11 ᠰᠠᠷ᠎ᠠ ᠶᠢᠨ 6 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ | ᠳᠤᠭᠤᠶᠢᠯᠠᠩ 2024 ᠣᠨ ᠤ 13 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ | ᠬᠤᠷᠠᠯᠳᠤᠭᠤᠯᠵᠤ᠂ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠠᠨᠠᠯ ᠢᠶᠠᠨ | ᠰᠣᠯᠢᠯᠴᠠᠵᠤ ᠰᠤᠳᠤᠯᠤᠨ ᠶᠠᠷᠢᠯᠴᠠᠵᠤ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠬᠤᠷᠠᠯ ᠢ | ᠡᠷᠬᠢᠯᠡᠵᠤ ᠶᠠᠷᠢᠶ᠎ᠠ ᠲᠠᠯᠪᠢᠪᠠ᠃ | ᠬᠤᠷᠠᠯ ᠳᠡᠭᠡᠷ᠎ᠡ᠂ ᠬᠡᠰᠡᠭ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠪᠦᠷᠢᠯᠳᠦᠭᠦᠨ ᠨᠠᠷ ᠰᠤᠷᠤᠯᠴᠠᠭᠰᠠᠨ | ᠣᠶᠢᠯᠠᠭᠠᠯᠲᠠ᠂ ᠲᠤᠰ ᠪᠡᠶ᠎ᠡ ᠶᠢᠨ ᠦᠵᠡᠯ ᠰᠠᠨᠠᠭ᠎ᠠ ᠪᠣᠯᠣᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃ | ᠬᠤᠷᠠᠯ ᠠᠴᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠣᠯ ᠨᠠᠮ ᠤᠨ ᠨᠢᠭᠡ ᠵᠦᠢᠯ ᠤᠨ ᠲᠤᠶᠢᠯ ᠤᠨ | ᠴᠢᠬᠤᠯᠠ ᠠᠵᠢᠯ ᠪᠣᠯᠣᠨ᠎ᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠪᠦᠬᠦ ᠲᠠᠯ᠎ᠠ ᠶᠢᠨ ᠠᠵᠢᠯ ᠤᠨ ᠲᠣᠪᠣᠶᠢᠮ᠎ᠠ | ᠪᠠᠶᠢᠷᠢᠨ ᠳᠤ ᠲᠠᠯᠪᠢᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠵᠢᠭᠰᠠᠭᠠᠯ ᠤᠨ | ᠭᠠᠵᠠᠷ ᠤᠨ ᠪᠦᠲᠦᠭᠡᠨ ᠪᠠᠶᠢᠭᠤᠯᠤᠯᠲᠠ ᠳᠤ ᠬᠦᠴᠦ ᠪᠠᠨ ᠲᠥᠪᠯᠡᠷᠡᠭᠦᠯᠵᠦ᠂ ᠰᠦᠯᠵᠢᠶᠡᠨ ᠤ ᠶᠡᠷᠦᠩᠬᠡᠶᠢᠯᠡᠭᠰᠡᠨ | ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ᠃ ︽ᠦᠴᠦᠸᠠᠨ ᠤ | ᠰᠠᠭᠤᠭᠳᠠᠯ︾᠂ ︽ᠠᠮᠢᠵᠢᠷᠠᠯ ᠤᠨ ᠬᠦᠴᠦᠨ ᠲᠠᠢ ᠦᠴᠦᠸᠠᠨ︾ ᠵᠡᠷᠭᠡ ᠵᠠᠭᠤᠴᠢᠯᠠᠭᠤᠷ ᠤᠨ ᠲᠠᠪᠴᠠᠩ ᠢ ᠰᠠᠶᠢᠲᠤᠷ | ᠬᠡᠷᠡᠭᠯᠡᠵᠦ᠂ ᠭᠠᠳᠠᠭᠠᠳᠤ ᠤᠬᠠᠭᠤᠯᠭ᠎ᠠ ᠶᠢᠨ ᠠᠵᠢᠯ ᠢ ᠣᠯᠠᠨ ᠬᠠᠷᠠᠭᠠᠰᠤ᠂ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ | ᠭᠤᠣᠯ ᠤᠷᠤᠰᠬᠠᠯ ᠤᠨ ᠶᠠᠷᠢᠶ᠎ᠠ ᠬᠡᠯᠡᠯᠴᠡᠭᠡᠨ ᠤ ᠵᠢᠯᠣᠭᠤᠳᠤᠯᠭ᠎ᠠ ᠶᠢ ᠰᠠᠶᠢᠲᠤᠷ ᠠᠳᠬᠤᠵᠤ᠂ ᠦᠴᠦᠸᠠᠨ ᠰᠢᠶᠠᠨ ᠤ | ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠦᠬᠦᠰᠢᠷᠡᠮᠡᠯ ᠠᠵᠤ ᠠᠬᠤᠶᠢᠯᠠᠯ ᠢ | ᠠᠮᠢᠳᠤᠯᠢᠭᠵᠢᠭᠤᠯᠬᠤ᠂ ᠠᠵᠤ ᠠᠬᠤᠢ ᠶᠢᠨ ᠪᠦᠲᠦᠴᠡ ᠶᠢ ᠲᠣᠬᠢᠷᠠᠭᠤᠯᠬᠤ᠂ ᠰᠣᠶᠣᠯ ᠵᠢᠭᠤᠯᠴᠢᠯᠠᠯ ᠤᠨ ᠠᠭᠤᠰᠤᠯᠴᠠᠨ | ᠬᠥᠭᠵᠢᠬᠦ ᠶᠢ ᠠᠬᠢᠭᠤᠯᠬᠤ ᠪᠠ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠠᠷᠠᠳ ᠤᠨ | ᠠᠮᠢᠳᠤᠷᠠᠯ ᠤᠨ ᠲᠠᠯ᠎ᠠ ᠪᠠᠷ ᠬᠢ ᠥᠭᠡᠷᠡᠴᠢᠯᠡᠯᠲᠡ ᠶᠢᠨ ᠲᠤᠷᠰᠢᠯᠭ᠎ᠠ ᠶᠢ ᠢᠯᠡᠷᠡᠭᠦᠯᠦᠨ ᠳ᠋ᠦᠩᠨᠡᠬᠦ ᠳᠡᠭᠡᠨ ᠴᠢᠳᠠᠮᠠᠭᠠᠢ | ᠪᠠᠶᠢᠵᠤ᠂ ᠢᠳᠡᠪᠬᠢ ᠬᠦᠴᠦᠨ ᠢ ᠢᠳᠡᠪᠬᠢᠲᠡᠢ ᠤᠬᠠᠭᠤᠯᠵᠤ᠂ ᠪᠦᠬᠦ ᠰᠢᠶᠠᠨ ᠢᠶᠠᠷ ᠢᠶᠠᠨ ᠬᠥᠭᠵᠢᠯᠲᠡ ᠶᠢᠨ ᠢᠲᠡᠭᠡᠯ | ᠵᠣᠷᠢᠭ ᠢ ᠬᠥᠪᠴᠢᠯᠡᠵᠦ᠂ ᠥᠷᠭᠡᠨ ᠤᠯᠠᠨ ᠺᠠᠳ᠋ᠷ ᠤᠯᠠᠨ ᠲᠦᠮᠡᠨ ᠤ ᠠᠵᠢᠯ ᠬᠢᠵᠦ ᠦᠢᠯᠡᠰ ᠪᠣᠰᠬᠠᠬᠤ ᠣᠷᠭᠢᠯᠤᠮ᠎ᠠ | ᠰᠡᠳᠬᠢᠯᠭᠡ ᠶᠢ ᠳᠠᠶᠢᠴᠢᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠦᠨᠳᠦᠰᠦᠨ ᠱᠠᠲᠤᠨ ᠤ ᠤᠬᠠᠭᠤᠯᠤᠨ | ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠤᠯᠠᠨ ᠲᠦᠮᠡᠨ ᠳᠤ ᠬᠠᠨᠳᠤᠭᠤᠯᠤᠨ ᠤᠯᠠᠨ ᠲᠦᠮᠡᠨ ᠲᠠᠢ | ᠣᠶᠢᠷᠠᠲᠤᠭᠰᠠᠨ᠂ ᠣᠷᠭᠢᠯᠤᠮ᠎ᠠ ᠬᠠᠯᠠᠭᠤᠨ ᠰᠡᠳᠬᠢᠯᠭᠡ ᠲᠠᠢ ᠤᠯᠠᠨ ᠲᠦᠮᠡᠨ ᠤ ᠦᠭᠡ ᠬᠡᠯᠡ ᠪᠠᠷ ︽ᠵᠢᠷᠭᠤᠭᠠᠨ | ᠦᠭᠦᠯᠡᠪᠦᠷᠢ ᠶᠢᠨ ᠪᠣᠳᠠᠲᠤ ᠬᠡᠷᠡᠭ ᠪᠠ ᠶᠣᠰᠣ ᠤᠴᠢᠷ︾ ᠢ ᠲᠣᠳᠣᠷᠬᠠᠢ ᠶᠠᠷᠢᠵᠤ᠂ ᠤᠯᠠᠨ ᠲᠦᠮᠡᠨ ᠢ ᠬᠥᠲᠥᠯᠥᠨ | ᠵᠢᠯᠤᠭᠤᠳᠴᠤ ᠪᠠᠶᠢᠭᠠᠳ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ | ᠪᠣᠯᠭᠠᠬᠤ ᠬᠡᠷᠡᠭᠲᠡᠢ᠃ ᠳᠡᠷᠭᠡᠳᠡᠬᠢ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠤᠬᠠᠭᠤᠯᠭ᠎ᠠ ᠶᠢ ᠰᠠᠶᠢᠲᠤᠷ ᠠᠳᠬᠤᠵᠤ᠂ | ᠵᠢᠶᠠ ᠳ᠋ᠧᠩ ᠺᠧ᠂ ᠾᠥᠸᠧ ᠱᠢ ᠵᠦ ᠵᠡᠷᠭᠡ ᠶᠣᠰᠣ ᠰᠤᠷᠲᠠᠬᠤᠨ ᠤ ᠵᠢᠱᠢᠶᠡᠴᠢ ᠶᠢᠨ ᠲᠡᠷᠢᠭᠦᠨ ᠤ ᠦᠢᠯᠡ | ᠠᠵᠢᠯᠯᠠᠭ᠎ᠠ ᠶᠢ ᠭᠦᠨᠵᠡᠭᠡᠢ ᠤᠬᠠᠭᠤᠯᠤᠨ ᠲᠠᠶᠢᠯᠪᠤᠷᠢᠯᠠᠵᠤ᠂ ᠦᠨᠡᠨ ᠪᠣᠳᠠᠲᠠᠢ᠂ ᠢᠲᠡᠭᠡᠵᠦ ᠪᠣᠯᠬᠤ᠂ ᠰᠡᠳᠬᠢᠯ | ᠬᠥᠳᠡᠯᠭᠡᠮ᠎ᠡ ᠳᠡᠷᠭᠡᠳᠡᠬᠢ ᠶᠠᠪᠤᠳᠠᠯ ᠢᠶᠠᠷ ᠳᠡᠷᠭᠡᠳᠡᠬᠢ ᠬᠥᠮᠥᠰ ᠢᠶᠠᠨ ᠳᠠᠶᠢᠴᠢᠯᠠᠵᠤ᠂ ᠪᠣᠯᠪᠠᠰᠤᠨ ᠤ ᠬᠡᠪ ᠴᠢᠨᠠᠷ ᠢ | ᠳᠡᠭᠡᠭᠰᠢᠯᠡᠭᠦᠯᠦᠨ᠂ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ︵ᠰᠣᠷᠪᠤᠯᠵᠢᠯᠠᠬᠴᠢ᠄ ᠵᠣᠤ ᠯᠢᠩ ᠾᠦᠢ ᠶᠠᠩ ᠵᠢᠶ᠋ᠧ︶ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |