠠᠬᠤ ᠪᠠ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ | ᠱᠠᠭᠠᠷᠳᠠᠯᠭ᠎ᠠ ᠶᠢ ᠳᠣᠪᠤᠶᠢᠯᠭᠠᠵᠤ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠬᠠᠷᠢᠭᠤᠴᠠᠯᠭ᠎ᠠ ᠶᠢ | ᠪᠣᠳᠠᠲᠠᠶᠢᠵᠢᠭᠤᠯᠬᠤ᠂ ᠡᠳᠦᠷ ᠲᠤᠲᠤᠮ ᠤᠨ ᠠᠵᠢᠯ ᠳᠤ ᠠᠭᠤᠰᠤᠯᠴᠠᠭᠤᠯᠬᠤ᠂ ᠪᠠᠶᠢᠩᠭᠤ ᠠᠳᠬᠤᠬᠤ ᠶᠢ ᠪᠠᠷᠢᠮᠲᠠᠯᠠᠬᠤ | ᠬᠡᠷᠡᠭᠲᠡᠢ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠥᠪ ᠤᠨ ᠬᠥᠳᠡᠭᠡ ᠲᠣᠰᠬᠤᠨ ᠤ | ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠮᠤ ᠪᠤᠳᠠᠭ᠎ᠠ ᠶᠢ ᠠᠷᠪᠢᠯᠠᠨ ᠭᠠᠮᠨᠠᠬᠤ ᠪᠠ ᠢᠳᠡᠭᠡᠨ ᠢ | ᠪᠦᠷᠢᠯᠭᠡᠨ ᠰᠦᠢᠳᠬᠡᠬᠦ ᠶᠢ ᠡᠰᠡᠷᠭᠦᠴᠡᠬᠦ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠵᠤ᠂ | ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠬᠠᠷᠠᠯᠲᠠ ᠡᠭᠦᠷᠭᠡ ᠶᠢ | ᠨᠠᠷᠢᠯᠢᠭᠵᠢᠭᠤᠯᠤᠨ ᠵᠠᠳᠠᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠣᠰ ᠪᠡᠶ᠎ᠡ ᠶᠢᠨ ᠡᠭᠦᠷᠭᠡ | ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠠᠮᠲᠤᠷᠠᠯ | ᠬᠦᠴᠦᠨ ᠢ ᠪᠦᠷᠢᠯᠳᠦᠭᠦᠯᠬᠦ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠠᠪᠤᠴᠠ ᠳᠠᠬᠢ ᠴᠢᠬᠤᠯᠠ ᠶᠡᠭᠡ | ᠬᠡᠷᠡᠭ ᠶᠠᠪᠤᠳᠠᠯ ᠢ ᠴᠠᠭ ᠲᠤᠬᠠᠢ ᠳᠤᠨᠢ ᠲᠡᠰ ᠳᠠᠷᠠᠭᠠᠯᠠᠯ ᠶᠣᠰᠣᠭᠠᠷ ᠨᠠᠮ ᠤᠨ ᠲᠥᠪ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶ᠎ᠠ ᠳᠤ ᠮᠡᠳᠡᠭᠦᠯᠦᠨ ᠵᠢᠭᠠᠪᠤᠷᠢ ᠠᠪᠬᠤ ᠬᠡᠷᠡᠭᠲᠡᠢ᠃ | ︵ᠠᠷᠪᠠᠨ ᠳᠣᠯᠤᠭ᠎ᠠ︶ ᠤᠬᠠᠭᠤᠯᠬᠤ ᠡᠷᠴᠢᠮ ᠢᠶᠠᠨ ᠨᠡᠮᠡᠭᠳᠡᠭᠦᠯᠬᠦ ᠬᠡᠷᠡᠭᠲᠡᠢ᠃ ᠠᠮᠢᠳᠤᠯᠢᠭ ᠪᠥᠭᠡᠳ ᠰᠢᠨ᠎ᠡ | ᠰᠡᠪᠡᠭᠦᠨ ᠤᠯᠠᠨ ᠶᠠᠩᠵᠤ ᠶᠢᠨ᠂ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠤᠬᠠᠭᠤᠯᠭ᠎ᠠ ᠶᠢᠨ ᠭᠡᠯᠪᠡᠷᠢ ᠶᠢ | ᠠᠪᠴᠤ᠂ ᠳᠡᠯᠡᠬᠡᠢ ᠶᠢᠨ ᠠᠮᠤ ᠪᠤᠳᠠᠭᠠᠨ ᠤ ᠡᠳᠦᠷ᠂ ᠪᠦᠭᠦ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ | ᠤᠬᠠᠭᠤᠯᠭ᠎ᠠ ᠶᠢᠨ ᠭᠠᠷᠠᠭ ᠵᠡᠷᠭᠡ ᠴᠢᠬᠤᠯᠠ ᠵᠠᠩᠭᠢᠯᠠᠭ᠎ᠠ ᠶᠢᠨ ᠴᠠᠭ ᠲᠠᠢ ᠤᠶᠠᠯᠳᠤᠭᠤᠯᠤᠨ᠂ ᠠᠮᠤ ᠪᠤᠳᠠᠭ᠎ᠠ ᠶᠢ | ᠬᠠᠶᠢᠷᠠᠯᠠᠬᠤ᠂ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤ ᠥᠷᠨᠢᠭᠦᠯᠬᠦ | ᠬᠡᠷᠡᠭᠲᠡᠢ᠃ ᠠᠮᠤ ᠪᠤᠳᠠᠭ᠎ᠠ ᠶᠢ ᠠᠷᠪᠢᠯᠠᠨ ᠭᠠᠮᠨᠠᠬᠤ ᠪᠠ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠬᠠᠮᠢᠶ᠎ᠠ | ᠪᠦᠬᠦᠢ ᠮᠡᠳᠡᠭᠡᠯᠡᠯ ᠪᠠ ᠰᠢᠭᠦᠮᠵᠢ ᠶᠢ ᠨᠡᠶᠢᠲᠡᠯᠡᠵᠦ᠂ ᠴᠠᠭᠠᠨ ᠰᠠᠷ᠎ᠠ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ᠂ | ᠨᠠᠢᠮᠠᠨ ᠰᠠᠷ᠎ᠠ ᠶᠢᠨ ᠲᠡᠷᠭᠡᠯ ᠪᠠᠶᠠᠷ ᠵᠡᠷᠭᠡ ᠪᠠᠶᠠᠷ ᠳᠤᠷᠠᠰᠬᠠᠯ ᠤᠨ ᠡᠳᠦᠷ ᠲᠤ ᠠᠮᠤ ᠪᠤᠳᠠᠭ᠎ᠠ ᠶᠢ ᠠᠷᠪᠢᠯᠠᠨ ᠭᠠᠮᠨᠠᠬᠤ | ᠪᠠ ᠢᠳᠡᠭᠡᠨ ᠢ ᠪᠦᠷᠢᠯᠭᠡᠨ ᠰᠦᠢᠳᠬᠡᠬᠦ ᠶᠢ ᠡᠰᠡᠷᠭᠦᠴᠡᠬᠦ ᠨᠡᠶᠢᠲᠡ ᠶᠢᠨ ᠠᠰᠠᠷᠠᠮᠵᠢ ᠶᠢᠨ ᠫᠷᠣᠭ᠍ᠷᠠᠮ ᠢ ᠨᠠᠷᠢᠨ ᠨᠢᠮᠪᠠᠢ | ᠦᠢᠯᠡᠳᠴᠦ ᠨᠡᠪᠲᠡᠷᠡᠭᠦᠯᠬᠦ ᠬᠡᠷᠡᠭᠲᠡᠢ᠃ ᠶᠠᠷᠢᠶ᠎ᠠ ᠬᠡᠯᠡᠯᠴᠡᠭᠡ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠢᠳᠡᠭᠡᠨ ᠢ | ᠪᠦᠷᠢᠯᠭᠡᠨ ᠰᠦᠢᠳᠬᠡᠬᠦ ᠦᠢᠯᠡ ᠠᠵᠢᠯᠯᠠᠭ᠎ᠠ ᠶᠢ ᠣᠯᠠᠨ ᠳᠤ ᠢᠯᠡ ᠪᠣᠯᠭᠠᠨ ᠦᠵᠡᠭᠦᠯᠵᠦ᠂ ᠬᠡᠲᠦᠷᠡᠲᠡᠯ᠎ᠡ ᠢᠳᠡᠵᠦ | ᠤᠤᠭᠤᠬᠤ ᠶᠢ ᠤᠬᠠᠭᠤᠯᠬᠤ ᠵᠡᠷᠭᠡ ᠢᠳᠡᠭᠡᠨ ᠢ ᠪᠦᠷᠢᠯᠭᠡᠨ ᠰᠦᠢᠳᠬᠡᠬᠦ ᠦᠢᠯᠡ ᠠᠵᠢᠯᠯᠠᠭ᠎ᠠ ᠶᠢᠨ ᠫᠷᠣᠭ᠍ᠷᠠᠮ ᠪᠤᠶᠤ | ᠳᠠᠭᠤ ᠳᠦᠷᠰᠦ ᠰᠢᠩᠭᠡᠭᠡᠯᠲᠡ ᠶᠢᠨ ᠮᠡᠳᠡᠭᠡ ᠵᠠᠩᠭᠢ ᠶᠢ ᠦᠢᠯᠡᠳᠬᠦ᠂ ᠨᠡᠶᠢᠲᠡᠯᠡᠬᠦ᠂ ᠳᠠᠮᠵᠢᠭᠤᠯᠬᠤ ᠶᠢ ᠴᠢᠩᠭ᠎ᠠ | ᠴᠠᠭᠠᠵᠠᠯᠠᠬᠤ ᠬᠡᠷᠡᠭᠲᠡᠢ᠃ | ︵ᠠᠷᠪᠠᠨ ᠨᠠᠢᠮᠠ︶ ᠣᠯᠠᠨ ᠤᠯᠤᠰ ᠤᠨ ᠬᠠᠮᠲᠤᠷᠠᠯᠴᠠᠭ᠎ᠠ ᠶᠢ ᠴᠢᠩᠭᠠᠳᠬᠠᠬᠤ ᠬᠡᠷᠡᠭᠲᠡᠢ᠃ ᠣᠯᠠᠨ ᠤᠯᠤᠰ ᠤᠨ | ᠠᠮᠤ ᠪᠤᠳᠠᠭᠠᠨ ᠤ ᠬᠤᠷᠣᠭᠳᠠᠭᠤᠯᠤᠯ ᠢ ᠪᠠᠭᠠᠰᠬᠠᠬᠤ ᠶᠡᠭᠡ ᠬᠤᠷᠠᠯ ᠢ ᠰᠠᠶᠢᠲᠤᠷ ᠡᠷᠭᠢᠯᠡᠭᠦ ᠬᠡᠷᠡᠭᠲᠡᠢ᠃ ᠣᠯᠠᠨ | ᠤᠯᠤᠰ ᠤᠨ ᠠᠮᠤ ᠪᠤᠳᠠᠭᠠᠨ ᠤ ᠬᠤᠷᠣᠭᠳᠠᠭᠤᠯᠤᠯ ᠢ ᠪᠠᠭᠠᠰᠬᠠᠬᠤ ᠰᠤᠳᠤᠯᠤᠨ ᠨᠡᠭᠡᠭᠡᠵᠦ ᠰᠣᠯᠢᠯᠴᠠᠬᠤ ᠲᠠᠪᠴᠠᠩ ᠤᠨ | ᠦᠢᠯᠡᠳᠦᠯ ᠢ ᠪᠠᠳᠠᠷᠠᠭᠤᠯᠤᠨ᠂ᠣᠯᠠᠨ ᠲᠠᠯ᠎ᠠ ᠪᠠ ᠬᠤᠶᠠᠷ ᠲᠠᠯ᠎ᠠ ᠶᠢᠨ ᠠᠮᠤ ᠪᠤᠳᠠᠭ᠎ᠠ ᠶᠢ ᠠᠷᠪᠢᠯᠠᠵᠤ | ᠬᠤᠷᠣᠭᠳᠠᠭᠤᠯᠤᠯ ᠢ ᠪᠠᠭᠠᠰᠬᠠᠬᠤ ᠬᠠᠮᠲᠤᠷᠠᠭᠰᠠᠨ ᠰᠤᠳᠤᠯᠤᠯ᠂ ᠮᠡᠷᠭᠡᠵᠢᠯ ᠤᠨ ᠵᠢᠱᠢᠶ᠎ᠡ ᠦᠵᠡᠭᠦᠯᠭᠦ᠂ ᠠᠵᠢᠯᠲᠠᠨ ᠤ | ᠪᠣᠯᠪᠠᠰᠤᠷᠠᠯ ᠵᠡᠷᠭᠡ ᠬᠠᠮᠲᠤᠷᠠᠯᠴᠠᠭ᠎ᠠ ᠰᠣᠯᠢᠯᠴᠠᠭ᠎ᠠ ᠶᠢ ᠵᠣᠷᠢᠭᠵᠢᠭᠤᠯᠤᠨ ᠳᠡᠮᠵᠢᠬᠦ ᠬᠡᠷᠡᠭᠲᠡᠢ᠃ ᠢᠳᠡᠭᠡᠨ ᠢ ᠪᠦᠷᠢᠯᠭᠡᠨ | ᠰᠦᠢᠳᠬᠡᠬᠦ ᠶᠢ ᠪᠠᠭᠠᠰᠬᠠᠬᠤ ᠪᠦᠭᠦ ᠪᠥᠮᠪᠥᠷᠴᠡᠭ ᠤᠨ ᠠᠵᠢᠯᠯᠠᠭ᠎ᠠ ᠵᠡᠷᠭᠡ ᠳᠤ ᠢᠳᠡᠪᠬᠢᠲᠡᠢ ᠣᠷᠣᠯᠴᠠᠵᠤ᠂ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ | ᠬᠠᠭᠠᠰ ᠢᠶᠠᠷ ᠪᠠᠭᠠᠰᠬᠠᠬᠤ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ | | |