ᠥᠪᠥᠷ ᠮᠣᠩᠭᠤᠯ ᠤᠨ 2024 ᠣᠨ ᠤ ᠡᠪᠦᠯ ᠤᠨ ᠤᠯᠠᠷᠢᠯ ᠤᠨ ᠵᠢᠭᠤᠯᠴᠢᠯᠠᠯ ᠡᠬᠢᠯᠡᠵᠡᠢ
ᠨᠡᠶᠢᠲᠡᠯᠡᠭᠰᠡᠨ ᠴᠠᠭ᠄
2024/11/4
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ  ᠤ ᠠᠯᠪᠠᠨ ᠭᠡᠷ ᠤᠨ 11 ᠰᠠᠷ᠎ᠠ ᠶᠢᠨ 1 ᠤ ᠡᠳᠦᠷ ᠡᠷᠭᠢᠯᠡᠨ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤ 2024 ᠣᠨ ᠤ ᠡᠪᠦᠯ ᠤᠨ ᠤᠯᠠᠷᠢᠯ ᠤᠨ ᠵᠢᠭᠤᠯᠴᠢᠯᠠᠯ ᠡᠩ ᠤᠨ ᠵᠢᠯ ᠤᠨ ᠬᠢ ᠠᠴᠠ 40 ᠡᠳᠦᠷ ᠤᠷᠢᠳᠴᠢᠯᠠᠨ ᠡᠬᠢᠯᠡᠵᠦ᠂ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ·ᠪᠠᠶᠠᠷ ᠪᠠᠶᠠᠰᠬᠤᠯᠠᠩᠲᠤ ᠮᠥᠰᠥ ᠴᠠᠰᠤᠨ ᠤ ᠵᠢᠭᠤᠯᠴᠢᠯᠠᠯ︾ ᠤᠨ ᠰᠢᠷᠢᠰ ᠠᠵᠢᠯᠯᠠᠭ᠎ᠠ ᠡᠨᠡ ᠵᠢᠯ ᠤᠨ 11 ᠰᠠᠷ᠎ᠠ ᠠᠴᠠ ᠢᠷᠡᠬᠦ ᠵᠢᠯ ᠤᠨ 3 ᠰᠠᠷ᠎ᠠ ᠪᠤᠯᠲᠠᠯ᠎ᠠ ᠪᠦᠲᠦᠨ 5 ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠬᠤ ᠪᠣᠯᠣᠨ᠎ᠠ᠃      ᠣᠶᠢᠯᠠᠭᠠᠭᠰᠠᠨ ᠢᠶᠠᠷ᠂ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ·ᠪᠠᠶᠠᠷ ᠪᠠᠶᠠᠰᠬᠤᠯᠠᠩᠲᠤ ᠮᠥᠰᠥ ᠴᠠᠰᠤᠨ  ᠤ ᠵᠢᠭᠤᠯᠴᠢᠯᠠᠯ︾ ᠤᠨ ᠰᠢᠷᠢᠰ ᠠᠵᠢᠯᠯᠠᠭ᠎ᠠ ᠨᠢ 3 ᠪᠦᠯᠦᠭ ᠢᠶᠠᠷ ᠪᠦᠷᠢᠯᠳᠦᠪᠡ᠃ ᠨᠢᠭᠡᠳᠦᠭᠡᠷ ᠪᠦᠯᠦᠭ ᠨᠢ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠤᠯᠠᠭᠠᠨᠴᠠᠪ ᠬᠤᠲᠠ ᠪᠠᠷ ᠭᠤᠣᠯᠳᠠᠯᠭ᠎ᠠ ᠪᠣᠯᠭᠠᠨ 11 ᠰᠠᠷ᠎ᠠ ᠶᠢᠨ 7 ᠠᠴᠠ ᠪᠦᠭᠦ ᠣᠷᠣᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠵᠢᠯᠯᠠᠭ᠎ᠠ ᠶᠢ ᠲᠦᠷᠦᠭᠦᠯᠡᠨ ᠡᠬᠢᠯᠡᠭᠦᠯᠦᠨ᠎ᠡ᠃ ᠡᠭᠦᠨ  ᠳᠤ ᠶᠠᠭᠰᠢ ᠬᠤᠳᠠ ᠳᠤ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ·ᠪᠠᠶᠠᠷ ᠪᠠᠶᠠᠰᠬᠤᠯᠠᠩᠲᠤ ᠮᠥᠰᠥ ᠴᠠᠰᠤᠨ ᠤ ᠵᠢᠭᠤᠯᠴᠢᠯᠠᠯ︾ ᠤᠨ ᠡᠭᠢᠯᠡᠯᠲᠡ ᠶᠢᠨ ᠶᠣᠰᠣᠯᠠᠯ ᠶᠠᠪᠤᠭᠤᠯᠵᠤ᠂ ᠭᠡᠭᠡᠨ ᠭᠤᠣᠯ ᠬᠤᠳᠠ ᠳᠤ ᠠᠷᠪᠠᠨ ᠨᠢᠭᠡᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠬᠦᠢᠲᠡᠨ ᠤ ᠲᠤᠶᠢᠯ ᠤᠨ ᠨᠠᠶᠢᠷ ᠬᠢᠵᠦ᠂ ᠷᠠᠰᠢᠶᠠᠨ ᠬᠤᠳᠠ ᠳᠤ ︽ᠲᠤᠮᠤᠭ  ᠤᠨ ᠨᠢᠭᠤᠴᠠ ᠣᠷᠣᠨ ᠷᠠᠰᠢᠶᠠᠨ·ᠡᠳᠦᠷ ᠪᠣᠯᠭᠠᠨ ᠮᠥᠰᠥ ᠴᠠᠰᠤᠨ ᠤ ᠨᠠᠶᠢᠷ︾ ᠤᠨ ᠡᠭᠢᠯᠡᠯᠳᠡ ᠶᠢᠨ ᠶᠣᠰᠣᠯᠠᠯ ᠶᠠᠪᠤᠭᠤᠯᠤᠨ᠎ᠠ᠃ ᠬᠤᠶᠠᠳᠤᠭᠠᠷ ᠪᠦᠯᠦᠭ ᠨᠢ ᠭᠦᠭᠡᠬᠤᠲᠠ᠂ ᠤᠯᠠᠭᠠᠨᠬᠠᠳᠠ ᠬᠤᠲᠠ᠂ ᠪᠤᠭᠤᠲᠤ ᠬᠤᠲᠠ᠂ ᠣᠷᠳᠣᠰ ᠬᠤᠲᠠ ᠪᠠᠷ ᠭᠤᠣᠯᠳᠠᠯᠭ᠎ᠠ ᠪᠣᠯᠭᠠᠨ 11 ᠰᠠᠷ᠎ᠠ ᠶᠢᠨ 20 ᠠᠴᠠ ᠮᠥᠰᠥ ᠴᠠᠰᠤᠨ ᠤ ᠵᠢᠭᠤᠯᠴᠢᠯᠠᠯ ᠤᠨ ᠠᠯᠢ ᠣᠯᠠᠨ ᠦᠢᠯᠡᠳᠬᠦᠨ ᠭᠠᠷᠭᠠᠨ᠎ᠠ᠃ ᠡᠭᠦᠨ ᠳᠤ ᠭᠦᠭᠡᠬᠤᠲᠠ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ·ᠪᠠᠶᠠᠷ ᠪᠠᠶᠠᠰᠬᠤᠯᠠᠩᠲᠤ ᠮᠥᠰᠥ ᠴᠠᠰᠤᠨ ᠤ ᠵᠢᠭᠤᠯᠴᠢᠯᠠᠯ︾ ᠮᠥᠰᠥ ᠴᠠᠰᠤᠨ ᠤ ᠨᠠᠶᠢᠷ᠂ ᠪᠤᠭᠤᠲᠤ ᠬᠤᠲᠠ ︽ᠬᠠᠲᠤᠨ ᠭᠤᠣᠯ ᠢ ᠰᠣᠨᠢᠷᠬᠠᠵᠤ ᠪᠤᠭᠤᠲᠤ ᠶᠢᠨ ᠰᠥᠩ ᠬᠠᠯᠢᠶ᠎ᠠ ᠶᠢ ᠰᠣᠨᠢᠷᠬᠠᠶ᠎ᠠ︾ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠵᠦ᠂ ᠣᠷᠳᠣᠰ ᠬᠤᠲᠠ ᠳᠤᠯᠠᠭᠠᠨ ᠬᠤᠲᠠ ᠶᠢᠨ ᠮᠥᠰᠥ ᠴᠠᠰᠤᠨ ᠤ ᠨᠠᠭᠠᠳᠤᠮ᠂ ᠮᠥᠰᠥ ᠴᠠᠰᠤᠨ ᠤ ᠲᠠᠮᠢᠷ  ᠤᠨ ᠬᠥᠳᠡᠯᠭᠡᠭᠡᠨ᠂ ᠪᠢᠴᠢᠯ ᠵᠦᠴᠦᠭᠡ ᠶᠢ ᠲᠠᠭᠠᠨ ᠴᠠᠨᠠᠯᠠᠵᠦ ᠵᠢᠭᠤᠯᠴᠢᠯᠠᠬᠤ ᠵᠡᠷᠭᠡ ᠲᠥᠷᠥᠯ ᠵᠦᠢᠯ ᠢ ᠭᠤᠣᠯᠳᠠᠯᠭ᠎ᠠ  ᠲᠠᠢ ᠡᠷᠭᠢᠯᠡᠨ᠎ᠠ᠃ ᠭᠤᠷᠪᠠᠳᠤᠭᠠᠷ ᠪᠦᠯᠦᠭ ᠲᠤ ᠲᠦᠩᠯᠢᠶᠣᠣ ᠬᠤᠲᠠ᠂ ᠰᠢᠯᠢ ᠶᠢᠨ ᠭᠤᠣᠯ ᠠᠶᠢᠮᠠᠭ᠂ ᠪᠠᠶᠠᠨᠨᠠᠭᠤᠷ ᠬᠤᠲᠠ᠂ ᠦᠬᠠᠢ ᠬᠤᠲᠠ᠂ ᠠᠯᠠᠱᠠ ᠠᠶᠢᠮᠠᠭ ᠵᠡᠷᠭᠡ 5 ᠠᠶᠢᠮᠠᠭ ᠬᠤᠲᠠ 12 ᠰᠠᠷ᠎ᠠ ᠶᠢᠨ 1 ᠤ ᠡᠳᠦᠷ ᠠᠴᠠ ᠡᠬᠢᠯᠡᠨ ᠮᠥᠰᠥ ᠴᠠᠰᠤᠨ ᠤ ᠵᠢᠭᠤᠯᠴᠢᠯᠠᠯ ᠤᠨ ᠰᠢᠷᠢᠰ ᠠᠵᠢᠯᠯᠠᠭ᠎ᠠ ᠥᠷᠨᠢᠭᠦᠯᠦᠨ᠎ᠡ᠃ ᠡᠭᠦᠨ ᠳᠤ ᠲᠦᠩᠯᠢᠶᠣᠣ ᠬᠤᠲᠠ ᠮᠥᠰᠥ ᠴᠠᠰᠤᠨ ᠤ ᠴᠤᠭᠯᠠᠭᠠᠨ ᠡᠷᠭᠢᠯᠡᠵᠦ᠂ ᠰᠢᠯᠢ ᠶᠢᠨ ᠭᠤᠣᠯ ᠠᠶᠢᠮᠠᠭ ᠡᠪᠦᠯ ᠤᠨ ᠤᠯᠠᠷᠢᠯ ᠤᠨ ᠮᠥᠰᠥᠨ ᠳᠡᠭᠡᠷᠡᠬᠢ ᠯᠤᠤᠲᠤ ᠣᠩᠭᠤᠴᠠ ᠪᠠ ᠬᠤᠯᠠᠨ ᠰᠢᠷᠭ᠎ᠠ ᠲᠠᠭ᠎ᠠ ᠶᠢᠨ ᠡᠯᠡᠰᠦᠨ ᠴᠥᠯ ᠢ ᠳᠤᠭᠤᠯᠬᠤ ᠠᠵᠢᠯᠯᠠᠭ᠎ᠠ ᠡᠷᠭᠢᠯᠡᠨ᠎ᠠ᠃ ᠪᠠᠶᠠᠨᠨᠠᠭᠤᠷ ᠬᠤᠲᠠ ︽ᠮᠥᠰᠥᠲᠦ ᠳᠡᠯᠡᠬᠡᠢ ᠪᠣᠷᠣᠳᠣᠬᠤᠢ ᠴᠠᠰᠤᠲᠤ ᠠᠭᠤᠯᠠ ᠮᠤᠨᠢ︾ ᠮᠥᠰᠥ ᠴᠠᠰᠤᠨ  ᠤ ᠵᠢᠭᠤᠯᠴᠢᠯᠠᠯ ᠤᠨ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠬᠦ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号