ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠴᠢᠨᠠᠷ ᠰᠠᠶᠢᠲᠠᠢ ᠬᠥᠭᠵᠢᠯᠲᠡ ᠪᠠᠷ ᠮᠥᠰᠥ ᠴᠠᠰᠤᠨ ᠤ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠲᠤᠬᠠᠢ ᠰᠠᠨᠠᠯ ᠤᠳ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/11/8
     ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠲᠦᠷᠦᠭᠦᠬᠡᠨ ︽ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠴᠢᠨᠠᠷ ᠰᠠᠶᠢᠲᠠᠢ ᠬᠥᠭᠵᠢᠯᠲᠡ ᠪᠠᠷ ᠮᠥᠰᠥ ᠴᠠᠰᠤᠨ ᠤ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠲᠤᠬᠠᠢ ᠰᠠᠨᠠᠯ ᠤᠳ︾ ︵ᠳᠣᠷᠣᠭᠰᠢ ︽ᠰᠠᠨᠠᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ︽ᠭᠤᠷᠪᠠᠨ ᠳ᠋ᠦᠩᠰᠢᠭᠤᠷ ᠬᠥᠮᠥᠨ ᠢ ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢᠶᠠᠷ ᠤᠳᠤᠷᠢᠳᠤᠮᠵᠢ ᠪᠣᠯᠭᠠᠨ᠂ ᠮᠥᠰᠥ ᠴᠠᠰᠤᠨ ᠤ ᠰᠣᠶᠣᠯ᠂ ᠮᠥᠰᠥ ᠴᠠᠰᠤᠨ ᠤ ᠲᠣᠨᠤᠭ ᠲᠥᠬᠦᠭᠡᠷᠦᠮᠵᠢ᠂ ᠮᠥᠰᠥ ᠴᠠᠰᠤᠨ ᠤ ᠵᠢᠭᠤᠯᠴᠢᠯᠠᠯ ᠤᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠳᠠᠶᠢᠴᠢᠯᠠᠵᠤ᠂ ᠮᠥᠰᠥ ᠴᠠᠰᠤᠨ ᠤ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠪᠤᠯᠬᠤ ᠶᠢ ᠠᠬᠢᠭᠤᠯᠬᠤ ᠪᠠᠷ ᠵᠣᠷᠢᠯᠲᠠ ᠪᠣᠯᠭᠠᠪᠠ᠃      ︽ᠰᠠᠨᠠᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠮᠥᠰᠥ ᠴᠠᠰᠤᠨ ᠳᠤ ᠬᠤᠴᠢᠭᠳᠠᠭᠰᠠᠨ ᠭᠠᠵᠠᠷ ᠨᠢ ᠴᠦ ᠠᠯᠳᠠᠨ ᠠᠭᠤᠯᠠ ᠮᠥᠩᠭᠦᠨ ᠬᠠᠶᠢᠷᠬᠠᠨ ᠪᠤᠯᠬᠤ ᠣᠶᠢᠯᠠᠭᠠᠭᠳᠠᠬᠤᠨ ᠢ ᠪᠠᠲᠤ ᠪᠤᠶ ᠪᠤᠯᠭᠠᠵᠤ᠂ ᠣᠲᠣ ᠦᠶ᠎ᠡ ᠶᠢᠨ ᠮᠥᠰᠥ ᠴᠠᠰᠤᠨ ᠤ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠪᠠᠷ ᠪᠣᠯᠪᠠ᠃ 2027 ᠣᠨ ᠪᠤᠯᠬᠤ ᠳᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠲᠠᠯᠠᠪᠤᠷ ᠭᠠᠵᠠᠷ ᠤᠨ ᠲᠥᠬᠦᠭᠡᠷᠦᠮᠵᠢ ᠶᠢ ᠨᠡᠩ ᠲᠡᠭᠦᠯᠳᠡᠷᠵᠢᠭᠦᠯᠵᠦ᠂ ᠦᠢᠯᠡᠴᠢᠯᠡᠭᠡᠨ ᠤ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠨᠡᠩ ᠥᠷᠭᠡᠨ ᠢᠶᠠᠷ ᠥᠷᠨᠢᠭᠦᠯᠵᠦ᠂ ᠮᠠᠨ ᠤ ᠤᠯᠤᠰ ᠤᠨ ᠮᠥᠰᠥ ᠴᠠᠰᠤᠨ ᠤ ᠤᠷᠤᠯᠳᠤᠭᠠᠨ ᠤ ᠤᠯᠠᠨ ᠤᠯᠤᠰ ᠲᠠᠬᠢ ᠥᠷᠢᠰᠦᠯᠳᠦᠬᠦ ᠬᠦᠴᠦᠨ ᠢ ᠤᠯᠠᠮ ᠨᠢᠭᠡ ᠠᠯᠬᠤᠮ ᠴᠢᠩᠭᠠᠳᠬᠠᠵᠤ᠂ ᠮᠥᠰᠥ ᠴᠠᠰᠤᠨ ᠤ ᠠᠵᠤ ᠠᠬᠤᠢ ᠶᠢᠨ ᠶᠡᠷᠦᠩᠬᠡᠢ ᠬᠡᠪᠴᠢᠶ᠎ᠡ ᠶᠢ 1.2 ᠲᠦᠮᠡᠨ ᠳ᠋ᠦᠩᠰᠢᠭᠤᠷ ᠲᠥᠭᠦᠷᠢᠭ ᠲᠤ ᠬᠦᠷᠭᠡᠨ᠎ᠡ᠃ 2030 ᠣᠨ ᠪᠤᠯᠬᠤ ᠳᠤ᠂ ᠮᠥᠰᠥ ᠴᠠᠰᠤᠨ ᠤ ᠠᠵᠤ ᠠᠬᠤᠢ ᠶᠢᠨ ᠭᠤᠣᠯ ᠪᠤᠯᠬᠤ ᠠᠵᠤ ᠦᠢᠯᠡᠰ ᠤᠨ ᠬᠡᠯᠬᠢᠶ᠎ᠡ ᠶᠢ ᠥᠨᠳᠥᠷ ᠲᠦᠪᠰᠢᠨ ᠢᠶᠠᠷ ᠵᠣᠬᠢᠴᠠᠩᠭᠤᠢ ᠪᠠᠷ ᠠᠭᠤᠰᠤᠯᠴᠠᠭᠤᠯᠤᠨ ᠬᠥᠭᠵᠢᠭᠦᠯᠬᠦ ᠶᠢ ᠪᠡᠶᠡᠯᠡᠭᠦᠯᠵᠦ᠂ ᠠᠵᠢᠯ ᠣᠯᠭᠤᠯᠲᠠ ᠶᠢ ᠥᠷᠭᠡᠳᠬᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠬᠢ ᠦᠢᠯᠡᠳᠦᠯ ᠢ ᠨᠠᠩ ᠲᠣᠪᠣᠶᠢᠮ᠎ᠠ ᠪᠤᠯᠭᠠᠵᠤ᠂ ᠮᠥᠰᠥ ᠴᠠᠰᠤᠨ ᠤ ᠬᠡᠷᠡᠭᠯᠡᠭᠡ ᠶᠢ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠴᠢᠬᠤᠯᠠ ᠨᠡᠮᠡᠭᠳᠡᠯ ᠤᠨ ᠴᠡᠭ ᠪᠤᠯᠭᠠᠵᠣ᠂ ᠨᠢᠭᠡ ᠪᠦᠯᠦᠭ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠪᠠ ᠮᠥᠰᠥ ᠴᠠᠰᠤᠨ ᠤ ᠵᠢᠭᠤᠯᠴᠢᠯᠠᠯ ᠤᠨ ᠴᠢᠨᠠᠷ ᠰᠠᠶᠢᠲᠠᠢ ᠵᠣᠷᠢᠭᠰᠠᠨ ᠭᠠᠵᠠᠷ᠂ ︽ᠮᠥᠰᠥ ᠴᠠᠰᠤᠨ ᠤ ᠲᠣᠷᠭᠠᠨ ᠵᠠᠮ︾ ᠢ ᠪᠠᠶᠢᠭᠤᠯᠵᠤ᠂ ᠳᠤᠮᠳᠠᠳᠤ ᠤᠯᠤᠰ - ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠵᠢᠱᠢᠶ᠎ᠡ ᠦᠵᠡᠭᠦᠯᠭᠦ ᠣᠷᠣᠨ ᠤ ᠬᠥᠭᠵᠢᠯᠲᠡ ᠶᠢ ᠰᠢᠨ᠎ᠡ ᠳᠡᠭᠲᠡᠷ ᠲᠤ ᠭᠠᠷᠭᠠᠵᠤ᠂ ᠮᠥᠰᠥ ᠴᠠᠰᠤᠨ ᠤ ᠠᠵᠤ ᠠᠬᠤᠢ ᠶᠢᠨ ᠶᠡᠷᠦᠩᠬᠡᠢ ᠬᠡᠪᠴᠢᠶ᠎ᠡ ᠶᠢ 1.5 ᠲᠦᠮᠡᠨ ᠳ᠋ᠦᠩᠰᠢᠭᠤᠷ ᠲᠥᠭᠦᠷᠢᠭ ᠲᠤ ᠬᠦᠷᠭᠡᠨ᠎ᠡ ᠭᠡᠵᠦ ᠳᠤᠷᠠᠳᠪᠠ᠃      ︽ᠰᠠᠨᠠᠯ︾ ᠳᠤ 8 ᠲᠠᠯ᠎ᠠ ᠪᠠᠷ ᠰᠢᠷᠢᠰ ᠠᠷᠭ᠎ᠠ ᠬᠡᠮᠵᠢᠶ᠎ᠡ ᠳᠤᠷᠠᠳᠪᠠ᠃ ᠨᠢᠭᠡ ᠳᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠣᠯᠠᠨ ᠲᠦᠮᠡᠨᠴᠢ ᠴᠢᠨᠠᠷᠲᠠᠢ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠥᠷᠭᠡᠨ ᠢᠶᠠᠷ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢ ᠠᠬᠢᠭᠤᠯᠵᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠤᠷᠤᠯᠳᠤᠭᠠᠨ ᠤ ᠲᠦᠪᠰᠢᠨ ᠢ ᠳᠡᠭᠡᠭᠰᠢᠯᠡᠭᠦᠯᠵᠦ᠂ ᠮᠥᠰᠥ ᠴᠠᠰᠤᠨ ᠤ ᠲᠥᠷᠥᠯ ᠵᠦᠢᠯ ᠤᠨ ᠤᠷᠤᠯᠳᠤᠭᠠᠨ ᠤ ᠦᠵᠡᠭᠦᠯᠭᠡ ᠶᠢᠨ ᠠᠵᠤ ᠦᠢᠯᠡᠰ ᠢ ᠬᠥᠭᠵᠢᠭᠦᠯᠦᠨ᠎ᠡ᠃ ᠬᠤᠶᠠᠷ ᠲᠤ᠂ ᠮᠥᠰᠥ ᠴᠠᠰᠤᠨ ᠤ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠦᠨ᠎ᠡ᠃ ᠮᠥᠰᠥ ᠴᠠᠰᠤᠨ ᠤ ᠠᠵᠤ ᠠᠬᠤᠢ ᠶᠢᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠮᠥᠰᠥ ᠴᠠᠰᠤᠨ ᠤ ᠰᠣᠶᠣᠯ ᠢ ᠤᠯᠠᠮᠵᠢᠯᠠᠨ ᠬᠥᠭᠵᠢᠭᠦᠯᠵᠦ᠂ ᠮᠥᠰᠥ ᠴᠠᠰᠤᠨ ᠤ ᠲᠤᠨᠤᠭ ᠲᠥᠬᠦᠭᠡᠷᠦᠮᠵᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠥᠰᠥ ᠴᠠᠰᠤᠨ ᠤ ᠵᠢᠭᠤᠯᠴᠢᠯᠠᠯ ᠢ ᠰᠢᠯᠢᠳᠡᠭᠵᠢᠭᠦᠯᠦᠨ ᠬᠥᠭᠵᠢᠭᠦᠯᠦᠨ᠎ᠡ᠃ ᠭᠤᠷᠪᠠ ᠳᠤ᠂ ᠰᠠᠭᠤᠷᠢ ᠲᠥᠬᠦᠭᠡᠷᠦᠮᠵᠢ ᠪᠠ ᠢᠵᠢ ᠪᠦᠷᠢᠳᠦᠭᠰᠡᠨ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ᠃ ᠮᠥᠰᠥ ᠴᠠᠰᠤᠨ ᠤ ᠲᠠᠯᠠᠪᠤᠷ ᠤᠨ ᠲᠤᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠢᠵᠢ ᠪᠦᠷᠢᠳᠦᠭᠰᠡᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠳᠥᠷᠪᠡ ᠳᠤ᠂ ᠮᠥᠰᠥ ᠴᠠᠰᠤᠨ ᠤ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠨᠢᠭᠡ ᠪᠦᠯᠦᠭ ᠮᠥᠰᠥ ᠴᠠᠰᠤᠨ ᠤ ᠬᠦᠷᠢᠶ᠎ᠡ ᠶᠢᠨ ᠨᠡᠷᠡᠲᠦ ᠲᠥᠷᠥᠯ ᠲᠡᠮᠳᠡᠭ ᠪᠠ ᠳᠠᠭᠠᠭᠤᠯᠤᠭᠴᠢ ᠠᠵᠤ ᠠᠬᠤᠶᠢᠯᠠᠯ ᠢ ᠪᠤᠢ ᠪᠤᠯᠭᠠᠵᠤ᠂ ᠨᠢᠭᠡ ᠪᠦᠯᠦᠭ ᠮᠥᠰᠥ ᠴᠠᠰᠤᠨ ᠤ ᠬᠦᠷᠢᠶ᠎ᠡ ᠴᠠᠷᠠᠭ᠎ᠠ ᠶᠢᠨ ᠲᠤᠰᠬᠠᠶᠢᠵᠢᠭᠰᠠᠨ ᠨᠠᠷᠢᠯᠢᠭᠵᠢᠭᠰᠠᠨ ᠣᠨᠴᠠ ᠰᠢᠨ᠎ᠡ ᠳᠤᠮᠳᠠ ᠪᠠᠭ᠎ᠠ ᠠᠵᠤ ᠠᠬᠤᠶᠢᠯᠠᠯ ᠢ ᠪᠣᠶᠢᠵᠢᠭᠤᠯᠤᠨ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠵᠣᠬᠢᠶᠠᠨ ᠪᠠᠶᠢᠭᠤᠯᠤᠯᠲᠠ ᠶᠢ ᠢᠳᠡᠪᠬᠢᠲᠡᠢ ᠪᠣᠶᠢᠵᠢᠭᠤᠯᠤᠨ᠎ᠠ᠃ ᠲᠠᠪᠤ ᠳᠤ᠂ ᠮᠥᠰᠥ ᠴᠠᠰᠤᠨ ᠤ ᠬᠡᠷᠡᠭᠯᠡᠭᠡ ᠶᠢ ᠠᠬᠢᠭᠤᠯᠤᠨ ᠥᠷᠭᠡᠳᠬᠡᠨ᠎ᠡ᠃ ᠮᠥᠰᠥ ᠴᠠᠰᠤᠨ ᠤ ᠬᠡᠷᠡᠭᠯᠡᠭᠡᠨ ᠤ ᠪᠦᠲᠦᠭᠡᠭᠳᠡᠬᠦᠨ ᠢ ᠪᠠᠶᠠᠯᠢᠭᠵᠢᠭᠤᠯᠵᠤ᠂ ᠮᠥᠰᠥ ᠴᠠᠰᠤᠨ ᠤ ᠬᠡᠷᠡᠭᠯᠡᠭᠡᠨ ᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠮᠥᠰᠥ ᠴᠠᠰᠤᠨ ᠤ ᠪᠠᠷᠢᠮᠵᠢᠶ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠵᠢᠷᠭᠤᠭ᠎ᠠ ᠳᠤ᠂ ᠮᠥᠰᠥ ᠴᠠᠰᠤᠨ ᠤ ᠠᠵᠤ ᠠᠬᠤᠢ ᠶᠢᠨ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠎ᠠ᠃ ᠮᠥᠰᠥ ᠴᠠᠰᠤᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠮᠥᠰᠥ ᠴᠠᠰᠤᠨ ᠤ ᠬᠡᠷᠡᠭᠯᠡᠬᠦ ᠭᠠᠵᠠᠷ ᠤᠨ ᠪᠠᠲᠤᠯᠠᠭ᠎ᠠ ᠶᠢ ᠴᠢᠩᠭᠠᠳᠬᠠᠨ᠎ᠠ᠃ ᠳᠣᠯᠤᠭ᠎ᠠ ᠳᠤ᠂ ᠮᠥᠰᠥ ᠴᠠᠰᠤᠨ ᠤ ᠠᠵᠤ ᠠᠬᠤᠢ ᠶᠢᠨ ᠭᠠᠳᠠᠭᠠᠳᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠥᠨᠳᠥᠷ ᠲᠦᠪᠰᠢᠨ ᠪᠦᠬᠦᠢ ᠤᠯᠠᠨ ᠤᠯᠤᠰ ᠤᠨ ᠮᠥᠰᠥ ᠴᠠᠰᠤᠨ ᠤ ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠤᠯᠠᠨ ᠤᠯᠤᠰ ᠤᠨ ᠮᠥᠰᠥ ᠴᠠᠰᠤᠨ ᠤ ᠠᠵᠤ ᠠᠬᠤᠢ ᠶᠢᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠤᠨ᠎ᠠ᠃ ᠨᠠᠢᠮᠠ ᠳᠤ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠎ᠠ᠃ ᠮᠥᠰᠥ ᠴᠠᠰᠤᠨ ᠤ ᠠᠵᠤ ᠠᠬᠤᠢ ᠶᠢᠨ ᠲᠤᠭ᠎ᠠ ᠪᠦᠷᠢᠳᠬᠡᠯ ᠤᠨ ᠰᠢᠰᠲ᠋ᠧᠮ ᠤᠨ ᠰᠤᠳᠤᠯᠭᠠᠨ ᠢ ᠴᠢᠩᠭᠠᠳᠬᠠᠵᠤ᠂ ᠲᠤᠭ᠎ᠠ ᠪᠦᠷᠢᠳᠬᠡᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠮᠥᠰᠥ ᠴᠠᠰᠤᠨ ᠤ ᠲᠠᠮᠢᠷ ᠤᠨ ᠲᠠᠯᠠᠪᠤᠷ ᠭᠠᠵᠠᠷ᠂ ᠮᠥᠰᠥ ᠴᠠᠰᠤᠨ ᠤ ᠵᠤᠭ᠎ᠠ ᠴᠡᠩᠭᠡᠯ ᠤᠨ ᠭᠠᠵᠠᠷ᠂ ᠮᠥᠰᠥ ᠴᠠᠰᠤᠨ ᠤ ᠤᠷᠤᠯᠳᠤᠭᠠᠨ ᠤ ᠠᠵᠢᠯᠯᠠᠭ᠎ᠠ᠂ ᠮᠥᠰᠥ ᠴᠠᠰᠤᠨ ᠤ ᠲᠣᠨᠣᠭᠯᠠᠯ ᠲᠥᠬᠦᠭᠡᠷᠦᠮᠵᠢ ᠵᠡᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠮᠥᠰᠥ ᠴᠠᠰᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号