11 ᠰᠠᠷ᠎ᠠ ᠶᠢᠨ 5 ᠤ ᠡᠳᠦᠷ᠂ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ 2024 ᠣᠨ ᠤ 17 ᠳ᠋ᠤᠭᠠᠷ ᠤᠳᠠᠭ᠎ᠠ ᠶᠢᠨ ᠬᠤᠷᠠᠯ ᠵᠢᠴᠢ 8 ᠳ᠋ᠤᠭᠠᠷ | ᠤᠳᠠᠭ᠎ᠠ ᠶᠢᠨ ᠤᠨᠤᠯ ᠰᠣᠷᠣᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ | ᠬᠤᠷᠠᠯᠳᠤᠭᠤᠯᠵᠤ᠂ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠲᠡᠰ ᠤᠨ ᠭᠤᠣᠯ | ᠤᠳᠤᠷᠢᠳᠬᠤ ᠺᠠᠳ᠋ᠷᠴᠤᠳ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ | ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ | ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠨᠠᠮ ᠤᠨ ᠲᠥᠪ ᠬᠤᠷᠢᠶᠠᠨ ᠤ ᠤᠯᠤᠰ | ᠲᠦᠷᠦ ᠶᠢᠨ ᠲᠣᠪᠴᠢᠶᠠᠨ ᠤ ᠠᠷᠪᠠᠨ ᠳᠣᠯᠣᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠪᠣᠯᠣᠨ 10 ᠰᠠᠷ᠎ᠠ ᠶᠢᠨ 28 ᠤ ᠡᠳᠦᠷ ᠤᠨ ᠨᠠᠮ ᠤᠨ ᠲᠥᠪ ᠬᠤᠷᠢᠶᠠᠨ ᠤ ᠤᠯᠤᠰ | ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠳᠡᠭᠡᠷ᠎ᠡ᠂ ᠬᠡᠰᠡᠭ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠭᠦᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠤᠨ | ᠲᠣᠭᠤᠷᠢᠨ ᠳᠤ᠂ ᠲᠣᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠠᠨᠠᠯ ᠢᠶᠠᠨ | ᠰᠣᠯᠢᠯᠴᠠᠵᠤ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠳᠤ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠶᠢ ᠭᠦᠨᠵᠡᠭᠡᠢ ᠣᠶᠢᠯᠠᠭᠠᠨ ᠡᠵᠡᠮᠰᠢᠵᠦ᠂ | ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ | ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠣᠯᠣᠨ ᠰᠢᠶᠠᠨ ᠤ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢᠨ ᠲᠤᠬᠠᠢ | ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ ᠪᠦᠬᠦ ᠰᠢᠶᠠᠨ ᠤ ᠥᠭᠡᠷᠡᠴᠢᠯᠡᠯᠲᠡ ᠶᠢᠨ ᠵᠥᠪ ᠴᠢᠭᠯᠡᠯ ᠢᠶᠠᠷ ᠯᠠᠪᠳᠠᠭᠤᠨ ᠢᠶᠠᠷ | ᠬᠤᠯᠠ ᠠᠶᠠᠯᠠᠬᠤ ᠶᠢ ᠠᠬᠢᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ | ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠡᠯ᠎ᠡ ᠱᠠᠲᠤᠨ ᠤ | ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ︽ᠰᠡᠭᠦᠯᠴᠢ ᠶᠢᠨ ᠬᠠᠭᠠᠰ ᠠᠵᠢᠯ︾ ᠢ ᠰᠠᠶᠢᠲᠤᠷ | ᠬᠢᠵᠦ᠂ ᠠᠰᠠᠭᠤᠳᠠᠯ ᠢ ᠪᠣᠳᠠᠲᠠᠢ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠪᠦᠬᠦ ᠰᠢᠶᠠᠨ ᠢᠶᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠭᠤᠶᠢᠪᠢᠰᠢ ᠦᠭᠡᠢ ᠪᠠᠷᠢᠮᠲᠠᠯᠠᠵᠤ᠂ ︽ᠪᠣᠳᠠᠲᠠᠢ | ᠲᠥᠷᠥᠭᠳᠡᠯ ᠲᠠᠢ ᠪᠦᠲᠦᠮᠵᠢᠲᠡᠢ ᠪᠠᠶᠢᠬᠤ︾ ᠶᠢᠨ ᠲᠣᠭᠤᠷᠢᠨ ᠳᠤ᠂ ᠤᠨᠤᠯ ᠤᠨ ᠰᠤᠷᠤᠯᠴᠠᠯᠭ᠎ᠠ ᠪᠣᠯᠣᠨ | ᠦᠢᠯᠡᠳᠦᠯᠭᠡ ᠶᠢᠨ ᠰᠦᠪᠡᠭᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ | ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠪᠣᠯᠣᠨ ᠨᠠᠮ ᠤᠨ ᠪᠠᠶᠢᠭᠤᠯᠤᠯᠲᠠ ᠲᠠᠢ ᠠᠭᠤᠰᠤᠯᠴᠠᠭᠤᠯᠵᠤ᠂ ᠡᠯ᠎ᠡ ᠵᠦᠢᠯ ᠤᠨ ᠡᠳᠦᠷ | ᠳᠤᠳᠤᠮ ᠤᠨ ᠠᠵᠢᠯ ᠳᠤ ᠨᠠᠷᠢᠨ ᠨᠢᠮᠪᠠᠢ ᠠᠭᠤᠰᠤᠯᠴᠠᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ ᠳᠤ ᠦᠴᠦᠸᠠᠨ ᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠢ | ᠭᠡᠵᠦ ᠱᠠᠭᠠᠷᠳᠠᠪᠠ᠃ ︵ᠰᠤᠷᠪᠤᠯᠵᠢᠯᠠᠭᠴᠢ᠄ ᠯᠢᠦᠢ ᠫᠢᠩ ᠫᠢᠩ ᠵᠠᠩ ᠵᠠᠨ ᠹᠧᠩ︶ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |