11 ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠶᠡᠷᠦᠩᠬᠡᠢ ᠱᠦᠵᠢ ᠰᠢ ᠶᠢᠨ | ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ | ᠦᠢᠯᠡᠰ ᠤᠨ ᠬᠥᠭᠵᠢᠯᠲᠡ ᠪᠣᠯᠣᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠵᠠᠰᠠᠯᠲᠠ ᠶᠢᠨ | ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠡᠷᠴᠢᠮ ᠢᠶᠠᠨ | ᠴᠢᠩᠭᠠᠷᠠᠭᠤᠯᠵᠤ᠂ ᠲᠠᠷᠢᠶᠠᠴᠢᠳ ᠤᠨ ᠣᠷᠣᠯᠭ᠎ᠠ ᠶᠢ ᠦᠨᠡᠨᠬᠦ ᠨᠡᠮᠡᠭᠳᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ | ᠦᠢᠯᠡᠰ ᠪᠣᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ | ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠶᠠᠩ ᠰᠢᠩ ᠱᠧᠩ ᠤᠷᠢᠳ ᠬᠤᠵᠢᠳ ᠪᠠᠷᠠᠭᠤᠨ ᠤᠯᠠᠭᠠᠨ ᠪᠤᠯᠠᠭ ᠪᠠᠯᠭᠠᠰᠤᠨ ᠤ ᠬᠤᠩ ᠱᠠᠨ ᠽᠢ | ᠲᠣᠰᠬᠤᠨ᠂ ᠡᠯ ᠹᠧᠨ ᠽᠢ ᠰᠢᠶᠠᠩ ᠤᠨ ᠱᠤᠸᠠᠩ ᠢᠦᠢ ᠴᠧᠩ ᠲᠣᠰᠬᠤᠨ᠂ ᠳᠡᠭᠡᠷ᠎ᠡ ᠲᠣᠬᠤᠢ ᠰᠢᠶᠠᠩ ᠤᠨ ᠳ᠋ᠦᠩ | ᠹᠠᠩ ᠽᠢ ᠲᠣᠰᠬᠤᠨ ᠳᠤ ᠬᠦᠷᠴᠦ᠂ ᠰᠢᠶᠠᠩ᠂ ᠲᠣᠰᠬᠤᠨ ᠬᠤᠶᠠᠷ ᠱᠠᠲᠤᠨ ᠤ ᠺᠠᠳ᠋ᠷ᠂ ᠲᠠᠷᠢᠶᠠᠴᠢᠨ ᠤ | ᠲᠥᠯᠥᠭᠡᠯᠡᠭᠴᠢᠳ ᠲᠠᠢ ᠳᠣᠲᠣᠨᠣ ᠪᠠᠷ ᠶᠠᠷᠢᠯᠴᠠᠵᠤ᠂ ᠲᠠᠷᠢᠮᠠᠯ ᠤᠨ ᠬᠤᠷᠢᠶᠠᠯᠲᠠ᠂ ᠲᠠᠷᠢᠶᠠᠴᠢᠳ ᠤᠨ ᠭᠡᠷ ᠪᠦᠯᠢ ᠶᠢᠨ | ᠣᠷᠣᠯᠭ᠎ᠠ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠪᠣᠯᠣᠨ ᠲᠦᠷᠦ ᠶᠢᠨ ᠪᠣᠳᠣᠯᠭ᠎ᠠ ᠶᠢᠨ | ᠪᠠᠲᠤᠯᠠᠭ᠎ᠠ ᠨᠠᠶᠢᠳᠠᠪᠤᠷᠢᠵᠢᠭᠤᠯᠤᠯᠲᠠ ᠵᠡᠷᠭᠡ ᠪᠠᠶᠢᠳᠠᠯ ᠢ ᠣᠶᠢᠯᠠᠭᠠᠪᠠ᠃ ᠲᠡᠷᠡ᠂ ᠬᠥᠳᠡᠭᠡ ᠲᠣᠰᠬᠤᠨ ᠤ ᠨᠠᠮ ᠤᠨ | ᠵᠣᠬᠢᠶᠠᠨ ᠪᠠᠶᠢᠭᠤᠯᠤᠯᠲᠠ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠦᠨᠡᠨᠬᠦ | ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠡᠷᠡᠰ ᠪᠠᠲᠤ ᠡᠭᠦᠷᠭᠡᠯᠡᠵᠦ᠂ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢᠨ | ᠤᠬᠠᠭᠤᠯᠤᠭᠴᠢ ᠪᠠ ᠦᠢᠯᠡᠳᠦᠯᠭᠡᠵᠢᠭᠦᠯᠦᠭᠴᠢ ᠪᠣᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠤᠨᠢᠨ | ᠳᠡᠭᠡᠷ᠎ᠡ ᠨᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠠᠪᠴᠤ᠂ ᠶᠠᠳᠠᠭᠤ ᠠᠴᠠ ᠠᠩᠭᠢᠵᠢᠷᠠᠭᠰᠠᠨ ᠬᠥᠮᠥᠰ ᠪᠠ ᠬᠢᠨᠠᠨ | ᠬᠡᠮᠵᠢᠬᠦ ᠡᠲᠡᠭᠡᠳ ᠤᠨ ᠲᠤᠰ ᠪᠡᠶ᠎ᠡ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠦᠨᠳᠦᠰᠦᠨ ᠠᠴᠠ ᠨᠢ | ᠨᠡᠮᠡᠭᠳᠡᠭᠦᠯᠵᠦ᠂ ᠡᠭᠦᠨ ᠤ ᠤᠯᠠᠮ ᠠᠴᠠ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ | ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠬᠡᠯᠡᠪᠡ᠃ ᠳ᠋ᠦᠩ ᠹᠠᠩ ᠽᠢ | ᠲᠣᠰᠬᠤᠨ ᠤ ᠠᠷᠠᠳ ᠵᠧᠩ ᠵᠢᠶᠦ᠋ᠨ ᠷᠦ᠋ ᠨᠠᠷ ᠲᠠᠢ ᠶᠠᠷᠢᠯᠴᠠᠬᠤ ᠳᠤᠮᠳᠠ᠂ ᠵᠧᠩ ᠵᠢᠶᠦ᠋ᠨ ᠷᠦ᠋ ᠶᠢᠨ ᠡᠬᠡᠨᠡᠷ ᠨᠢ | ᠬᠦᠨᠳᠦ ᠡᠪᠡᠳᠴᠢᠨ ᠠᠴᠠ ᠪᠣᠯᠵᠤ ᠬᠢᠨᠠᠨ ᠬᠡᠮᠵᠢᠬᠦ ᠡᠲᠡᠭᠡᠳ ᠢᠶᠠᠷ ᠦᠨᠡᠯᠡᠭᠳᠡᠭᠰᠡᠨ ᠢ ᠣᠶᠢᠯᠠᠭᠠᠭᠰᠠᠨ ᠤ ᠳᠠᠷᠠᠭ᠎ᠠ᠂ | ᠶᠠᠩ ᠰᠢᠩ ᠱᠧᠩ ᠡᠮᠴᠢᠯᠡᠭᠡᠨ ᠤ ᠲᠠᠩᠰᠠ ᠲᠠᠶᠢᠯᠬᠤ᠂ ᠭᠡᠷ ᠪᠦᠯᠢ ᠶᠢᠨ ᠣᠷᠣᠯᠭ᠎ᠠ ᠵᠡᠷᠭᠡ ᠪᠠᠶᠢᠳᠠᠯ ᠢ ᠨᠠᠷᠢᠨ | ᠠᠰᠠᠭᠤᠨ ᠯᠠᠪᠯᠠᠵᠤ᠂ ᠵᠧᠩ ᠵᠢᠶᠦ᠋ᠨ ᠷᠦ᠋ ᠶᠢ ᠠᠮᠢᠳᠤᠷᠠᠯ ᠤᠨ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ | ᠪᠠᠲᠤᠳᠬᠠᠵᠤ᠂ ᠥᠪᠡᠷ ᠤᠨ ᠴᠢᠷᠮᠠᠶᠢᠯᠭ᠎ᠠ ᠪᠠ ᠲᠥᠷᠥ ᠶᠢᠨ ᠪᠣᠳᠣᠯᠭ᠎ᠠ ᠪᠠᠷ ᠬᠠᠪᠰᠤᠷᠤᠨ ᠲᠡᠳᠬᠦᠬᠦ ᠪᠠᠷ ᠳᠡᠮᠵᠢᠨ᠂ | ᠢᠷᠡᠭᠡᠳᠦᠢ ᠳᠤ ᠨᠠᠩ ᠰᠠᠶᠢᠨ ᠰᠠᠶᠢᠬᠠᠨ ᠠᠮᠢᠳᠤᠷᠠᠯ ᠡᠳ᠋ᠯᠡᠬᠦ ᠶᠢ ᠵᠣᠷᠢᠭᠵᠢᠭᠤᠯᠪᠠ᠃ | ᠪᠠᠶᠢᠴᠠᠭᠠᠨ ᠰᠤᠳᠤᠯᠤᠯᠲᠠ ᠬᠢᠬᠦ ᠵᠠᠮ ᠳᠠᠭᠠᠨ᠂ ᠶᠠᠩ ᠰᠢᠩ ᠱᠧᠩ ᠪᠠᠰᠠ ᠡᠯ ᠹᠧᠨ ᠽᠢ ᠰᠢᠶᠠᠩ ᠤᠨ ᠪᠥᠸᠧ | ᠱᠧᠩ ᠠᠭᠤᠷᠬᠠᠢ ᠶᠢᠨ ᠦᠢᠯᠡᠰ ᠲᠤ ᠭᠦᠨᠵᠡᠭᠡᠶᠢᠷᠡᠵᠦ᠂ ᠬᠢᠨᠠᠨ ᠡᠵᠡᠮᠳᠡᠬᠦ ᠲᠥᠪ᠂ ᠤᠬᠢᠶᠠᠵᠤ ᠰᠢᠯᠢᠬᠦ ᠦᠢᠯᠡᠳᠪᠦᠷᠢ | ᠪᠣᠯᠣᠨ ᠦᠯᠡᠳᠡᠭᠳᠡᠯ ᠬᠦᠳᠡᠷ ᠤᠨ ᠬᠥᠮᠥᠷᠭᠡ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠤᠷ ᠲᠦᠪᠰᠢᠨ ᠤ | ᠬᠠᠮᠢᠶᠠᠷᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠠᠵᠤ ᠠᠬᠤᠶᠢᠯᠠᠯ ᠤᠨ | ᠬᠢᠨ ᠠᠶᠤᠯᠭᠦᠢ ᠦᠢᠯᠡᠳᠪᠦᠷᠢᠯᠡᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠬᠤᠷᠢᠭ᠎ᠠ | ᠱᠤᠭᠤᠮ ᠤᠨ ᠰᠡᠳᠬᠢᠬᠦᠢ ᠪᠠᠨ ᠦᠨᠡᠨᠬᠦ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠠᠭ | ᠢᠮᠠᠭᠲᠠ ᠴᠢᠩᠭᠠᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠦᠢᠯᠡᠳᠪᠦᠷᠢᠯᠡᠯ ᠠᠮᠤᠷ ᠲᠦᠪᠰᠢᠨ ᠬᠤᠶᠠᠷ ᠢ ᠰᠠᠭᠠᠲᠠᠭᠠᠬᠤ ᠦᠭᠡᠢ᠂ ᠬᠥᠭᠵᠢᠭᠦᠯᠬᠦ ᠪᠠ | ᠬᠠᠮᠠᠭᠠᠯᠠᠬᠤ ᠶᠢ ᠵᠡᠷᠭᠡᠪᠡᠷ ᠴᠢᠬᠤᠯᠠᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢᠶᠠᠨ ᠤ ᠤᠳᠤᠷᠢᠳᠤᠯᠭ᠎ᠠ ᠶᠠᠩ ᠶᠦᠩ ᠭᠠᠩ᠂ ᡁᠢ ᠵᠢᠶᠠᠨ ᠭᠠᠩ᠂ ᠸᠠᠩ ᠳ᠋ᠧᠩ ᠯᠦᠩ ᠪᠣᠯᠣᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ︵ᠰᠣᠷᠪᠤᠯᠵᠢᠯᠠᠬᠴᠢ᠄ ᠵᠣᠤ ᠯᠢᠩ ᠾᠦᠢ ᠶᠠᠩ ᠵᠢᠶ᠋ᠧ︶ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |