︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠢᠷ᠎ᠠ ᠣᠭᠲᠠᠷᠭᠤᠢ ᠶᠢᠨ ᠣᠷᠣᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/12/10
     ᠮᠠᠨ ᠤ ᠣᠷᠣᠨ ᠣᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠢᠷ᠎ᠠ ᠣᠭᠲᠠᠷᠭᠤᠢ ᠶᠢᠨ ᠣᠷᠣᠨ ᠤ ᠬᠠᠮᠢᠶᠠᠷᠤᠯᠲᠠ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ 2027 ᠣᠨ ᠪᠤᠯᠲᠠᠯ᠎ᠠ ᠪᠦᠭᠦ ᠣᠷᠣᠨ ᠤ ᠣᠶᠢᠷ᠎ᠠ ᠣᠭᠲᠠᠷᠭᠤᠢ ᠶᠢᠨ ᠣᠷᠣᠨ ᠢ ᠭᠦᠢᠴᠡᠳ ᠪᠠᠳᠠᠷᠠᠭᠤᠯᠤᠨ ᠥᠨᠳᠥᠷ ᠪᠦᠲᠦᠮᠵᠢᠲᠡᠶ ᠠᠰᠢᠭᠯᠠᠵᠤ᠂ ᠣᠶᠢᠷ᠎ᠠ ᠣᠭᠲᠠᠷᠭᠤᠢ ᠶᠢᠨ ᠨᠢᠰᠦᠯᠲᠡ ᠶᠢᠨ ᠰᠠᠭᠤᠷᠢ ᠲᠥᠬᠦᠭᠡᠷᠦᠮᠵᠢ ᠶᠢ ᠪᠦᠲᠦᠮᠵᠢᠲᠡᠶ ᠪᠦᠷᠬᠦᠭᠦᠯᠦᠨ᠂ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠦᠢᠯᠡᠴᠢᠯᠡᠭᠡᠨ ᠤ ᠲᠠᠪᠴᠠᠩ  ᠢ ᠥᠨᠳᠥᠷ ᠪᠦᠲᠦᠮᠵᠢᠲᠡᠶ ᠠᠵᠢᠯᠯᠠᠭᠤᠯᠵᠤ᠂ ᠳᠦᠷᠢᠮ ᠲᠣᠭᠲᠠᠭᠠᠯ ᠢ ᠪᠦᠷᠢᠨᠰᠢᠭᠦᠯᠦᠨ ᠵᠢᠷᠤᠮᠵᠢᠭᠤᠯᠵᠤ᠂ ︽ᠴᠡᠷᠢᠭ ᠠᠩᠭᠢ ᠣᠷᠣᠨ ᠨᠤᠲᠤᠭ ᠠᠷᠠᠳ ᠤᠨ ᠠᠭᠠᠷ ᠤᠨ ᠲᠡᠭᠡᠭᠡᠪᠦᠷᠢ︾ ᠭᠤᠷᠪᠠᠨ ᠲᠠᠯ᠎ᠠ ᠶᠢᠨ ᠣᠶᠢᠷ᠎ᠠ ᠣᠭᠲᠠᠷᠭᠤᠢ ᠶᠢᠨ ᠣᠷᠣᠨ ᠤ ᠬᠠᠮᠵᠢᠯᠴᠠᠨ ᠬᠠᠮᠢᠶᠠᠷᠬᠤ ᠰᠢᠰᠲ᠋ᠧᠮ ᠢ ᠦᠨᠳᠦᠰᠦᠨ ᠳᠡᠭᠡᠨ ᠲᠡᠭᠦᠯᠳᠡᠷᠵᠢᠭᠦᠯᠦᠨ᠎ᠡ ᠭᠡᠵᠦ ᠳᠤᠷᠠᠳᠴᠠᠢ᠃      ︽ᠲᠥᠰᠥᠯ︾ ᠳᠤ᠂ ︽ᠴᠡᠷᠢᠭ ᠠᠩᠭᠢ ᠣᠷᠣᠨ ᠨᠤᠲᠤᠭ ᠠᠷᠠᠳ ᠤᠨ ᠠᠭᠠᠷ ᠤᠨ ᠲᠡᠭᠡᠭᠡᠪᠦᠷᠢ︾ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠴᠡᠷᠢᠭ ᠤᠨ ᠲᠠᠯ᠎ᠠ᠂ ᠣᠷᠣᠨ ᠨᠤᠲᠤᠭ ᠤᠨ ᠵᠠᠰᠠᠭ ᠤᠨ ᠣᠷᠳᠣᠨ᠂ ᠠᠷᠠᠳ ᠤᠨ ᠠᠭᠠᠷ ᠤᠨ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠠᠭᠠᠷ ᠤᠨ ᠬᠠᠮᠢᠶᠠᠷᠤᠯᠲᠠ ᠶᠢᠨ ᠠᠷᠭ᠎ᠠ ᠪᠠᠷᠢᠯ ᠤᠨ ᠪᠠᠶᠢᠭᠤᠯᠤᠯᠲᠠ ᠪᠠ ᠮᠡᠳᠡᠭᠡ ᠵᠠᠩᠭᠢ ᠶᠢᠨ ᠰᠣᠯᠢᠯᠴᠠᠭ᠎ᠠ ᠶᠢ ᠴᠢᠩᠭᠠᠳᠬᠠᠨ᠂ ᠠᠭᠠᠷ ᠤᠨ ᠣᠷᠣᠨ ᠤ ᠬᠠᠮᠢᠶᠠᠷᠤᠯᠲᠠ  ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠎ᠠ᠃ ᠣᠶᠢᠷ᠎ᠠ ᠣᠭᠲᠠᠷᠭᠤᠢ ᠶᠢᠨ ᠣᠷᠣᠨ ᠢ ᠵᠣᠬᠢᠰᠲᠠᠢ ᠵᠠᠭᠠᠭᠯᠠᠨ ᠲᠣᠭᠲᠠᠭᠠᠵᠤ᠂ ᠣᠶᠢᠷ᠎ᠠ ᠣᠭᠲᠠᠷᠭᠤᠢ ᠶᠢᠨ ᠣᠷᠣᠨ ᠤ ᠡᠬᠢ ᠪᠠᠶᠠᠯᠢᠭ ᠢ ᠪᠠᠶᠢᠴᠠᠭᠠᠵᠤ ᠦᠨᠡᠯᠡᠨ ᠵᠢᠱᠢᠬᠦ ᠠᠵᠢᠯ ᠥᠷᠨᠢᠭᠦᠯᠦᠨ᠂ 3000 ᠮᠸᠲᠷ ᠠᠴᠠ ᠳᠣᠷᠣᠭᠰᠢᠬᠢ ᠪᠦᠭᠦ ᠣᠷᠣᠨ ᠪᠦᠰᠡ ᠶᠢ ᠵᠠᠬᠢᠷᠤᠨ ᠬᠠᠮᠢᠶᠠᠷᠬᠤ᠂ ᠬᠢᠨᠠᠨ ᠠᠵᠢᠭᠯᠠᠬᠤ ᠪᠠ ᠮᠡᠳᠡᠭᠦᠯᠬᠦ ᠠᠭᠠᠷ ᠤᠨ ᠣᠷᠣᠨ ᠢ ᠲᠥᠷᠥᠯ ᠬᠤᠪᠢᠶᠠᠨ ᠬᠤᠪᠢᠶᠠᠷᠢᠯᠠᠵᠤ᠂ ᠣᠶᠢᠷ᠎ᠠ ᠣᠭᠲᠠᠷᠭᠤᠢ ᠶᠢᠨ ᠣᠷᠣᠨ ᠤ ᠠᠶᠠᠯᠠᠯ ᠤᠨ ᠱᠤᠭᠤᠮ ᠢ ᠨᠠᠷᠢᠯᠢᠭ ᠪᠠᠶᠢᠷᠢᠰᠢᠭᠤᠯᠤᠨ᠎ᠠ᠃ ᠠᠭᠠᠷ ᠤᠨ ᠣᠷᠣᠨ ᠤ ᠡᠬᠢ ᠪᠠᠶᠠᠯᠢᠭ ᠤᠨ ᠳᠠᠩᠰᠠ ᠡᠪᠬᠡᠮᠡᠯ ᠢ ᠪᠠᠶᠢᠭᠤᠯᠵᠤ᠂ ᠣᠷᠣᠨ ᠪᠦᠰᠡ ᠶᠢᠨ ᠳᠣᠲᠣᠷᠠᠬᠢ ᠣᠶᠢᠷ᠎ᠠ ᠣᠭᠲᠠᠷᠭᠤᠢ ᠶᠢᠨ ᠨᠢᠰᠦᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠬᠢᠨᠠᠨ ᠬᠠᠮᠢᠶᠠᠷᠬᠤ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠪᠦᠭᠦ ᠣᠷᠣᠨ ᠤ ᠣᠶᠢᠷ᠎ᠠ ᠣᠭᠲᠠᠷᠭᠤᠢ ᠶᠢᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠵᠢᠴᠢ ᠠᠵᠢᠯᠯᠠᠭᠠᠨ ᠤ ᠬᠠᠮᠢᠶᠠᠷᠤᠯᠲᠠ᠂ ᠨᠢᠰᠦᠯᠲᠡ ᠶᠢᠨ ᠦᠢᠯᠡᠴᠢᠯᠡᠭᠡᠨ ᠤ ᠪᠠᠲᠤᠯᠠᠭ᠎ᠠ᠂ ᠴᠢᠮᠡᠭᠡ ᠬᠤᠯᠪᠣᠭᠠᠨ ᠤ ᠬᠢᠨᠠᠯᠲᠠ ᠵᠡᠷᠭᠡ ᠳᠡᠮᠵᠢᠬᠦ ᠰᠢᠰᠲ᠋ᠧᠮ ᠢ ᠪᠠᠶᠢᠭᠤᠯᠵᠤ᠂ ᠴᠡᠷᠢᠭ ᠤᠨ ᠠᠭᠠᠷ ᠤᠨ ᠲᠡᠭᠡᠭᠡᠪᠦᠷᠢ ᠶᠢᠨ ᠨᠢᠰᠦᠯᠲᠡ ᠶᠢᠨ ᠬᠠᠮᠢᠶᠠᠷᠤᠯᠲᠠ᠂ ᠨᠢᠭᠤᠴᠠ ᠮᠡᠳᠡᠭᠡ᠂ ᠠᠭᠠᠷ ᠤᠨ ᠠᠶᠠᠯᠠᠯ ᠤᠨ ᠴᠠᠭ ᠠᠭᠤᠷ ᠵᠡᠷᠭᠡ ᠰᠢᠰᠲ᠋ᠧᠮ ᠢ ᠬᠤᠯᠪᠣᠨ ᠨᠠᠪᠲᠠᠷᠡᠭᠦᠯᠵᠦ᠂ ᠣᠶᠢᠷ᠎ᠠ ᠣᠭᠲᠠᠷᠭᠤᠢ ᠶᠢᠨ ᠨᠢᠰᠦᠯᠲᠡ ᠶᠢᠨ ᠡᠯ᠎ᠡ ᠰᠠᠯᠠᠭ᠎ᠠ ᠮᠥᠴᠢᠷ᠂ ᠡᠯ᠎ᠡ ᠭᠤᠭᠴᠤᠭ᠎ᠠ ᠶᠢ ᠨᠡᠪᠲᠡᠷᠡᠭᠦᠯᠦᠨ᠂ ᠣᠶᠢᠷ᠎ᠠ ᠣᠭᠲᠠᠷᠭᠤᠢ ᠶᠢᠨ ᠨᠢᠰᠦᠯᠲᠡ ᠶᠢᠨ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠦᠨ᠎ᠡ᠃ ᠰᠠᠭᠤᠷᠢ ᠲᠥᠬᠦᠭᠡᠷᠦᠮᠵᠢ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠶᠢᠷᠢᠰᠢᠭᠤᠯᠵᠤ᠂ ᠣᠶᠢᠷ᠎ᠠ ᠣᠭᠲᠠᠷᠭᠤᠢ ᠶᠢᠨ ᠰᠠᠭᠤᠷᠢ ᠲᠥᠬᠦᠭᠡᠷᠦᠮᠵᠢ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ᠂ ᠨᠢᠰᠦᠯᠲᠡ  ᠶᠢᠨ ᠦᠢᠯᠡᠴᠢᠯᠡᠭᠡᠨ ᠤ ᠥᠷᠲᠡᠭᠡ᠂ ᠵᠢᠯᠣᠭᠤᠴᠢ ᠦᠭᠡᠢ ᠨᠢᠰᠬᠡᠯ ᠤᠨ ᠨᠢᠰᠴᠦ ᠪᠠᠭᠤᠬᠤ ᠪᠠᠭᠤᠳᠠᠯ ᠵᠡᠷᠭᠡ ᠲᠥᠬᠦᠭᠡᠷᠦᠮᠵᠢ ᠶᠢ ᠡᠮᠬᠢ ᠵᠢᠷᠤᠮ ᠲᠠᠢ ᠪᠠᠶᠢᠭᠤᠯᠵᠤ᠂ ᠴᠢᠮᠡᠭᠡ ᠬᠤᠯᠪᠤᠭ᠎ᠠ᠂ ᠵᠠᠮᠴᠢᠯᠠᠭᠤᠷ᠂ ᠬᠢᠨᠠᠨ ᠠᠵᠢᠭᠯᠠᠬᠤ᠂ ᠣᠶᠢᠷ᠎ᠠ ᠣᠭᠲᠠᠷᠭᠤᠢ ᠶᠢᠨ ᠴᠠᠭ ᠠᠭᠤᠷ ᠵᠡᠷᠭᠡ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ  ᠪᠠᠷ ᠪᠠᠶᠢᠷᠢᠯᠠᠭᠤᠯᠤᠨ ᠪᠦᠲᠦᠭᠡᠨ ᠪᠠᠶᠢᠭᠤᠯᠵᠤ᠂ ᠣᠶᠢᠷ᠎ᠠ ᠣᠭᠲᠠᠷᠭᠤᠢ ᠶᠢᠨ ᠵᠠᠮᠴᠢᠯᠠᠭᠤᠷ ᠤᠨ ᠬᠢᠨᠠᠯᠲᠠ ᠬᠠᠮᠢᠶᠠᠷᠤᠯᠲᠠ  ᠶᠢ ᠪᠦᠲᠦᠮᠵᠢᠲᠡᠶ ᠪᠦᠷᠭᠦᠭᠦᠯᠤᠨ᠎ᠠ᠃ ᠠᠮᠤᠷ ᠲᠦᠪᠰᠢᠨ ᠥᠨᠳᠥᠷ ᠪᠦᠲᠦᠮᠵᠢᠲᠡᠢ ᠡᠵᠡᠩᠨᠡᠯᠲᠡ ᠶᠢᠨ ᠵᠠᠭᠪᠤᠷ ᠢ ᠪᠠᠶᠢᠭᠤᠯᠤᠨ᠂ ᠣᠶᠢᠷ᠎ᠠ ᠣᠭᠲᠠᠷᠭᠤᠢ ᠶᠢᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠤᠨ ᠠᠵᠢᠯᠯᠠᠭᠤᠯᠵᠤ ᠪᠠᠲᠤᠯᠠᠬᠤ ᠶᠢ ᠬᠠᠷᠢᠭᠤᠴᠠᠵᠤ᠂ ᠣᠷᠣᠨ ᠨᠤᠲᠤᠭ ᠤᠨ ᠬᠠᠮᠢᠶᠠᠷᠤᠯᠲᠠ ᠶᠢᠨ ᠠᠷᠭ᠎ᠠ ᠶᠢ ᠲᠣᠬᠲᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠣᠶᠢᠷ᠎ᠠ ᠣᠭᠲᠠᠷᠭᠤᠢ ᠶᠢᠨ ᠣᠷᠣᠨ ᠤ ᠬᠠᠮᠵᠢᠯᠴᠠᠨ ᠠᠵᠢᠯᠯᠠᠬᠤ ᠳᠦᠷᠢᠮ᠂ ᠵᠢᠯᠣᠭᠤᠴᠢ ᠦᠭᠡᠢ ᠨᠢᠰᠬᠡᠯ ᠤᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠵᠡᠷᠭᠡ ᠳᠦᠷᠢᠮ ᠲᠣᠭᠲᠠᠭᠠᠯ ᠢ ᠪᠠᠶᠢᠭᠤᠯᠤᠨ ᠪᠦᠷᠢᠨᠰᠢᠭᠦᠯᠵᠦ᠂ ᠣᠶᠢᠷ᠎ᠠ ᠣᠭᠲᠠᠷᠭᠤᠢ ᠶᠢᠨ ᠣᠷᠣᠨ ᠤ ᠬᠠᠮᠢᠶᠠᠷᠤᠯᠲᠠ ᠶᠢᠨ ᠦᠢᠯᠡᠴᠢᠯᠡᠭᠡ ᠳᠤ ᠳᠦᠷᠢᠮ ᠤᠨ ᠪᠠᠲᠤᠯᠠᠭ᠎ᠠ ᠬᠠᠩᠭᠠᠨ᠎ᠠ ᠭᠡᠵᠦ ᠳᠤᠷᠠᠳᠴᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号