ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠪᠠ | ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠢ ᠠᠩᠭᠢ | ᠬᠠᠮᠲᠤᠷᠠᠨ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠠᠵᠢᠯ ᠤᠨ ᠭᠤᠣᠯ ᠰᠢᠵᠢᠮ ᠪᠤᠯᠭᠠᠬᠤ ᠶᠢ ᠪᠠᠷᠢᠮᠲᠠᠯᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠶᠢ ᠪᠦᠭᠦ ᠣᠷᠣᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ᠳᠤ | ᠤᠷᠤᠭᠤᠯᠬᠤ ᠶᠢ ᠭᠦᠨᠵᠡᠭᠡᠢ ᠠᠬᠢᠭᠤᠯᠬᠤ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ | ᠳᠠᠷᠤᠮᠠᠯᠯᠠᠨ ᠲᠠᠷᠬᠠᠭᠠᠵᠤ᠂ 5 ᠵᠦᠢᠯ ᠤᠨ ᠭᠤᠣᠯᠳᠠᠯᠭ᠎ᠠ ᠲᠠᠢ ᠠᠵᠢᠯ ᠤᠨ ᠠᠭᠤᠯᠭ᠎ᠠ ᠶᠢ ᠲᠣᠳᠣᠷᠬᠠᠶᠢᠯᠠᠨ᠂ 5 | ᠵᠦᠢᠯ ᠤᠨ ᠠᠵᠢᠯ ᠤᠨ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯ ᠢ ᠪᠦᠭᠦ ᠣᠷᠣᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ | ᠡᠩᠨᠡᠭᠡ ᠳᠤ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠦᠭᠦ ᠬᠦᠴᠦᠨ ᠢᠶᠠᠷ ᠠᠬᠢᠭᠤᠯᠵᠤ᠂ ᠮᠠᠨ ᠤ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠰᠠᠯᠠᠭ᠎ᠠ ᠮᠥᠴᠢᠷ ᠠᠯᠤᠰᠯᠠᠨ | ᠬᠠᠮᠲᠤᠷᠠᠨ ᠪᠠᠶᠢᠭᠤᠯᠵᠤ ᠬᠠᠮᠲᠤᠷᠠᠨ ᠡᠭᠦᠳᠬᠦ ᠠᠵᠢᠯ ᠤᠨ ᠲᠣᠭᠲᠠᠴᠠ ᠶᠢᠨ ᠦᠷ᠎ᠡ ᠪᠦᠲᠦᠭᠡᠯ ᠢ ᠤᠯᠠᠮ ᠨᠢᠭᠡ | ᠠᠯᠬᠤᠮ ᠪᠠᠬᠢᠵᠢᠭᠦᠯᠦᠨ ᠳᠡᠭᠡᠭᠰᠢᠯᠡᠭᠦᠯᠦᠯᠡ᠃ | ᠣᠶᠢᠯᠠᠭᠠᠭᠰᠠᠨ ᠢᠶᠠᠷ᠂ ︽ᠰᠠᠨᠠᠯ︾ ᠳᠤ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠠᠵᠢᠯ ᠤᠨ ᠭᠤᠣᠯ ᠰᠢᠵᠢᠮ ᠢ ᠪᠠᠷᠢᠮᠲᠠᠯᠠᠨ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ | ᠲᠤᠰᠠᠯᠠᠬᠤ ᠡᠩᠨᠡᠭᠡ ᠶᠢᠨ ᠣᠯᠠᠨ ᠲᠦᠮᠡᠨ ᠲᠠᠢ ᠣᠶᠢᠷᠠᠲᠤᠬᠤ᠂ ᠣᠯᠠᠨ ᠲᠦᠮᠡᠨ ᠳᠤ ᠦᠢᠯᠡᠴᠢᠯᠡᠬᠦ ᠠᠵᠢᠯ | ᠮᠡᠷᠭᠡᠵᠢᠯ ᠤᠨ ᠣᠨᠴᠠᠯᠢᠭ ᠢ ᠭᠦᠢᠴᠡᠳ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠠᠬᠢᠭᠤᠯᠬᠤ ᠰᠢᠨ᠎ᠡ ᠠᠴᠢᠶᠠᠯᠠᠪᠤᠷᠢ᠂ ᠰᠢᠨ᠎ᠡ ᠲᠠᠪᠴᠠᠩ ᠢ ᠢᠳᠡᠪᠬᠢᠲᠡᠢ ᠬᠠᠶᠢᠨ ᠰᠦᠪᠡᠭᠴᠢᠯᠡᠵᠦ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠴᠢᠷᠮᠠᠶᠢᠨ ᠠᠬᠢᠭᠤᠯᠵᠤ᠂ ᠥᠪᠡᠷᠲᠡᠭᠡᠨ | ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠭᠦ | ᠬᠡᠷᠡᠭᠲᠡᠢ ᠭᠡᠵᠦ ᠳᠤᠷᠠᠳᠴᠠᠢ᠃ | ︽ᠰᠠᠨᠠᠯ︾ ᠳᠤ᠂ ᠦᠨᠳᠦᠰᠦᠲᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠶᠢ | ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠦᠭᠦ ᠲᠠᠯ᠎ᠠ ᠪᠠᠷ | ᠭᠦᠨᠵᠡᠭᠡᠢ ᠥᠷᠨᠢᠭᠦᠯᠬᠦ ᠶᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠵᠢᠯ ᠤᠨ ᠣᠨ ᠤ | ᠠᠵᠢᠯ ᠤᠨ ᠭᠤᠣᠯᠳᠠᠯᠭ᠎ᠠ ᠳᠤ ᠣᠷᠣᠭᠤᠯᠵᠤ᠂ ᠵᠢᠯᠣᠭᠤᠳᠤᠭᠴᠢ ᠪᠠᠶᠢᠯᠳᠤᠭᠴᠢᠳ ᠤᠨ ᠦᠵᠡᠯ ᠰᠠᠨᠠᠭ᠎ᠠ ᠤᠯᠤᠰ | ᠲᠥᠷᠥ ᠶᠢᠨ ᠬᠥᠮᠦᠵᠢᠯ ᠤᠨ ᠲᠥᠯᠥᠪᠯᠡᠭᠡ ᠳᠤ ᠣᠷᠣᠭᠤᠯᠵᠤ᠂ ᠪᠠᠲᠤ ᠴᠢᠩᠭ᠎ᠠ ᠪᠠᠬᠢᠯᠡᠯᠲᠡ ᠶᠢᠨ ᠵᠢᠱᠢᠶᠡᠴᠢ ᠨᠠᠮ ᠤᠨ | ᠡᠭᠦᠷ᠂ ᠤᠮᠠᠷᠠᠲᠤ ᠬᠢᠯᠢ ᠶᠢᠨ ᠵᠢᠱᠢᠶᠡᠴᠢ ᠪᠠᠶᠢᠭᠤᠯᠭ᠎ᠠ ᠶᠢ ᠡᠭᠦᠳᠦᠨ ᠪᠠᠶᠢᠭᠤᠯᠬᠤ ᠠᠵᠢᠯ ᠳᠤ ᠨᠠᠶᠢᠳᠠᠪᠤᠷᠢᠵᠢᠭᠤᠯᠬᠤ | ᠭᠡᠷᠡᠭᠲᠠᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠶᠢ | ᠴᠢᠬᠤᠯᠠ ᠶᠡᠭᠡ ᠡᠭᠦᠷᠭᠡ ᠪᠤᠯᠭᠠᠵᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ᠶᠢᠨ | ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠠᠬᠢᠭᠤᠯᠬᠤ ᠤᠯᠠᠨ ᠲᠦᠮᠡᠨᠴᠢ ᠴᠢᠨᠠᠷᠲᠠᠢ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ | ᠥᠷᠨᠢᠭᠦᠯᠬᠦ ᠭᠡᠷᠡᠭᠲᠡᠢ᠃ᠦᠨᠳᠦᠰᠦᠲᠡᠨ ᠤ ᠭᠠᠵᠠᠷ ᠣᠷᠣᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ | ᠲᠦᠪᠰᠢᠨ ᠤ ᠪᠠᠶᠢᠳᠠᠯ ᠤᠨ ᠲᠣᠭᠲᠠᠭᠤᠨ ᠢ ᠬᠠᠮᠠᠭᠠᠯᠠᠬᠤ ᠶᠢ ᠢᠮᠠᠭᠲᠠ ᠲᠣᠪᠣᠶᠢᠮ᠎ᠠ ᠪᠠᠶᠢᠷᠢᠨ ᠳᠤ ᠲᠠᠯᠪᠢᠵᠤ᠂ | ᠭᠠᠮᠰᠢᠭ ᠠᠴᠠ ᠪᠣᠯᠵᠤ ᠶᠠᠳᠠᠭᠤᠷᠠᠬᠤ ᠲᠠᠭᠢᠨ ᠶᠠᠳᠠᠭᠤᠷᠠᠬᠤ ᠶᠢ ᠪᠦᠲᠦᠮᠵᠢᠲᠡᠢ ᠰᠡᠷᠭᠡᠶᠢᠯᠡᠵᠦ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠭᠡᠷᠡᠭᠲᠡᠢ᠃ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢᠨ ︽ᠰᠢᠯᠢᠳᠡᠭ︾ ᠣᠷᠴᠢᠨ ᠲᠣᠭᠤᠷᠢᠨ᠂ ︽ᠳᠤᠯᠠᠭᠠᠨ︾ | ᠦᠢᠯᠡᠴᠢᠯᠡᠭᠡ ᠬᠠᠩᠭᠠᠬᠤ ᠶᠢ ᠴᠢᠩᠭᠠᠳᠬᠠᠵᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ | ᠪᠠᠶᠢᠳᠠᠯ ᠢ ᠦᠷᠭᠦᠯᠵᠢᠯᠡᠨ ᠡᠭᠦᠳᠬᠦ ᠭᠡᠷᠡᠭᠲᠡᠶ᠃ ︽ᠤᠮᠠᠷᠠᠲᠤ ᠬᠢᠯᠢ ᠶᠢᠨ ᠬᠥᠬᠡ ᠳᠥᠯᠥ︾ ᠰᠠᠶᠢᠨ ᠳᠤᠷ᠎ᠠ ᠶᠢᠨ | ᠦᠢᠯᠡᠴᠢᠯᠡᠭᠡᠨ ᠤ ᠲᠥᠷᠥᠯ ᠲᠡᠮᠳᠡᠭ ᠢ ᠢᠯᠡ ᠲᠣᠳᠣ ᠪᠤᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ | ᠬᠠᠷᠢᠯᠴᠠᠨ ᠰᠢᠭᠢᠳᠬᠡᠬᠦ ᠮᠠᠶ᠋ᠢᠭ ᠤᠨ ᠬᠥᠭᠵᠢᠯᠲᠡ ᠶᠢᠨ ᠠᠵᠢᠯ ᠳᠤ ᠠᠭᠤᠰᠤᠯᠴᠠᠬᠤ ᠶᠢ ᠠᠬᠢᠭᠤᠯᠬᠤ ᠬᠡᠷᠡᠭᠲᠡᠢ ᠭᠡᠵᠦ | ᠱᠠᠭᠠᠷᠳᠠᠵᠠᠢ᠃ | | |