ᠦᠴᠦᠸᠠᠨ ᠰᠢᠶᠠᠨ ᠤ 2 ᠵᠦᠢᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠢ ᠬᠥᠬᠡᠬᠤᠲᠠ ᠶᠢᠨ ᠶᠢᠰᠦᠳᠦᠭᠡᠷ ᠪᠦᠯᠦᠭ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠳᠤ ᠵᠢᠭᠰᠠᠭᠠᠨ ᠣᠷᠣᠭᠤᠯᠪᠠ
ᠨᠡᠶᠢᠲᠡᠯᠡᠭᠰᠡᠨ ᠴᠠᠭ᠄
2024/11/7
     ᠣᠶᠢᠷ᠎ᠠ ᠶᠢᠨ ᠡᠳᠦᠷ᠂ ᠬᠥᠬᠡᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠠᠴᠠ ᠪᠠᠶᠠᠷ ᠤᠨ ᠴᠢᠮᠡᠭᠡ ᠢᠷᠡᠭᠦᠯᠵᠦ᠂ ᠦᠴᠦᠸᠠᠨ ᠰᠢᠶᠠᠨ ᠤ ᠬᠤᠶᠠᠷ ᠵᠦᠢᠯ ᠤᠨ ᠣᠨᠴᠠᠯᠢᠭᠲᠤ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ︱ ᠷᠧᠨ ᠣᠪᠣᠭᠲᠤ ᠶᠢᠨ ᠬᠢᠲᠠᠳ ᠡᠮᠨᠡᠯᠭᠡ ᠶᠢᠨ ᠵᠡᠭᠦᠦ ᠲᠥᠭᠡᠨᠡᠯᠭᠡ ᠶᠢᠨ ᠴᠢᠬᠢᠨ ᠪᠠᠯᠴᠢᠷ ᠤᠨ ᠵᠠᠰᠠᠯᠭ᠎ᠠ ᠪᠣᠯᠣᠨ ᠦᠴᠦᠸᠠᠨ ᠤ ᠠᠷᠠᠰᠤᠨ ᠡᠳ᠋ᠯᠡᠯ ᠦᠢᠯᠡᠳᠬᠦ ᠤᠷ᠎ᠠ ᠮᠡᠷᠭᠡᠵᠢᠯ ᠢ ᠬᠤᠲᠠ ᠶᠢᠨ ᠶᠢᠰᠦᠳᠦᠭᠡᠷ ᠪᠦᠯᠦᠭ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠤᠨ ᠨᠡᠷᠡᠰ ᠲᠤ ᠠᠮᠵᠢᠯᠲᠠ ᠲᠠᠢ ᠪᠠᠷ ᠣᠷᠣᠭᠤᠯᠪᠠ᠂ ᠡᠨᠡ ᠨᠢ ᠦᠴᠦᠸᠠᠨ ᠰᠢᠶᠠᠨ ᠤ ᠰᠣᠶᠣᠯ ᠢ ᠤᠯᠠᠮᠵᠢᠯᠠᠨ ᠵᠠᠯᠭᠠᠮᠵᠢᠯᠠᠵᠤ ᠬᠥᠭᠵᠢᠭᠦᠯᠬᠦ ᠠᠬᠢᠴᠠ ᠶᠢᠨ ᠳᠣᠲᠣᠷᠠᠬᠢ ᠨᠢᠭᠡᠨ ᠶᠡᠭᠡ ᠭᠢᠯᠠᠰ ᠴᠡᠭ ᠪᠣᠯᠬᠤ ᠶᠤᠮ᠃
     ᠷᠧᠨ ᠣᠪᠣᠭᠲᠤ ᠶᠢᠨ ᠬᠢᠲᠠᠳ ᠡᠮᠨᠡᠯᠭᠡ ᠶᠢᠨ ᠵᠡᠭᠦᠦ ᠲᠥᠭᠡᠨᠡᠯᠭᠡ ᠶᠢᠨ ᠴᠢᠬᠢᠨ ᠪᠠᠯᠴᠢᠷ ᠤᠨ ᠵᠠᠰᠠᠯᠭ᠎ᠠ ᠨᠢ ᠦᠴᠦᠸᠠᠨ ᠰᠢᠶᠠᠨ ᠳᠤ ᠣᠯᠠᠨ ᠵᠢᠯ ᠤᠯᠠᠮᠵᠢᠯᠠᠭᠳᠠᠵᠤ᠂ ᠣᠯᠠᠨ ᠦᠶ᠎ᠡ ᠶᠢᠨ ᠡᠮᠴᠢ ᠶᠢᠨ ᠣᠶᠤᠨ ᠤᠬᠠᠭᠠᠨ ᠪᠠ ᠲᠤᠷᠰᠢᠯᠭ᠎ᠠ ᠶᠢ ᠠᠭᠤᠯᠵᠤ ᠪᠠᠶᠢᠳᠠᠭ᠃ ᠡᠨᠡ ᠬᠦ ᠵᠠᠰᠠᠯᠭ᠎ᠠ ᠨᠢ ᠬᠢᠲᠠᠳ ᠡᠮᠨᠡᠯᠭᠡ ᠶᠢᠨ ᠰᠤᠳᠠᠯ ᠤᠨ ᠦᠵᠡᠯᠲᠡ ᠪᠠᠷ ᠤᠨᠤᠯ ᠤᠨ ᠰᠠᠭᠤᠷᠢ ᠪᠤᠯᠭᠠᠵᠤ᠂ ᠴᠢᠬᠢᠨ ᠤ ᠬᠡᠰᠡᠭ ᠲᠤ ᠤᠨᠤᠪᠴᠢᠳᠠᠢ ᠰᠡᠳᠡᠯᠲᠡ ᠥᠭᠬᠦ ᠪᠠᠷ ᠳᠠᠮᠵᠢᠭᠤᠯᠵᠤ᠂ ᠴᠢᠰᠤ ᠲᠠᠮᠢᠷ ᠢ ᠨᠢ ᠲᠣᠬᠢᠷᠠᠭᠤᠯᠬᠤ᠂ ᠰᠤᠳᠠᠯ ᠰᠠᠯᠳᠡᠷ ᠢ ᠰᠢᠯᠤᠭᠤᠳᠬᠠᠬᠤ᠂ ᠳᠣᠲᠣᠷ ᠡᠷᠬᠡᠲᠡᠨ ᠢ ᠲᠡᠩᠴᠡᠭᠦᠯᠬᠦ ᠵᠡᠷᠭᠡ ᠦᠢᠯᠡᠳᠦᠯ ᠦᠵᠡᠭᠦᠯᠵᠦ᠂ ᠤᠯᠠᠨ ᠡᠪᠡᠳᠴᠢᠨ ᠤ ᠡᠮᠴᠢᠯᠡᠭᠡ ᠪᠠ ᠵᠣᠬᠢᠴᠠᠭᠤᠯᠭ᠎ᠠ ᠶᠢᠨ ᠲᠠᠯ᠎ᠠ ᠪᠠᠷ ᠥᠪᠡᠷᠮᠢᠴᠡ ᠳᠠᠪᠠᠭᠤᠯᠢᠭ ᠢᠶᠠᠨ ᠢᠯᠡᠷᠡᠭᠦᠯᠵᠡᠢ᠃ ᠲᠡᠷᠡ ᠤᠯᠠᠮᠵᠢᠯᠠᠯᠲᠤ ᠬᠢᠲᠠᠳ ᠡᠮᠴᠢ ᠶᠢ ᠪᠢᠰᠢᠷᠡᠨ ᠵᠢᠷᠦᠬᠡᠰᠢᠶᠡᠬᠦ ᠰᠡᠳᠬᠢᠯ ᠢ ᠪᠠᠷᠢᠮᠲᠠᠯᠠᠵᠤ᠂ ᠡᠨᠡᠬᠦ ᠠᠷᠭ᠎ᠠ ᠶᠢ ᠲᠠᠰᠤᠷᠠᠯᠲᠠ ᠦᠭᠡᠢ ᠰᠤᠳᠤᠯᠤᠨ ᠲᠡᠭᠦᠯᠳᠡᠷᠵᠢᠭᠦᠯᠵᠡᠢ᠃ ᠣᠳᠣᠬᠠᠨ ᠳᠤ ᠡᠷᠡᠭᠦᠯ ᠮᠡᠨᠳᠦ ᠪᠡᠶ᠎ᠡ ᠰᠤᠪᠢᠯᠠᠯᠲᠠ ᠶᠢ ᠴᠢᠬᠤᠯᠠᠴᠢᠯᠠᠬᠤ ᠴᠠᠭ ᠦᠶ᠎ᠡ ᠶᠢᠨ ᠠᠬᠤᠢ ᠪᠠᠶᠢᠳᠠᠯ ᠳᠣᠣᠷ᠎ᠠ᠂ ᠷᠧᠨ ᠣᠪᠣᠭᠲᠤ ᠶᠢᠨ ᠬᠢᠲᠠᠳ ᠡᠮᠨᠡᠯᠭᠡ ᠶᠢᠨ ᠵᠡᠭᠦᠦ ᠲᠥᠭᠡᠨᠡᠯᠭᠡ ᠶᠢᠨ ᠴᠢᠬᠢᠨ ᠪᠠᠯᠴᠢᠷ ᠤᠨ ᠵᠠᠰᠠᠯᠭ᠎ᠠ ᠨᠢ ᠨᠡᠩ ᠣᠯᠠᠨ ᠡᠪᠡᠳᠴᠢᠲᠡᠨ ᠤ ᠵᠥᠪᠰᠢᠶᠡᠷᠡᠯ ᠪᠠ ᠢᠲᠡᠭᠡᠯ ᠢ ᠣᠯᠵᠤ ᠪᠠᠶᠢᠨ᠎ᠠ᠂ ᠲᠤᠰ ᠤᠳᠠᠭ᠎ᠠ ᠬᠥᠬᠡᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠤᠨ ᠨᠡᠷᠡᠰ ᠲᠤ ᠰᠣᠩᠭᠤᠭᠳᠠᠨ ᠣᠷᠣᠭᠰᠠᠨ ᠨᠢ ᠲᠡᠭᠦᠨ ᠢ ᠨᠡᠩ ᠥᠷᠭᠡᠨ ᠳᠡᠯᠭᠡᠷ ᠠᠩᠬᠠᠷᠤᠯ ᠪᠠ ᠳᠡᠯᠭᠡᠷᠡᠭᠦᠯᠦᠯᠲᠡ ᠪᠠᠷ ᠨᠡᠩ ᠣᠯᠠᠨ ᠬᠥᠮᠥᠨ ᠳᠤ ᠡᠨᠡ ᠬᠦ ᠤᠯᠠᠮᠵᠢᠯᠠᠯᠲᠤ ᠬᠢᠲᠠᠳ ᠡᠮᠨᠡᠯᠭᠡ ᠶᠢᠨ ᠣᠶᠤᠨ ᠤᠬᠠᠭᠠᠨ ᠢ ᠬᠦᠷᠲᠡᠭᠡᠬᠦ ᠪᠣᠯᠣᠨ᠎ᠠ᠃      ᠤᠷᠠᠨ ᠳᠠᠷᠬᠠᠳ ᠤᠷᠠᠨ ᠨᠠᠷᠢᠨ ᠤᠷ᠎ᠠ ᠮᠡᠷᠭᠡᠵᠢᠯ ᠳᠡᠭᠡᠨ ᠲᠦᠰᠢᠭᠯᠡᠨ᠂ ᠡᠩ ᠤᠨ ᠠᠷᠠᠰᠤᠨ ᠡᠳ᠋ᠯᠡᠯ ᠢ ᠨᠠᠷᠢᠯᠢᠭ ᠰᠠᠶᠢᠬᠠᠨ ᠠᠷᠠᠰᠤᠨ ᠡᠳ᠋ᠯᠡᠯ ᠪᠣᠯᠭᠠᠵᠠᠢ᠃ ᠠᠷᠠᠰᠤ ᠰᠢᠷᠢ ᠰᠣᠩᠭᠤᠭᠰᠠᠨ ᠮᠠᠲ᠋ᠧᠷᠢᠶᠠᠯ᠂ ᠡᠰᠬᠡᠵᠦ ᠣᠶᠣᠬᠤ ᠬᠦᠷᠳᠡᠯ᠎ᠠ᠂ ᠠᠵᠢᠯ ᠤᠨ ᠳᠠᠷᠠᠭᠠᠯᠠᠯ ᠪᠦᠷᠢ ᠨᠢ ᠤᠷᠠᠨ ᠳᠠᠷᠬᠠᠳ ᠤᠨ ᠤᠷᠠᠨ ᠳᠠᠷᠬᠠᠨ ᠤ ᠰᠠᠨᠠᠭ᠎ᠠ ᠠᠬᠤᠭᠤᠯᠤᠭᠳᠠᠵᠤ ᠪᠠᠶᠢᠳᠠᠭ᠃ ᠠᠷᠠᠰᠤᠨ ᠡᠳ᠋ᠯᠡᠯ ᠨᠢ ᠬᠡᠷᠡᠭᠯᠡᠭᠡᠨ ᠤ ᠴᠢᠨᠠᠷ ᠢ ᠴᠢᠬᠤᠯᠠᠴᠢᠯᠠᠬᠤ ᠪᠠᠷ ᠪᠠᠷᠠᠬᠤ ᠦᠭᠡᠢ᠂ ᠨᠡᠩ ᠴᠤ ᠭᠠᠳᠠᠷ ᠳᠦᠷᠰᠦ ᠶᠢᠨ ᠵᠢᠷᠤᠭ ᠲᠥᠯᠥᠪᠯᠡᠭᠡ ᠶᠢᠨ ᠲᠠᠯ᠎ᠠ ᠪᠠᠷ ᠲᠤᠬᠠᠢ ᠶᠢᠨ ᠭᠠᠵᠠᠷ ᠤᠨ ᠣᠨᠴᠠᠯᠢᠭ ᠪᠠ ᠦᠨᠳᠦᠰᠦᠲᠡᠨ ᠤ ᠵᠠᠩ ᠦᠢᠯᠡ ᠶᠢ ᠢᠯᠡᠷᠡᠭᠦᠯᠵᠦ᠂ ᠲᠤᠶᠢᠯ ᠤᠨ ᠥᠨᠳᠥᠷ ᠤᠷᠠᠯᠢᠭ ᠤᠨ ᠦᠨ᠎ᠡ ᠥᠷᠲᠡᠭ ᠲᠠᠢ ᠶᠤᠮ᠃ ᠲᠣᠰ ᠤᠳᠠᠭ᠎ᠠ ᠰᠣᠩᠭᠤᠭᠳᠠᠨ ᠣᠷᠣᠭᠰᠠᠨ ᠨᠢ ᠦᠴᠦᠸᠠᠨ ᠤ ᠠᠷᠠᠰᠤᠨ ᠡᠳ᠋ᠯᠡᠯ ᠦᠢᠯᠡᠳᠬᠦ ᠤᠷ᠎ᠠ ᠮᠡᠷᠭᠡᠵᠢᠯ ᠤᠨ ᠤᠯᠠᠮᠵᠢᠯᠠᠯ ᠪᠠ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠲᠡᠭᠦᠨ ᠢ ᠨᠠᠩ ᠶᠡᠭᠡ ᠲᠠᠪᠴᠠᠩ ᠳᠡᠭᠡᠷ᠎ᠡ ᠥᠪᠡᠷᠮᠢᠴᠡ ᠷᠢᠳᠢ ᠰᠢᠳᠢ ᠶᠢ ᠢᠯᠡᠷᠡᠭᠦᠯᠬᠦ ᠪᠣᠯᠣᠨ᠎ᠠ᠃
     ᠪᠣᠳᠠᠰ ᠤᠨ ᠪᠤᠰᠤ ᠰᠣᠶᠣᠯ ᠤᠨ ᠥᠪ ᠪᠣᠯ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯᠣᠨ᠎ᠠ᠂ ᠡᠭᠦᠨ ᠤ ᠬᠠᠮᠲᠤ ᠪᠠᠰᠠ ︽ᠤᠮᠠᠷᠠᠲᠤ ᠬᠢᠯᠢ ᠶᠢᠨ ᠰᠣᠶᠣᠯ︾ ᠤᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠂ ᠦᠴᠦᠸᠠᠨ ᠰᠢᠶᠠᠨ ᠤᠮᠠᠷᠠᠲᠤ ᠬᠢᠯᠢ ᠶᠢᠨ ᠰᠣᠶᠣᠯ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭ ᠢ ᠢᠳᠡᠪᠬᠢᠲᠡᠢ ᠪᠠᠷ ᠪᠣᠶ ᠪᠣᠯᠭᠠᠵᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠴᠢᠩᠭᠠᠳᠬᠠᠵᠤ᠂ ᠬᠠᠮᠠᠭᠠᠯᠠᠬᠤ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠵᠦ᠂ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠲᠡᠭᠡᠷ ᠬᠤᠪᠣᠷ ᠨᠠᠨᠳᠢᠨ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠥᠭᠵᠢᠭᠦᠯᠬᠦ ᠪᠣᠯᠣᠨ᠎ᠠ᠃  ︵ᠰᠤᠷᠪᠤᠯᠵᠢᠯᠠᠭᠴᠢ᠄ ᠶᠠᠩ ᠯᠢ ᠹᠠᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号