ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠳᠤᠮᠳᠠᠳᠤ ᠤᠯᠤᠰ ᠤᠨ ᠠᠶᠢᠽ ᠡᠪᠡᠳᠴᠢᠨ ᠢ ᠬᠤᠷᠢᠭᠯᠠᠬᠤ ᠪᠠ ᠰᠡᠷᠭᠡᠶᠢᠯᠡᠨ ᠵᠠᠰᠠᠬᠤ ᠲᠥᠯᠦᠪᠵᠢᠭᠦᠯᠭᠡ ︵2024 - 2030 ᠣᠨ︶︾  ᠶᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/12/13
     ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠲᠦᠷᠦᠭᠦᠬᠡᠨ ︽ᠳᠤᠮᠳᠠᠳᠤ ᠤᠯᠤᠰ ᠤᠨ ᠠᠶᠢᠽ ᠡᠪᠡᠳᠴᠢᠨ ᠢ ᠬᠤᠷᠢᠭᠯᠠᠬᠤ ᠪᠠ ᠰᠡᠷᠭᠡᠶᠢᠯᠡᠨ ᠵᠠᠰᠠᠬᠤ ᠲᠥᠯᠦᠪᠵᠢᠭᠦᠯᠭᠡ ︵2024 - 2030 ᠣᠨ︶︾ ︵ᠳᠣᠷᠣᠭᠰᠢ ︽ᠲᠥᠯᠦᠪᠵᠢᠭᠦᠯᠭᠡ︾ ᠭᠡᠵᠦ ᠲᠣᠪᠴᠢᠯᠠᠨ᠎ᠠ) ᠶᠢ ᠳᠠᠷᠤᠮᠠᠯᠯᠠᠨ ᠲᠠᠷᠬᠠᠭᠠᠵᠤ᠂ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠠᠭᠠᠯᠠᠪᠠ᠃      ︽ᠲᠥᠯᠦᠪᠵᠢᠭᠦᠯᠭᠡ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠳᠠᠶᠠᠭᠠᠷ ᠳᠠᠶᠢᠴᠢᠯᠠᠬᠤ᠂ ᠪᠦᠭᠦ ᠠᠷᠠᠳ ᠢᠶᠠᠷ ᠢᠶᠠᠨ ᠣᠷᠤᠯᠴᠠᠬᠤ ᠶᠢ ᠪᠠᠷᠢᠮᠲᠠᠯᠠᠵᠤ᠂ ᠰᠡᠷᠭᠡᠶᠢᠯᠡᠬᠦ ᠪᠠᠷ ᠭᠤᠣᠯ ᠪᠤᠯᠭᠠᠬᠤ᠂ ᠰᠡᠷᠭᠡᠶᠢᠯᠡᠬᠦ ᠪᠠ ᠵᠠᠰᠠᠬᠤ ᠶᠢ ᠤᠶᠠᠯᠳᠤᠭᠤᠯᠬᠤ᠂ ᠶᠡᠷᠦᠩᠬᠡᠶᠢᠯᠡᠨ ᠵᠠᠰᠠᠬᠤ᠂ ᠲᠥᠷᠥᠯ ᠬᠤᠪᠢᠶᠠᠨ ᠵᠢᠯᠤᠭᠤᠳᠬᠤ ᠶᠢ ᠪᠠᠷᠢᠮᠲᠠᠯᠠᠵᠤ᠂ ᠡᠮᠨᠡᠬᠦ ᠪᠠ ᠰᠡᠷᠭᠡᠶᠢᠯᠡᠬᠦ ᠶᠢ ᠬᠠᠮᠵᠢᠯᠴᠠᠭᠤᠯᠬᠤ᠂ ᠡᠮᠨᠡᠬᠦ ᠪᠠ ᠰᠡᠷᠭᠡᠶᠢᠯᠡᠬᠦ ᠶᠢ ᠠᠭᠤᠰᠤᠯᠴᠠᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠠᠰᠠᠭᠤᠳᠠᠯ ᠪᠠ ᠭᠤᠣᠯᠳᠠᠯᠭ᠎ᠠ ᠲᠠᠢ ᠭᠤᠭᠴᠤᠭ᠎ᠠ ᠶᠢ ᠳᠣᠪᠤᠶᠢᠯᠭᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠨ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃      ︽ᠲᠥᠯᠦᠪᠵᠢᠭᠦᠯᠭᠡ︾ ᠳᠤ ᠰᠡᠷᠭᠡᠶᠢᠯᠡᠨ ᠵᠠᠰᠠᠬᠤ ᠶᠡᠷᠦᠩᠬᠡᠢ ᠬᠠᠷᠠᠯᠲᠠ ᠪᠣᠯ ᠠᠶᠢᠽ ᠡᠪᠡᠳᠴᠢᠨ ᠢ ᠰᠢᠨ᠎ᠡ ᠪᠠᠷ ᠬᠠᠯᠳᠠᠪᠤᠷᠢᠯᠠᠬᠤ ᠶᠢ ᠪᠠᠭᠠᠰᠬᠠᠵᠤ᠂ ᠬᠠᠮᠢᠶ᠎ᠠ ᠪᠦᠬᠦᠢ ᠦᠬᠦᠯ ᠢ ᠪᠠᠭᠠᠰᠬᠠᠵᠤ᠂ ᠪᠦᠭᠦᠶᠢᠯᠡ ᠬᠢᠵᠢᠭ ᠤᠨ ᠪᠠᠶᠢᠳᠠᠯ ᠢ ᠦᠷᠭᠦᠯᠵᠢᠯᠡᠨ ᠳᠣᠣᠷ᠎ᠠ ᠳᠡᠯᠭᠡᠷᠡᠯᠲᠡ ᠶᠢᠨ ᠲᠦᠪᠰᠢᠨ ᠳᠤ ᠬᠢᠵᠠᠭᠠᠷᠯᠠᠬᠤ ᠪᠣᠯᠣᠨ᠎ᠠ ᠭᠡᠵᠦ ᠲᠣᠭᠲᠠᠭᠠᠪᠠ᠃ ᠡᠭᠦᠨ ᠤ ᠬᠠᠮᠲᠤ᠂ ᠨᠡᠶᠢᠭᠡᠮ ᠤᠨ ᠰᠡᠷᠭᠡᠶᠢᠯᠡᠨ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠭᠦ᠂ ᠠᠶᠤᠯᠲᠠᠢ ᠦᠶᠯᠡ ᠠᠵᠢᠯᠯᠠᠭ᠎ᠠ ᠶᠢᠨ ᠬᠤᠪᠢᠷᠠᠯᠲᠠ ᠶᠢ ᠠᠬᠢᠭᠤᠯᠬᠤ᠂ ᠭᠡᠷ ᠪᠦᠯᠢ ᠶᠢᠨ ᠳᠣᠲᠣᠷ᠎ᠠ ᠪᠠᠨ ᠬᠠᠯᠳᠠᠪᠤᠷᠢᠯᠠᠬᠤ ᠶᠢ ᠰᠡᠷᠭᠡᠶᠢᠯᠡᠬᠦ᠂ ᠣᠨᠣᠰᠢᠯᠠᠨ ᠡᠮᠨᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠭᠦ᠂ ᠬᠥᠮᠥᠰ ᠤᠨ ᠬᠠᠯᠳᠠᠪᠤᠷᠢᠯᠠᠬᠤ ᠲᠦᠪᠰᠢᠨ ᠢ ᠬᠢᠵᠠᠭᠠᠷᠯᠠᠬᠤ ᠵᠡᠷᠭᠡ 5 ᠲᠠᠯ᠎ᠠ ᠶᠢᠨ ᠪᠣᠳᠠᠲᠠᠢ ᠠᠵᠢᠯ ᠤᠨ ᠭᠦᠢᠴᠡᠳᠬᠡᠯ ᠲᠤᠭ᠎ᠠ ᠶᠢ ᠲᠣᠳᠣᠷᠬᠠᠶᠢᠯᠠᠪᠠ᠃      ︽ᠲᠥᠯᠦᠪᠵᠢᠭᠦᠯᠭᠡ︾ ᠳᠤ ᠤᠬᠠᠭᠤᠯᠭ᠎ᠠ ᠬᠥᠮᠦᠵᠢᠯ ᠤᠨ ᠨᠥᠯᠥᠭᠡᠯᠡᠯ ᠪᠠ ᠨᠡᠶᠢᠭᠡᠮ ᠤᠨ ᠳᠠᠶᠢᠴᠢᠯᠠᠯᠲᠠ ᠶᠢ ᠥᠷᠨᠢᠭᠦᠯᠬᠦ᠂ ᠰᠢᠯᠭᠠᠨ ᠪᠠᠶᠢᠴᠠᠭᠠᠬᠤ ᠪᠠ ᠬᠢᠨᠠᠨ ᠬᠡᠮᠵᠢᠬᠦ ᠶᠢ ᠴᠢᠩᠭᠠᠳᠬᠠᠬᠤ᠂ ᠡᠮᠨᠡᠨ ᠵᠠᠰᠠᠬᠤ ᠪᠠ ᠠᠪᠤᠷᠠᠨ ᠲᠤᠰᠠᠯᠠᠬᠤ ᠶᠢ ᠠᠬᠢᠭᠤᠯᠬᠤ᠂ ᠠᠳᠠᠯᠢ ᠪᠤᠰᠤ ᠬᠥᠮᠥᠰ ᠤᠨ ᠬᠠᠨᠳᠤᠯᠭᠠᠲᠤ ᠴᠢᠨᠠᠷᠲᠠᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠭᠤᠣᠯᠳᠠᠯᠭ᠎ᠠ ᠲᠠᠢ ᠭᠠᠵᠠᠷ ᠣᠷᠣᠨ ᠤ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠬᠤ᠂ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠨᠡᠶᠢᠭᠡᠮ ᠤᠨ ᠵᠠᠰᠠᠯᠲᠠ ᠶᠢ ᠥᠷᠨᠢᠭᠦᠯᠬᠦ ᠵᠡᠷᠭᠡ 6 ᠲᠠᠯ᠎ᠠ ᠶᠢᠨ 14 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃      ︽ᠲᠥᠯᠦᠪᠵᠢᠭᠦᠯᠭᠡ︾ ᠳᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠷᠣᠭᠤᠯᠤᠯᠲᠠ ᠶᠢᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠡᠮ ᠤᠨ ᠵᠦᠢᠯᠡᠰ ᠤᠨ ᠬᠠᠩᠭᠠᠯᠭ᠎ᠠ ᠶᠢ ᠪᠠᠲᠤᠯᠠᠵᠤ᠂ ᠰᠤᠳᠤᠯᠭᠠᠨ ᠤ ᠰᠢᠨ᠎ᠡ ᠶᠢ ᠡᠭᠦᠳᠬᠦ ᠶᠢ ᠴᠢᠩᠭᠠᠳᠬᠠᠵᠤ᠂ ᠤᠯᠠᠨ ᠤᠯᠤᠰ ᠤᠨ ᠬᠠᠮᠲᠤᠷᠠᠯᠴᠠᠭ᠎ᠠ ᠶᠢ ᠥᠷᠨᠢᠭᠦᠯᠵᠦ᠂ ᠠᠶᠢᠽ ᠡᠪᠡᠳᠴᠢᠨ ᠢ ᠰᠡᠷᠭᠡᠶᠢᠯᠡᠨ ᠵᠠᠰᠠᠬᠤ ᠬᠠᠷᠠᠯᠲᠠ ᠶᠢ ᠪᠡᠶᠡᠯᠡᠭᠦᠯᠬᠦ ᠳᠤ ᠴᠢᠩᠭ᠎ᠠ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号