ᠣᠶᠢᠷ᠎ᠠ ᠳᠤ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ᠂ ᠤᠯᠤᠰ ᠤᠨ ᠦᠨᠳᠦᠰᠦᠲᠡᠨ ᠤ | ᠬᠡᠷᠡᠭ ᠡᠷᠭᠢᠯᠡᠭᠦ ᠵᠥᠪᠯᠡᠯ᠂ ᠰᠤᠷᠭᠠᠨ ᠬᠥᠮᠦᠵᠢᠯ ᠤᠨ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠪ ᠬᠠᠮᠲᠤ | ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ᠂ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠬᠠᠮᠲᠤᠷᠠᠨ | ︽ᠪᠡᠶ᠎ᠡ ᠶᠢᠨ ᠲᠠᠮᠢᠷ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ᠢ ᠨᠡᠶᠢᠲᠡᠯᠡᠪᠡ᠃ | ᠵᠢᠯᠤᠭᠤᠳᠬᠤ ᠰᠠᠨᠠᠯ ᠳᠤ᠂ ᠪᠡᠶ᠎ᠡ ᠶᠢᠨ ᠲᠠᠮᠢᠷ ᠤᠨ ᠠᠵᠢᠯ ᠪᠣᠯ ᠤᠯᠤᠰ ᠢᠶᠠᠨ ᠬᠦᠴᠦᠷᠬᠡᠭᠵᠢᠭᠦᠯᠬᠦ ᠦᠢᠯᠡᠰ | ᠪᠤᠯᠬᠤ ᠪᠥᠭᠡᠳ ᠪᠠᠰᠠ ᠠᠷᠠᠳ ᠤᠯᠠᠨ ᠤ ᠠᠰᠢᠭ ᠲᠤᠰᠠ ᠲᠠᠢ ᠬᠤᠯᠪᠣᠭᠳᠠᠬᠤ ᠦᠢᠯᠡᠰ ᠪᠣᠯᠣᠨ᠎ᠠ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠳᠤ ᠣᠷᠣᠯᠠᠭᠤᠯᠵᠤ ᠪᠣᠯᠣᠰᠢ ᠦᠭᠡᠢ ᠦᠢᠯᠡᠳᠦᠯ ᠲᠠᠢ ᠭᠡᠵᠦ | ᠴᠢᠬᠤᠯᠠᠴᠢᠯᠠᠪᠠ᠃ | ᠵᠢᠯᠤᠭᠤᠳᠬᠤ ᠰᠠᠨᠠᠯ ᠳᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠳᠦᠷ ᠢᠷᠡᠬᠦᠶ᠎ᠡ ᠨᠡᠮᠡᠭᠳᠡᠵᠦ | ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠵᠣᠷᠢᠯᠲᠠ ᠪᠠ ᠲᠤᠰᠤᠯᠲᠠ ᠪᠤᠯᠭᠠᠵᠤ᠂ | ᠪᠡᠶ᠎ᠡ ᠶᠢᠨ ᠲᠠᠮᠢᠷ ᠤᠨ ᠣᠯᠠᠨ ᠡᠰᠢᠲᠦ ᠴᠢᠳᠠᠮᠵᠢ ᠪᠠ ᠶᠡᠷᠦᠩᠬᠡᠶᠢᠯᠡᠭᠰᠡᠨ ᠦᠨ᠎ᠡ ᠥᠷᠲᠡᠭ ᠢ ᠭᠦᠢᠴᠡᠳ | ᠪᠠᠳᠠᠷᠠᠭᠤᠯᠵᠤ᠂ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠪᠠ ᠡᠷᠡᠭᠦᠯ ᠰᠠᠷᠠᠭᠤᠯ ᠠᠮᠢᠳᠤᠷᠠᠯ ᠤᠨ | ᠭᠡᠯᠪᠡᠷᠢ ᠪᠠᠷ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠶᠢ | ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠵᠤ᠂ | ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ | ᠦᠨᠳᠦᠰᠦᠲᠡᠨ ᠤ ᠭᠠᠵᠠᠷ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ᠦᠨᠳᠦᠰᠦᠲᠡᠨ ᠤ | ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ | ᠬᠦᠴᠦᠷᠬᠡᠭ ᠶᠡᠭᠡ ᠬᠦᠴᠦᠨ ᠴᠢᠳᠠᠯ ᠢ ᠬᠠᠩᠭᠠᠨ᠎ᠠ ᠭᠡᠵᠦ ᠵᠢᠭᠠᠵᠤ ᠭᠠᠷᠭᠠᠪᠠ᠃ | ᠵᠢᠯᠤᠭᠤᠳᠬᠤ ᠰᠠᠨᠠᠯ ᠳᠤ᠂ 2030 ᠣᠨ ᠪᠤᠯᠬᠤ ᠳᠤ᠂ ᠪᠡᠶ᠎ᠡ ᠶᠢᠨ ᠲᠠᠮᠢᠷ ᠢᠶᠠᠷ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠬᠢᠭᠤᠯᠬᠤ ᠳᠤ ᠢᠯᠡᠳᠲᠡ | ᠦᠷ᠎ᠡ ᠪᠦᠲᠦᠮᠵᠢ ᠣᠯᠵᠤ᠂ ᠦᠨᠳᠦᠰᠦᠲᠡᠨ ᠤ ᠭᠠᠵᠠᠷ ᠣᠷᠣᠨ ᠤ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ | ᠠᠵᠢᠯᠯᠠᠭ᠎ᠠ ᠶᠢ ᠨᠠᠩ ᠪᠠᠶᠠᠯᠢᠭᠵᠢᠭᠤᠯᠵᠤ᠂ ᠳᠤᠮᠳᠠᠳᠤ ᠶᠢᠨ ᠤᠯᠠᠮᠵᠢᠯᠠᠯᠲᠤ ᠪᠡᠶ᠎ᠡ ᠶᠢᠨ ᠲᠠᠮᠢᠷ ᠤᠨ ᠰᠣᠶᠣᠯ ᠤᠨ | ᠨᠥᠯᠥᠭᠡᠯᠡᠬᠦ ᠬᠦᠴᠦᠨ ᠢ ᠢᠯᠡᠳᠲᠡ ᠳᠡᠭᠡᠭᠰᠢᠯᠡᠭᠦᠯᠵᠦ᠂ ᠥᠨᠳᠥᠷ ᠬᠡᠪ ᠪᠣᠯᠪᠠᠰᠤᠷᠠᠯ ᠲᠠᠢ ᠪᠡᠶ᠎ᠡ ᠶᠢᠨ ᠲᠠᠮᠢᠷ ᠤᠨ | ᠴᠢᠳᠠᠪᠤᠷᠢᠲᠠᠨ ᠤ ᠡᠩᠨᠡᠭᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ᠎ᠠ᠃ ᠦᠨᠳᠦᠰᠦᠲᠡᠨ ᠤ ᠭᠠᠵᠠᠷ ᠣᠷᠣᠨ ᠤ | ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠪᠦᠭᠦ ᠲᠠᠯ᠎ᠠ ᠪᠠᠷ | ᠪᠠᠶᠢᠭᠤᠯᠵᠤ᠂ ᠦᠨᠳᠦᠰᠦᠲᠡᠨ ᠤ ᠭᠠᠵᠠᠷ ᠣᠷᠣᠨ ᠤ ᠰᠢᠶᠠᠨ ︵ᠬᠤᠲᠠ᠂ ᠲᠣᠭᠤᠷᠢᠭ︶᠂ ᠰᠢᠶᠠᠩ ᠪᠠᠯᠭᠠᠰᠤ ︵ᠵᠡᠭᠡᠯᠢ | ᠭᠤᠳᠤᠮᠵᠢ︶᠂ ᠵᠠᠰᠠᠭ ᠵᠠᠬᠢᠷᠭᠠᠨ ᠤ ᠲᠣᠰᠬᠤᠨ ︵ᠨᠡᠶᠢᠭᠡᠮ ᠲᠣᠭᠤᠷᠢᠭ︶ ᠭᠤᠷᠪᠠᠨ ᠱᠠᠲᠤᠨ ᠤ ᠣᠯᠠᠨ ᠨᠡᠶᠢᠲᠡ ᠶᠢᠨ | ᠪᠡᠶ᠎ᠡ ᠴᠢᠭᠢᠷᠠᠭᠵᠢᠭᠤᠯᠬᠤ ᠲᠤᠨᠤᠭ ᠲᠥᠬᠦᠭᠡᠷᠦᠮᠵᠢ ᠶᠢ ᠪᠦᠭᠦᠨ ᠢ ᠪᠦᠷᠬᠦᠭᠦᠯᠬᠦ ᠶᠢ ᠪᠡᠶᠡᠯᠡᠭᠦᠯᠦᠨ᠎ᠡ᠃ | ᠦᠨᠳᠦᠰᠦᠲᠡᠨ ᠤ ᠭᠠᠵᠠᠷ ᠣᠷᠣᠨ ᠤ ᠪᠡᠶ᠎ᠡ ᠶᠢᠨ ᠲᠠᠮᠢᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ | ᠲᠣᠭᠤᠷᠢᠨ ᠳᠤ᠂ ᠨᠢᠭᠡ ᠪᠦᠯᠦᠭ ᠳᠤᠮᠳᠠᠳᠤ ᠶᠢᠨ ᠤᠯᠠᠮᠵᠢᠯᠠᠯᠲᠤ ᠪᠡᠶ᠎ᠡ ᠶᠢᠨ ᠲᠠᠮᠢᠷ ᠤᠨ ᠵᠢᠱᠢᠶ᠎ᠡ ᠦᠵᠡᠭᠦᠯᠭᠦ ᠲᠥᠷᠥᠯ | ᠵᠦᠢᠯ ᠢ ᠪᠣᠳᠠᠲᠠᠢ ᠠᠳᠬᠤᠵᠤ᠂ ᠨᠢᠭᠡ ᠪᠦᠯᠦᠭ ᠨᠠᠷᠠᠲᠤ ᠪᠡᠶ᠎ᠡ ᠶᠢᠨ ᠲᠠᠮᠢᠷ ᠤᠨ ᠤᠷᠤᠯᠳᠤᠭᠠᠨ ᠢ ᠡᠷᠭᠢᠯᠡᠵᠤ᠂ ᠨᠢᠭᠡ | ᠪᠦᠯᠦᠭ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠰᠣᠳᠣᠨ ᠵᠠᠮ ᠱᠤᠭᠤᠮ ᠢ ᠭᠠᠷᠭᠠᠵᠤ᠂ ᠨᠢᠭᠡ ᠪᠦᠯᠦᠭ ᠪᠡᠶ᠎ᠡ ᠶᠢᠨ | ᠲᠠᠮᠢᠷ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠠᠵᠢᠯᠯᠠᠭ᠎ᠠ ᠶᠢ | ᠵᠣᠬᠢᠶᠠᠨ ᠪᠠᠶᠢᠭᠤᠯᠵᠤ᠂ ᠨᠢᠭᠡ ᠪᠦᠯᠦᠭ ᠪᠡᠶ᠎ᠡ ᠶᠢᠨ ᠲᠠᠮᠢᠷ ᠤᠨ ᠴᠢᠳᠠᠪᠤᠷᠢᠲᠠᠨ ᠤ ᠰᠠᠭᠤᠷᠢᠨ ᠢ ᠪᠠᠶᠢᠭᠤᠯᠤᠨ᠎ᠠ᠃ | ᠦᠨᠳᠦᠰᠦᠲᠡᠨ ᠨᠦᠭᠦᠳ ᠤᠨ ᠤᠯᠠᠨ ᠲᠦᠮᠡᠨ ᠤ ᠪᠡᠶ᠎ᠡ ᠶᠢᠨ ᠲᠠᠮᠢᠷ ᠤᠨ ᠤᠬᠠᠮᠰᠠᠷ᠂ ᠡᠷᠡᠭᠦᠯ ᠮᠡᠨᠳᠦ ᠶᠢᠨ ᠤᠬᠠᠮᠰᠠᠷ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡᠳᠲᠡ ᠴᠢᠩᠭᠠᠷᠠᠭᠤᠯᠵᠤ᠂ | ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠠ ᠬᠠᠷᠢᠶᠠᠯᠠᠭᠳᠠᠬᠤᠢ ᠲᠥᠷᠥᠭᠳᠡᠯ ᠢ ᠢᠯᠡᠳᠲᠡ | ᠳᠡᠭᠡᠭᠰᠢᠯᠡᠭᠦᠯᠵᠤ᠂ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ᠂ ᠪᠦᠭᠦ ᠠᠷᠠᠳ ᠤᠨ ᠡᠷᠡᠭᠦᠯ ᠮᠡᠨᠳᠦ ᠬᠢᠭᠡᠳ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠭᠦᠨᠵᠡᠭᠡᠢ | ᠠᠭᠤᠰᠤᠯᠴᠠᠭᠤᠯᠤᠨ᠎ᠠ ᠭᠡᠵᠦ ᠱᠠᠭᠠᠷᠳᠠᠪᠠ᠃ | ᠵᠢᠯᠤᠭᠤᠳᠬᠤ ᠰᠠᠨᠠᠯ ᠳᠤ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠶᠡᠭᠡ ᠪᠠᠷ | ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ | ᠪᠠᠶᠢᠭᠤᠯᠤᠯᠲᠠ ᠶᠢ ᠠᠭᠢᠭᠤᠯᠤᠨ᠎ᠠ᠃ ᠦᠨᠳᠦᠰᠦᠲᠡᠨ ᠤ ᠭᠠᠵᠠᠷ ᠣᠷᠣᠨ ᠤ ᠪᠡᠶ᠎ᠡ ᠶᠢᠨ ᠲᠠᠮᠢᠷ ᠤᠨ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠦᠴᠦᠷᠬᠡᠭ ᠤᠯᠤᠰ ᠤᠨ ᠵᠡᠭᠦᠳᠦ ᠶᠢ ᠲᠡᠷᠭᠡᠯᠰᠢᠭᠦᠯᠬᠦ ᠳᠤ ᠪᠠᠲᠤ | ᠪᠠᠬᠢ ᠴᠢᠳᠠᠪᠤᠷᠢᠲᠠᠨ ᠤ ᠰᠠᠭᠤᠷᠢ ᠪᠠ ᠣᠶᠤᠨ ᠤ ᠪᠠᠲᠤᠯᠠᠭ᠎ᠠ ᠬᠠᠩᠭᠠᠨ᠎ᠠ᠃ ᠦᠨᠳᠦᠰᠦᠲᠡᠨ ᠨᠦᠭᠦᠳ ᠤᠨ ᠣᠯᠠᠨ | ᠲᠦᠮᠡᠨ ᠤ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠪᠠᠶᠠᠯᠢᠭᠵᠢᠭᠤᠯᠵᠤ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠭᠢᠭᠤᠯᠤᠨ᠎ᠠ᠃ ᠦᠨᠳᠦᠰᠦᠲᠡᠨ ᠤ ᠭᠠᠵᠠᠷ | ᠣᠷᠣᠨ ᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ | ᠪᠡᠶ᠎ᠡ ᠶᠢᠨ ᠲᠠᠮᠢᠷ ᠤᠨ ᠰᠣᠶᠣᠯ ᠤᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠦᠨᠳᠦᠰᠦᠲᠡᠨ ᠤ ᠭᠠᠵᠠᠷ | ᠣᠷᠣᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠤᠨ᠎ᠠ ᠭᠡᠵᠦ ᠳᠤᠷᠠᠳᠴᠠᠢ᠃ | | | |