11 ᠰᠠᠷ᠎ᠠ ᠶᠢᠨ 6 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ | ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠪᠣᠯᠣᠨ | ᠲᠥᠪ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ | ᠱᠧᠩ ᠬᠤᠷᠠᠯ ᠡᠷᠭᠢᠯᠡᠪᠡ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ | ᠺᠠᠳ᠋ᠷᠴᠤᠳ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ | ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶ᠎ᠠ ᠨᠢ ᠰᠢᠨ᠎ᠡ ᠴᠠᠭ ᠦᠶ᠎ᠡ ᠶᠢᠨ ᠥᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠳᠤ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠶᠢ ᠭᠦᠨᠵᠡᠭᠡᠢ ᠳ᠋ᠦᠩᠨᠡᠵᠦ᠂ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠵᠠᠷᠴᠢᠮ ᠪᠣᠯᠣᠨ ᠰᠢᠨᠵᠢᠯᠡᠬᠦ ᠤᠬᠠᠭᠠᠨᠴᠢ | ᠠᠷᠭ᠎ᠠ ᠶᠢ ᠤᠯᠠᠮ ᠴᠢᠨᠠᠭᠰᠢᠳᠠ ᠲᠣᠳᠣᠷᠬᠠᠶᠢᠯᠠᠨ ᠥᠭᠦᠯᠡᠵᠦ᠂ ᠮᠠᠰᠢ ᠴᠢᠩᠭ᠎ᠠ ᠤᠯᠤᠰ ᠲᠦᠷᠦ ᠶᠢᠨ ᠴᠢᠨᠠᠷ᠂ | ᠤᠨᠤᠯ ᠤᠨ ᠴᠢᠨᠠᠷ᠂ ᠬᠠᠨᠳᠤᠯᠭᠠᠲᠤ ᠴᠢᠨᠠᠷ᠂ ᠵᠢᠯᠤᠭᠤᠳᠬᠤ ᠴᠢᠨᠠᠷ ᠲᠠᠢ᠃ ᠪᠦᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ | ᠮᠥᠴᠢᠷ ᠤᠨ ᠬᠢᠨ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ | ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠨᠡᠪᠳᠡᠷᠡᠳᠡᠯ᠎ᠠ ᠰᠤᠷᠤᠯᠴᠠᠵᠤ᠂ | ᠪᠣᠳᠠᠲᠠᠢ ᠲᠠᠢ ᠤᠶᠠᠯᠳᠤᠭᠤᠯᠤᠨ ᠰᠤᠷᠤᠯᠴᠠᠵᠤ᠂ ᠦᠴᠦᠸᠠᠨ ᠰᠢᠶᠠᠨ ᠤ ᠡᠯ᠎ᠡ ᠵᠦᠢᠯ ᠤᠨ ᠥᠭᠡᠷᠡᠴᠢᠯᠡᠯᠲᠡ ᠶᠢᠨ | ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ ᠥᠭᠡᠷᠡᠴᠢᠯᠡᠯᠲᠡ ᠶᠢ ᠠᠬᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠳᠤᠲᠠᠭᠤᠳᠠᠯ ᠪᠣᠯᠣᠨ ᠪᠠᠭᠤᠷᠠᠢ ᠲᠠᠯ᠎ᠠ ᠶᠢᠨ ᠲᠣᠭᠤᠷᠢᠨ ᠳᠤ᠂ | ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠲᠤᠪᠤᠶᠢᠯᠭᠠᠵᠦ᠂ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠢ ᠡᠷᠢᠵᠦ᠂ | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠦᠴᠦᠲᠡᠢ ᠠᠷᠭ᠎ᠠ ᠬᠡᠮᠵᠢᠶ᠎ᠡ ᠠᠪᠴᠤ᠂ ᠪᠣᠳᠠᠲᠠᠢ ᠠᠰᠠᠭᠤᠳᠠᠯ ᠢ | ᠰᠢᠢᠳᠪᠦᠷᠢᠯᠡᠬᠦ ᠶᠢ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠬᠦ ᠰᠢᠪᠲᠤᠯᠤᠯᠲᠠ ᠶᠢᠨ ᠴᠡᠭ | ᠪᠣᠯᠣᠨ ᠬᠦᠴᠦᠯᠡᠬᠦ ᠴᠡᠭ ᠪᠣᠯᠭᠠᠬᠤ ᠬᠡᠷᠡᠭᠲᠡᠢ᠃ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ | ᠰᠡᠭᠦᠯᠴᠢ ᠶᠢᠨ ᠬᠤᠶᠠᠷ ᠰᠠᠷ᠎ᠠ ᠳᠤ ᠰᠢᠪᠲᠤᠯᠤᠯᠲᠠ ᠬᠢᠵᠦ᠂ ᠠᠵᠤ ᠠᠬᠤᠢ ᠶᠢᠨ ᠠᠵᠢᠯᠯᠠᠭᠠᠨ ᠤ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠢᠷᠡᠬᠦ ᠵᠢᠯ ᠤᠨ ᠲᠦᠷᠦᠯ ᠵᠦᠢᠯ ᠤᠨ ᠨᠥᠭᠡᠴᠡ ᠪᠣᠯᠣᠨ ᠡᠮᠦᠨᠡᠬᠢ | ᠬᠤᠭᠤᠴᠠᠭᠠᠨ ᠤ ᠪᠡᠯᠡᠳᠬᠡᠯ ᠠᠵᠢᠯ ᠢ ᠭᠦᠢᠴᠡᠳ ᠰᠠᠶᠢᠲᠤᠷ ᠬᠢᠵᠦ᠂ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠶᠤᠯᠭᠦᠢ ᠦᠢᠯᠡᠳᠪᠦᠷᠢᠯᠡᠯ᠂ ᠠᠷᠠᠳ ᠤᠨ | ᠲᠥᠯᠥᠭᠡ ᠪᠣᠳᠠᠲᠠᠢ ᠶᠠᠪᠤᠳᠠᠯ ᠬᠢᠬᠦ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠪᠡᠶᠡᠯᠡᠭᠦᠯᠬᠦ ᠡᠷᠴᠢᠮ ᠢᠶᠠᠨ | ᠴᠢᠩᠭᠠᠷᠠᠭᠤᠯᠵᠤ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ︽ᠭᠤᠷᠪᠠᠨ ᠭᠤᠷᠪᠠ︾᠂ ︽ᠲᠤᠯᠤᠭᠠᠨ | ᠨᠢᠭᠡ︾ ᠶᠢ ᠪᠡᠶᠡᠯᠡᠭᠦᠯᠦᠭᠰᠡᠨ ᠪᠠᠶᠢᠳᠠᠯ ᠢᠶᠠᠨ ᠡᠷᠬᠢᠨ ᠦᠵᠡᠵᠦ᠂ ᠠᠬᠢᠴᠠ ᠶᠢ ᠠᠮᠵᠢᠨ ᠠᠳᠬᠤᠵᠤ᠂ ᠳᠤᠲᠠᠭᠤᠳᠠᠯ ᠢᠶᠠᠨ | ᠨᠥᠬᠦᠪᠦᠷᠢᠯᠡᠵᠦ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ 10 ᠰᠠᠷ᠎ᠠ ᠶᠢᠨ 28 ᠤ ᠡᠳᠦᠷ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠲᠦᠷᠦ ᠶᠢᠨ ᠵᠣᠭᠰᠣᠴᠠ ᠪᠠᠨ | ᠦᠨᠡᠨᠬᠦ ᠳᠡᠭᠡᠭᠰᠢᠯᠡᠭᠦᠯᠵᠦ᠂ ᠡᠯ᠎ᠡ ᠲᠦᠷᠦᠯ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠬᠠᠳᠠᠭᠠᠰᠤ ᠬᠠᠳᠠᠬᠤ︾ ᠵᠣᠷᠢᠭ | ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠢ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠠᠷᠭ᠎ᠠ ᠬᠡᠮᠵᠢᠶ᠎ᠡ ᠲᠠᠢ ᠤᠶᠠᠯᠳᠤᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠠᠢ ᠤᠶᠠᠯᠳᠤᠭᠤᠯᠵᠤ᠂ | ᠺᠠᠳ᠋ᠷ ᠤᠨ ᠡᠩᠨᠡᠭᠡᠨ ᠤ ᠪᠠᠶᠢᠭᠤᠯᠤᠯᠲᠠ ᠲᠠᠢ ᠤᠶᠠᠯᠳᠤᠭᠤᠯᠵᠤ᠂ ᠲᠣᠭᠤᠷᠢᠨ ᠪᠠᠶᠢᠴᠠᠭᠠᠬᠤ ᠶᠠᠪᠤᠴᠠ ᠳᠤ ᠺᠠᠳ᠋ᠷ ᠢ | ᠢᠯᠭᠠᠨ ᠲᠠᠨᠢᠬᠤ ᠶᠢ ᠴᠢᠬᠤᠯᠠᠴᠢᠯᠠᠵᠤ᠂ ᠺᠠᠳ᠋ᠷ ᠤᠨ ᠳᠠᠪᠰᠢᠵᠤ ᠪᠠᠭᠤᠵᠤ ᠪᠦᠷ ᠪᠣᠯᠬᠤ ᠶᠢ ᠠᠬᠢᠭᠤᠯᠵᠤ᠂ | ᠴᠢᠳᠠᠪᠤᠷᠢ ᠲᠠᠢ ᠨᠢ ᠳᠠᠪᠰᠢᠵᠤ᠂ ᠴᠢᠳᠠᠪᠤᠷᠢ ᠦᠭᠡᠢ ᠨᠢ ᠪᠠᠭᠤᠬᠤ ᠬᠥᠮᠥᠨ ᠬᠡᠷᠡᠭᠯᠡᠬᠦ ᠵᠥᠪ ᠤᠳᠤᠷᠢᠳᠤᠮᠵᠢ ᠶᠢ | ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ | ᠠᠷᠪᠠᠨ ᠳᠣᠯᠣᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠦᠴᠦᠸᠠᠨ ᠤ ᠲᠡᠦᠬᠡ ᠰᠣᠶᠣᠯ ᠢ ᠭᠦᠢᠴᠡᠳ ᠠᠭᠤᠳᠠᠯᠵᠤ᠂ ᠰᠤᠳᠤᠯᠬᠤ᠂ | ᠲᠠᠶᠢᠯᠪᠤᠷᠢᠯᠠᠬᠤ᠂ ᠤᠬᠠᠭᠤᠯᠬᠤ᠂ ᠳᠡᠯᠭᠡᠷᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠯᠠᠭᠠᠨᠮᠥ᠋ᠴᠢᠷ ᠤᠨ | ᠦᠢᠯᠡᠳᠦᠯ ᠢ ᠰᠠᠶᠢᠲᠤᠷ ᠪᠠᠳᠠᠷᠠᠭᠤᠯᠵᠤ᠂ ︽ᠤᠮᠠᠷᠠᠲᠤ ᠬᠢᠯᠢ ᠶᠢᠨ ᠰᠣᠶᠣᠯ︾ ᠤᠨ ᠡᠯᠧᠮᠧᠨ᠋ᠲ ᠢ ᠤᠳᠬ᠎ᠠ ᠵᠣᠬᠢᠶᠠᠯ | ᠤᠷᠠᠯᠢᠭ ᠤᠨ ᠵᠣᠬᠢᠶᠠᠨ ᠪᠦᠲᠦᠭᠡᠬᠦ᠂ ᠵᠦᠴᠦᠭᠡ ᠨᠠᠶᠢᠷᠠᠭᠤᠯᠤᠨ ᠲᠣᠭᠯᠠᠬᠤ᠂ ᠶᠠᠷᠢᠯᠴᠠᠬᠤ ᠠᠵᠢᠯᠯᠠᠭ᠎ᠠ ᠶᠢᠨ | ᠰᠣᠯᠢᠯᠴᠠᠭ᠎ᠠ ᠵᠡᠷᠭᠡ ᠡᠯ᠎ᠡ ᠭᠤᠭᠴᠤᠭ᠎ᠠ ᠳᠤ ᠠᠭᠤᠰᠤᠯᠴᠠᠭᠤᠯᠵᠤ᠂ ᠥᠪᠡᠷᠮᠢᠴᠡ ᠣᠨᠴᠠᠯᠢᠭ ᠲᠠᠢ ︽ᠤᠮᠠᠷᠠᠲᠤ | ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠴᠦ᠂ ᠦᠴᠦᠸᠠᠨ ᠤ ᠦᠯᠢᠭᠡᠷ ᠢ ᠰᠠᠶᠢᠲᠤᠷ ᠶᠠᠷᠢᠬᠤ ᠬᠡᠷᠡᠭᠲᠡᠢ᠃ | ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠪᠥᠬᠦ ᠣᠷᠣᠨ | ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠰᠣᠳᠣᠨ ᠵᠢᠭᠤᠯᠴᠢᠯᠠᠯ ᠤᠨ ᠵᠠᠮ ᠱᠤᠭᠤᠮ ᠢ ᠨᠠᠷᠢᠨ ᠨᠢᠮᠪᠠᠢ ᠲᠥᠯᠥᠪᠯᠡᠨ᠂ ᠵᠢᠭᠤᠯᠴᠢᠯᠠᠯ ᠤᠨ ᠦᠵᠡᠮᠵᠢ ᠶᠢᠨ | ᠣᠷᠣᠨ ᠤ ᠴᠢᠳᠠᠮᠵᠢ ᠶᠢ ᠥᠭᠡᠷᠡᠴᠢᠯᠡᠨ ᠳᠡᠭᠡᠭᠰᠢᠯᠡᠭᠦᠯᠵᠦ᠂ ᠭᠥᠯᠢᠶᠡᠨ ᠠᠪᠬᠤ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠦᠨ᠂ ᠦᠴᠦᠸᠠᠨ ᠤ ᠵᠢᠭᠤᠯᠴᠢᠯᠠᠯ ᠤᠨ ᠳᠦᠷᠢ ᠲᠥᠷᠬᠦ ᠶᠢᠨ ᠤᠬᠠᠭᠤᠯᠭ᠎ᠠ ᠶᠢᠨ ᠤᠷᠢᠶ᠎ᠠ ᠶᠢ ᠭᠠᠷᠭᠠᠵᠤ᠂ | ᠦᠴᠦᠸᠠᠨ ᠤ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢᠨ ᠬᠦᠴᠦᠨ ᠪᠠ | ᠥᠷᠲᠡᠭ ᠤᠨ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠴᠢᠨᠠᠷ | ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ︾ ᠶᠢ ᠤᠯᠠᠮᠵᠢᠯᠠᠨ ᠰᠤᠷᠤᠯᠴᠠᠵᠤ᠂ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠠᠵᠢᠯ ᠣᠯᠭᠤᠯᠲᠠ ᠶᠢ ᠠᠷᠠᠳ ᠤᠨ | ᠠᠮᠢᠳᠤᠷᠠᠯ ᠤᠨ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠵᠤ᠂ ︽ᠲᠦᠷᠪᠡᠨ ᠠᠵᠤ ᠦᠢᠯᠡᠰ ᠤᠨ ᠰᠠᠭᠤᠷᠢᠨ | ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠨᠡᠩ ᠤᠯᠠᠨ ᠠᠵᠢᠯ ᠣᠯᠭᠤᠯᠲᠠ ᠶᠢᠨ ᠠᠵᠢᠯ ᠤᠨ | ᠪᠠᠶᠢᠷᠢ ᠶᠢ ᠡᠭᠦᠳᠴᠦ᠂ ᠠᠵᠢᠯ ᠣᠯᠭᠤᠯᠲᠠ ᠶᠢᠨ ᠰᠠᠭᠤᠷᠢ ᠶᠢ ᠪᠠᠲᠤᠳᠬᠠᠬᠤ ᠬᠡᠷᠡᠭᠲᠡᠢ᠃ ᠠᠵᠢᠯ ᠣᠯᠭᠤᠯᠲᠠ ᠶᠢᠨ | ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠢ ᠦᠴᠦᠸᠠᠨ ᠳᠤ ᠲᠡᠳᠡᠨ ᠠᠪᠴᠢᠷᠠᠵᠤ ᠠᠵᠢᠯ ᠣᠯᠭᠤᠵᠤ ᠠᠳᠠᠯ ᠦᠢᠯᠡᠰ ᠴᠣᠭᠴᠠᠯᠠᠭᠤᠯᠵᠤ᠂ | ᠬᠥᠯᠥᠰᠦᠨ ᠠᠵᠢᠯᠴᠢᠨ᠂ ᠠᠵᠢᠯ ᠦᠭᠡᠢ ᠭᠡᠷ ᠪᠦᠯᠢ ᠵᠡᠷᠭᠡ ᠬᠥᠮᠥᠰ ᠲᠤ ᠠᠵᠢᠯ ᠣᠯᠭᠤᠬᠤ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠰᠠᠨ ᠭᠡᠷ ᠪᠦᠯᠢ᠂ ᠨᠠᠭᠠᠲᠤ ᠵᠠᠬ᠎ᠠ ᠶᠢᠨ ᠪᠠᠲᠤᠯᠠᠭ᠎ᠠ | ᠬᠦᠷᠲᠡᠭᠰᠡᠳ ᠵᠡᠷᠭᠡ ᠬᠦᠴᠢᠷᠳᠡᠯᠲᠡᠢ ᠬᠥᠮᠥᠰ ᠲᠤ ᠠᠵᠢᠯ ᠣᠯᠭᠤᠵᠤ ᠬᠠᠪᠰᠤᠷᠤᠨ ᠲᠡᠳᠬᠦᠬᠦ ᠶᠢ ᠴᠢᠩᠭᠠᠳᠬᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠦᠴᠦᠸᠠᠨ ᠰᠢᠶᠠᠨ ᠤ ᠭᠤᠣᠯ ︵ᠨᠠᠭᠤᠷ︶ ᠤᠨ ᠳᠠᠷᠤᠭ᠎ᠠ ᠶᠢᠨ ᠳᠦᠷᠢᠮ᠂ ᠤᠢ ᠰᠢᠭᠤᠢ ᠶᠢᠨ | ᠳᠠᠷᠤᠭ᠎ᠠ ᠶᠢᠨ ᠳᠦᠷᠢᠮ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ | ᠠᠵᠢᠯ ᠳᠤ ᠪᠠᠶᠢᠷᠢᠯᠠᠭᠤᠯᠤᠯᠲᠠ ᠬᠢᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ ( ᠰᠤᠷᠪᠤᠯᠵᠢᠯᠠᠭᠴᠢ᠄ ᠵᠣᠣ ᠯᠢᠩ ᠾᠦᠢ) | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |