ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/6
     11 ᠰᠠᠷ᠎ᠠ ᠶᠢᠨ 5 ᠤ ᠡᠳᠦᠷ᠂ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ 2024 ᠣᠨ ᠤ 32 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠦᠴᠦᠸᠠᠨ ᠰᠢᠶᠠᠨ ᠤ ᠠᠶᠤᠯᠭᠦᠢ ᠦᠢᠯᠡᠳᠪᠦᠷᠢᠯᠡᠯ ᠪᠣᠯᠣᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠪᠦᠬᠦ ᠰᠢᠶᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠥᠪᠡᠷ ᠢ ᠪᠠᠨ ᠪᠠᠶᠢᠴᠠᠭᠠᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠳᠤᠲᠠᠭᠤᠳᠠᠯ ᠪᠠᠭᠤᠷᠠᠢ ᠲᠠᠯ᠎ᠠ ᠪᠠᠨ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠭᠠᠯ ᠤᠨᠲᠠᠷᠠᠭᠠᠬᠤ ᠠᠮᠤᠷ ᠲᠦᠪᠰᠢᠨ᠂ ᠤᠢ ᠰᠢᠭᠤᠢ ᠶᠢᠨ ᠭᠠᠯ ᠰᠡᠷᠭᠡᠶᠢᠯᠡᠬᠦ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠠᠵᠢᠯ ᠵᠡᠷᠭᠡ ᠬᠦᠷᠢᠶᠡᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠭᠡᠮ ᠰᠣᠭᠤᠭ ᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠵᠢᠯ ᠤᠨ ᠠᠷᠭ᠎ᠠ ᠬᠡᠮᠵᠢᠶ᠎ᠡ ᠪᠠᠨ ᠰᠢᠨᠵᠢᠯᠡᠬᠦ ᠤᠬᠠᠭᠠᠨᠴᠢ ᠪᠠᠷ ᠤᠨᠢᠨ ᠳᠡᠭᠡᠷ᠎ᠡ ᠨᠢ ᠲᠣᠭᠲᠠᠭᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠮᠤᠷ ᠲᠦᠪᠰᠢᠨ ᠤ ᠭᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮᠤᠷ ᠡᠪᠦᠯ ᠤᠨ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠵᠦ᠂ ᠬᠤᠷᠢᠭ᠎ᠠ ᠱᠤᠭᠤᠮ ᠢ ᠪᠠᠲᠤ ᠰᠠᠬᠢᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠪᠦᠬᠦ ᠰᠢᠶᠠᠨ ᠢᠶᠠᠷ ᠢᠶᠠᠨ ᠬᠦᠴᠢᠷ ᠢ ᠰᠥᠷᠦᠨ ᠤᠷᠤᠭᠰᠢᠯᠠᠵᠤ᠂ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠰᠢᠪᠲᠤᠯᠤᠯᠲᠠ ᠶᠢᠨ ᠪᠠᠶᠢᠳᠠᠯ ᠢᠶᠠᠷ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠥᠭᠵᠢᠯᠲᠡ ᠶᠢ ᠬᠠᠮᠲᠤᠪᠠᠷ ᠠᠳᠬᠤᠵᠤ᠂ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠬᠤ ᠶᠢ ᠪᠠᠷᠢᠮᠲᠠᠯᠠᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠬᠦ ᠵᠡᠷᠭᠡ ᠪᠤᠰᠤᠳ ᠶᠠᠪᠤᠳᠠᠯ ᠢ ᠰᠤᠳᠤᠯᠪᠠ᠃  ︵ᠰᠤᠷᠪᠤᠯᠵᠢᠯᠠᠭᠴᠢ᠄ ᠯᠢᠦᠢ ᠫᠢᠩ ᠫᠢᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号