ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠠᠴᠠ ᠣᠶᠢᠯᠠᠭᠠᠭᠰᠠᠨ ᠢᠶᠠᠷ᠂ 9 ᠰᠠᠷ᠎ᠠ ᠶᠢᠨ ᠰᠡᠭᠦᠯᠴᠢ ᠪᠤᠯᠳᠠᠯ᠎ᠠ ᠪᠦᠭᠦ ᠣᠷᠣᠨ ᠤ 3125 ᠴᠢᠬᠤᠯᠠ ᠶᠡᠭᠡ | ᠲᠦᠷᠦᠯ ᠵᠦᠢᠯ ᠪᠠᠷᠢᠯᠭ᠎ᠠ ᠡᠬᠢᠯᠡᠭᠦᠯᠦᠭᠰᠡᠨ ᠪᠤᠶᠤ ᠰᠡᠷᠭᠦᠭᠡᠭᠳᠡᠵᠦ᠂ ᠴᠢᠬᠤᠯᠠ ᠶᠡᠭᠡ ᠲᠦᠷᠦᠯ ᠵᠦᠢᠯ ᠤᠨ ᠪᠠᠷᠢᠯᠭ᠎ᠠ | ᠡᠬᠢᠯᠡᠭᠦᠯᠵᠦ ᠰᠡᠷᠭᠦᠭᠡᠭᠰᠡᠨ ᠨᠤᠷᠮ᠎ᠠ 99.8% ᠳᠤ ᠭᠦᠷᠪᠡ᠃ | ᠡᠨᠡ ᠵᠢᠯ ᠮᠠᠨ ᠤ ᠣᠷᠣᠨ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ 5000 ᠲᠦᠮᠡᠨ ᠲᠥᠭᠦᠷᠢᠭ | ᠠᠴᠠ ᠳᠡᠭᠡᠭᠰᠢᠬᠢ᠂ ᠠᠵᠤ ᠠᠬᠤᠶᠢᠯᠠᠯ ᠤᠨ ᠪᠡᠯᠡ ᠣᠷᠣᠭᠤᠯᠤᠭᠰᠠᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ᠂ | ᠶᠡᠷᠦᠩᠬᠡᠢ ᠪᠡᠯᠡ ᠤᠷᠤᠭᠤᠯᠤᠯᠳᠠ ᠨᠢ 3.35 ᠲᠦᠮᠡᠨ ᠳ᠋ᠦᠩᠰᠢᠭᠤᠷ ᠲᠥᠭᠦᠷᠢᠭ ᠲᠤ ᠬᠦᠷᠬᠦ 3131 ᠴᠢᠬᠤᠯᠠ | ᠶᠡᠭᠡ ᠲᠦᠷᠦᠯ ᠵᠦᠢᠯ ᠢ ᠬᠡᠷᠡᠭᠵᠢᠭᠦᠯᠵᠦ᠂ ᠲᠤᠰ ᠵᠢᠯ ᠳᠡᠭᠡᠨ 9051 ᠳ᠋ᠦᠩᠰᠢᠭᠤᠷ ᠲᠥᠭᠦᠷᠢᠭ ᠤᠨ ᠪᠡᠯᠡ | ᠤᠷᠤᠭᠤᠯᠤᠯᠳᠠ ᠶᠢ ᠪᠡᠶᠡᠯᠡᠭᠦᠯᠬᠦ ᠪᠠᠷ ᠲᠥᠯᠥᠪᠯᠡᠵᠦ ᠪᠤᠢ᠃ 9 ᠰᠠᠷ᠎ᠠ ᠶᠢᠨ ᠰᠡᠭᠦᠯᠴᠢ ᠪᠤᠯᠳᠠᠯ᠎ᠠ 7720 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠵᠢᠯ ᠤᠨ ᠲᠥᠯᠥᠪᠯᠡᠭᠡ ᠶᠢᠨ ᠢᠶᠠᠨ 85% ᠶᠢ ᠪᠡᠶᠡᠯᠡᠭᠦᠯᠪᠡ᠃ | ᠣᠳᠣᠬᠠᠨ ᠳᠤ ᠪᠦᠭᠦ ᠣᠷᠣᠨ ᠤ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠤᠷᠤᠭᠰᠢᠲᠠᠢ | ᠠᠬᠢᠵᠤ᠂ ᠵᠢᠱᠢᠯᠲᠡ ᠪᠠᠷ ᠵᠢᠯ ᠤᠨ ᠰᠡᠭᠦᠯᠴᠢ ᠪᠤᠯᠬᠤ ᠳᠤ ᠡᠨᠡ ᠵᠢᠯ ᠤᠨ ᠡᠭᠦᠷᠭᠡ ᠪᠠᠨ ᠪᠦᠭᠦᠨ ᠢ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠬᠦ ᠪᠣᠯᠣᠨ᠎ᠠ᠃ ᠡᠭᠦᠨ ᠳᠤ ᠭᠦᠭᠡᠬᠤᠳᠠ 1175 ᠭᠤᠣᠯᠳᠠᠯᠭ᠎ᠠ ᠲᠠᠢ ᠲᠦᠷᠦᠯ ᠵᠦᠢᠯ | ᠢᠶᠠᠨ ᠪᠦᠭᠦᠨ ᠢ ᠪᠠᠷᠢᠯᠭ᠎ᠠ ᠡᠬᠢᠯᠡᠭᠦᠯᠦᠭᠰᠡᠨ ᠪᠤᠶᠤ ᠰᠡᠷᠭᠦᠭᠡᠵᠦ᠂ 8 ᠰᠠᠷ᠎ᠠ ᠶᠢᠨ ᠰᠡᠭᠦᠯᠴᠢ ᠪᠤᠯᠳᠠᠯ᠎ᠠ | ᠨᠢᠭᠡᠨᠲᠡ1034 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠪᠠ᠃ ᠪᠤᠭᠤᠲᠤ ᠶᠢᠨ ᠬᠤᠪᠣᠷ ᠰᠢᠷᠣᠢ ᠶᠢᠨ | ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠳᠡᠭᠡᠷ᠎ᠡ ᠬᠠᠭᠠᠰ ᠵᠢᠯ ᠳᠤ ᠶᠡᠷᠦᠩᠬᠡᠢ ᠪᠡᠯᠡ ᠤᠷᠤᠭᠤᠯᠤᠯᠳᠠ ᠨᠢ 547 | ᠳ᠋ᠦᠩᠰᠢᠭᠤᠷ ᠲᠥᠭᠦᠷᠢᠭ ᠲᠤ ᠬᠦᠷᠬᠦ 71 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠵᠦ᠂ ᠡᠨᠡ ᠵᠢᠯ | 318 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠭᠦᠯᠬᠦ ᠪᠠᠷ ᠲᠥᠯᠥᠪᠯᠡᠵᠦ᠂ 67 ᠲᠦᠷᠦᠯ | ᠵᠦᠢᠯ ᠢ ᠨᠢᠭᠡᠨᠲᠡ ᠪᠠᠷᠢᠯᠭ᠎ᠠ ᠡᠬᠢᠯᠡᠭᠦᠯᠦᠭᠰᠡᠨ ᠪᠤᠶᠤ ᠰᠡᠷᠭᠦᠭᠡᠵᠡᠢ᠃ | | |