ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ ᠲᠠᠪᠤᠨ ᠰᠠᠯᠠᠭ᠎ᠠ | ᠮᠥᠴᠢᠷ ᠤᠨ ᠳᠠᠷᠤᠮᠠᠯᠯᠠᠨ ᠲᠠᠷᠬᠠᠭᠠᠭᠰᠠᠨ ︽ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠶᠢ | ᠴᠢᠩᠭᠠᠳᠬᠠᠵᠤ ᠦᠢᠯᠡᠳᠬᠦ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠲᠤᠬᠠᠢ ᠰᠠᠨᠠᠯ︾ ᠢ | 11 ᠤ ᠡᠳᠦᠷ ᠨᠡᠶᠢᠲᠡᠯᠡᠵᠦ᠂ ᠦᠢᠯᠡᠳᠬᠦ ᠦᠢᠯᠡᠰ ᠤᠨ ᠠᠵᠢᠯᠴᠢᠨ ᠤᠷᠢᠵᠤ ᠡᠯᠰᠡᠬᠦ ᠪᠠᠲᠤᠯᠠᠭ᠎ᠠ ᠶᠢ ᠴᠢᠩᠭᠠᠳᠬᠠᠨ᠎ᠠ | ᠭᠡᠵᠦ ᠳᠤᠷᠠᠳᠪᠠ᠃ | ᠦᠢᠯᠡᠳᠬᠦ ᠦᠢᠯᠡᠰ ᠤᠨ ᠠᠵᠢᠯᠴᠢᠨ ᠤᠷᠢᠵᠤ ᠡᠯᠰᠡᠬᠦ ᠶᠢ ᠪᠠᠲᠤᠯᠠᠬᠤ ᠲᠠᠯ᠎ᠠ ᠪᠠᠷ᠂ ᠰᠠᠨᠠᠯ ᠳᠤ᠂ ᠦᠢᠯᠡᠳᠬᠦ | ᠦᠢᠯᠡᠰ ᠤᠨ ᠠᠵᠢᠯᠴᠢᠨ ᠤᠷᠢᠵᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠲᠤᠰᠬᠠᠢ ᠮᠡᠷᠭᠡᠵᠢᠯ ᠤᠨ ᠴᠢᠨᠠᠷᠲᠠᠢ ᠠᠵᠢᠯ ᠲᠥᠷᠥᠯ ᠤᠨ ᠴᠢᠨᠠᠷᠲᠠᠢ ᠴᠢᠳᠠᠪᠤᠷᠢᠲᠠᠨ ᠤ ᠵᠠᠬ᠎ᠠ ᠳᠡᠯᠭᠡᠭᠦᠷ ᠤᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠦᠷᠢᠶ᠎ᠡ ᠴᠠᠷᠠᠭ᠎ᠠ ᠬᠤᠪᠢᠶᠠᠨ ᠬᠥᠮᠥᠨ ᠤ ᠬᠦᠴᠦᠨ ᠤ ᠡᠬᠢ | ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ ᠢ ᠪᠠᠶᠢᠭᠤᠯᠬᠤ ᠬᠡᠷᠡᠭᠲᠡᠢ᠃ ᠦᠢᠯᠡᠳᠬᠦ | ᠦᠢᠯᠡᠰ ᠤᠨ ᠪᠠᠴᠢᠮ ᠬᠡᠷᠡᠭᠰᠡᠬᠦ ᠲᠤᠲᠠᠭᠳᠠᠵᠤ ᠪᠠᠶᠢᠭ᠎ᠠ ᠠᠵᠢᠯ ᠮᠡᠷᠭᠡᠵᠢᠯ ︵ᠠᠵᠢᠯ ᠲᠥᠷᠥᠯ︶ ᠳᠤ ᠠᠩᠬᠠᠷᠤᠯ ᠢᠶᠠᠨ | ᠲᠥᠪᠯᠡᠷᠡᠭᠦᠯᠵᠦ᠂ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠳᠠᠭᠠᠭᠤᠯᠵᠤ᠂ ᠬᠠᠨᠳᠤᠯᠭ᠎ᠠ ᠲᠠᠢ ᠪᠠᠷ ᠤᠷᠢᠵᠤ | ᠬᠡᠷᠡᠭᠯᠡᠬᠦ ᠶᠢ ᠰᠢᠨ᠎ᠡ ᠶᠢ ᠡᠭᠦᠳᠦᠨ ᠳᠡᠯᠭᠡᠷᠡᠭᠦᠯᠵᠦ᠂ ᠪᠠᠴᠢᠮ ᠲᠤᠲᠠᠭᠳᠠᠵᠤ ᠪᠠᠶᠢᠭ᠎ᠠ ᠬᠦᠷᠢᠶᠡᠨ ᠳᠤ ᠭᠦᠳᠡᠯᠮᠦᠷᠢ | ᠬᠦᠴᠦᠨ ᠲᠥᠪᠯᠡᠷᠡᠬᠦ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠳᠤᠷᠠᠳᠪᠠ᠃ | ᠰᠠᠨᠠᠯ ᠳᠤ᠂ ᠦᠢᠯᠡᠳᠬᠦ ᠦᠢᠯᠡᠰ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠲᠤᠰᠬᠠᠢ ᠮᠡᠷᠭᠡᠵᠢᠯ ᠤᠨ | ᠪᠣᠯᠪᠠᠰᠤᠷᠠᠯ ᠥᠷᠨᠢᠭᠦᠯᠬᠦ ᠬᠡᠷᠡᠭᠲᠡᠢ᠃ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ | ᠨᠢ ᠲᠣᠮᠣ ᠭᠡᠯᠪᠡᠷᠢ ᠶᠢᠨ ᠠᠵᠤ ᠠᠬᠤᠶᠢᠯᠠᠯ ᠤᠨ ᠪᠦᠯᠦᠭᠯᠡᠯ᠂ ᠠᠵᠤ ᠦᠢᠯᠡᠰ ᠤᠨ ᠬᠡᠯᠬᠢᠶ᠎ᠡ ᠶᠢᠨ ᠳᠠᠭᠠᠭᠤᠯᠤᠭᠴᠢ ᠠᠵᠤ | ᠠᠬᠤᠶᠢᠯᠠᠯ ᠵᠡᠷᠭᠡ ᠯᠦᠭᠡ ᠬᠠᠮᠲᠤᠷᠠᠨ ᠠᠵᠤ ᠠᠬᠤᠶᠢᠯᠠᠯ ᠠᠯᠤᠰᠯᠠᠭᠰᠠᠨ ᠪᠣᠯᠪᠠᠰᠤᠷᠠᠯ ᠤᠨ ᠲᠥᠪ ᠪᠠᠶᠢᠭᠤᠯᠬᠤ ᠪᠤᠶᠤ | ᠴᠢᠳᠠᠪᠤᠷᠢᠲᠠᠨ ᠤ ᠦᠢᠯᠡᠴᠢᠯᠡᠭᠡᠨ ᠤ ᠪᠦᠯᠦᠭᠯᠡᠯ ᠪᠠᠶᠢᠭᠤᠯᠬᠤ ᠶᠢ ᠳᠡᠮᠵᠢᠬᠦ ᠭᠡᠷᠡᠭᠳᠠᠢ; ᠦᠢᠯᠡᠳᠬᠦ ᠦᠢᠯᠡᠰ ᠤᠨ | ᠭᠤᠣᠯᠳᠠᠯᠭ᠎ᠠ ᠲᠠᠢ ᠣᠷᠣᠨ ᠪᠦᠰᠡ ᠪᠠ ᠣᠨᠴᠠᠯᠢᠭᠲᠤ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ ᠢ ᠲᠥᠷᠥᠯ ᠬᠤᠪᠢᠶᠠᠨ ᠨᠠᠶᠢᠷᠠᠭᠤᠯᠤᠨ ᠵᠣᠬᠢᠶᠠᠵᠤ᠂ | ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ ᠵᠠᠩᠭᠢ ᠶᠢ ᠨᠡᠶᠢᠲᠡᠯᠡᠬᠦ ᠭᠡᠷᠡᠭᠳᠠᠢ; ᠣᠯᠠᠨ ᠭᠡᠯᠪᠡᠷᠢ | ᠶᠠᠩᠵᠤ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠬᠤ᠂ ᠳᠠᠭᠤᠷᠢᠶᠠᠨ ᠪᠣᠳᠠᠲᠠᠢ ᠪᠤᠯᠪᠠᠰᠤᠷᠠᠭᠤᠯᠬᠤ᠂ | ᠴᠢᠳᠠᠪᠤᠷᠢᠲᠠᠨ ᠢ ᠰᠢᠯᠭᠠᠨ ᠦᠨᠡᠯᠡᠬᠦ᠂ ᠠᠵᠢᠯ ᠮᠡᠷᠭᠡᠵᠢᠯ ᠤᠨ ᠣᠶᠢᠯᠠᠭᠠᠯᠲᠠ᠂ ᠠᠵᠢᠯ ᠮᠡᠷᠭᠡᠵᠢᠯ ᠤᠨ ᠬᠥᠭᠵᠢᠯᠲᠡ ᠶᠢᠨ | ᠲᠥᠯᠦᠪᠵᠢᠭᠦᠯᠭᠡ ᠵᠡᠷᠭᠡ ᠠᠵᠢᠯ ᠳᠤ ᠣᠷᠣᠬᠤ ᠠᠴᠠ ᠡᠮᠦᠨᠡᠬᠢ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ ᠳᠤᠷᠠᠳᠪᠠ᠃ | | ᠰᠠᠨᠠᠯ ᠳᠤ᠂ ᠦᠢᠯᠡᠳᠬᠦ ᠦᠢᠯᠡᠰ ᠤᠨ ᠳᠡᠯᠡᠬᠡᠶᠢᠴᠢᠯᠡᠭᠰᠡᠨ ᠬᠥᠮᠥᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡ ᠶᠢᠨ ᠰᠢᠨ᠎ᠡ ᠶᠢ ᠡᠭᠦᠳᠬᠦ ᠬᠡᠷᠡᠭᠲᠡᠢ᠃ ᠦᠢᠯᠡᠳᠬᠦ ᠦᠢᠯᠡᠰ ᠤᠨ ᠬᠦᠷᠢᠶᠡᠨ ᠳᠠᠬᠢ ᠣᠯᠠᠨ ᠤᠯᠤᠰ ᠤᠨ | ᠠᠵᠤ ᠦᠢᠯᠡᠰ ᠤᠨ ᠬᠠᠮᠲᠤᠷᠠᠯᠴᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠤᠳ ᠢᠶᠠᠷ ᠭᠤᠣᠯᠳᠠᠯᠭ᠎ᠠ ᠪᠤᠯᠭᠠᠵᠤ᠂ ᠬᠥᠮᠥᠨ ᠤ ᠬᠦᠴᠦᠨ ᠤ ᠡᠬᠢ | ᠪᠠᠶᠠᠯᠢᠭ ᠤᠨ ᠬᠦᠷᠢᠶᠡᠨ ᠳᠠᠬᠢ ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠨᠢᠭᠦᠯᠵᠦ ᠬᠠᠮᠲᠤ ᠪᠠᠷ | ᠡᠳ᠋ᠯᠡᠬᠦ ᠬᠡᠷᠡᠭᠲᠡᠢ᠃ ᠤᠯᠠᠨ ᠤᠯᠤᠰ ᠤᠨ ᠴᠢᠳᠠᠪᠤᠷᠢᠲᠠᠨ ᠤ ᠰᠣᠯᠢᠯᠴᠠᠭᠠᠨ ᠤ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠪᠦᠭᠦ ᠪᠥᠮᠪᠥᠷᠴᠡᠭ ᠤᠨ ᠦᠢᠯᠡᠴᠢᠯᠡᠭᠡᠨ ᠤ ᠴᠢᠳᠠᠪᠤᠷᠢ ᠪᠦᠬᠦᠢ ᠬᠥᠮᠥᠨ ᠤ ᠬᠦᠴᠦᠨ ᠤ | ᠡᠬᠢ ᠪᠠᠶᠠᠯᠢᠭ ᠤᠨ ᠨᠢᠭᠡ ᠪᠦᠯᠦᠭ ᠦᠢᠯᠡᠴᠢᠯᠡᠭᠡᠨ ᠤ ᠪᠠᠶᠢᠭᠤᠯᠤᠮᠵᠢ ᠶᠢ ᠪᠣᠶᠢᠵᠢᠭᠤᠯᠬᠤ ᠬᠡᠷᠡᠭᠲᠡᠢ᠃ ᠳᠤᠮᠳᠠ ᠪᠠᠭ᠎ᠠ | ᠠᠵᠤ ᠠᠬᠤᠶᠢᠯᠠᠯ ᠤᠨ ᠦᠢᠯᠡᠴᠢᠯᠡᠭᠡᠨ ᠤ ᠪᠠᠶᠢᠭᠤᠯᠤᠮᠵᠢ᠂ ᠠᠵᠤ ᠠᠬᠤᠶᠢᠯᠠᠯ ᠤᠨ ᠬᠢᠯᠢ ᠠᠯᠤᠰᠯᠠᠭᠰᠠᠨ ᠠᠷᠠᠯᠵᠢᠶᠠᠨ ᠤ | ᠪᠡᠯᠡ ᠣᠷᠣᠭᠤᠯᠤᠯᠲᠠ ᠳᠤ ᠬᠠᠤᠯᠢ ᠴᠠᠭᠠᠵᠠ ᠶᠢᠨ ᠶᠡᠷᠦᠩᠬᠡᠶᠢᠯᠡᠭᠰᠡᠨ ᠳᠡᠮᠵᠢᠯᠭᠡ ᠦᠵᠡᠭᠦᠯᠭᠦ ᠲᠠᠪᠴᠠᠩ ᠵᠡᠷᠭᠡ | ᠭᠠᠳᠠᠭᠠᠳᠤ ᠳᠤ ᠬᠤᠯᠪᠣᠭᠳᠠᠬᠤ ᠦᠢᠯᠡᠴᠢᠯᠡᠭᠡᠨ ᠤ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ᠦᠢᠯᠡᠳᠬᠦ | ᠦᠢᠯᠡᠰ ᠤᠨ ᠣᠯᠠᠨ ᠤᠯᠤᠰ ᠤᠨ ᠬᠠᠮᠲᠤᠷᠠᠯᠴᠠᠭ᠎ᠠ ᠳᠤ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ | ᠬᠠᠩᠭᠠᠬᠤ ᠬᠡᠷᠡᠭᠲᠡᠢ ᠭᠡᠵᠦ ᠳᠤᠷᠠᠳᠪᠠ᠃ | ᠰᠠᠨᠠᠯ ᠳᠤ ᠪᠠᠰᠠ ᠦᠢᠯᠡᠳᠬᠦ ᠬᠦᠷᠢᠶᠡᠨ ᠳᠠᠬᠢ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ | ᠦᠢᠯᠡᠰ ᠤᠨ ᠬᠠᠮᠵᠢᠯᠴᠠᠨ ᠬᠥᠭᠵᠢᠬᠦ ᠲᠣᠭᠲᠠᠴᠠ ᠶᠢ ᠪᠦᠷᠢᠨᠰᠢᠭᠦᠯᠬᠦ᠂ ᠲᠡᠷᠢᠭᠦᠨ ᠤ ᠦᠢᠯᠡᠳᠬᠦ ᠦᠢᠯᠡᠰ ᠤᠨ ᠳᠡᠭᠡᠳᠦ | ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠬᠦᠴᠦᠨ ᠨᠡᠮᠡᠷᠢᠯᠡᠬᠦ᠂ ᠦᠢᠯᠡᠳᠬᠦ ᠦᠢᠯᠡᠰ ᠤᠨ | ᠬᠥᠮᠥᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠳᠤ ᠬᠦᠴᠦᠨ ᠣᠯᠭᠤᠬᠤ ᠶᠢ ᠴᠢᠩᠭᠠᠳᠬᠠᠬᠤ᠂ ᠦᠢᠯᠡᠳᠬᠦ | ᠦᠢᠯᠡᠰ ᠤᠨ ᠳᠤᠮᠳᠠ ᠪᠠᠭ᠎ᠠ ᠠᠵᠤ ᠠᠬᠤᠶᠢᠯᠠᠯ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠶᠢ | ᠭᠦᠨᠵᠡᠭᠡᠶᠢᠷᠡᠭᠦᠯᠬᠦ᠂ ᠦᠢᠯᠡᠳᠬᠦ ᠦᠢᠯᠡᠰ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ | ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠲᠣᠰ ᠲᠣᠰ ᠱᠠᠭᠠᠷᠳᠠᠯᠭ᠎ᠠ ᠳᠤᠷᠠᠳᠴᠤ᠂ ᠠᠵᠤ | ᠦᠢᠯᠡᠰ ᠤᠨ ᠲᠠᠰ ᠳᠡᠪᠰᠢᠬᠦ᠂ ᠠᠵᠢᠯ ᠣᠯᠭᠤᠯᠲᠠ ᠶᠢ ᠠᠬᠢᠭᠤᠯᠬᠤ ᠪᠠ ᠬᠥᠳᠡᠯᠮᠦᠷᠢᠴᠢᠳ ᠤᠨ ᠪᠦᠭᠦ ᠲᠠᠯ᠎ᠠ ᠶᠢᠨ | ᠬᠥᠭᠵᠢᠯᠲᠡ ᠶᠢᠨ ᠥᠨᠳᠥᠷ ᠪᠦᠲᠦᠮᠵᠢᠲᠡᠶ ᠬᠠᠮᠵᠢᠯᠴᠠᠭ᠎ᠠ ᠶᠢ ᠠᠬᠢᠭᠤᠯᠪᠠ᠃ | | |