ᠮᠠᠨ ᠤ ᠣᠷᠣᠨ ᠤ 2ᠵᠦᠢᠯ ᠤᠨ ᠲᠠᠷᠢᠮᠠᠯ ᠤᠯᠤᠰ ᠤᠨ ᠰᠢᠯᠢᠳᠡᠭ ᠤᠳᠤᠮᠯᠠᠯ ᠤᠨ ᠡᠬᠢ ᠪᠠᠶᠠᠯᠢᠭ ᠲᠤ ᠪᠦᠷᠢᠳᠬᠡᠭᠳᠡᠯ᠎ᠡ
ᠨᠡᠶᠢᠲᠡᠯᠡᠭᠰᠡᠨ ᠴᠠᠭ᠄
2024/11/30
     ᠬᠥᠳᠡᠭᠡ ᠠᠵᠤ ᠠᠬᠤᠢ ᠬᠥᠳᠡᠭᠡ ᠲᠤᠰᠬᠤᠨ ᠤ ᠶᠠᠮᠤᠨ ᠣᠶᠢᠷ᠎ᠠ ᠳᠤ ᠠᠯᠪᠠᠨ ᠤ ᠰᠦᠯᠵᠢᠶ᠎ᠡ ᠳᠡᠭᠡᠨ ᠭᠤᠷᠪᠠᠳᠤᠭᠠᠷ ᠤᠳᠠᠭ᠎ᠠ ᠶᠢᠨ ᠪᠦᠭᠦ ᠤᠯᠤᠰ ᠤᠨ ᠲᠠᠷᠢᠮᠠᠯ ᠤᠨ ᠵᠦᠢᠯ ᠤᠨ ᠤᠳᠤᠮᠯᠠᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠪᠠᠷ ᠰᠣᠩᠭᠤᠵᠤ ᠭᠠᠷᠭᠠᠭᠰᠠᠨ ᠤᠯᠤᠰ ᠤᠨ ᠲᠠᠷᠢᠮᠠᠯ ᠤᠨ ᠵᠦᠢᠯ ᠤᠨ ᠰᠢᠯᠢᠳᠡᠭ ᠤᠳᠤᠮᠯᠠᠯ  ᠤᠨ ᠡᠬᠢ ᠪᠠᠶᠠᠯᠢᠭ ᠢ ᠨᠡᠶᠢᠲᠡᠯᠡᠵᠦ᠂ ᠮᠠᠨ ᠤ ᠣᠷᠣᠨ ᠠᠴᠠ︽ᠳ᠋ᠧᠩᠯᠦ ᠤᠯᠠᠭᠠᠨ ᠠᠮᠲᠠᠲᠤ ᠬᠡᠮᠬᠡ︾ᠪᠣᠯᠣᠨ︽ᠦᠶᠤᠸᠠᠨ  ᠤ ᠰᠢᠷ᠎ᠠ ᠲᠥᠪᠡᠳ ᠬᠠᠰᠢ︾ ᠵᠡᠷᠭᠡ 2 ᠵᠦᠢᠯ ᠤᠨ ᠲᠠᠷᠢᠮᠠᠯ ᠪᠠᠭᠲᠠᠵᠠᠢ᠃      ᠬᠥᠳᠡᠭᠡ ᠠᠵᠤ ᠠᠬᠤᠢ ᠶᠢᠨ ᠤᠳᠤᠮᠯᠠᠯ ᠤᠨ ᠡᠬᠢ ᠪᠠᠶᠠᠯᠢᠭ ᠪᠣᠯ ᠤᠯᠤᠰ ᠤᠨ ᠪᠠᠲᠤᠯᠠᠭᠠᠲᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠡᠬᠢ ᠪᠠᠶᠠᠯᠢᠭ ᠪᠤᠯᠬᠤ ᠪᠥᠭᠡᠳ ᠰᠢᠯᠢᠳᠡᠭ ᠰᠠᠶᠢᠨ ᠡᠭᠦᠯᠳᠡᠷ ᠢ ᠪᠣᠶᠢᠵᠢᠭᠤᠯᠬᠤ ᠶᠢᠨ ᠪᠣᠳᠠᠰ ᠤᠨ ᠰᠠᠭᠤᠷᠢ ᠶᠤᠮ᠃ ᠬᠥᠳᠡᠭᠡ ᠠᠵᠤ ᠠᠬᠤᠢ ᠬᠥᠳᠡᠭᠡ ᠲᠤᠰᠬᠤᠨ ᠤ ᠶᠠᠮᠤᠨ 2015 ᠣᠨ ᠠᠴᠠ ᠭᠤᠷᠪᠠᠳᠤᠭᠠᠷ ᠤᠳᠠᠭ᠎ᠠ ᠶᠢᠨ ᠪᠦᠭᠦ ᠤᠯᠤᠰ ᠤᠨ ᠲᠠᠷᠢᠮᠠᠯ ᠤᠨ ᠵᠦᠢᠯ ᠤᠨ ᠤᠳᠤᠮᠯᠠᠯ ᠤᠨ ᠡᠬᠢ ᠪᠠᠶᠠᠯᠢᠭ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠡᠬᠢᠯᠡᠭᠦᠯᠵᠦ᠂ ᠪᠦᠭᠦ ᠤᠯᠤᠰ ᠤᠨ ᠡᠯ᠎ᠡ ᠭᠠᠵᠠᠷ ᠠᠴᠠ 13.9 ᠲᠦᠮᠡᠨ ᠬᠤᠪᠢ ᠲᠠᠷᠢᠮᠠᠯ ᠤᠨ ᠵᠦᠢᠯ ᠤᠨ ᠤᠳᠤᠮᠯᠠᠯ ᠤᠨ ᠡᠬᠢ ᠪᠠᠶᠠᠯᠢᠭ ᠢ ᠴᠤᠭᠯᠠᠭᠤᠯᠤᠨ᠂ 54 ᠵᠦᠢᠯ ᠤᠨ ᠠᠮᠤ ᠪᠤᠳᠠᠭᠠᠨ  ᠤ ᠲᠠᠷᠢᠮᠠᠯ ᠪᠠ 86 ᠵᠦᠢᠯ ᠤᠨ ᠠᠵᠤ ᠠᠬᠤᠢ ᠶᠢᠨ ᠲᠠᠷᠢᠮᠠᠯ ᠢ ᠪᠠᠭᠲᠠᠭᠠᠭᠰᠠᠨ ᠤᠯᠤᠰ ᠤᠨ ᠲᠠᠷᠢᠮᠠᠯ ᠤᠨ ᠵᠦᠢᠯ  ᠤᠨ ᠰᠢᠯᠢᠳᠡᠭ ᠤᠳᠤᠮᠯᠠᠯ ᠤᠨ ᠡᠬᠢ ᠪᠠᠶᠠᠯᠢᠭ ᠢ ᠰᠣᠩᠭᠤᠵᠤ ᠭᠠᠷᠭᠠᠵᠠᠢ᠃ ᠮᠠᠨ ᠤ ᠣᠷᠣᠨ ᠤ ︽ᠳ᠋ᠧᠩᠯᠦ ᠤᠯᠠᠭᠠᠨ ᠠᠮᠲᠠᠲᠤ ᠬᠡᠮᠬᠡ︾ ᠪᠣᠯᠣᠨ ︽ᠦᠶᠤᠸᠠᠨ ᠤ ᠰᠢᠷ᠎ᠠ ᠲᠥᠪᠡᠳ ᠬᠠᠰᠢ︾ ᠴᠥᠮ ᠠᠵᠤ ᠠᠬᠤᠢ ᠶᠢᠨ ᠲᠠᠷᠢᠮᠠᠯ ᠤᠨ ᠲᠦᠷᠦᠯ ᠤᠨ ᠰᠢᠯᠢᠳᠡᠭ ᠤᠳᠤᠮᠯᠠᠯ ᠤᠨ ᠡᠬᠢ ᠪᠠᠶᠠᠯᠢᠭ ᠪᠣᠯᠣᠨ᠎ᠠ᠃      ︽ᠳ᠋ᠧᠩᠯᠦ ᠤᠯᠠᠭᠠᠨ ᠠᠮᠲᠠᠲᠤ ᠬᠡᠮᠬᠡ︾᠄  ᠪᠠᠶᠠᠨᠨᠠᠭᠤᠷ ᠬᠤᠳᠠ ᠶᠢᠨ ᠣᠨᠴᠠᠯᠢᠭᠲᠤ ᠲᠠᠷᠢᠮᠠᠯ᠃ ᠭᠠᠳᠠᠷ ᠭᠡᠯᠪᠡᠷᠢ ᠨᠢ ᠳ᠋ᠧᠩᠯᠦ ᠰᠢᠭ ᠪᠥᠭᠡᠳ ᠪᠣᠯᠪᠠᠰᠤᠷᠠᠵᠤ ᠡᠬᠢᠯᠡᠬᠦ ᠪᠠᠷ ᠭᠤᠣᠯ ᠨᠢ ᠤᠯᠠᠭᠠᠨ ᠥᠩᠭᠡ ᠲᠠᠢ ᠪᠠᠶᠢᠳᠠᠭ ᠢᠶᠠᠷ ᠳ᠋ᠧᠩᠯᠦ ᠤᠯᠠᠭᠠᠨ ᠬᠡᠮᠡᠨ ᠨᠡᠷᠡᠯᠡᠵᠠᠢ᠃ ᠬᠡᠮᠬᠡ ᠨᠢ ᠭᠦᠶᠦᠬᠡᠨ ᠨᠣᠭᠤᠭᠠᠨ ᠥᠩᠭᠡ ᠲᠠᠢ᠂ ᠨᠢᠮᠭᠡᠨ ᠬᠠᠯᠢᠰᠤ ᠲᠠᠢ᠂ ᠭᠦᠢᠴᠡᠳ ᠪᠣᠯᠪᠠᠰᠤᠷᠠᠪᠠᠯ ᠠᠩᠬᠢᠯᠤᠮ᠎ᠠ ᠰᠠᠶᠢᠬᠠᠨ ᠦᠨᠦᠷ ᠲᠠᠢ᠂ ᠰᠢᠬᠢᠷᠯᠢᠭ ᠠᠮᠲᠠ ᠲᠠᠢ᠂ ᠤᠯᠤᠰ ᠤᠨ ᠭᠠᠵᠠᠷ ᠵᠦᠢ  ᠶᠢᠨ ᠢᠯᠡᠷᠬᠡᠶᠢᠯᠡᠯᠲᠦ ᠲᠠᠷᠢᠶᠠᠯᠠᠩ ᠤᠨ ᠪᠦᠲᠦᠭᠡᠭᠳᠡᠬᠦᠨ ᠪᠣᠯᠣᠨ᠎ᠠ᠃ 2019 ᠣᠨ ᠳᠤ︽ᠪᠦᠭᠦ ᠤᠯᠤᠰ ᠤᠨ ᠨᠠᠷᠠᠲᠤ ᠣᠨᠴᠠᠯᠢᠭᠲᠤ ᠤᠭᠢ ᠰᠢᠨ᠎ᠡ ᠲᠠᠷᠢᠶᠠᠯᠠᠩ ᠤᠨ ᠪᠦᠲᠦᠭᠡᠭᠳᠡᠬᠦᠨ︾ ᠢᠶᠠᠷ ᠪᠦᠷᠢᠳᠬᠡᠭᠳᠡᠵᠡᠢ᠃ ᠣᠶᠢᠯᠠᠭᠠᠭᠰᠠᠨ ᠢᠶᠠᠷ᠂ ᠪᠠᠶᠠᠨᠨᠠᠭᠤᠷ ᠤᠨ ᠲᠠᠷᠢᠶᠠᠴᠢᠳ ᠳ᠋ᠧᠩᠯᠦ ᠤᠯᠠᠭᠠᠨ ᠠᠮᠲᠠᠲᠤ ᠬᠡᠮᠬᠡ ᠶᠢᠨ ᠦᠷ᠎ᠡ ᠶᠢ ᠪᠦᠷ ᠦᠪᠡᠰᠦᠪᠡᠨ ᠦᠯᠡᠳᠡᠭᠡᠵᠦ᠂ ᠵᠢᠯ ᠳᠤ 2 - 3 ᠤᠳᠠᠭ᠎ᠠ ᠲᠠᠷᠢᠵᠤ᠂ ᠪᠣᠯᠪᠠᠰᠤᠷᠠᠭᠰᠠᠨ ᠬᠡᠮᠬᠡ ᠪᠠᠨ ᠪᠥᠭᠡᠮ ᠢᠶᠠᠷ ᠬᠤᠳᠠᠯᠳᠤᠪᠠᠯ ᠵᠢᠩ ᠳᠡᠭᠡᠨ 50 ᠲᠥᠭᠦᠷᠢᠭ᠂ ᠰᠠᠶᠢᠬᠠᠨ ᠰᠢᠭ᠋ ᠪᠣᠭᠤᠳᠠᠯᠯᠠᠵᠤ ᠪᠠᠭᠯᠠᠭᠠᠳ ᠬᠤᠳᠠᠯᠳᠤᠪᠠᠯ ᠵᠢᠩ ᠳᠡᠭᠡᠨ 60 ᠲᠥᠭᠦᠷᠢᠭ ᠬᠦᠷᠴᠦ᠂ ᠪᠦᠭᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠵᠤ᠂ 20 ᠮᠦ ᠲᠠᠷᠢᠪᠠᠯ ᠵᠢᠯ ᠤᠨ ᠤᠷᠤᠯᠭ᠎ᠠ ᠨᠢ 50 ᠲᠦᠮᠡᠨ ᠲᠥᠭᠦᠷᠢᠭ ᠣᠷᠴᠢᠮ ᠳᠤ ᠬᠦᠷᠴᠦ ᠪᠤᠢ᠃      ︽ᠦᠶᠤᠸᠠᠨ ᠤ ᠰᠢᠷ᠎ᠠ ᠲᠥᠪᠡᠳ ᠬᠠᠰᠢ︾᠄ ᠪᠠᠶᠠᠨᠨᠠᠭᠤᠷ ᠬᠤᠳᠠ ᠶᠢᠨ ᠣᠨᠴᠠᠯᠢᠭᠲᠤ ᠲᠠᠷᠢᠮᠠᠯ᠃ ᠵᠢᠮᠢᠰ ᠨᠢ ᠠᠯᠳᠠᠨ ᠰᠢᠷᠭᠠᠯ ᠥᠩᠭᠡ ᠲᠠᠢ᠂ ᠮᠢᠬᠠᠯᠢᠭ ᠵᠤᠵᠠᠭᠠᠨ᠂ ᠠᠮᠲᠠᠯᠢᠭ᠂ ᠰᠢᠭᠦᠰᠦ ᠪᠠᠭ᠎ᠠ ᠲᠠᠢ᠂ ᠰᠢᠮ᠎ᠡ ᠲᠡᠵᠢᠭᠡᠯ ᠡᠯᠪᠡᠭ ᠪᠠᠶᠢᠵᠤ᠂ ᠤᠯᠤᠰ ᠤᠨ ᠭᠠᠵᠠᠷ ᠵᠦᠢ ᠶᠢᠨ ᠢᠯᠡᠷᠬᠡᠶᠢᠯᠡᠯᠲᠦ ᠲᠠᠷᠢᠶᠠᠯᠠᠩ ᠤᠨ ᠪᠦᠲᠦᠭᠡᠭᠳᠡᠬᠦᠨ ᠪᠣᠯᠣᠨ᠎ᠠ᠃ 2019 ᠣᠨ ᠳᠤ ︽ᠪᠦᠭᠦ ᠤᠯᠤᠰ ᠤᠨ ᠨᠠᠷᠠᠲᠤ ᠣᠨᠴᠠᠯᠢᠭᠲᠤ ᠤᠭᠢ ᠰᠢᠨ᠎ᠡ ᠲᠠᠷᠢᠶᠠᠯᠠᠩ ᠤᠨ ᠪᠦᠲᠦᠭᠡᠭᠳᠡᠬᠦᠨ︾ ᠢᠶᠠᠷ ᠪᠦᠷᠢᠳᠬᠡᠭᠳᠡᠵᠡᠢ᠃ ᠣᠶᠢᠯᠠᠭᠠᠭᠰᠠᠨ ᠢᠶᠠᠷ᠂ ᠦᠶᠤᠸᠠᠨ ᠤ ᠲᠠᠷᠢᠶᠠᠴᠢᠳ ᠰᠢᠷ᠎ᠠ ᠲᠥᠪᠡᠳ ᠬᠠᠰᠢ ᠶᠢᠨ ᠦᠷ᠎ᠡ ᠶᠢ ᠪᠦᠷ ᠦᠪᠡᠰᠦᠪᠡᠨ ᠦᠯᠡᠳᠡᠭᠡᠵᠦ᠂ ᠵᠢᠯ ᠤᠨ ᠲᠦᠷᠪᠡᠨ ᠤᠯᠠᠷᠢᠯ ᠢᠶᠠᠷ ᠲᠠᠷᠢᠵᠤ ᠪᠣᠷᠣᠯᠠᠭᠤᠯᠤᠨ᠂ ᠦᠨ᠎ᠡ ᠬᠠᠩᠰᠢ ᠨᠢ ᠡᠩ  ᠤᠨ ᠤᠯᠠᠭᠠᠨ ᠲᠥᠪᠡᠳ ᠬᠠᠰᠢ ᠶᠢᠨ 3 ᠳᠠᠭᠢᠨ ᠣᠷᠴᠢᠮ ᠪᠠᠶᠢᠵᠤ᠂ ᠮᠦ ᠨᠢᠭᠡᠴᠢ ᠶᠢᠨ ᠦᠷ᠎ᠡ ᠠᠰᠢᠭ ᠨᠢ ᠲᠦᠮᠡᠨ ᠲᠥᠭᠦᠷᠢᠭ ᠲᠤ ᠬᠦᠷᠴᠦ ᠪᠠᠶᠢᠨ᠎ᠠ᠃ ᠦᠶᠤᠸᠠᠨ ᠰᠢᠶᠠᠨ ᠲᠠᠷᠢᠶᠠᠴᠢᠳ ᠤᠨ ᠬᠤᠷᠢᠶᠠᠭᠰᠠᠨ ᠰᠢᠷ᠎ᠠ ᠲᠥᠪᠡᠳ ᠬᠠᠰᠢ  ᠶᠢ ᠪᠦᠭᠦ ᠤᠯᠤᠰ ᠤᠨ ᠡᠯ᠎ᠡ ᠭᠠᠵᠠᠷ ᠲᠤ ᠰᠢᠭᠤᠳ ᠪᠣᠷᠣᠯᠠᠭᠤᠯᠵᠤ ᠪᠠᠶᠢᠬᠤ ᠠᠴᠠ ᠭᠠᠳᠠᠨ᠎ᠠ ᠲᠥᠪᠡᠳ ᠬᠠᠰᠢ ᠶᠢᠨ ᠤᠮᠳᠠᠭᠠᠨ᠂ ᠬᠠᠯᠠᠭᠤᠨ ᠲᠣᠭᠤᠭ᠎ᠠ ᠶᠢᠨ ᠱᠥᠯᠥ ᠶᠢᠨ ᠮᠠᠲ᠋ᠧᠷᠢᠶᠠᠯ ᠪᠣᠯᠭᠠᠨ ᠪᠤᠯᠪᠠᠰᠤᠷᠠᠭᠤᠯᠵᠤ ᠦᠷᠳᠡᠭ ᠢ ᠨᠢ ᠨᠡᠮᠡᠭᠳᠡᠭᠦᠯᠵᠦ ᠪᠠᠶᠢᠨ᠎ᠠ᠃ ᠤᠳᠤ ᠲᠤᠰ ᠰᠢᠶᠠᠨ ᠵᠢᠯ ᠳᠤ 3000 ᠭᠠᠷᠤᠢ ᠮᠦ ᠰᠢᠷ᠎ᠠ ᠲᠥᠪᠡᠳ ᠬᠠᠰᠢ ᠲᠠᠷᠢᠵᠤ᠂ ᠶᠡᠷᠦᠩᠬᠡᠢ ᠤᠨᠠᠯᠳᠠ ᠨᠢ 1.5 ᠲᠦᠮᠡᠨ ᠲᠤᠨ ᠳᠤ ᠬᠦᠷᠴᠦ᠂ ᠵᠢᠯ ᠤᠨ ᠦᠢᠯᠡᠳᠬᠦᠨ ᠤ ᠦᠷᠳᠡᠭ ᠨᠢ 6000 ᠲᠦᠮᠡᠨ ᠲᠥᠭᠦᠷᠢᠭ ᠲᠤ ᠬᠦᠷᠴᠦ ᠪᠤᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号