ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | | | ᠥᠪᠥᠷ ᠵᠠᠰᠠᠭ ᠠᠯᠪᠠᠨ ᠲᠠᠷᠬᠠᠭᠠᠭᠰᠠᠨ ﹇2024﹈ 19 ᠳ᠋ᠦ᠋ᠭᠡᠷ ᠲᠣᠭᠠᠲᠤ | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠡᠭᠡᠷᠡᠬᠢ ᠵᠠᠭᠤᠴᠢᠯᠠᠬᠤ | ᠦᠢᠯᠡᠴᠢᠯᠡᠭᠡᠨ ᠤ ᠬᠡᠲᠦ ᠳᠡᠯᠭᠡᠭᠦᠷ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ | ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠡᠭᠡᠷᠡᠬᠢ ᠵᠠᠭᠤᠴᠢᠯᠠᠬᠤ | ᠦᠢᠯᠡᠴᠢᠯᠡᠭᠡᠨ ᠤ ᠬᠡᠲᠦ ᠳᠡᠯᠭᠡᠭᠦᠷ ᠤᠨ ᠬᠠᠮᠢᠶᠠᠷᠤᠯᠲᠠ ᠶᠢᠨ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ | ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃ | 2024 ᠣᠨ ᠤ 4 ᠳ᠋ᠦ᠋ᠭᠡᠷ ᠰᠠᠷ᠎ᠠ ᠶᠢᠨ 29 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠡᠭᠡᠷᠡᠬᠢ | ᠵᠠᠭᠤᠴᠢᠯᠠᠬᠤ ᠦᠢᠯᠡᠴᠢᠯᠡᠭᠡᠨ ᠤ ᠬᠡᠲᠦ ᠳᠡᠯᠭᠡᠭᠦᠷ ᠤᠨ ᠬᠠᠮᠢᠶᠠᠷᠤᠯᠲᠠ ᠶᠢᠨ ᠠᠷᠭ᠎ᠠ | | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠳᠡᠭᠡᠷᠡᠬᠢ | ᠵᠠᠭᠤᠴᠢᠯᠠᠬᠤ ᠦᠢᠯᠡᠴᠢᠯᠡᠭᠡᠨ ᠤ ᠬᠡᠲᠦ ᠳᠡᠯᠭᠡᠭᠦᠷ ︵ᠳᠣᠷᠣᠭᠰᠢ ᠵᠠᠭᠤᠴᠢᠯᠠᠬᠤ ᠬᠡᠲᠦ ᠳᠡᠯᠭᠡᠭᠦᠷ ᠭᠡᠵᠦ ᠲᠣᠪᠴᠢᠯᠠᠨ᠎ᠠ︶ | ᠤᠨ ᠠᠵᠢᠯᠯᠠᠭᠠᠨ᠂ ᠦᠢᠯᠡᠴᠢᠯᠡᠭᠡᠨ ᠪᠠ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠬᠤ ᠶᠢᠨ ᠲᠤᠰᠠᠳᠠ᠂ ︽ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ | 722 ᠳ᠋ᠤᠭᠠᠷ ᠲᠣᠭᠠᠲᠤ ᠵᠠᠷᠯᠢᠭ︶ ᠤᠨ ᠬᠤᠯᠪᠣᠭᠳᠠᠯ ᠪᠦᠬᠦᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ | ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠵᠠᠭᠤᠴᠢᠯᠠᠬᠤ ᠬᠡᠲᠦ ᠳᠡᠯᠭᠡᠭᠦᠷ ᠭᠡᠳᠡᠭ ᠨᠢ | ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ᠳᠤ ᠲᠦᠰᠢᠭᠯᠡᠨ ᠪᠠᠶᠢᠭᠤᠯᠵᠤ᠂ | ︽ᠨᠢᠭᠡᠳᠦᠯᠲᠡᠢ ᠪᠠᠷᠢᠮᠵᠢᠶ᠎ᠠ᠂ ᠨᠢᠭᠡᠳᠦᠯᠲᠡᠢ ᠵᠢᠷᠤᠮᠵᠢᠯ᠂ ᠨᠢᠭᠡᠳᠦᠯᠲᠡᠢ ᠲᠠᠪᠴᠠᠩ᠂ ᠡᠬᠢ ᠪᠠᠶᠠᠯᠢᠭ ᠢ ᠬᠠᠮᠲᠤ ᠪᠠᠷ ᠭᠥᠷᠳᠡᠬᠦ︾ | ᠵᠠᠷᠴᠢᠮ ᠢ ᠵᠢᠷᠤᠮᠯᠠᠨ᠂ ᠵᠠᠭᠤᠴᠢᠯᠠᠬᠤ ᠬᠡᠲᠦ ᠳᠡᠯᠭᠡᠭᠦᠷ ᠲᠤ ᠣᠷᠣᠭᠰᠠᠨ ᠵᠠᠭᠤᠴᠢᠯᠠᠬᠤ ᠦᠢᠯᠡᠴᠢᠯᠡᠭᠡᠨ ᠤ | ᠪᠠᠶᠢᠭᠤᠯᠤᠮᠵᠢ ᠳᠤ ᠬᠢᠷᠢ ᠴᠢᠳᠠᠮᠵᠢ ᠶᠢ ᠳᠠᠩᠰᠠᠯᠠᠬᠤ᠂ ᠮᠡᠳᠡᠭᠡ ᠵᠠᠩᠭᠢ ᠶᠢ ᠢᠯᠡ ᠨᠡᠶᠢᠲᠡᠯᠡᠬᠦ᠂ ᠢᠲᠡᠭᠡᠯ ᠬᠦᠨᠳᠦ ᠶᠢ | ᠤᠬᠠᠭᠤᠯᠤᠨ ᠲᠠᠨᠢᠯᠴᠠᠭᠤᠯᠬᠤ᠂ ᠦᠢᠯᠡᠴᠢᠯᠡᠭᠡ ᠬᠤᠳᠠᠯᠳᠤᠨ ᠠᠪᠬᠤ᠂ ᠰᠣᠩᠭᠤᠭᠳᠠᠭᠰᠠᠳ ᠢ ᠵᠠᠷᠯᠠᠨ ᠨᠡᠶᠢᠲᠡᠯᠡᠬᠦ ᠵᠡᠷᠭᠡ | ᠦᠢᠯᠡᠴᠢᠯᠡᠭᠡ ᠬᠠᠩᠭᠠᠬᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠪᠴᠠᠩ ᠢ ᠵᠢᠭᠠᠵᠤ ᠪᠣᠶ᠃ | ᠲᠣᠰ ᠠᠷᠭ᠎ᠠ ᠳᠤ ᠬᠡᠯᠡᠵᠦ ᠪᠠᠶᠢᠭ᠎ᠠ ᠬᠤᠳᠠᠯᠳᠤᠨ ᠠᠪᠤᠭᠴᠢ ᠭᠡᠳᠡᠭ ᠨᠢ ᠵᠠᠭᠤᠴᠢᠯᠠᠬᠤ ᠬᠡᠲᠦ ᠳᠡᠯᠭᠡᠭᠦᠷ ᠢᠶᠠᠷ | ᠳᠠᠮᠵᠢᠭᠤᠯᠤᠨ ᠵᠠᠭᠤᠴᠢᠯᠠᠬᠤ ᠦᠢᠯᠡᠴᠢᠯᠡᠭᠡ ᠬᠤᠳᠠᠯᠳᠤᠨ ᠠᠪᠬᠤ ᠪᠠᠶᠢᠭᠠᠯᠢ ᠬᠥᠮᠥᠨ᠂ ᠬᠠᠤᠯᠢ ᠶᠢᠨ ᠡᠷᠬᠡᠲᠡᠨ᠂ | ᠬᠠᠤᠯᠢ ᠶᠢᠨ ᠡᠷᠬᠡᠲᠡᠨ ᠪᠤᠰᠤ ᠵᠣᠬᠢᠶᠠᠨ ᠪᠠᠶᠢᠭᠤᠯᠤᠯᠲᠠ ᠶᠢ ᠵᠢᠭᠠᠵᠤ ᠪᠣᠶ᠃ | ᠲᠣᠰ ᠠᠷᠭ᠎ᠠ ᠳᠤ ᠬᠡᠯᠡᠵᠦ ᠪᠠᠶᠢᠭ᠎ᠠ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠭᠡᠳᠡᠭ ᠨᠢ ᠵᠠᠭᠤᠴᠢᠯᠠᠬᠤ | ᠬᠡᠲᠦ ᠳᠡᠯᠭᠡᠭᠦᠷ ᠢᠶᠠᠷ ᠳᠠᠮᠵᠢᠭᠤᠯᠤᠨ ᠬᠤᠳᠠᠯᠳᠤᠨ ᠠᠪᠤᠭᠴᠢ ᠳᠤ ᠲᠥᠯᠥᠪᠦᠷᠢ ᠲᠠᠢ ᠵᠠᠭᠤᠴᠢᠯᠠᠬᠤ ᠦᠢᠯᠡᠴᠢᠯᠡᠭᠡ | ᠬᠠᠩᠭᠠᠬᠤ ᠬᠠᠤᠯᠢ ᠶᠢᠨ ᠡᠷᠬᠡᠲᠡᠨ᠂ ᠬᠠᠤᠯᠢ ᠶᠢᠨ ᠡᠷᠬᠡᠲᠡᠨ ᠪᠤᠰᠤ ᠵᠣᠬᠢᠶᠠᠨ ᠪᠠᠶᠢᠭᠤᠯᠤᠯᠲᠠ ᠶᠢ ᠵᠢᠭᠠᠵᠤ ᠪᠣᠶ᠃ | ᠲᠣᠰ ᠠᠷᠭ᠎ᠠ ᠳᠤ ᠬᠡᠯᠡᠵᠦ ᠪᠠᠶᠢᠭ᠎ᠠ ᠵᠠᠭᠤᠴᠢᠯᠠᠬᠤ ᠦᠢᠯᠡᠴᠢᠯᠡᠭᠡᠨ ᠤ ᠵᠦᠢᠯᠡᠰ ᠭᠡᠳᠡᠭ ᠲᠤ ᠡᠯ᠎ᠡ | ᠲᠥᠷᠥᠯ ᠤᠨ ᠮᠡᠷᠭᠡᠵᠢᠯ ᠤᠨ ᠬᠢᠨᠠᠨ ᠪᠠᠶᠢᠴᠠᠭᠠᠯᠲᠠ᠂ ᠨᠤᠲᠠᠯᠠᠯᠲᠠ᠂ ᠦᠨᠡᠯᠡᠨ ᠵᠢᠱᠢᠯᠲᠡ᠂ ᠦᠨᠡᠯᠡᠯᠲᠡ᠂ ᠪᠠᠶᠢᠴᠠᠭᠠᠨ | ᠰᠢᠯᠭᠠᠯᠲᠠ᠂ ᠰᠢᠯᠭᠠᠨ ᠰᠢᠨᠵᠢᠯᠲᠡ᠂ ᠬᠢᠨᠠᠨ ᠭᠡᠷᠡᠴᠢᠯᠡᠯᠲᠡ᠂ ᠬᠢᠨᠠᠨ ᠲᠣᠭᠲᠠᠭᠠᠯᠲᠠ᠂ ᠭᠡᠷᠡᠴᠢᠯᠡᠭᠡ᠂ ᠯᠠᠪᠯᠠᠭ᠎ᠠ᠂ ᠲᠤᠷᠰᠢᠨ | ᠰᠢᠯᠭᠠᠯᠲᠠ ᠵᠡᠷᠭᠡ ᠲᠥᠷᠥᠯ ᠪᠠᠭᠲᠠᠨ᠎ᠠ᠃ ᠵᠠᠭᠤᠴᠢᠯᠠᠬᠤ ᠦᠢᠯᠡᠴᠢᠯᠡᠭᠡᠨ ᠤ ᠵᠦᠢᠯᠡᠰ ᠢ ᠵᠠᠰᠠᠭ ᠵᠠᠬᠢᠷᠭᠠᠨ ᠤ ᠡᠷᠬᠡ ᠶᠢ | ᠬᠡᠷᠡᠭᠵᠢᠭᠦᠯᠬᠦ ᠰᠠᠯᠠᠭ᠎ᠠ ᠮᠥᠴᠢᠷ ︵ᠲᠣᠰ ᠵᠦᠢᠯ ᠤᠨ ᠵᠠᠭᠤᠴᠢᠯᠠᠬᠤ ᠦᠢᠯᠡᠴᠢᠯᠡᠭᠡᠨ ᠤ ᠮᠠᠲ᠋ᠧᠷᠢᠶᠠᠯ ᠢ | ᠬᠠᠩᠭᠠᠯᠭᠠᠬᠤ ᠪᠠᠷ ᠱᠠᠭᠠᠷᠳᠠᠭᠰᠠᠨ ᠰᠠᠯᠠᠭ᠎ᠠ ᠮᠥᠴᠢᠷ︶ ᠠᠴᠠ ᠢᠯᠭᠠᠷᠠᠭᠤᠯᠤᠨ ᠵᠢᠷᠤᠮᠵᠢᠭᠤᠯᠵᠤ᠂ ᠭᠠᠷᠴᠠᠭ ᠤᠨ | ᠲᠣᠳᠣᠷᠬᠠᠢ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠵᠦᠢᠯᠡᠰ ᠤᠨ ᠨᠡᠷᠡᠶᠢᠳᠦᠯ᠂ ᠪᠠᠶᠢᠭᠤᠯᠬᠤ ᠦᠨᠳᠦᠰᠦᠯᠡᠯ᠂ | ᠬᠡᠷᠡᠭᠵᠢᠭᠦᠯᠬᠦ ᠱᠠᠭᠠᠷᠳᠠᠯᠭ᠎ᠠ ᠵᠡᠷᠭᠡ ᠬᠦᠴᠦᠨ ᠵᠦᠢᠯ ᠤᠳ ᠢ ᠵᠢᠭᠰᠠᠭᠠᠨ ᠲᠣᠳᠣᠷᠬᠠᠶᠢᠯᠠᠵᠤ᠂ ᠵᠠᠭᠤᠴᠢᠯᠠᠬᠤ ᠬᠡᠲᠦ | ᠳᠡᠯᠭᠡᠭᠦᠷ ᠲᠤ ᠢᠯᠡ ᠨᠡᠶᠢᠲᠡᠯᠡᠨ᠂ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠠᠪᠤᠴᠠ ᠳᠤ ᠵᠠᠭᠤᠴᠢᠯᠠᠬᠤ | ᠦᠢᠯᠡᠴᠢᠯᠡᠭᠡᠨ ᠤ ᠪᠠᠶᠢᠭᠤᠯᠤᠮᠵᠢ ᠳᠤ ᠨᠠᠶᠢᠳᠠᠨ ᠮᠡᠷᠭᠡᠵᠢᠯ ᠤᠨ ᠴᠢᠨᠠᠷᠲᠠᠢ ᠦᠢᠯᠡᠴᠢᠯᠡᠭᠡ ᠥᠷᠨᠢᠭᠦᠯᠬᠦ ᠴᠢᠬᠤᠯᠠᠲᠠᠢ | ᠪᠣᠯ᠂ ᠵᠠᠭᠤᠴᠢᠯᠠᠬᠤ ᠬᠡᠲᠦ ᠳᠡᠯᠭᠡᠭᠦᠷ ᠲᠤ ᠵᠡᠷᠭᠡ ᠳᠤ ᠨᠢ ᠣᠷᠣᠭᠤᠯᠤᠨ ᠨᠢᠭᠡᠳᠦᠯᠲᠡᠢ ᠬᠠᠮᠢᠶᠠᠷᠤᠭᠤᠯᠤᠨ᠎ᠠ᠃ | ᠭᠤᠷᠪᠠᠳᠤᠭᠠᠷ ᠵᠦᠢᠯ ᠬᠤᠳᠠᠯᠳᠤᠨ ᠠᠪᠤᠭᠴᠢ ᠨᠢ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠶᠢ | ᠬᠡᠷᠡᠭᠯᠡᠵᠦ ᠬᠤᠳᠠᠯᠳᠤᠨ ᠠᠪᠤᠭᠰᠠᠨ ᠪᠣᠯ᠂ ᠨᠢᠭᠡᠨᠲᠡ ᠵᠠᠭᠤᠴᠢᠯᠠᠬᠤ ᠦᠢᠯᠡᠴᠢᠯᠡᠭᠡᠨ ᠤ ᠵᠦᠢᠯᠡᠰ ᠤᠨ ᠭᠠᠷᠴᠠᠭ ᠤᠨ | ᠲᠣᠳᠣᠷᠬᠠᠢ ᠬᠠᠭᠤᠳᠠᠰᠤᠨ ᠳᠤ ᠵᠢᠭᠰᠠᠭᠠᠨ ᠣᠷᠣᠭᠤᠯᠤᠭᠰᠠᠨ᠂ ᠵᠠᠰᠠᠭ ᠤᠨ ᠣᠷᠳᠣᠨ ᠤ ᠲᠥᠪᠯᠡᠷᠡᠭᠦᠯᠦᠨ | ᠬᠤᠳᠠᠯᠳᠤᠵᠤ ᠠᠪᠬᠤ ᠭᠠᠷᠴᠠᠭ ᠠᠴᠠ ᠭᠠᠳᠠᠨᠠᠬᠢ᠂ ᠲᠡᠷᠡᠴᠢᠯᠡᠨ ᠬᠤᠳᠠᠯᠳᠤᠨ ᠠᠪᠬᠤ ᠬᠢᠵᠠᠭᠠᠷ ᠲᠤᠭ᠎ᠠ ᠶᠢᠨ | ᠪᠠᠷᠢᠮᠵᠢᠶ᠎ᠠ ᠳᠤ ᠥᠯᠥ ᠬᠦᠷᠦᠭᠰᠡᠨ ᠵᠠᠭᠤᠴᠢᠯᠠᠬᠤ ᠦᠢᠯᠡᠴᠢᠯᠡᠭᠡᠨ ᠤ ᠲᠦᠷᠦᠯ ᠵᠦᠢᠯ ᠢ ᠵᠠᠷᠴᠢᠮ ᠳᠡᠭᠡᠷ᠎ᠡ ᠪᠠᠨ | ᠵᠠᠭᠤᠴᠢᠯᠠᠬᠤ ᠬᠡᠲᠦ ᠳᠡᠯᠭᠡᠭᠦᠷ ᠢᠶᠠᠷ ᠳᠠᠮᠵᠢᠭᠤᠯᠤᠨ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢ ᠢᠯᠡ ᠪᠠᠷ | ᠰᠣᠩᠭᠤᠨ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ ᠡᠭᠦᠨ ᠳᠤ ᠪᠠᠭᠲᠠᠬᠤ | ᠦᠭᠡᠢ᠃ | ᠵᠠᠰᠠᠭ ᠤᠨ ᠣᠷᠳᠣᠨ ᠤ ᠬᠤᠳᠠᠯᠳᠤᠨ ᠠᠪᠬᠤ ᠡᠭᠦᠯᠡᠨ ᠲᠠᠪᠴᠠᠩ ᠤᠨ ᠡᠯᠧᠺᠲᠷᠣᠨ ᠬᠤᠳᠠᠯᠳᠤᠭᠠᠨ ᠤ | ᠲᠠᠯᠠᠪᠠᠶ ᠳᠤ ᠵᠢᠭᠰᠠᠭᠠᠨ ᠣᠷᠣᠭᠤᠯᠤᠭᠰᠠᠨ ᠵᠠᠭᠤᠴᠢᠯᠠᠬᠤ ᠦᠢᠯᠡᠴᠢᠯᠡᠭᠡᠨ ᠤ ᠲᠦᠷᠦᠯ ᠵᠦᠢᠯ ᠢ ᠪᠠᠶᠢᠩᠭᠤᠵᠢᠭᠤᠯᠤᠨ | ᠡᠯᠰᠡᠵᠦ ᠴᠤᠭᠯᠠᠭᠤᠯᠬᠤ ᠳᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠳᠦᠷᠢᠮ ᠶᠣᠰᠣᠭᠠᠷ ᠬᠡᠷᠡᠭᠵᠢᠭᠦᠯᠦᠨ᠎ᠡ᠃ | ᠨᠡᠶᠢᠭᠡᠮ ᠤᠨ ᠴᠢᠨᠠᠷᠲᠠᠢ ᠪᠡᠯᠡ ᠮᠥᠩᠭᠦ ᠶᠢᠨ ᠲᠥᠷᠥᠯ ᠵᠦᠢᠯ ᠢ ᠵᠣᠷᠢᠭᠵᠢᠭᠤᠯᠵᠤ ᠪᠠᠶᠢᠭᠠᠳ ᠵᠠᠭᠤᠴᠢᠯᠠᠬᠤ | ᠬᠡᠲᠦ ᠳᠡᠯᠭᠡᠭᠦᠷ ᠢᠶᠠᠷ ᠳᠠᠮᠵᠢᠭᠤᠯᠤᠨ ᠵᠠᠭᠤᠴᠢᠯᠠᠬᠤ ᠦᠢᠯᠡᠴᠢᠯᠡᠭᠡ ᠬᠤᠳᠠᠯᠳᠤᠨ ᠠᠪᠬᠤ ᠪᠣᠯᠭᠠᠨ᠎ᠠ᠃ | ᠳᠥᠷᠪᠡᠳᠦᠭᠡᠷ ᠵᠦᠢᠯ ᠵᠠᠭᠤᠴᠢᠯᠠᠬᠤ ᠬᠡᠲᠦ ᠳᠡᠯᠭᠡᠭᠦᠷ ᠢ ᠪᠥᠬᠦ ᠤᠯᠤᠰ ᠤᠨ ᠨᠥᠬᠦᠴᠡᠯ ᠳᠤ ᠨᠡᠶᠢᠴᠡᠭᠰᠡᠨ | ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠳᠤ ᠬᠠᠨᠳᠤᠭᠤᠯᠵᠤ ᠪᠠᠶᠢᠩᠭᠤᠵᠢᠭᠤᠯᠤᠨ ᠴᠢᠯᠦᠭᠡᠲᠡᠢ ᠪᠣᠯᠭᠠᠨ᠎ᠠ᠃ | ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠣᠷᠣᠨ ᠪᠦᠰᠡ ᠶᠢᠨ ᠴᠢᠨᠠᠷᠲᠠᠢ᠂ ᠠᠵᠢᠯ ᠲᠥᠷᠥᠯ ᠤᠨ ᠴᠢᠨᠠᠷᠲᠠᠢ ᠠᠵᠢᠯ | ᠡᠷᠭᠢᠯᠡᠬᠦ ᠬᠢᠵᠠᠭᠠᠷᠯᠠᠯ ᠢ ᠲᠣᠭᠲᠠᠭᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠲᠣᠭᠲᠠᠭᠠᠵᠤ ᠪᠣᠯᠬᠤ ᠦᠭᠡᠢ᠂ | ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠵᠠᠭᠤᠴᠢᠯᠠᠬᠤ ᠬᠡᠲᠦ ᠳᠡᠯᠭᠡᠭᠦᠷ ᠲᠤ ᠣᠷᠣᠬᠤ ᠶᠢ ᠬᠠᠷᠰᠢᠯᠠᠬᠤ | ᠪᠠ ᠬᠢᠵᠠᠭᠠᠷᠯᠠᠵᠤ ᠪᠣᠯᠬᠤ ᠦᠭᠡᠢ᠂ ᠶᠠᠮᠠᠷᠪᠠ ᠠᠷᠭ᠎ᠠ ᠮᠠᠶ᠋ᠢᠭ ᠢᠶᠠᠷ ᠴᠦ ᠭᠡᠳ ᠵᠠᠭᠤᠴᠢᠯᠠᠬᠤ ᠦᠢᠯᠡᠴᠢᠯᠡᠭᠡᠨ ᠤ | ᠪᠠᠶᠢᠭᠤᠯᠤᠮᠵᠢ ᠶᠢ ᠰᠣᠩᠭᠤᠬᠤ ᠠᠵᠢᠯᠯᠠᠭ᠎ᠠ ᠳᠤ ᠭᠠᠷ ᠳᠦᠷᠦᠵᠦ ᠪᠣᠯᠬᠤ ᠦᠭᠡᠢ᠃ | ᠲᠠᠪᠤᠳᠤᠭᠠᠷ ᠵᠦᠢᠯ ᠵᠠᠭᠤᠴᠢᠯᠠᠬᠤ ᠬᠡᠲᠦ ᠳᠡᠯᠭᠡᠭᠦᠷ ᠢᠶᠠᠷ ᠳᠠᠮᠵᠢᠭᠤᠯᠵᠤ ᠰᠣᠩᠭᠤᠭᠰᠠᠨ ᠵᠠᠭᠤᠴᠢᠯᠠᠬᠤ | ᠦᠢᠯᠡᠴᠢᠯᠡᠭᠡᠨ ᠤ ᠪᠠᠶᠢᠭᠤᠯᠤᠮᠵᠢ ᠶᠢᠨ ᠬᠠᠤᠯᠢ ᠶᠣᠰᠣᠭᠠᠷ᠂ ᠲᠣᠭᠲᠠᠭᠠᠯ ᠶᠣᠰᠣᠭᠠᠷ ᠭᠠᠷᠭᠠᠵᠤ ᠥᠭᠭᠦᠭᠰᠡᠨ | ᠱᠠᠭᠠᠷᠳᠠᠯᠭ᠎ᠠ ᠳᠤ ᠨᠡᠶᠢᠴᠡᠬᠦ ᠦᠢᠯᠡᠴᠢᠯᠡᠭᠡᠨ ᠤ ᠦᠷ᠎ᠡ ᠪᠦᠲᠦᠭᠡᠯ ᠢ ᠬᠠᠮᠢᠶ᠎ᠠ ᠪᠦᠬᠦᠢ ᠵᠠᠰᠠᠭ ᠵᠠᠬᠢᠷᠭᠠᠨ ᠤ ᠡᠷᠬᠡ | ᠬᠡᠷᠡᠭᠵᠢᠭᠦᠯᠬᠦ ᠰᠠᠯᠠᠭ᠎ᠠ ᠮᠥᠴᠢᠷ ᠪᠠ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠮᠡᠳᠡᠷᠡᠨ ᠵᠥᠪᠰᠢᠶᠡᠷᠡᠬᠦ ᠬᠡᠷᠡᠭᠲᠡᠢ᠃ | ᠬᠤᠶᠠᠳᠤᠭᠠᠷ ᠪᠦᠯᠦᠭ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠵᠢᠷᠭᠤᠳᠤᠭᠠᠷ ᠵᠦᠢᠯ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯ ᠵᠠᠭᠤᠴᠢᠯᠠᠬᠤ ᠬᠡᠲᠦ ᠳᠡᠯᠭᠡᠭᠦᠷ ᠤᠨ ᠬᠠᠮᠢᠶᠠᠷᠤᠯᠲᠠ ᠶᠢᠨ ᠪᠠᠶᠢᠭᠤᠯᠤᠮᠵᠢ | ᠪᠣᠯᠣᠨ᠎ᠠ᠃ | ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠭᠤᠴᠢᠯᠠᠬᠤ ᠬᠡᠲᠦ ᠳᠡᠯᠭᠡᠭᠦᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠶᠢᠨ ᠭᠤᠣᠯ ᠡᠭᠦᠷᠭᠡ ᠬᠠᠷᠢᠭᠤᠴᠠᠯᠭ᠎ᠠ᠄ | ︵ᠨᠢᠭᠡ︶ ᠵᠠᠭᠤᠴᠢᠯᠠᠬᠤ ᠦᠢᠯᠡᠴᠢᠯᠡᠭᠡᠨ ᠤ ᠲᠤᠬᠠᠢ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ | ︵ᠬᠤᠶᠠᠷ︶ ᠵᠠᠭᠤᠴᠢᠯᠠᠬᠤ ᠬᠡᠲᠦ ᠳᠡᠯᠭᠡᠭᠦᠷ ᠤᠨ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠵᠤ | ᠲᠤᠭᠤᠷᠪᠢᠨ ᠲᠣᠭᠲᠠᠭᠠᠵᠤ᠂ ᠵᠠᠭᠤᠴᠢᠯᠠᠬᠤ ᠬᠡᠲᠦ ᠳᠡᠯᠭᠡᠭᠦᠷ ᠤᠨ ᠬᠡᠷᠡᠭᠯᠡᠬᠦ ᠶᠠᠪᠤᠴᠠ ᠳᠠᠬᠢ ᠬᠠᠮᠢᠶ᠎ᠠ ᠪᠦᠬᠦᠢ | ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ︵ᠭᠤᠷᠪᠠ︶ ᠪᠥᠬᠦ ᠣᠷᠣᠨ ᠤ ᠨᠢᠭᠡᠳᠦᠯᠲᠡᠢ ᠵᠠᠭᠤᠴᠢᠯᠠᠬᠤ ᠬᠡᠲᠦ ᠳᠡᠯᠭᠡᠭᠦᠷ ᠤᠨ ᠮᠡᠳᠡᠭᠡ ᠵᠠᠩᠭᠢᠴᠢᠯᠠᠯᠲᠠ ᠶᠢᠨ | ᠶᠡᠷᠦᠩᠬᠡᠶᠢᠯᠡᠭᠰᠡᠨ ᠲᠠᠪᠴᠠᠩ ᠢ ᠪᠠᠶᠢᠭᠤᠯᠤᠨ᠎ᠠ᠃ | ︵ᠳᠥᠷᠪᠡ︶ ᠵᠠᠭᠤᠴᠢᠯᠠᠬᠤ ᠬᠡᠲᠦ ᠳᠡᠯᠭᠡᠭᠦᠷ ᠤᠨ ᠡᠳᠦᠷ ᠲᠤᠲᠤᠮ ᠤᠨ ᠠᠵᠢᠯᠯᠠᠭᠤᠯᠬᠤ ᠬᠠᠮᠢᠶᠠᠷᠬᠤ | ᠬᠠᠮᠢᠶᠠᠷᠤᠯᠲᠠ ᠶᠢ ᠬᠠᠷᠢᠭᠤᠴᠠᠨ᠎ᠠ᠃ | ︵ᠲᠠᠪᠤ︶ ᠵᠠᠭᠤᠴᠢᠯᠠᠬᠤ ᠬᠡᠲᠦ ᠳᠡᠯᠭᠡᠭᠦᠷ ᠤᠨ ᠳ᠋ᠠᠶᠢᠲ᠋ᠠ ᠬᠥᠮᠥᠷᠭᠡ ᠶᠢ ᠪᠠᠶᠢᠭᠤᠯᠬᠤ ᠪᠠ ᠬᠠᠮᠢᠶᠠᠷᠤᠨ᠎ᠠ᠂ | ᠡᠭᠦᠨ ᠳᠤ ᠵᠠᠭᠤᠴᠢᠯᠠᠬᠤ ᠦᠢᠯᠡᠴᠢᠯᠡᠭᠡᠨ ᠤ ᠵᠦᠢᠯᠡᠰ ᠤᠨ ᠬᠥᠮᠥᠷᠭᠡ᠂ ᠬᠤᠳᠠᠯᠳᠤᠨ ᠠᠪᠤᠭᠴᠢ ᠶᠢᠨ ᠮᠡᠳᠡᠭᠡ | ᠵᠠᠩᠭᠢ ᠶᠢᠨ ᠬᠥᠮᠥᠷᠭᠡ᠂ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠬᠥᠮᠥᠷᠭᠡ᠂ ᠬᠤᠳᠠᠯᠳᠤᠨ ᠠᠪᠬᠤ | ᠮᠡᠳᠡᠭᠡ ᠵᠠᠩᠭᠢ ᠶᠢᠨ ᠬᠥᠮᠥᠷᠭᠡ᠂ ᠳᠠᠭᠠᠭᠠᠴᠢᠯᠠᠯᠲᠠ ᠣᠨᠣᠭᠰᠠᠨ ᠦᠷ᠎ᠡ ᠳ᠋ᠦᠩ ᠤᠨ ᠮᠡᠳᠡᠭᠡ ᠵᠠᠩᠭᠢ ᠶᠢᠨ ᠬᠥᠮᠥᠷᠭᠡ | ᠵᠡᠷᠭᠡ ᠪᠠᠭᠲᠠᠨ᠎ᠠ᠃ | ︵ᠵᠢᠷᠭᠤᠭ᠎ᠠ︶ ᠪᠥᠬᠦ ᠴᠤᠪᠤᠷᠠᠯ ᠳᠠᠬᠢ ᠲᠠᠪᠴᠠᠩ ᠤᠨ ᠴᠢᠳᠠᠮᠵᠢ ᠵᠢᠴᠢ ᠡᠯ᠎ᠡ ᠲᠥᠷᠥᠯ ᠤᠨ ᠳ᠋ᠠᠶᠢᠲ᠋ᠠ᠂ | ᠮᠡᠳᠡᠭᠦᠯᠦᠯᠲᠡ ᠶᠢᠨ ᠬᠦᠰᠦᠨᠦᠭᠲᠦ ᠶᠢ ᠡᠮᠬᠢᠯᠡᠬᠦ ᠪᠠ ᠪᠦᠷᠢᠳᠬᠡᠬᠦ ᠶᠢ ᠨᠢ ᠰᠢᠯᠢᠳᠡᠭᠵᠢᠭᠦᠯᠵᠦ ᠲᠡᠭᠦᠯᠳᠡᠷᠵᠢᠭᠦᠯᠦᠨ᠎ᠡ᠃ | ︵ᠳᠣᠯᠤᠭ᠎ᠠ︶ ᠵᠠᠭᠤᠴᠢᠯᠠᠬᠤ ᠬᠡᠲᠦ ᠳᠡᠯᠭᠡᠭᠦᠷ ᠤᠨ ᠠᠵᠢᠯᠯᠠᠭᠤᠯᠵᠤ ᠬᠠᠮᠢᠶᠠᠷᠬᠤ ᠪᠠᠶᠢᠭᠤᠯᠤᠮᠵᠢ ᠶᠢ ᠬᠢᠨᠠᠨ | ᠬᠠᠮᠢᠶᠠᠷᠴᠤ᠂ ᠲᠠᠪᠴᠠᠩ ᠤᠨ ᠠᠵᠢᠯᠯᠠᠭᠠᠨ ᠢ ᠨᠢ ᠵᠢᠭᠠᠨ ᠵᠢᠯᠤᠭᠤᠳᠴᠤ ᠵᠢᠷᠤᠮᠵᠢᠭᠤᠯᠤᠨ᠎ᠠ᠃ | ︵ᠨᠠᠢᠮᠠ︶ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠵᠠᠭᠤᠴᠢᠯᠠᠬᠤ ᠬᠡᠲᠦ ᠳᠡᠯᠭᠡᠭᠦᠷ ᠤᠨ | ᠲᠠᠪᠴᠠᠩ ᠤᠨ ᠠᠵᠢᠯᠯᠠᠭᠠᠨ ᠯᠤᠭ᠎ᠠ ᠬᠤᠯᠪᠣᠭᠳᠠᠬᠤ ᠯᠠᠪᠯᠠᠭ᠎ᠠ᠂ ᠰᠠᠨᠠᠭᠤᠯᠭ᠎ᠠ ᠪᠠ ᠵᠠᠭᠠᠯᠳᠤᠯᠭ᠎ᠠ ᠶᠢ ᠭᠥᠯᠢᠶᠡᠨ ᠠᠪᠴᠤ | ᠰᠢᠢᠳᠪᠦᠷᠢᠯᠡᠬᠦ ᠶᠢᠨ ᠬᠠᠮᠲᠤ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠣᠬᠢᠴᠠᠭᠤᠯᠵᠤ | ᠪᠠᠶᠢᠭᠠᠳ ᠠᠵᠢᠯ ᠲᠥᠷᠥᠯ ᠤᠨ ᠬᠠᠮᠢᠶᠠᠷᠤᠯᠲᠠ ᠳᠤ ᠬᠤᠯᠪᠣᠭᠳᠠᠭᠰᠠᠨ ᠵᠠᠭᠤᠴᠢᠯᠠᠬᠤ ᠦᠢᠯᠡᠴᠢᠯᠡᠭᠡᠨ ᠤ ᠯᠠᠪᠯᠠᠭ᠎ᠠ᠂ | ᠰᠠᠨᠠᠭᠤᠯᠭ᠎ᠠ ᠪᠠ ᠵᠠᠭᠠᠯᠳᠤᠯᠭ᠎ᠠ ᠶᠢ ᠰᠢᠢᠳᠪᠦᠷᠢᠯᠡᠨ᠎ᠡ᠃ | ︵ᠶᠢᠰᠦ︶ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯ ᠲᠥᠷᠥᠯ ᠤᠨ ᠬᠢᠨᠠᠨ | ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠣᠬᠢᠴᠠᠭᠤᠯᠵᠤ᠂ ᠵᠠᠭᠤᠴᠢᠯᠠᠬᠤ ᠬᠡᠲᠦ ᠳᠡᠯᠭᠡᠭᠦᠷ ᠲᠤ | ᠣᠷᠣᠬᠤ ᠨᠥᠬᠦᠴᠡᠯ ᠯᠦᠭᠡ ᠥᠯᠥ ᠨᠡᠶᠢᠴᠡᠭᠰᠡᠨ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢ ᠢᠯᠭᠠᠷᠠᠭᠤᠯᠤᠨ᠎ᠠ᠃ | | ᠨᠠᠢᠮᠠᠳᠤᠭᠠᠷ ᠵᠦᠢᠯ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠭᠤᠴᠢᠯᠠᠬᠤ | ᠬᠡᠲᠦ ᠳᠡᠯᠭᠡᠭᠦᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠭᠤᠣᠯ ᠡᠭᠦᠷᠭᠡ ᠬᠠᠷᠢᠭᠤᠴᠠᠯᠭ᠎ᠠ᠄ | ︵ᠨᠢᠭᠡ︶ ᠵᠠᠭᠤᠴᠢᠯᠠᠬᠤ ᠦᠢᠯᠡᠴᠢᠯᠡᠭᠡᠨ ᠤ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠤᠯᠢ | ᠴᠠᠭᠠᠵᠠ ᠬᠠᠤᠯᠢ ᠲᠣᠭᠲᠠᠭᠠᠯ ᠪᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠲᠣᠭᠲᠠᠭᠠᠯ ᠢ ᠲᠤᠭᠤᠰᠢᠯᠠᠭᠤᠯᠤᠨ | ᠬᠡᠷᠡᠭᠵᠢᠭᠦᠯᠦᠨ᠎ᠡ᠃ | ︵ᠬᠤᠶᠠᠷ︶ ᠲᠣᠰ ᠱᠠᠲᠤᠨ ᠤ ᠪᠠᠨ ᠵᠠᠭᠤᠴᠢᠯᠠᠬᠤ ᠬᠡᠲᠦ ᠳᠡᠯᠭᠡᠭᠦᠷ ᠤᠨ ᠬᠡᠷᠡᠭᠯᠡᠬᠦ ᠶᠠᠪᠤᠴᠠ ᠳᠠᠬᠢ ᠬᠠᠮᠢᠶ᠎ᠠ | ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ︵ᠭᠤᠷᠪᠠ︶ ᠲᠣᠰ ᠱᠠᠲᠤᠨ ᠤ ᠪᠠᠨ ᠵᠠᠭᠤᠴᠢᠯᠠᠬᠤ ᠬᠡᠲᠦ ᠳᠡᠯᠭᠡᠭᠦᠷ ᠤᠨ ᠡᠳᠦᠷ ᠲᠤᠲᠤᠮ ᠤᠨ ᠠᠵᠢᠯᠯᠠᠭᠤᠯᠬᠤ | ᠬᠠᠮᠢᠶᠠᠷᠬᠤ ᠬᠠᠮᠢᠶᠠᠷᠤᠯᠲᠠ ᠶᠢ ᠬᠠᠷᠢᠭᠤᠴᠠᠨ᠎ᠠ᠃ | ︵ᠳᠥᠷᠪᠡ︶ ᠲᠣᠰ ᠱᠠᠲᠤᠨ ᠤ ᠪᠠᠨ ᠵᠠᠭᠤᠴᠢᠯᠠᠬᠤ ᠬᠡᠲᠦ ᠳᠡᠯᠭᠡᠭᠦᠷ ᠤᠨ ᠡᠯ᠎ᠡ ᠲᠥᠷᠥᠯ ᠤᠨ ᠳ᠋ᠠᠶᠢᠲ᠋ᠠ᠂ | ᠮᠡᠳᠡᠭᠦᠯᠦᠯᠲᠡ ᠶᠢᠨ ᠬᠦᠰᠦᠨᠦᠭᠲᠦ ᠶᠢ ᠡᠮᠬᠢᠯᠡᠬᠦ ᠪᠠ ᠪᠦᠷᠢᠳᠬᠡᠬᠦ ᠶᠢ ᠬᠠᠷᠢᠭᠤᠴᠠᠨ᠎ᠠ᠃ | ︵ᠲᠠᠪᠤ︶ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠲᠣᠰ ᠱᠠᠲᠤᠨ ᠤ ᠪᠠᠨ ᠵᠠᠭᠤᠴᠢᠯᠠᠬᠤ | ᠬᠡᠲᠦ ᠳᠡᠯᠭᠡᠭᠦᠷ ᠤᠨ ᠲᠠᠪᠴᠠᠩ ᠤᠨ ᠠᠵᠢᠯᠯᠠᠭᠠᠨ ᠯᠤᠭ᠎ᠠ ᠬᠤᠯᠪᠣᠭᠳᠠᠬᠤ ᠯᠠᠪᠯᠠᠭ᠎ᠠ᠂ ᠰᠠᠨᠠᠭᠤᠯᠭ᠎ᠠ ᠪᠠ | ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ᠂ ᠲᠣᠰ ᠱᠠᠲᠤᠨ ᠤ ᠪᠠᠨ ᠠᠵᠢᠯ ᠲᠥᠷᠥᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠠᠵᠢᠯ ᠲᠥᠷᠥᠯ ᠤᠨ ᠬᠠᠮᠢᠶᠠᠷᠤᠯᠲᠠ ᠳᠤ | ᠬᠤᠯᠪᠣᠭᠳᠠᠬᠤ ᠵᠠᠭᠤᠴᠢᠯᠠᠬᠤ ᠦᠢᠯᠡᠴᠢᠯᠡᠭᠡᠨ ᠤ ᠯᠠᠪᠯᠠᠭ᠎ᠠ᠂ ᠰᠠᠨᠠᠭᠤᠯᠭ᠎ᠠ ᠪᠠ ᠵᠠᠭᠠᠯᠳᠤᠯᠭ᠎ᠠ ᠶᠢ ᠰᠢᠢᠳᠪᠦᠷᠢᠯᠡᠨ᠎ᠡ᠃ | ︵ᠵᠢᠷᠭᠤᠭ᠎ᠠ︶ ᠲᠣᠰ ᠱᠠᠲᠤᠨ ᠤ ᠪᠠᠨ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ | ᠠᠵᠢᠯ ᠲᠥᠷᠥᠯ ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠣᠬᠢᠴᠠᠭᠤᠯᠵᠤ᠂ | ᠵᠠᠭᠤᠴᠢᠯᠠᠬᠤ ᠬᠡᠲᠦ ᠳᠡᠯᠭᠡᠭᠦᠷ ᠲᠤ ᠣᠷᠣᠬᠤ ᠨᠥᠬᠦᠴᠡᠯ ᠳᠤ ᠨᠡᠶᠢᠴᠡᠬᠦ ᠦᠭᠡᠢ ᠵᠠᠭᠤᠴᠢᠯᠠᠬᠤ ᠦᠢᠯᠡᠴᠢᠯᠡᠭᠡᠨ ᠤ | ᠪᠠᠶᠢᠭᠤᠯᠤᠮᠵᠢ ᠶᠢ ᠢᠯᠭᠠᠷᠠᠭᠤᠯᠤᠨ᠎ᠠ᠃ | ᠶᠢᠰᠦᠳᠦᠭᠡᠷ ᠵᠦᠢᠯ ᠬᠠᠮᠢᠶ᠎ᠠ ᠪᠦᠬᠦᠢ ᠠᠵᠤ ᠠᠬᠤᠶᠢᠯᠠᠯ ᠳᠤ ᠨᠠᠶᠢᠳᠠᠨ ᠵᠠᠭᠤᠴᠢᠯᠠᠬᠤ ᠬᠡᠲᠦ ᠳᠡᠯᠭᠡᠭᠦᠷ ᠤᠨ | ᠠᠵᠢᠯᠯᠠᠭᠤᠯᠵᠤ ᠬᠠᠮᠢᠶᠠᠷᠬᠤ ᠪᠠᠶᠢᠭᠤᠯᠤᠮᠵᠢ ︵ᠳᠣᠷᠣᠭᠰᠢ ᠠᠵᠢᠯᠯᠠᠭᠤᠯᠵᠤ ᠬᠠᠮᠢᠶᠠᠷᠬᠤ ᠪᠠᠶᠢᠭᠤᠯᠤᠮᠵᠢ ᠭᠡᠵᠦ | ᠲᠣᠪᠴᠢᠯᠠᠨ᠎ᠠ︶ ᠪᠣᠯᠭᠠᠪᠠᠯ᠂ ᠰᠢᠰᠲ᠋ᠧᠮ ᠤᠨ ᠠᠰᠠᠭᠤᠳᠠᠯ ᠠᠴᠠ ᠪᠣᠯᠵᠤ ᠵᠠᠭᠤᠴᠢᠯᠠᠬᠤ ᠦᠢᠯᠡᠴᠢᠯᠡᠭᠡᠨ ᠤ ᠰᠣᠩᠭᠤᠬᠤ | ᠭᠤᠭᠴᠤᠭ᠎ᠠ ᠳᠤ ᠠᠯᠳᠠᠰᠢ ᠭᠠᠷᠪᠠᠯ᠂ ᠵᠠᠭᠤᠴᠢᠯᠠᠬᠤ ᠬᠡᠲᠦ ᠳᠡᠯᠭᠡᠭᠦᠷ ᠤᠨ ᠠᠵᠢᠯᠯᠠᠭᠤᠯᠵᠤ ᠬᠠᠮᠢᠶᠠᠷᠬᠤ ᠪᠠᠶᠢᠭᠤᠯᠤᠮᠵᠢ | ᠨᠢ ᠬᠠᠷᠢᠭᠤᠴᠠᠨ᠎ᠠ᠃ ᠠᠵᠢᠯᠯᠠᠭᠤᠯᠵᠤ ᠬᠠᠮᠢᠶᠠᠷᠬᠤ ᠪᠠᠶᠢᠭᠤᠯᠤᠮᠵᠢ ᠶᠢᠨ ᠭᠤᠣᠯ ᠡᠭᠦᠷᠭᠡ ᠬᠠᠷᠢᠭᠤᠴᠠᠯᠭ᠎ᠠ᠄ | ︵ᠨᠢᠭᠡ︶ ᠵᠠᠭᠤᠴᠢᠯᠠᠬᠤ ᠬᠡᠲᠦ ᠳᠡᠯᠭᠡᠭᠦᠷ ᠤᠨ ᠡᠳᠦᠷ ᠲᠤᠲᠤᠮ ᠤᠨ ᠠᠵᠢᠯᠯᠠᠭᠤᠯᠵᠤ ᠬᠠᠮᠢᠶᠠᠷᠬᠤ ᠠᠵᠢᠯ ᠵᠢᠴᠢ | ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃ | ︵ᠬᠤᠶᠠᠷ︶ ᠵᠠᠭᠤᠴᠢᠯᠠᠬᠤ ᠬᠡᠲᠦ ᠳᠡᠯᠭᠡᠭᠦᠷ ᠤᠨ ᠠᠵᠢᠯᠯᠠᠭᠤᠯᠵᠤ ᠬᠠᠮᠢᠶᠠᠷᠬᠤ ᠲᠥᠬᠦᠷ ᠳᠦᠷᠢᠮ ᠢ | ᠲᠣᠭᠲᠠᠭᠠᠵᠤ᠂ ᠵᠠᠭᠤᠴᠢᠯᠠᠬᠤ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠦᠨ᠂ ᠲᠤᠬᠠᠶᠢᠯᠠᠭᠰᠠᠨ ᠠᠵᠢᠯ ᠤᠨ | ᠠᠵᠢᠯᠯᠠᠭᠠᠨ ᠪᠠ ᠦᠢᠯᠡᠴᠢᠯᠡᠭᠡᠨ ᠤ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠶᠢᠭᠤᠯᠤᠯᠲᠠ ᠶᠢ ᠵᠢᠭᠠᠨ ᠵᠢᠯᠣᠭᠤᠳᠤᠨ᠎ᠠ᠃ | | ︵ᠭᠤᠷᠪᠠ︶ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠵᠤ ᠪᠠᠶᠢᠭᠠᠳ ᠵᠠᠭᠤᠴᠢᠯᠠᠬᠤ ᠬᠡᠲᠦ ᠳᠡᠯᠭᠡᠭᠦᠷ ᠤᠨ | ᠠᠵᠢᠯᠯᠠᠭᠤᠯᠵᠤ ᠬᠠᠮᠢᠶᠠᠷᠬᠤ᠂ ᠮᠡᠳᠡᠭᠡ ᠵᠠᠩᠭᠢ ᠶᠢᠨ ᠠᠮᠤᠷ ᠲᠦᠪᠰᠢᠨ ᠵᠡᠷᠭᠡ ᠳᠤ ᠮᠡᠷᠭᠡᠵᠢᠯ ᠤᠨ ᠲᠤᠯᠭᠠᠭᠤᠷᠢᠯᠠᠯ | ᠬᠠᠩᠭᠠᠵᠤ᠂ ᠵᠠᠭᠤᠴᠢᠯᠠᠬᠤ ᠬᠡᠲᠦ ᠳᠡᠯᠭᠡᠭᠦᠷ ᠤᠨ ᠠᠮᠤᠷ ᠲᠦᠪᠰᠢᠨ ᠠᠵᠢᠯᠯᠠᠭᠠᠨ ᠢ ᠪᠠᠲᠤᠯᠠᠨ᠂ ᠵᠠᠭᠤᠴᠢᠯᠠᠬᠤ ᠬᠡᠲᠦ | ᠳᠡᠯᠭᠡᠭᠦᠷ ᠤᠨ ᠳ᠋ᠠᠶᠢᠲ᠋ᠠ ᠬᠥᠮᠥᠷᠭᠡ ᠶᠢ ᠠᠵᠢᠯᠯᠠᠭᠤᠯᠵᠤ ᠬᠠᠮᠢᠶᠠᠷᠬᠤ᠂ ᠠᠷᠠᠯᠵᠢᠶᠠᠨ ᠤ ᠳ᠋ᠠᠶᠢᠲ᠋ᠠ ᠳᠤ ᠵᠠᠳᠠᠯᠤᠯᠲᠠ ᠬᠢᠬᠦ | ᠪᠠ ᠤᠷᠢᠳᠴᠢᠯᠠᠨ ᠰᠡᠷᠡᠮᠵᠢᠯᠡᠭᠦᠯᠦᠨ᠎ᠡ᠃ | ︵ᠳᠥᠷᠪᠡ︶ ᠵᠠᠭᠤᠴᠢᠯᠠᠬᠤ ᠬᠡᠲᠦ ᠳᠡᠯᠭᠡᠭᠦᠷ ᠤᠨ ᠮᠡᠳᠡᠭᠡ ᠵᠠᠩᠭᠢ ᠨᠡᠶᠢᠲᠡᠯᠡᠬᠦ᠂ ᠵᠠᠭᠤᠴᠢᠯᠠᠬᠤ ᠦᠢᠯᠡᠴᠢᠯᠡᠭᠡᠨ ᠤ | ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠦᠨᠡᠯᠡᠯᠲᠡ ᠵᠢᠴᠢ ᠦᠨᠡᠯᠡᠯᠲᠡ ᠶᠢᠨ ᠮᠡᠳᠡᠭᠡ ᠵᠠᠩᠭᠢ ᠶᠢ ᠵᠠᠷᠯᠠᠬᠤ ᠵᠡᠷᠭᠡ ᠳᠤ | ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ | ︵ᠲᠠᠪᠤ︶ ᠵᠠᠭᠤᠴᠢᠯᠠᠬᠤ ᠬᠡᠳᠦ ᠳᠡᠯᠭᠡᠭᠦᠷ ᠤᠨ ᠮᠡᠷᠭᠡᠵᠢᠯ ᠤᠨ ᠯᠠᠪᠯᠠᠭ᠎ᠠ᠂ ᠰᠠᠨᠠᠭᠤᠯᠭ᠎ᠠ ᠪᠠ ᠵᠠᠭᠠᠯᠳᠤᠯᠭ᠎ᠠ ᠶᠢ | ᠬᠦᠯᠢᠶᠡᠨ ᠠᠪᠴᠤ ᠰᠢᠢᠳᠪᠦᠷᠢᠯᠡᠨ᠎ᠡ᠃ | ︵ᠵᠢᠷᠭᠤᠭ᠎ᠠ︶ ᠮᠡᠷᠭᠡᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ | ᠠᠷᠪᠠᠳᠤᠭᠠᠷ ᠵᠦᠢᠯ ᠵᠠᠰᠠᠭ ᠵᠠᠬᠢᠷᠭᠠᠨ ᠤ ᠡᠷᠬᠡ ᠶᠢ ᠬᠡᠷᠡᠭᠵᠢᠭᠦᠯᠬᠦ ᠰᠠᠯᠠᠭ᠎ᠠ ᠮᠥᠴᠢᠷ ᠤᠳ ᠤᠨ ᠭᠤᠣᠯ | ᠡᠭᠦᠷᠭᠡ ᠬᠠᠷᠢᠭᠤᠴᠠᠯᠭ᠎ᠠ᠄ ︽ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠦᠷᠢᠮ︾ ᠵᠡᠷᠭᠡ | ᠲᠣᠭᠲᠠᠭᠠᠯ ᠶᠣᠰᠣᠭᠠᠷ᠂ ᠲᠣᠰ ᠠᠵᠢᠯ ᠲᠥᠷᠥᠯ ᠳᠠᠬᠢ ᠬᠠᠤᠯᠢ ᠴᠠᠭᠠᠵᠠ ᠬᠠᠤᠯᠢ ᠲᠣᠭᠲᠠᠭᠠᠯ ᠪᠤᠶᠤ ᠲᠥᠷᠥ ᠶᠢᠨ | ᠶᠠᠪᠤᠳᠠᠯ ᠤᠨ ᠬᠤᠷᠢᠶᠠᠨ ᠤ ᠲᠣᠭᠲᠠᠭᠠᠯ ᠤᠨ ᠦᠨᠳᠦᠰᠦᠯᠡᠯ ᠦᠭᠡᠢ ᠵᠠᠭᠤᠴᠢᠯᠠᠬᠤ ᠦᠢᠯᠡᠴᠢᠯᠡᠭᠡᠨ ᠤ ᠵᠦᠢᠯᠡᠰ ᠢ ᠴᠠᠭ | ᠲᠤᠬᠠᠢ ᠳᠤ ᠨᠢ ᠢᠯᠭᠠᠷᠠᠭᠤᠯᠤᠨ ᠵᠢᠷᠤᠮᠵᠢᠭᠤᠯᠵᠤ᠂ ᠦᠨᠡᠨ ᠬᠦ ᠦᠯᠡᠳᠡᠭᠡᠬᠦ ᠴᠢᠬᠤᠯᠠᠲᠠᠢ ᠠᠯᠪᠠᠳᠠᠯᠭ᠎ᠠ ᠶᠢᠨ ᠴᠢᠨᠠᠷᠲᠠᠢ | ᠵᠠᠭᠤᠴᠢᠯᠠᠬᠤ ᠦᠢᠯᠡᠴᠢᠯᠡᠭᠡᠨ ᠤ ᠵᠦᠢᠯᠡᠰ ᠪᠠ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠨᠠᠶᠢᠳᠠᠨ ᠥᠷᠨᠢᠭᠦᠯᠬᠦ | ᠮᠡᠷᠭᠡᠵᠢᠯ ᠤᠨ ᠴᠢᠨᠠᠷᠲᠠᠢ ᠦᠢᠯᠡᠴᠢᠯᠡᠭᠡᠨ ᠤ ᠵᠦᠢᠯᠡᠰ ᠲᠤ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠢ | ᠬᠡᠷᠡᠭᠵᠢᠭᠦᠯᠬᠦ ᠶᠢᠨ ᠬᠠᠮᠲᠤ ᠨᠡᠶᠢᠭᠡᠮ ᠳᠤ ᠢᠯᠡ ᠨᠡᠶᠢᠲᠡᠯᠡᠨ᠎ᠡ᠃ | ᠠᠷᠪᠠᠨ ᠨᠢᠭᠡᠳᠦᠭᠡᠷ ᠵᠦᠢᠯ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠭᠤᠣᠯ | ᠡᠭᠦᠷᠭᠡ ᠬᠠᠷᠢᠭᠤᠴᠠᠯᠭ᠎ᠠ᠄ | ︵ᠨᠢᠭᠡ︶ ᠨᠢᠭᠡᠨᠲᠡ ᠵᠠᠭᠤᠴᠢᠯᠠᠬᠤ ᠬᠡᠲᠦ ᠳᠡᠯᠭᠡᠭᠦᠷ ᠲᠤ ᠣᠷᠣᠭᠰᠠᠨ ᠵᠠᠭᠤᠴᠢᠯᠠᠬᠤ ᠦᠢᠯᠡᠴᠢᠯᠡᠭᠡᠨ ᠤ | ᠪᠠᠶᠢᠭᠤᠯᠤᠮᠵᠢ ᠶᠢᠨ ᠬᠢᠷᠢ ᠴᠢᠳᠠᠮᠵᠢ ︵ᠬᠢᠷᠢ ᠬᠡᠮ︶ ᠶᠢᠨ ᠬᠠᠮᠢᠶᠠᠷᠤᠯᠲᠠ ᠶᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠂ | ᠪᠥᠬᠦ ᠤᠯᠤᠰ ᠤᠨ ᠬᠡᠪᠴᠢᠶᠡᠨ ᠳᠠᠬᠢ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠳᠤᠷᠠᠳᠤᠭᠰᠠᠨ ᠬᠢᠷᠢ | ᠴᠢᠳᠠᠮᠵᠢ ᠪᠠᠨ ᠨᠡᠮᠡᠬᠦ ᠵᠢᠴᠢ ᠬᠤᠪᠢᠷᠠᠭᠤᠯᠬᠤ ᠭᠤᠶᠤᠴᠢᠯᠠᠯ ᠢ ᠨᠢ 7 ᠠᠵᠢᠯᠯᠠᠬᠤ ᠡᠳᠦᠷ ᠤᠨ ᠳᠣᠲᠣᠷ᠎ᠠ ᠬᠢᠨᠠᠨ | ᠬᠠᠷᠭᠤᠭᠤᠯᠤᠨ᠎ᠠ᠃ ᠥᠪᠡᠷᠲᠡᠭᠡᠨ ᠵᠠᠰᠠᠬᠤ ᠣᠷᠣᠨ ᠠᠴᠠ ᠭᠠᠳᠠᠨᠠᠬᠢ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ | ᠨᠢ ᠬᠢᠷᠢ ᠴᠢᠳᠠᠮᠵᠢ ᠪᠠᠨ ᠨᠡᠮᠡᠬᠦ ᠵᠢᠴᠢ ᠬᠤᠪᠢᠷᠠᠭᠤᠯᠬᠤ ᠭᠤᠶᠤᠴᠢᠯᠠᠯ ᠳᠤᠷᠠᠳᠪᠠᠯ᠂ ᠠᠯᠪᠠᠨ ᠤ ᠲᠠᠯ᠎ᠠ ᠶᠢᠨ ᠪᠠᠶᠢᠴᠠᠭᠠᠨ | ᠯᠠᠪᠯᠠᠬᠤ ᠠᠷᠭ᠎ᠠ ᠵᠠᠮ ᠪᠤᠶᠤ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ᠬᠠᠩᠭᠠᠬᠤ ᠶᠢᠨ ᠬᠠᠮᠲᠤ ᠬᠠᠩᠭᠠᠭᠰᠠᠨ | ᠮᠠᠲ᠋ᠧᠷᠢᠶᠠᠯ ᠤᠨ ᠢᠶᠠᠨ ᠬᠠᠤᠯᠢ ᠶᠣᠰᠣᠴᠢ ᠴᠢᠨᠠᠷ᠂ ᠦᠨᠡᠨ ᠪᠣᠳᠠᠲᠤ ᠴᠢᠨᠠᠷ ᠲᠤ ᠠᠮᠠᠯᠠᠯᠲᠠ ᠶᠢᠨ ᠪᠢᠴᠢᠭ | ᠭᠠᠷᠭᠠᠭᠰᠠᠨ ᠤ ᠳᠠᠷᠠᠭ᠎ᠠ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠡᠯᠪᠡᠷᠢ ᠶᠢᠨ | ᠴᠢᠬᠤᠯᠠ ᠨᠥᠬᠦᠴᠡᠯ ᠢ ᠨᠢ ᠬᠢᠨᠠᠵᠤ ᠬᠠᠷᠭᠤᠭᠤᠯᠤᠨ᠎ᠠ᠃ ᠵᠠᠭᠤᠴᠢᠯᠠᠬᠤ ᠬᠡᠲᠦ ᠳᠡᠯᠭᠡᠭᠦᠷ ᠲᠤ ᠣᠷᠣᠬᠤ ᠨᠥᠬᠦᠴᠡᠯ ᠳᠤ | ᠨᠡᠶᠢᠴᠡᠬᠦ ᠦᠭᠡᠢ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢ ᠲᠣᠰ ᠱᠠᠲᠤᠨ ᠤ ᠵᠠᠭᠤᠴᠢᠯᠠᠬᠤ ᠬᠡᠲᠦ | ᠳᠡᠯᠭᠡᠭᠦᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠮᠡᠳᠡᠭᠳᠡᠵᠦ ᠢᠯᠭᠠᠷᠠᠭᠤᠯᠤᠨ ᠪᠤᠴᠠᠭᠠᠯᠭᠠᠨ᠎ᠠ᠃ | ︵ᠬᠤᠶᠠᠷ︶ ᠬᠠᠤᠯᠢ ᠲᠣᠭᠲᠠᠭᠠᠯ ᠶᠣᠰᠣᠭᠠᠷ ᠲᠣᠰ ᠠᠵᠢᠯ ᠲᠥᠷᠥᠯ ᠤᠨ ᠵᠠᠭᠤᠴᠢᠯᠠᠬᠤ ᠦᠢᠯᠡᠴᠢᠯᠡᠭᠡᠨ ᠤ | ᠪᠠᠶᠢᠭᠤᠯᠤᠮᠵᠢ ᠶᠢᠨ ᠠᠵᠢᠯ ᠡᠷᠭᠢᠯᠡᠬᠦ ᠦᠶᠯᠡ ᠠᠵᠢᠯᠯᠠᠭ᠎ᠠ ᠳᠤ ︽ᠬᠤᠶᠠᠷ ᠢ ᠲᠠᠰᠢᠷᠠᠮ ᠢᠶᠠᠷ ᠰᠤᠭᠤᠴᠢᠵᠤ᠂ ᠨᠢᠭᠡ ᠶᠢ | ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠ ᠠᠵᠢᠯ ᠲᠥᠷᠥᠯ ᠤᠨ ᠢᠲᠡᠭᠡᠮᠵᠢ ᠶᠢᠨ ᠬᠠᠮᠢᠶᠠᠷᠤᠯᠲᠠ ᠶᠢ | ᠬᠡᠷᠡᠭᠵᠢᠭᠦᠯᠵᠦ᠂ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠬᠤᠯᠪᠣᠭᠳᠠᠯ ᠪᠦᠬᠦᠢ ᠬᠠᠤᠯᠢ ᠠᠴᠠ | ᠵᠥᠷᠢᠴᠡᠵᠦ ᠢᠲᠡᠭᠡᠮᠵᠢ ᠠᠯᠳᠠᠭᠰᠠᠨ ᠦᠶᠯᠡ ᠠᠵᠢᠯᠯᠠᠭ᠎ᠠ ᠶᠢᠨ ᠮᠡᠳᠡᠭᠡ ᠵᠠᠩᠭᠢ ᠶᠢ ᠴᠠᠭ ᠲᠤᠬᠠᠢ ᠳᠤ ᠨᠢ ᠡᠯ᠎ᠡ | ᠱᠠᠲᠤᠨ ᠤ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠲᠠᠪᠴᠠᠩ ᠳᠤ ᠴᠤᠭᠯᠠᠭᠤᠯᠵᠤ᠂ ᠢᠲᠡᠭᠡᠮᠵᠢ ᠶᠢ | ᠬᠤᠯᠪᠤᠭᠠᠯᠠᠨ ᠱᠠᠩᠨᠠᠵᠤ ᠲᠣᠷᠭᠠᠬᠤ ᠠᠷᠭ᠎ᠠ ᠬᠡᠮᠵᠢᠶ᠎ᠡ ᠶᠢ ᠬᠠᠤᠯᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠨ᠎ᠠ᠃ | ︵ᠭᠤᠷᠪᠠ︶ ᠠᠵᠢᠯ ᠲᠥᠷᠥᠯ ᠤᠨ ᠬᠠᠮᠢᠶᠠᠷᠤᠯᠲᠠ ᠳᠤ ᠬᠤᠯᠪᠣᠭᠳᠠᠭᠰᠠᠨ ᠵᠠᠭᠤᠴᠢᠯᠠᠬᠤ ᠦᠢᠯᠡᠴᠢᠯᠡᠭᠡᠨ ᠤ | ᠯᠠᠪᠯᠠᠭ᠎ᠠ᠂ ᠰᠠᠨᠠᠭᠤᠯᠭ᠎ᠠ ᠪᠠ ᠵᠠᠭᠠᠯᠳᠤᠯᠭ᠎ᠠ ᠶᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ | ᠠᠷᠪᠠᠨ ᠬᠤᠶᠠᠳᠤᠭᠠᠷ ᠵᠦᠢᠯ ᠡᠯ᠎ᠡ ᠱᠠᠲᠤᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠵᠠᠰᠠᠭ ᠤᠨ ᠣᠷᠳᠣᠨ ᠤ ᠦᠨ᠎ᠡ ᠲᠣᠭᠲᠠᠭᠠᠬᠤ ᠬᠠᠮᠢᠶᠠᠷᠤᠯᠲᠠ ᠳᠤ ᠣᠷᠣᠭᠤᠯᠤᠭᠰᠠᠨ ᠵᠠᠭᠤᠴᠢᠯᠠᠬᠤ | ᠦᠢᠯᠡᠴᠢᠯᠡᠭᠡᠨ ᠤ ᠰᠦᠢᠳᠬᠡᠯ ᠬᠤᠷᠢᠶᠠᠬᠤ ᠲᠥᠷᠥᠯ ᠵᠦᠢᠯ ᠳᠤ ᠬᠠᠤᠯᠢ ᠲᠣᠭᠲᠠᠭᠠᠯ ᠶᠣᠰᠣᠭᠠᠷ ᠰᠦᠢᠳᠬᠡᠯ | ᠬᠤᠷᠢᠶᠠᠬᠤ ᠪᠠᠷᠢᠮᠵᠢᠶ᠎ᠠ ᠶᠢ ᠲᠣᠭᠲᠠᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠬᠠᠤᠯᠢ ᠶᠣᠰᠣᠭᠠᠷ ᠦᠨ᠎ᠡ ᠬᠠᠩᠰᠢ ᠶᠢᠨ ᠠᠵᠢᠯᠯᠠᠭ᠎ᠠ ᠳᠤ ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾ ᠵᠡᠷᠭᠡ ᠬᠠᠮᠢᠶ᠎ᠠ ᠪᠦᠬᠦᠢ | ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠰᠢᠢᠳᠪᠦᠷᠢᠯᠡᠵᠦ᠂ ᠵᠠᠭᠤᠴᠢᠯᠠᠬᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ | ᠠᠷᠪᠠᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠶᠠᠪᠤᠴᠠ ᠳᠤ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠳᠤ ᠨᠠᠶᠢᠳᠠᠨ ᠮᠡᠷᠭᠡᠵᠢᠯ ᠤᠨ ᠴᠢᠨᠠᠷᠲᠠᠢ | ᠦᠢᠯᠡᠴᠢᠯᠡᠭᠡ ᠥᠷᠨᠢᠭᠦᠯᠬᠦ ᠴᠢᠬᠤᠯᠠᠲᠠᠢ ᠪᠠᠶᠢᠪᠠᠯ᠂ ᠬᠠᠮᠢᠶ᠎ᠠ ᠪᠦᠬᠦᠢ ᠵᠠᠷᠤᠳᠠᠯ ᠢ ᠨᠢ ᠡᠯ᠎ᠡ ᠱᠠᠲᠤᠨ ᠤ ᠡᠳ᠋ ᠤᠨ | ᠵᠠᠰᠠᠭ ᠤᠨ ᠲᠥᠰᠥᠪ ᠲᠤ ᠵᠢᠭᠰᠠᠭᠠᠨ ᠣᠷᠣᠭᠤᠯᠬᠤ ᠬᠡᠷᠡᠭᠲᠡᠢ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ | ᠰᠢᠯᠵᠢᠭᠦᠯᠦᠨ ᠥᠭᠴᠦ ᠡᠭᠦᠷᠭᠡᠯᠡᠭᠦᠯᠵᠦ ᠪᠣᠯᠬᠤ ᠦᠭᠡᠢ᠃ | ᠠᠷᠪᠠᠨ ᠳᠥᠷᠪᠡᠳᠦᠭᠡᠷ ᠵᠦᠢᠯ ᠵᠠᠭᠤᠴᠢᠯᠠᠬᠤ ᠦᠢᠯᠡᠴᠢᠯᠡᠭᠡᠨ ᠤ ᠬᠦᠷᠢᠶᠡᠨ ᠳᠠᠬᠢ ᠠᠵᠢᠯ ᠲᠦᠷᠦᠯ ᠤᠨ | ᠨᠡᠶᠢᠭᠡᠮᠯᠢᠭ᠂ ᠬᠤᠳᠠᠯᠳᠤᠭᠠᠴᠢᠨ ᠤ ᠡᠪᠯᠡᠯ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠳᠦᠷᠢᠮ ᠶᠣᠰᠣᠭᠠᠷ | ᠠᠵᠢᠯ ᠲᠦᠷᠦᠯ ᠤᠨ ᠠᠵᠢᠯ ᠡᠷᠬᠢᠯᠡᠬᠦ ᠪᠠᠷᠢᠮᠵᠢᠶ᠎ᠠ᠂ ᠥᠪᠡᠷ ᠢ ᠪᠠᠨ ᠱᠠᠭᠠᠷᠳᠠᠬᠤ ᠵᠢᠷᠤᠮᠵᠢᠯ ᠪᠠ ᠵᠠᠯᠬᠠᠭᠠᠨ | ᠴᠡᠭᠡᠷᠯᠡᠭᠦᠯᠬᠦ ᠳᠦᠷᠢᠮ ᠢᠶᠠᠨ ᠪᠠᠶᠢᠭᠤᠯᠤᠨ ᠲᠡᠭᠦᠯᠳᠡᠷᠵᠢᠭᠦᠯᠵᠦ᠂ ᠭᠡᠰᠢᠭᠦᠨ ᠨᠢᠭᠡᠴᠢ ᠵᠢᠴᠢ ᠠᠵᠢᠯ ᠬᠢᠭᠰᠡᠳ ᠤᠨ | ᠬᠠᠮᠢᠶᠠᠷᠤᠯᠲᠠ ᠪᠠᠨ ᠴᠢᠩᠭᠠᠳᠬᠠᠨ᠂ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ | ᠬᠠᠮᠵᠢᠯᠴᠠᠨ ᠠᠵᠢᠯ ᠲᠦᠷᠦᠯ ᠤᠨ ᠬᠢᠨᠠᠯᠲᠠ ᠬᠠᠮᠢᠶᠠᠷᠤᠯᠲᠠ ᠶᠢ ᠥᠷᠨᠢᠭᠦᠯᠦᠨ᠎ᠡ᠃ | ᠭᠤᠷᠪᠠᠳᠤᠭᠠᠷ ᠪᠦᠯᠦᠭ ᠵᠠᠭᠤᠴᠢᠯᠠᠬᠤ ᠬᠡᠲᠦ ᠳᠡᠯᠭᠡᠭᠦᠷ ᠲᠤ ᠣᠷᠣᠬᠤ ᠦᠢᠯᠡᠴᠢᠯᠡᠭᠡ | ᠠᠷᠪᠠᠨ ᠲᠠᠪᠤᠳᠤᠭᠠᠷ ᠵᠦᠢᠯ ᠵᠠᠭᠤᠴᠢᠯᠠᠬᠤ ᠬᠡᠲᠦ ᠳᠡᠯᠭᠡᠭᠦᠷ ᠲᠤ ᠣᠷᠣᠬᠤ ᠵᠠᠭᠤᠴᠢᠯᠠᠬᠤ ᠦᠢᠯᠡᠴᠢᠯᠡᠭᠡᠨ ᠤ | ᠪᠠᠶᠢᠭᠤᠯᠤᠮᠵᠢ ᠨᠢ ᠡᠷᠬᠡᠪᠰᠢ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄ | ︵ᠨᠢᠭᠡ︶ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ ᠪᠠᠶᠢᠭᠤᠯᠤᠭᠰᠠᠨ ᠪᠤᠶᠤ | ᠳᠠᠩᠰᠠᠯᠠᠨ ᠲᠡᠮᠳᠡᠭᠯᠡᠭᠦᠯᠦᠭᠰᠡᠨ᠂ ᠬᠠᠮᠢᠶ᠎ᠠ ᠪᠦᠬᠦᠢ ᠠᠵᠢᠯ ᠲᠥᠷᠥᠯ ᠤᠨ ᠬᠢᠷᠢ ᠴᠢᠳᠠᠮᠵᠢ ᠶᠢᠨ ᠲᠥᠷᠥᠯ ᠬᠡᠯᠪᠡᠷᠢ ᠪᠠ | ᠠᠵᠢᠯ ᠡᠷᠭᠢᠯᠡᠬᠦ ᠨᠥᠬᠦᠴᠡᠯ ᠳᠤ ᠨᠡᠶᠢᠴᠡᠭᠰᠡᠨ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ᠃ | ︵ᠬᠤᠶᠠᠷ︶ ᠵᠢᠷᠤᠮᠵᠢᠭᠰᠠᠨ ᠨᠡᠷᠡᠶᠢᠳᠦᠯ᠂ ᠴᠢᠬᠤᠯᠠ ᠪᠦᠬᠦᠢ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠ | ᠲᠠᠯᠠᠪᠤᠷ ᠭᠠᠵᠠᠷ ᠲᠠᠢ ᠪᠠᠶᠢᠵᠤ᠂ ᠲᠤᠬᠠᠶᠢᠯᠠᠭᠰᠠᠨ ᠠᠵᠢᠯ ᠤᠨ ᠠᠵᠢᠯᠯᠠᠭ᠎ᠠ ᠲᠠᠢ ᠪᠠᠨ ᠵᠣᠬᠢᠴᠠᠭᠰᠠᠨ ᠠᠵᠢᠯ | ᠬᠢᠭᠰᠡᠳ ᠲᠠᠢ ᠪᠠᠶᠢᠬᠤ᠃ | ︵ᠭᠤᠷᠪᠠ︶ ᠵᠣᠬᠢᠬᠤ ᠬᠠᠤᠯᠢ ᠶᠢᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠵᠦ ᠳᠡᠶᠢᠯᠬᠦ᠃ | ︵ᠳᠥᠷᠪᠡ︶ ᠦᠢᠯᠡᠴᠢᠯᠡᠭᠡᠨ ᠤ ᠢᠲᠡᠭᠡᠯ ᠬᠦᠨᠳᠦ ᠪᠠᠷ ᠰᠠᠶᠢᠨ ᠪᠠᠶᠢᠬᠤ᠃ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠤᠳ᠃ | ᠠᠷᠪᠠᠨ ᠵᠢᠷᠭᠤᠳᠤᠭᠠᠷ ᠵᠦᠢᠯ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠨᠢ ᠰᠠᠶᠢᠨ | ᠳᠤᠷ᠎ᠠ ᠠᠴᠠ ᠪᠠᠨ ᠪᠠᠶᠢᠬᠤ ᠵᠠᠷᠴᠢᠮ ᠶᠣᠰᠣᠭᠠᠷ ᠵᠠᠭᠤᠴᠢᠯᠠᠬᠤ ᠬᠡᠳᠦ ᠳᠡᠯᠭᠡᠭᠦᠷ ᠲᠤ ᠣᠷᠣᠬᠤ ᠪᠠᠷ | ᠭᠤᠶᠤᠴᠢᠯᠠᠬᠤ ᠶᠢᠨ ᠬᠠᠮᠲᠤ᠂ ᠬᠠᠮᠢᠶ᠎ᠠ ᠪᠦᠬᠦᠢ ᠮᠠᠲ᠋ᠧᠷᠢᠶᠠᠯ ᠢᠶᠠᠨ ᠲᠠᠭᠯᠠᠵᠤ ᠲᠤᠰᠢᠶᠠᠨ᠎ᠠ᠃ ᠵᠠᠭᠤᠴᠢᠯᠠᠬᠤ | ᠦᠢᠯᠡᠴᠢᠯᠡᠭᠡᠨ ᠤ ᠪᠠᠶᠢᠭᠤᠯᠤᠮᠵᠢ ᠨᠢ 3 ᠵᠢᠯ ᠠᠯᠤᠰᠯᠠᠬᠤ ᠪᠦᠷᠢ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ | ᠠᠮᠠᠯᠠᠯᠲᠠ ᠶᠢᠨ ᠪᠢᠴᠢᠭ ᠲᠤ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠵᠤ᠂ ᠬᠠᠩᠭᠠᠭᠰᠠᠨ ᠮᠡᠳᠡᠭᠡ ᠵᠠᠩᠭᠢ ᠪᠠ | ᠮᠠᠲ᠋ᠧᠷᠢᠶᠠᠯ ᠤᠨ ᠢᠶᠠᠨ ᠬᠠᠤᠯᠢ ᠶᠣᠰᠣᠴᠢ ᠴᠢᠨᠠᠷ᠂ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠲᠤ | ᠬᠠᠷᠢᠭᠤᠴᠠᠬᠤ ᠶᠢᠨ ᠬᠠᠮᠲᠤ᠂ ᠦᠨᠡᠨᠴᠢ ᠢᠲᠡᠭᠡᠮᠵᠢᠲᠡᠢ ᠦᠢᠯᠡᠴᠢᠯᠡᠭᠡᠨ ᠳᠤ ᠪᠠᠨ ᠠᠮᠠᠯᠠᠯᠲᠠ ᠬᠢᠵᠦ᠂ 3 ᠵᠢᠯ ᠤᠨ | ᠳᠣᠲᠣᠷᠠᠬᠢ ᠡᠵᠡᠩᠨᠡᠯᠲᠡ ᠶᠢᠨ ᠠᠵᠢᠯᠯᠠᠭ᠎ᠠ ᠳᠤᠮᠳᠠ ᠬᠠᠤᠯᠢ ᠠᠴᠠ ᠵᠥᠷᠢᠴᠡᠭᠰᠡᠨ ᠬᠦᠨᠳᠦ ᠬᠡᠴᠡᠭᠦᠦ ᠲᠡᠮᠳᠡᠭᠯᠡᠯ | ᠪᠠᠶᠢᠯᠭᠠᠬᠤ ᠦᠭᠡᠢ ᠪᠠᠶᠢᠬᠤ ᠶᠢ ᠠᠮᠠᠯᠠᠵᠤ᠂ ᠵᠠᠭᠤᠴᠢᠯᠠᠬᠤ ᠬᠡᠲᠦ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠭᠲᠠᠭᠠᠯ ᠢ ᠵᠥᠪᠰᠢᠶᠡᠷᠡᠬᠦ ᠪᠥᠭᠡᠳ ᠵᠢᠷᠤᠮᠯᠠᠨ ᠰᠠᠬᠢᠨ᠎ᠠ᠃ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠨᠢ | ᠵᠠᠭᠤᠴᠢᠯᠠᠬᠤ ᠬᠡᠲᠦ ᠳᠡᠯᠭᠡᠭᠦᠷ ᠲᠤ ᠣᠷᠣᠬᠤ ᠠᠮᠠᠯᠠᠯᠲᠠ ᠪᠠᠨ ᠵᠥᠷᠢᠴᠡᠭᠰᠡᠨ ᠪᠠᠶᠢᠪᠠᠯ᠂ ᠠᠵᠢᠯ ᠲᠥᠷᠥᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ | ᠢᠲᠡᠭᠡᠮᠵᠢ ᠶᠢᠨ ᠲᠡᠮᠳᠡᠭᠯᠡᠯ ᠳᠤ ᠣᠷᠣᠭᠤᠯᠵᠤ᠂ ᠢᠲᠡᠭᠡᠮᠵᠢ ᠠᠯᠳᠠᠭᠰᠠᠨ ᠢ ᠵᠠᠯᠬᠠᠭᠠᠨ ᠴᠡᠭᠡᠷᠯᠡᠭᠦᠯᠦᠨ᠎ᠡ︔ ᠬᠠᠮᠢᠶ᠎ᠠ | ᠪᠦᠬᠦᠢ ᠲᠠᠯ᠎ᠠ ᠶᠢᠨ ᠬᠢᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠥᠯᠥᠪᠦᠷᠢ ᠶᠢᠨ | ᠬᠠᠷᠢᠭᠤᠴᠠᠯᠭ᠎ᠠ ᠡᠭᠦᠷᠭᠡᠯᠡᠭᠦᠯᠦᠨ᠎ᠡ᠃ | ᠠᠷᠪᠠᠨ ᠳᠣᠯᠣᠳᠤᠭᠠᠷ ᠵᠦᠢᠯ ᠬᠤᠳᠠᠯᠳᠤᠨ ᠠᠪᠤᠭᠴᠢ ᠶᠢ ᠬᠤᠪᠢ ᠶᠢᠨ ᠬᠡᠷᠡᠭᠯᠡᠭᠴᠢ ᠪᠠ ᠬᠠᠤᠯᠢ ᠶᠢᠨ | ᠡᠷᠬᠡᠲᠡᠨ ᠬᠡᠷᠡᠭᠯᠡᠭᠴᠢ ᠭᠡᠵᠦ ᠬᠤᠪᠢᠶᠠᠨ᠂ ᠰᠢᠰᠲ᠋ᠧᠮ ᠳᠤ ᠳᠠᠩᠰᠠᠯᠠᠭᠤᠯᠬᠤ ᠠᠷᠭ᠎ᠠ ᠮᠠᠶ᠋ᠢᠭ ᠢᠶᠠᠷ ᠵᠠᠭᠤᠴᠢᠯᠠᠬᠤ ᠬᠡᠳᠦ | ᠳᠡᠯᠭᠡᠭᠦᠷ ᠲᠤ ᠣᠷᠣᠭᠤᠯᠤᠨ᠎ᠠ᠃ ᠬᠤᠪᠢ ᠶᠢᠨ ᠬᠡᠷᠡᠭᠯᠡᠭᠴᠢ ᠪᠠᠷ ᠳᠠᠩᠰᠠᠯᠠᠭᠤᠯᠬᠤ ᠳᠤ ᠲᠠᠭᠯᠠᠨ ᠮᠡᠳᠡᠭᠦᠯᠬᠦ ᠶᠣᠰᠣᠲᠠᠢ | ᠮᠡᠳᠡᠭᠡ ᠵᠠᠩᠭᠢ ᠳᠤ ᠬᠡᠷᠡᠭᠯᠡᠭᠴᠢ ᠶᠢᠨ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠪᠡᠶ᠎ᠡ ᠶᠢᠨ ᠦᠨᠡᠮᠯᠡᠯ ᠤᠨ | ᠬᠦᠴᠦᠨ ᠲᠠᠢ ᠬᠤᠭᠤᠴᠠᠭ᠎ᠠ᠂ ᠭᠠᠷ ᠤᠲᠠᠰᠤᠨ ᠤ ᠨᠣᠮᠧᠷ ᠵᠡᠷᠭᠡ ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠢ᠂ | ᠬᠠᠤᠯᠢ ᠶᠢᠨ ᠡᠷᠬᠡᠲᠡᠨ ᠬᠡᠷᠡᠭᠯᠡᠭᠴᠢ ᠪᠠᠷ ᠳᠠᠩᠰᠠᠯᠠᠭᠤᠯᠬᠤ ᠳᠤ ᠲᠠᠭᠯᠠᠨ ᠮᠡᠳᠡᠭᠦᠯᠬᠦ ᠶᠣᠰᠣᠲᠠᠢ ᠮᠡᠳᠡᠭᠡ ᠵᠠᠩᠭᠢ ᠳᠤ | ᠠᠵᠤ ᠠᠬᠤᠶᠢᠯᠠᠯ ᠤᠨ ᠨᠡᠷᠡᠶᠢᠳᠦᠯ᠂ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠢ ᠣᠷᠣᠯᠠᠬᠤ ᠨᠣᠮᠧᠷ᠂ ᠬᠠᠤᠯᠢ ᠪᠠᠷ | ᠲᠣᠭᠲᠠᠭᠠᠭᠰᠠᠨ ᠲᠥᠯᠥᠭᠡᠯᠡᠬᠦ ᠬᠥᠮᠥᠨ᠂ ᠬᠠᠤᠯᠢ ᠪᠠᠷ ᠲᠣᠭᠲᠠᠭᠠᠭᠰᠠᠨ ᠲᠥᠯᠥᠭᠡᠯᠡᠬᠦ ᠬᠥᠮᠥᠨ ᠤ ᠪᠡᠶ᠎ᠡ ᠶᠢᠨ | ᠦᠨᠡᠮᠯᠡᠯ ᠤᠨ ᠨᠣᠮᠧᠷ᠂ ᠬᠠᠤᠯᠢ ᠪᠠᠷ ᠲᠣᠭᠲᠠᠭᠠᠭᠰᠠᠨ ᠲᠥᠯᠥᠭᠡᠯᠡᠬᠦ ᠬᠥᠮᠥᠨ ᠤ ᠭᠠᠷ ᠤᠲᠠᠰᠤᠨ ᠤ ᠨᠣᠮᠧᠷ ᠵᠡᠷᠭᠡ | ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠢ ᠪᠥᠭᠡᠳ ᠬᠠᠩᠭᠠᠭᠰᠠᠨ ᠮᠡᠳᠡᠭᠡ ᠵᠠᠩᠭᠢ ᠪᠠ ᠮᠠᠲ᠋ᠧᠷᠢᠶᠠᠯ ᠤᠨ ᠢᠶᠠᠨ | ᠬᠠᠤᠯᠢ ᠶᠣᠰᠣᠴᠢ ᠴᠢᠨᠠᠷ᠂ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠲᠤ ᠬᠠᠷᠢᠭᠤᠴᠠᠨ᠎ᠠ᠃ | ᠬᠤᠳᠠᠯᠳᠤᠨ ᠠᠪᠤᠭᠴᠢ ᠨᠢ ᠬᠠᠤᠯᠢ ᠶᠢᠨ ᠡᠷᠬᠡᠲᠡᠨ ᠬᠡᠷᠡᠭᠯᠡᠭᠴᠢ ᠪᠠᠶᠢᠪᠠᠯ᠂ ᠲᠤᠰ ᠬᠠᠤᠯᠢ ᠶᠢᠨ ᠡᠷᠬᠡᠲᠡᠨ | ᠬᠡᠷᠡᠭᠯᠡᠭᠴᠢ ᠨᠢ ᠤᠯᠠᠨ ᠣᠷᠣᠯᠠᠭᠴᠢ ᠬᠥᠮᠥᠨ ᠤ ᠲᠠᠩᠰᠠᠨ ᠨᠣᠮᠧᠷ ᠲᠣᠬᠢᠷᠠᠭᠤᠯᠵᠤ ᠪᠣᠯᠣᠨ᠎ᠠ᠃ | ᠠᠷᠪᠠᠨ ᠨᠠᠢᠮᠠᠳᠤᠭᠠᠷ ᠵᠦᠢᠯ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠨᠢ ᠵᠠᠭᠤᠴᠢᠯᠠᠬᠤ ᠬᠡᠳᠦ | ᠳᠡᠯᠭᠡᠭᠦᠷ ᠲᠤ ᠣᠷᠣᠭᠰᠠᠨ ᠤ ᠳᠠᠷᠠᠭ᠎ᠠ᠂ ᠬᠠᠮᠢᠶ᠎ᠠ ᠪᠦᠬᠦᠢ ᠮᠡᠳᠡᠭᠡ ᠵᠠᠩᠭᠢ ᠳᠤ ᠨᠢ ᠬᠤᠪᠢᠷᠠᠯᠲᠠ ᠭᠠᠷᠪᠠᠯ᠂ ᠴᠠᠭ | ᠲᠤᠬᠠᠢ ᠳᠤ ᠨᠢ ᠵᠠᠭᠤᠴᠢᠯᠠᠬᠤ ᠬᠡᠲᠦ ᠳᠡᠯᠭᠡᠭᠦᠷ ᠢᠶᠠᠷ ᠳᠠᠮᠵᠢᠭᠤᠯᠤᠨ ᠬᠤᠪᠢᠷᠠᠭᠤᠯᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠨᠢᠭᠡᠨᠲᠡ ᠵᠠᠭᠤᠴᠢᠯᠠᠬᠤ ᠬᠡᠲᠦ ᠳᠡᠯᠭᠡᠭᠦᠷ ᠲᠤ ᠣᠷᠣᠭᠰᠠᠨ ᠵᠠᠭᠤᠴᠢᠯᠠᠬᠤ | ᠦᠢᠯᠡᠴᠢᠯᠡᠭᠡᠨ ᠤ ᠪᠠᠶᠢᠭᠤᠯᠤᠮᠵᠢ ᠳᠤ ᠬᠥᠳᠡᠯᠦᠩᠭᠦᠢ ᠬᠠᠮᠢᠶᠠᠷᠤᠯᠲᠠ ᠬᠡᠷᠡᠭᠵᠢᠭᠦᠯᠵᠦ᠂ ᠵᠠᠭᠤᠴᠢᠯᠠᠬᠤ ᠦᠢᠯᠡᠴᠢᠯᠡᠭᠡᠨ ᠤ | ᠪᠠᠶᠢᠭᠤᠯᠤᠮᠵᠢ ᠶᠢᠨ ᠢᠯᠭᠠᠷᠠᠭᠤᠯᠤᠨ ᠪᠤᠴᠠᠭᠠᠬᠤ ᠲᠣᠭᠲᠠᠴᠠ ᠶᠢ ᠪᠠᠶᠢᠭᠤᠯᠤᠨ᠎ᠠ᠃ | ᠳᠥᠷᠪᠡᠳᠦᠭᠡᠷ ᠪᠦᠯᠦᠭ ᠠᠷᠠᠯᠵᠢᠶᠠᠨ ᠤ ᠦᠢᠯᠡᠴᠢᠯᠡᠭᠡ | ᠬᠤᠷᠢᠳᠤᠭᠠᠷ ᠵᠦᠢᠯ ᠬᠤᠳᠠᠯᠳᠤᠨ ᠠᠪᠤᠭᠴᠢ ᠨᠢ ᠵᠠᠭᠤᠴᠢᠯᠠᠬᠤ ᠬᠡᠳᠦ ᠳᠡᠯᠭᠡᠭᠦᠷ ᠲᠤ ᠬᠤᠳᠠᠯᠳᠤᠨ ᠠᠪᠬᠤ | ᠠᠯᠪᠠᠨ ᠵᠠᠷ ᠢᠶᠠᠨ ᠪᠠᠷᠢᠮᠵᠢᠶᠠᠲᠤ ᠵᠠᠭᠪᠤᠷ ᠶᠣᠰᠣᠭᠠᠷ ᠲᠠᠭᠯᠠᠨ ᠲᠤᠰᠢᠶᠠᠵᠤ᠂ ᠭᠤᠣᠯᠴᠢ ᠪᠠᠷ ᠥᠷᠢᠰᠦᠯᠳᠦᠬᠦ ᠵᠠᠷᠴᠢᠮ ᠢ | ᠪᠠᠷᠢᠮᠲᠠᠯᠠᠬᠤ ᠶᠢᠨ ᠬᠠᠮᠲᠤ᠂ ᠠᠯᠪᠠᠨ ᠵᠠᠷ ᠤᠨ ᠠᠭᠤᠯᠭ᠎ᠠ ᠶᠢᠨ ᠬᠠᠤᠯᠢ ᠶᠣᠰᠣᠴᠢ ᠴᠢᠨᠠᠷ᠂ ᠦᠨᠡᠨ ᠪᠣᠳᠠᠲᠤ ᠴᠢᠨᠠᠷ᠂ | ᠣᠨᠣᠪᠴᠢᠲᠤ ᠴᠢᠨᠠᠷ ᠲᠤ ᠬᠠᠷᠢᠭᠤᠴᠠᠨ᠎ᠠ᠃ ᠬᠤᠳᠠᠯᠳᠤᠨ ᠠᠪᠬᠤ ᠠᠯᠪᠠᠨ ᠵᠠᠷ ᠲᠤ ᠳᠣᠣᠷᠠᠬᠢ ᠠᠭᠤᠯᠭ᠎ᠠ ᠶᠢ | ᠪᠠᠭᠲᠠᠭᠠᠬᠤ ᠪᠣᠯᠪᠠᠴᠤ ᠲᠡᠭᠦᠨ ᠳᠤ ᠬᠢᠵᠠᠭᠠᠷᠯᠠᠭᠳᠠᠬᠤ ᠦᠭᠡᠢ᠄ | ︵ᠨᠢᠭᠡ︶ ᠨᠠᠶᠢᠳᠠᠬᠤ ᠲᠥᠷᠥᠯ ᠵᠦᠢᠯ ᠤᠨ ᠬᠠᠶ᠋ᠢᠭ᠂ ᠬᠡᠪᠴᠢᠶ᠎ᠡ᠂ ᠲᠥᠷᠥᠯ ᠵᠦᠢᠯ ᠲᠣᠭᠲᠠᠭᠠᠬᠤ᠂ ᠪᠡᠯᠡ | ᠮᠥᠩᠭᠦᠨ ᠤ ᠢᠷᠡᠯᠲᠡ ᠵᠡᠷᠭᠡ ᠦᠨᠳᠦᠰᠦᠨ ᠪᠠᠶᠢᠳᠠᠯ᠃ | ︵ᠬᠤᠶᠠᠷ︶ ᠵᠠᠭᠤᠴᠢᠯᠠᠬᠤ ᠦᠢᠯᠡᠴᠢᠯᠡᠭᠡᠨ ᠤ ᠬᠠᠷᠠᠯᠲᠠ ᠡᠳ᠋ ᠤᠨ ᠪᠣᠳᠠᠲᠠᠢ ᠠᠭᠤᠯᠭ᠎ᠠ᠂ ᠴᠠᠭ ᠤᠨ ᠬᠢᠵᠠᠭᠠᠷ᠂ | ᠪᠠᠷᠢᠮᠵᠢᠶ᠎ᠠ ᠪᠠ ᠭᠦᠨᠴᠡ ᠶᠢᠨ ᠱᠠᠭᠠᠷᠳᠠᠯᠭ᠎ᠠ ᠵᠡᠷᠭᠡ᠃ | ︵ᠭᠤᠷᠪᠠ︶ ᠨᠡᠷ᠎ᠡ ᠮᠡᠳᠡᠭᠦᠯᠬᠦ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠲᠥᠷᠥᠯ ᠢᠯᠭᠠᠯ᠂ ᠠᠵᠢᠯ | ᠲᠥᠷᠥᠯ᠂ ᠲᠤᠰᠬᠠᠢ ᠮᠡᠷᠭᠡᠵᠢᠯ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ᠂ ᠬᠢᠷᠢ ᠴᠢᠳᠠᠮᠵᠢ ︵ᠬᠢᠷᠢ ᠬᠡᠮ︶ ᠪᠠ | ᠬᠠᠤᠯᠢ ᠪᠠᠷ ᠲᠣᠭᠲᠠᠭᠠᠭᠰᠠᠨ ᠠᠵᠢᠯ ᠡᠷᠭᠢᠯᠡᠬᠦ ︵ᠠᠵᠢᠯ ᠮᠡᠷᠭᠡᠵᠢᠯ ᠤᠨ︶ ᠠᠵᠢᠯᠲᠠᠨ ᠵᠡᠷᠭᠡ ᠶᠢᠨ ᠱᠠᠭᠠᠷᠳᠠᠯᠭ᠎ᠠ | ᠪᠣᠯᠣᠨ᠎ᠠ᠂ ᠭᠡᠬᠦ ᠳᠤ ᠪᠠᠨ ᠨᠡᠷ᠎ᠡ ᠮᠡᠳᠡᠭᠦᠯᠬᠦ ᠳᠤ ᠵᠦᠷᠢᠶᠡᠴᠢᠯᠡᠭᠰᠡᠨ᠂ ᠭᠠᠳᠠᠭᠤᠷᠴᠢᠯᠠᠬᠤ ᠴᠢᠨᠠᠷᠲᠠᠢ ᠬᠢᠵᠠᠭᠠᠷᠯᠠᠯ ᠤᠨ | ᠨᠥᠬᠦᠴᠡᠯ ᠭᠠᠷᠭᠠᠵᠤ ᠪᠣᠯᠬᠤ ᠦᠭᠡᠢ᠃ | ︵ᠳᠥᠷᠪᠡ︶ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢ ᠢᠯᠡ ᠪᠠᠷ ᠰᠣᠩᠭᠤᠨ ᠠᠪᠬᠤ ᠠᠷᠭ᠎ᠠ ᠮᠠᠶ᠋ᠢᠭ᠃ | | ︵ᠲᠠᠪᠤ︶ ᠨᠡᠷ᠎ᠡ ᠮᠡᠳᠡᠭᠦᠯᠵᠦ ᠳᠠᠭᠤᠰᠬᠤ ᠴᠠᠭ᠂ ᠢᠯᠡ ᠪᠠᠷ ᠰᠣᠩᠭᠤᠨ ᠠᠪᠬᠤ ᠴᠠᠭ᠂ ᠠᠰᠠᠭᠤᠨ ᠯᠠᠪᠯᠠᠬᠤ | ᠤᠲᠠᠰᠤ᠂ ᠬᠠᠷᠢᠯᠴᠠᠬᠤ ᠬᠥᠮᠥᠨ ᠵᠡᠷᠭᠡ ᠶᠢᠨ ᠮᠡᠳᠡᠭᠡ ᠵᠠᠩᠭᠢ᠃ | ︵ᠵᠢᠷᠭᠤᠭ᠎ᠠ︶ ᠬᠤᠳᠠᠯᠳᠤᠨ ᠠᠪᠬᠤ ᠦᠨ᠎ᠡ ᠬᠠᠩᠰᠢ᠂ ᠬᠤᠳᠠᠯᠳᠤᠨ ᠠᠪᠬᠤ ᠦᠨ᠎ᠡ ᠬᠠᠩᠰᠢ ᠶᠢᠨ | ᠪᠦᠷᠢᠯᠳᠦᠯ ᠤᠨ ᠲᠣᠳᠣᠷᠬᠠᠶᠢᠯᠠᠯᠲᠠ᠂ ᠦᠢᠯᠡᠴᠢᠯᠡᠭᠡᠨ ᠤ ᠬᠢᠵᠠᠭᠠᠷᠲᠤ ᠦᠨ᠎ᠡ ᠶᠢᠨ ᠲᠣᠳᠣᠷᠬᠠᠶᠢᠯᠠᠯᠲᠠ ᠵᠡᠷᠭᠡ᠃ | ᠬᠤᠷᠢᠨ ᠨᠢᠭᠡᠳᠦᠭᠡᠷ ᠵᠦᠢᠯ ᠵᠠᠭᠤᠴᠢᠯᠠᠬᠤ ᠬᠡᠲᠦ ᠳᠡᠯᠭᠡᠭᠦᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ 2 | ᠠᠵᠢᠯᠯᠠᠬᠤ ᠡᠳᠦᠷ ᠤᠨ ᠳᠣᠲᠣᠷ᠎ᠠ᠂ ᠬᠤᠳᠠᠯᠳᠤᠨ ᠠᠪᠤᠭᠴᠢ ᠶᠢᠨ ᠲᠤᠰᠢᠶᠠᠭᠰᠠᠨ ᠲᠥᠷᠥᠯ ᠵᠦᠢᠯ ᠬᠤᠳᠠᠯᠳᠤᠨ | ᠠᠪᠬᠤ ᠠᠯᠪᠠᠨ ᠵᠠᠷ ᠤᠨ ᠮᠡᠳᠡᠭᠡ ᠵᠠᠩᠭᠢ ᠳᠤ ᠬᠡᠯᠪᠡᠷᠢ ᠶᠢᠨ ᠬᠢᠨᠠᠨ ᠪᠠᠶᠢᠴᠠᠭᠠᠯᠲᠠ ᠬᠢᠭᠰᠡᠨ ᠤ ᠳᠠᠷᠠᠭ᠎ᠠ ᠨᠡᠶᠢᠲᠡᠯᠡᠬᠦ | ᠬᠡᠷᠡᠭᠲᠡᠢ᠃ | ᠬᠤᠷᠢᠨ ᠬᠤᠶᠠᠳᠤᠭᠠᠷ ᠵᠦᠢᠯ ᠬᠤᠳᠠᠯᠳᠤᠨ ᠠᠪᠤᠭᠴᠢ ᠶᠢᠨ ᠵᠠᠭᠤᠴᠢᠯᠠᠬᠤ ᠬᠡᠳᠦ ᠳᠡᠯᠭᠡᠭᠦᠷ ᠠᠴᠠ | ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢ ᠢᠯᠡ ᠪᠠᠷ ᠰᠣᠩᠭᠤᠨ ᠠᠪᠬᠤ ᠠᠷᠭ᠎ᠠ ᠮᠠᠶ᠋ᠢᠭ ᠨᠢ ᠭᠤᠣᠯᠳᠠᠭᠤ | ᠳᠣᠣᠷᠠᠬᠢ ᠮᠡᠲᠦ᠄ | ︵ᠨᠢᠭᠡ︶ ᠪᠡᠶ᠎ᠡ ᠪᠠᠨ ᠳᠠᠭᠠᠭᠠᠵᠤ ᠰᠣᠩᠭᠤᠬᠤ᠃ ᠬᠤᠳᠠᠯᠳᠤᠨ ᠠᠪᠤᠭᠴᠢ ᠪᠡᠶ᠎ᠡ ᠪᠠᠨ ᠳᠠᠭᠠᠭᠠᠵᠤ ᠰᠣᠩᠭᠤᠬᠤ | ᠬᠡᠪ ᠵᠠᠭᠪᠤᠷ ᠢᠶᠠᠷ ᠬᠡᠷᠡᠭᠴᠡᠭᠡ ᠱᠠᠭᠠᠷᠳᠠᠯᠭ᠎ᠠ ᠶᠢᠨ ᠠᠯᠪᠠᠨ ᠵᠠᠷ ᠨᠡᠶᠢᠲᠡᠯᠡᠬᠦ ᠳᠤ᠂ ᠨᠠᠭᠠᠲᠤ ᠵᠠᠬ᠎ᠠ ᠳᠤ ᠪᠠᠨ 1 | ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠨᠡᠷ᠎ᠡ ᠮᠡᠳᠡᠭᠦᠯᠦᠭᠰᠡᠨ ᠪᠠᠶᠢᠬᠤ ᠬᠡᠷᠡᠭᠲᠡᠢ᠂ ᠨᠡᠷ᠎ᠡ ᠮᠡᠳᠡᠭᠦᠯᠦᠭᠰᠡᠨ | ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠳᠣᠲᠣᠷ᠎ᠠ ᠠᠴᠠ ᠠᠯᠢ ᠨᠢᠭᠡᠨ ᠵᠠᠭᠤᠴᠢᠯᠠᠬᠤ ᠦᠢᠯᠡᠴᠢᠯᠡᠭᠡᠨ ᠤ | ᠪᠠᠶᠢᠭᠤᠯᠤᠮᠵᠢ ᠶᠢ ᠪᠡᠶ᠎ᠡ ᠪᠠᠨ ᠳᠠᠭᠠᠭᠠᠵᠤ ᠰᠣᠩᠭᠤᠭᠰᠠᠨ ᠤ ᠳᠠᠷᠠᠭ᠎ᠠ᠂ ᠲᠣᠰ ᠵᠠᠭᠤᠴᠢᠯᠠᠬᠤ ᠦᠢᠯᠡᠴᠢᠯᠡᠭᠡᠨ ᠤ | ᠲᠦᠷᠦᠯ ᠵᠦᠢᠯ ᠤᠨ ᠠᠷᠠᠯᠵᠢᠭᠰᠠᠨ ᠮᠡᠳᠡᠭᠡ ᠵᠠᠩᠭᠢ ᠶᠢ ᠰᠢᠰᠲ᠋ᠧᠮ ᠠᠴᠠ ᠠᠶᠠᠨᠳᠠᠭᠠᠨ ᠨᠡᠶᠢᠲᠡᠯᠡᠨ᠎ᠡ᠃ | ᠨᠡᠷ᠎ᠡ ᠮᠡᠳᠡᠭᠦᠯᠵᠦ ᠳᠠᠭᠤᠰᠤᠭᠰᠠᠨ ᠤ ᠳᠠᠷᠠᠭᠠᠬᠢ 48 ᠴᠠᠭ ᠤᠨ ᠳᠣᠲᠣᠷ᠎ᠠ ᠬᠤᠳᠠᠯᠳᠤᠨ ᠠᠪᠤᠭᠴᠢ ᠨᠢ ᠶᠠᠮᠠᠷ | ᠴᠤ ᠠᠵᠢᠯᠯᠠᠭᠠᠨ ᠶᠠᠪᠤᠭᠳᠠᠭᠤᠯᠤᠭᠰᠠᠨ ᠦᠭᠡᠢ ᠪᠠᠶᠢᠪᠠᠯ ᠰᠢᠰᠲ᠋ᠧᠮ ᠠᠴᠠ ᠠᠶᠠᠨᠳᠠᠭᠠᠨ ᠠᠯᠪᠠᠨ ᠵᠠᠷ ᠨᠡᠶᠢᠲᠡᠯᠡᠵᠦ᠂ | ᠪᠣᠳᠠᠲᠠᠢ ᠪᠠᠶᠢᠳᠠᠯ ᠢ ᠢᠯᠡ ᠨᠡᠶᠢᠲᠡᠯᠡᠬᠦ ᠪᠣᠯᠣᠨ᠎ᠠ᠃ | ︵ᠬᠤᠶᠠᠷ︶ ᠲᠠᠰᠢᠷᠠᠮ ᠢᠶᠠᠷ ᠰᠣᠩᠭᠤᠬᠤ᠃ ᠡᠭᠦᠨ ᠢ ᠬᠤᠳᠠᠯᠳᠤᠨ ᠠᠪᠬᠤ ᠦᠨ᠎ᠡ ᠬᠠᠩᠰᠢ ᠨᠢ ᠲᠣᠳᠣᠷᠬᠠᠢ᠂ | ᠦᠨ᠎ᠡ ᠬᠠᠶᠠᠯᠴᠠᠵᠤ ᠥᠷᠢᠰᠦᠯᠳᠦᠭᠦᠯᠦᠨ ᠠᠳᠠᠯᠢᠳᠬᠠᠬᠤ ᠴᠢᠬᠤᠯᠠ ᠦᠭᠡᠢ ᠲᠦᠷᠦᠯ ᠵᠦᠢᠯ ᠳᠤ ᠲᠣᠬᠢᠷᠠᠭᠤᠯᠤᠨ | ᠬᠡᠷᠡᠭᠯᠡᠨ᠎ᠡ᠃ ᠨᠠᠭᠠᠲᠤ ᠵᠠᠬ᠎ᠠ ᠳᠤ ᠪᠠᠨ 3 ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠨᠡᠷ᠎ᠡ ᠮᠡᠳᠡᠭᠦᠯᠦᠭᠰᠡᠨ | ᠪᠠᠶᠢᠬᠤ ᠬᠡᠷᠡᠭᠲᠡᠢ᠂ ᠺᠣᠮᠫᠢᠦ᠋ᠲ᠋ᠧᠷ ᠢᠶᠠᠷ ᠲᠠᠰᠢᠷᠠᠮ ᠲᠠᠭᠠᠬᠤ ᠨᠣᠮᠧᠷ ᠰᠤᠭᠤᠯᠬᠤ ᠠᠷᠭ᠎ᠠ ᠮᠠᠶ᠋ᠢᠭ ᠢᠶᠠᠷ ᠨᠡᠷ᠎ᠡ | ᠮᠡᠳᠡᠭᠦᠯᠦᠭᠰᠡᠨ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠳᠣᠲᠣᠷ᠎ᠠ ᠠᠴᠠ ᠰᠣᠩᠭᠤᠭᠳᠠᠬᠤ ᠲᠠᠯ᠎ᠠ ᠶᠢ | ᠲᠠᠰᠢᠷᠠᠮ ᠢᠶᠠᠷ ᠰᠣᠩᠭᠤᠨ᠎ᠠ᠃ | ︵ᠭᠤᠷᠪᠠ︶ ᠮᠡᠳᠡᠭᠦᠯᠦᠭᠰᠡᠨ ᠦᠨ᠎ᠡ ᠪᠠᠷ ᠰᠣᠩᠭᠤᠬᠤ᠃ ᠬᠤᠳᠠᠯᠳᠤᠨ ᠠᠪᠤᠭᠴᠢ ᠨᠢ ᠦᠨ᠎ᠡ ᠮᠡᠳᠡᠭᠦᠯᠦᠨ | ᠰᠣᠩᠭᠤᠬᠤ ᠬᠡᠪ ᠵᠠᠭᠪᠤᠷ ᠢ ᠬᠡᠷᠡᠭᠯᠡᠨ ᠬᠡᠷᠡᠭᠴᠡᠭᠡ ᠱᠠᠭᠠᠷᠳᠠᠯᠭ᠎ᠠ ᠶᠢᠨ ᠠᠯᠪᠠᠨ ᠵᠠᠷ ᠨᠡᠶᠢᠲᠡᠯᠡᠬᠦ ᠳᠤ᠂ ᠨᠠᠭᠠᠲᠤ | ᠵᠠᠬ᠎ᠠ ᠳᠤ ᠪᠠᠨ 1 ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠨᠡᠷ᠎ᠡ ᠮᠡᠳᠡᠭᠦᠯᠦᠭᠰᠡᠨ ᠪᠠᠶᠢᠬᠤ ᠬᠡᠷᠡᠭᠲᠡᠢ᠂ | ᠨᠢᠭᠡᠨᠲᠡ ᠨᠡᠷ᠎ᠡ ᠮᠡᠳᠡᠭᠦᠯᠦᠭᠰᠡᠨ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠨᠢ ᠬᠡᠷᠡᠭᠴᠡᠭᠡ ᠱᠠᠭᠠᠷᠳᠠᠯᠭ᠎ᠠ ᠶᠢᠨ | ᠠᠯᠪᠠᠨ ᠵᠠᠷ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠡᠷ ᠤᠨ ᠭᠥᠯᠢᠶᠡᠨ ᠠᠪᠴᠤ ᠳᠡᠶᠢᠯᠬᠦ ᠦᠨ᠎ᠡ ᠬᠠᠩᠰᠢ ᠶᠢ | ᠮᠡᠳᠡᠭᠦᠯᠦᠨ᠎ᠡ᠃ ᠨᠡᠷ᠎ᠡ ᠮᠡᠳᠡᠭᠦᠯᠬᠦ ᠴᠠᠭ ᠳᠠᠭᠤᠰᠤᠭᠰᠠᠨ ᠤ ᠳᠠᠷᠠᠭ᠎ᠠ᠂ ᠲᠥᠷᠥᠯ ᠵᠦᠢᠯ ᠤᠨ ᠬᠤᠳᠠᠯᠳᠤᠨ ᠠᠪᠤᠭᠴᠢ ᠨᠢ | ᠦᠨ᠎ᠡ ᠮᠡᠳᠡᠭᠦᠯᠦᠭᠰᠡᠨ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠳᠣᠲᠣᠷ᠎ᠠ ᠠᠴᠠ ᠨᠢᠭᠡ ᠶᠢ ᠰᠣᠩᠭᠤᠨ᠎ᠠ᠃ | ᠨᠡᠷ᠎ᠡ ᠮᠡᠳᠡᠭᠦᠯᠬᠦ ᠬᠤᠭᠤᠴᠠᠭᠠᠨ ᠳᠤ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠨᠢ ᠮᠡᠳᠡᠭᠦᠯᠦᠭᠰᠡᠨ | ᠦᠨ᠎ᠡ ᠳᠤ ᠪᠠᠨ ᠣᠯᠠᠨ ᠤᠳᠠᠭ᠎ᠠ ᠲᠣᠬᠢᠷᠠᠭᠤᠯᠤᠯᠲᠠ ᠬᠢᠵᠦ ᠪᠣᠯᠣᠨ᠎ᠠ᠂ ᠬᠠᠮᠤᠭ ᠰᠡᠭᠦᠯᠴᠢ ᠶᠢᠨ ᠨᠢᠭᠡ ᠤᠳᠠᠭ᠎ᠠ ᠶᠢᠨ | ᠮᠡᠳᠡᠭᠦᠯᠦᠭᠰᠡᠨ ᠦᠨ᠎ᠡ ᠪᠠᠷ ᠡᠴᠦᠰ ᠤᠨ ᠦᠨ᠎ᠡ ᠪᠣᠯᠭᠠᠨ᠎ᠠ᠃ | ᠬᠡᠷᠪᠡ ᠲᠥᠷᠥᠯ ᠵᠦᠢᠯ ᠬᠤᠳᠠᠯᠳᠤᠨ ᠠᠪᠤᠭᠴᠢ ᠨᠢ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢ | ᠰᠣᠩᠭᠤᠬᠤ ᠪᠠᠨ ᠪᠣᠯᠢᠪᠠᠯ᠂ ᠰᠢᠯᠲᠠᠭᠠᠨ ᠢᠶᠠᠨ ᠲᠣᠳᠣᠷᠬᠠᠶᠢᠯᠠᠬᠤ ᠴᠢᠬᠤᠯᠠᠲᠠᠢ᠂ ᠰᠢᠰᠲ᠋ᠧᠮ ᠠᠴᠠ ᠲᠣᠰ ᠰᠢᠯᠲᠠᠭᠠᠨ ᠢ | ᠨᠢ ᠦᠨᠳᠦᠰᠦᠯᠡᠨ ᠬᠡᠷᠡᠭᠴᠡᠭᠡ ᠱᠠᠭᠠᠷᠳᠠᠯᠭ᠎ᠠ ᠶᠢ ᠬᠦᠴᠦᠨ ᠦᠭᠡᠢ ᠪᠣᠯᠭᠠᠬᠤ ᠠᠯᠪᠠᠨ ᠵᠠᠷ ᠢ ᠠᠶᠠᠨᠳᠠᠭᠠᠨ ᠨᠡᠶᠢᠲᠡᠯᠡᠨ᠎ᠡ᠃ | ᠨᠡᠷ᠎ᠡ ᠮᠡᠳᠡᠭᠦᠯᠵᠦ ᠳᠠᠭᠤᠰᠤᠭᠰᠠᠨ ᠤ ᠳᠠᠷᠠᠭᠠᠬᠢ 48 ᠴᠠᠭ ᠤᠨ ᠳᠣᠲᠣᠷ᠎ᠠ᠂ ᠲᠥᠷᠥᠯ ᠵᠦᠢᠯ ᠤᠨ ᠬᠤᠳᠠᠯᠳᠤᠨ | ᠠᠪᠤᠭᠴᠢ ᠨᠢ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢ ᠰᠣᠩᠭᠤᠭᠰᠠᠨ ᠦᠭᠡᠢ ᠮᠥᠷᠲᠡᠭᠡᠨ ᠵᠠᠭᠤᠴᠢᠯᠠᠬᠤ | ᠦᠢᠯᠡᠴᠢᠯᠡᠭᠡᠨ ᠤ ᠪᠠᠶᠢᠭᠤᠯᠤᠮᠵᠢ ᠰᠣᠩᠭᠤᠬᠤ ᠶᠢ ᠪᠣᠯᠢᠭᠰᠠᠨ ᠢᠶᠠᠨ ᠥᠯᠦ ᠢᠯᠡᠷᠬᠡᠶᠢᠯᠡᠭᠰᠡᠨ ᠪᠠᠶᠢᠪᠠᠯ᠂ | ᠰᠢᠰᠲ᠋ᠧᠮ ᠠᠴᠠ ᠠᠶᠠᠨᠳᠠᠭᠠᠨ ᠠᠯᠪᠠᠨ ᠵᠠᠷ ᠨᠡᠶᠢᠲᠡᠯᠡᠵᠦ᠂ ᠪᠣᠳᠠᠲᠠᠢ ᠪᠠᠶᠢᠳᠠᠯ ᠢ ᠨᠢ ᠨᠡᠶᠢᠲᠡᠯᠡᠨ᠎ᠡ᠃ | ︵ᠳᠥᠷᠪᠡ︶ ᠦᠨ᠎ᠡ ᠬᠠᠶᠠᠯᠴᠠᠵᠤ ᠥᠷᠢᠰᠦᠯᠳᠦᠭᠦᠯᠦᠨ ᠰᠣᠩᠭᠤᠬᠤ᠃ ᠬᠤᠳᠠᠯᠳᠤᠨ ᠠᠪᠤᠭᠴᠢ ᠨᠢ ᠦᠨ᠎ᠡ | ᠬᠠᠶᠠᠯᠴᠠᠵᠤ ᠥᠷᠢᠰᠦᠯᠳᠦᠭᠦᠯᠦᠨ ᠰᠣᠩᠭᠤᠬᠤ ᠬᠡᠪ ᠵᠠᠭᠪᠤᠷ ᠢᠶᠠᠷ ᠬᠡᠷᠡᠭᠴᠡᠭᠡ ᠱᠠᠭᠠᠷᠳᠠᠯᠭ᠎ᠠ ᠶᠢᠨ ᠠᠯᠪᠠᠨ ᠵᠠᠷ ᠢᠶᠠᠨ | ᠨᠡᠶᠢᠲᠡᠯᠡᠬᠦ ᠳᠤ᠂ ᠵᠦᠢ ᠵᠣᠬᠢᠰᠲᠠᠢ ᠬᠠᠮᠤᠭ ᠤᠨ ᠳᠣᠣᠷ᠎ᠠ ᠬᠢᠵᠠᠭᠠᠷ ᠦᠨ᠎ᠡ ᠲᠣᠬᠢᠷᠠᠭᠤᠯᠤᠨ᠂ ᠨᠠᠭᠠᠲᠤ ᠵᠠᠬ᠎ᠠ ᠳᠤ ᠪᠠᠨ | 3 ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠨᠡᠷ᠎ᠡ ᠮᠡᠳᠡᠭᠦᠯᠦᠭᠰᠡᠨ ᠪᠠᠶᠢᠬᠤ ᠬᠡᠷᠡᠭᠲᠡᠢ᠃ ᠲᠣᠭᠲᠠᠭᠰᠠᠨ ᠦᠨ᠎ᠡ | ᠬᠠᠶᠠᠯᠴᠠᠨ ᠥᠷᠢᠰᠦᠯᠳᠦᠭᠦᠯᠬᠦ ᠴᠠᠭ ᠪᠣᠯᠤᠭᠰᠠᠨ ᠤ ᠳᠠᠷᠠᠭ᠎ᠠ᠂ ᠨᠢᠭᠡᠨᠲᠡ ᠨᠡᠷ᠎ᠡ ᠮᠡᠳᠡᠭᠦᠯᠦᠭᠰᠡᠨ ᠵᠠᠭᠤᠴᠢᠯᠠᠬᠤ | ᠦᠢᠯᠡᠴᠢᠯᠡᠭᠡᠨ ᠤ ᠪᠠᠶᠢᠭᠤᠯᠤᠮᠵᠢ ᠨᠢ ᠡᠬᠢᠯᠡᠨ ᠦᠨ᠎ᠡ ᠬᠠᠶᠠᠯᠴᠠᠵᠤ ᠥᠷᠢᠰᠦᠯᠳᠦᠨ᠂ ᠤᠳᠠᠭ᠎ᠠ ᠪᠦᠷᠢ ᠶᠢᠨ ᠦᠨ᠎ᠡ | ᠮᠡᠳᠡᠭᠦᠯᠬᠦ ᠬᠦᠴᠦᠨ ᠲᠠᠢ ᠬᠤᠭᠤᠴᠠᠭ᠎ᠠ ᠨᠢ 5 ᠮᠢᠨᠦ᠋ᠲ ᠪᠣᠯᠣᠨ᠎ᠠ᠂ ᠬᠠᠮᠤᠭ ᠤᠨ ᠳᠣᠣᠷ᠎ᠠ ᠬᠢᠵᠠᠭᠠᠷ ᠦᠨ᠎ᠡ ᠳᠤ | ᠬᠦᠷᠬᠦ ᠠᠴᠠ ᠡᠮᠦᠨ᠎ᠡ ᠠᠳᠠᠯᠢ ᠦᠨ᠎ᠡ ᠶᠢ ᠮᠡᠳᠡᠭᠦᠯᠵᠦ ᠪᠣᠯᠬᠤ ᠦᠭᠡᠢ᠂ ᠤᠯᠠᠮ ᠳᠣᠣᠷ᠎ᠠ ᠰᠢᠨ᠎ᠡ ᠦᠨ᠎ᠡ ᠭᠠᠷᠪᠠᠯ᠂ | ᠬᠦᠴᠦᠨ ᠲᠠᠢ ᠬᠤᠭᠤᠴᠠᠭ᠎ᠠ ᠶᠢ ᠨᠢ ᠳᠠᠭᠢᠵᠤ ᠲᠣᠬᠢᠷᠠᠭᠤᠯᠤᠨ᠎ᠠ᠃ ᠬᠤᠳᠠᠯᠳᠤᠨ ᠠᠪᠬᠤ ᠲᠥᠷᠥᠯ ᠵᠦᠢᠯ | ᠨᠢᠭᠡᠪᠦᠷᠢ ᠶᠢᠨ ᠦᠨ᠎ᠡ ᠬᠠᠶᠠᠯᠴᠠᠵᠤ ᠥᠷᠢᠰᠦᠯᠳᠦᠬᠦ ᠴᠠᠭ ᠢ 30 ᠮᠢᠨᠦ᠋ᠲ ᠢᠶᠠᠷ ᠬᠢᠵᠠᠭᠠᠷᠯᠠᠵᠤ᠂ ᠬᠠᠮᠤᠭ ᠤᠨ ᠳᠣᠣᠷ᠎ᠠ | ᠵᠦᠢ ᠵᠣᠬᠢᠰᠲᠠᠢ ᠦᠨ᠎ᠡ ᠮᠡᠳᠡᠭᠦᠯᠦᠭᠰᠡᠳ ᠤᠨ ᠳᠣᠲᠣᠷ᠎ᠠ ᠠᠴᠠ ᠰᠣᠩᠭᠤᠨ᠎ᠠ᠃ | ᠮᠡᠳᠡᠭᠦᠯᠦᠭᠰᠡᠨ ᠦᠨ᠎ᠡ ᠨᠢ ᠵᠦᠢ ᠵᠣᠬᠢᠰᠲᠠᠢ ᠬᠠᠮᠤᠭ ᠤᠨ ᠳᠣᠣᠷ᠎ᠠ ᠬᠢᠵᠠᠭᠠᠷ ᠦᠨ᠎ᠡ ᠳᠤ ᠬᠦᠷᠪᠡᠯ᠂ ᠪᠤᠰᠤᠳ | ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠨᠢ ᠬᠠᠮᠲᠤ ᠳᠤ ᠪᠠᠨ ᠦᠨ᠎ᠡ ᠮᠡᠳᠡᠭᠦᠯᠵᠦ ᠪᠣᠯᠣᠨ᠎ᠠ᠂ 5 ᠮᠢᠨᠦ᠋ᠲ ᠤᠨ | ᠦᠨ᠎ᠡ ᠮᠡᠳᠡᠭᠦᠯᠬᠦ ᠬᠦᠴᠦᠨ ᠲᠠᠢ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠰᠢᠰᠲ᠋ᠧᠮ ᠠᠴᠠ ᠬᠠᠮᠤᠭ ᠤᠨ ᠳᠣᠣᠷ᠎ᠠ | ᠦᠨ᠎ᠡ ᠬᠠᠶᠠᠯᠴᠠᠵᠤ ᠥᠷᠢᠰᠦᠯᠳᠦᠭᠰᠡᠨ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠳᠣᠲᠣᠷ᠎ᠠ ᠠᠴᠠ | ᠲᠠᠰᠢᠷᠠᠮ ᠢᠶᠠᠷ ᠰᠣᠩᠭᠤᠵᠤ ᠪᠣᠯᠣᠨ᠎ᠠ᠃ | ︵ᠲᠠᠪᠤ︶ ᠥᠪᠡᠷᠲᠡᠭᠡᠨ ᠵᠠᠰᠠᠬᠤ ᠣᠷᠣᠨ ᠤ ᠵᠠᠭᠤᠴᠢᠯᠠᠬᠤ ᠬᠡᠲᠦ ᠳᠡᠯᠭᠡᠭᠦᠷ ᠤᠨ ᠬᠠᠮᠢᠶᠠᠷᠤᠯᠲᠠ ᠶᠢᠨ | ᠪᠠᠶᠢᠭᠤᠯᠤᠮᠵᠢ ᠪᠠᠷ ᠲᠣᠭᠲᠠᠭᠠᠯᠭᠠᠭᠰᠠᠨ ᠪᠤᠰᠤᠳ ᠢᠯᠡ ᠪᠠᠷ ᠰᠣᠩᠭᠤᠬᠤ ᠠᠷᠭ᠎ᠠ ᠮᠠᠶ᠋ᠢᠭ᠃ | ᠵᠠᠭᠤᠴᠢᠯᠠᠬᠤ ᠬᠡᠲᠦ ᠳᠡᠯᠭᠡᠭᠦᠷ ᠨᠢ ᠵᠥᠪᠬᠡᠨ ᠲᠠᠪᠴᠠᠩ ᠤᠨ ᠦᠢᠯᠡᠴᠢᠯᠡᠭᠡ ᠬᠠᠩᠭᠠᠨ᠎ᠠ᠂ ᠬᠤᠳᠠᠯᠳᠤᠨ | ᠠᠪᠤᠭᠴᠢ ᠨᠢ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ | ᠶᠣᠰᠣᠭᠠᠷ ᠰᠣᠩᠭᠤᠬᠤ ᠠᠷᠭ᠎ᠠ ᠮᠠᠶ᠋ᠢᠭ ᠢᠶᠠᠨ ᠰᠣᠩᠭᠤᠬᠤ ᠶᠢᠨ ᠬᠠᠮᠲᠤ᠂ ᠥᠪᠡᠷ ᠤᠨ ᠬᠤᠳᠠᠯᠳᠤᠨ ᠠᠪᠬᠤ ᠦᠶᠯᠡ | ᠠᠵᠢᠯᠯᠠᠭ᠎ᠠ ᠳᠤ ᠪᠠᠨ ᠬᠠᠷᠢᠭᠤᠴᠠᠬᠤ ᠬᠡᠷᠡᠭᠲᠡᠢ᠃ | ᠬᠤᠷᠢᠨ ᠭᠤᠷᠪᠠᠳᠤᠭᠠᠷ ᠵᠦᠢᠯ ᠬᠤᠳᠠᠯᠳᠤᠨ ᠠᠪᠬᠤ ᠠᠯᠪᠠᠨ ᠵᠠᠷ ᠢ ᠨᠡᠶᠢᠲᠡᠯᠡᠭᠰᠡᠨ ᠤ ᠲᠠᠷᠠᠭ᠎ᠠ᠂ ᠳᠣᠣᠷᠠᠬᠢ | ᠶᠠᠮᠠᠷ ᠨᠢᠭᠡᠨ ᠪᠠᠶᠢᠳᠠᠯ ᠣᠷᠣᠰᠢᠵᠤ ᠪᠠᠶᠢᠪᠠᠯ᠂ ᠬᠤᠳᠠᠯᠳᠤᠨ ᠠᠪᠤᠭᠴᠢ ᠨᠢ ᠨᠡᠷ᠎ᠡ ᠮᠡᠳᠡᠭᠦᠯᠬᠦ ᠬᠤᠭᠤᠴᠠᠭ᠎ᠠ | ᠳᠠᠭᠤᠰᠬᠤ ᠠᠴᠠ ᠡᠮᠦᠨ᠎ᠡ ᠬᠦᠴᠦᠨ ᠦᠭᠡᠢ ᠪᠣᠯᠭᠠᠬᠤ ᠭᠤᠶᠤᠴᠢᠯᠠᠯ ᠳᠤᠷᠠᠳᠴᠤ ᠪᠣᠯᠣᠨ᠎ᠠ᠄ | ︵ᠨᠢᠭᠡ︶ ᠲᠠᠰᠢᠷᠠᠮ ᠢᠶᠠᠷ ᠰᠣᠩᠭᠤᠬᠤ ᠪᠤᠶᠤ ᠦᠨ᠎ᠡ ᠬᠠᠶᠠᠯᠴᠠᠵᠤ ᠥᠷᠢᠰᠦᠯᠳᠦᠭᠦᠯᠦᠨ ᠰᠣᠩᠭᠤᠬᠤ ᠠᠷᠭ᠎ᠠ | ᠮᠠᠶ᠋ᠢᠭ ᠢᠶᠠᠷ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢ ᠰᠣᠩᠭᠤᠬᠤ ᠳᠤ ᠨᠡᠷ᠎ᠡ ᠮᠡᠳᠡᠭᠦᠯᠬᠦ ᠴᠠᠭ ᠨᠢ | ᠳᠠᠭᠤᠰᠴᠤ᠂ ᠨᠡᠷ᠎ᠡ ᠮᠡᠳᠡᠭᠦᠯᠦᠭᠰᠡᠨ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠨᠢ 3 ᠬᠦᠷᠬᠦ ᠦᠭᠡᠢ ᠪᠠᠶᠢᠬᠤ᠃ | ︵ᠬᠤᠶᠠᠷ︶ ᠴᠠᠬᠢᠯᠭᠠᠨ ᠬᠦᠴᠦᠨ ᠲᠠᠰᠤᠯᠳᠠᠭᠰᠠᠨ᠂ ᠰᠦᠯᠵᠢᠶᠡᠨ ᠳᠤ ᠰᠠᠭᠠᠳ ᠭᠠᠷᠤᠭᠰᠠᠨ᠂ ᠡᠰᠡᠬᠦᠯ᠎ᠡ | ᠡᠰᠡᠷᠭᠦᠴᠡᠰᠢ ᠦᠭᠡᠢ ᠬᠦᠴᠦᠨ ᠵᠦᠢᠯ ᠤᠨ ᠰᠢᠯᠲᠠᠭᠠᠨ ᠠᠴᠠ ᠪᠣᠯᠣᠭᠠᠳ ᠢᠯᠡ ᠪᠠᠷ ᠰᠣᠩᠭᠤᠬᠤ ᠠᠵᠢᠯᠯᠠᠭ᠎ᠠ ᠶᠢ | ᠬᠡᠪ ᠤᠨ ᠶᠣᠰᠣᠭᠠᠷ ᠥᠷᠨᠢᠭᠦᠯᠵᠦ ᠴᠢᠳᠠᠭᠰᠠᠨ ᠦᠭᠡᠢ᠃ | ︵ᠭᠤᠷᠪᠠ︶ ᠲᠥᠷᠥᠯ ᠵᠦᠢᠯ ᠤᠨ ᠬᠤᠳᠠᠯᠳᠤᠨ ᠠᠪᠤᠭᠴᠢ ᠨᠢ ᠵᠠᠭᠤᠴᠢᠯᠠᠬᠤ ᠦᠢᠯᠡᠴᠢᠯᠡᠭᠡ ᠬᠤᠳᠠᠯᠳᠤᠨ | ᠠᠪᠬᠤ ᠪᠠᠨ ᠪᠣᠯᠢᠭᠰᠠᠨ᠃ | ᠬᠤᠷᠢᠨ ᠳᠥᠷᠪᠡᠳᠦᠭᠡᠷ ᠵᠦᠢᠯ ᠰᠣᠩᠭᠤᠭᠳᠠᠭᠰᠠᠨ ᠠᠯᠪᠠᠨ ᠵᠠᠷ ᠢ ᠨᠡᠶᠢᠲᠡᠯᠡᠭᠰᠡᠨ ᠤ ᠲᠠᠷᠠᠭ᠎ᠠ᠂ ᠳᠣᠣᠷ᠎ᠠ | ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠰᠣᠩᠭᠤᠭᠳᠠᠭᠰᠠᠨ ᠠᠯᠪᠠᠨ ᠵᠠᠷ ᠢ ᠬᠦᠴᠦᠨ ᠦᠭᠡᠢ ᠪᠣᠯᠭᠠᠨ᠎ᠠ᠄ | ︵ᠨᠢᠭᠡ︶ ᠰᠣᠩᠭᠤᠭᠳᠠᠭᠰᠠᠨ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠨᠢ ᠬᠤᠳᠠᠯ ᠬᠠᠭᠤᠷᠮᠠᠭ ᠮᠡᠳᠡᠭᠡ | ᠵᠠᠩᠭᠢ ᠬᠠᠩᠭᠠᠭᠰᠠᠨ᠃ | ︵ᠬᠤᠶᠠᠷ︶ ᠰᠣᠩᠭᠤᠭᠳᠠᠭᠰᠠᠨ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠷᠢ ᠴᠢᠳᠠᠮᠵᠢ ᠪᠤᠶᠤ | ᠪᠤᠰᠤᠳ ᠭᠡᠷᠡᠴᠢᠯᠡᠬᠦ ᠮᠠᠲ᠋ᠧᠷᠢᠶᠠᠯ ᠨᠢ ᠪᠦᠷᠢᠨ ᠪᠤᠰᠤ᠃ | ︵ᠭᠤᠷᠪᠠ︶ ᠰᠣᠩᠭᠤᠭᠳᠠᠭᠰᠠᠨ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠨᠢ ᠪᠦᠬᠦ ᠦᠢᠯᠡᠴᠢᠯᠡᠭᠡᠨ ᠤ | ᠠᠭᠤᠯᠭ᠎ᠠ ᠪᠠᠨ ᠬᠠᠩᠭᠠᠬᠤ ᠶᠢᠨ ᠠᠷᠭ᠎ᠠ ᠦᠭᠡᠢ ᠪᠠᠶᠢᠬᠤ᠃ | ︵ᠳᠥᠷᠪᠡ︶ ᠰᠣᠩᠭᠤᠭᠳᠠᠭᠰᠠᠨ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠨᠢ ᠥᠪᠡᠷ ᠤᠨ ᠪᠡᠶᠡᠴᠢ | ᠮᠠᠭᠤ ᠰᠠᠨᠠᠭ᠎ᠠ ᠠᠴᠠ ᠪᠠᠨ ᠪᠣᠯᠵᠤ ᠭᠦᠢᠴᠡᠳᠬᠡᠭᠰᠡᠨ ᠦᠭᠡᠢ᠃ | ︵ᠲᠠᠪᠤ︶ ᠰᠣᠩᠭᠤᠭᠳᠠᠭᠰᠠᠨ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠨᠢ ᠬᠠᠷᠢᠯᠴᠠᠨ | ᠰᠥᠯᠪᠡᠭᠡᠯᠳᠦᠨ ᠦᠨ᠎ᠡ ᠬᠠᠶᠠᠯᠴᠠᠵᠤ ᠥᠷᠢᠰᠦᠯᠳᠦᠬᠦ ᠶᠢ ᠵᠠᠬᠢᠷᠤᠨ ᠡᠵᠡᠮᠳᠡᠵᠦ᠂ ᠬᠡᠭᠡᠯᠢ ᠲᠦᠯᠬᠢᠬᠦ ᠠᠷᠭ᠎ᠠ ᠪᠠᠷᠢᠯ ᠢᠶᠠᠷ | ᠰᠣᠩᠭᠤᠭᠳᠠᠭᠰᠠᠨ᠃ | ︵ᠵᠢᠷᠭᠤᠭ᠎ᠠ︶ ᠰᠣᠩᠭᠤᠭᠳᠠᠭᠰᠠᠨ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠨᠢ ᠪᠤᠰᠤᠳ ᠵᠦᠢ ᠪᠤᠰᠤ | ᠠᠷᠭ᠎ᠠ ᠪᠠᠷᠢᠯ ᠢᠶᠠᠷ ᠰᠣᠩᠭᠤᠭᠳᠠᠬᠤ ᠬᠢᠷᠢ ᠬᠡᠮ ᠢ ᠣᠯᠣᠭᠰᠠᠨ᠃ | ᠬᠤᠷᠢᠨ ᠲᠠᠪᠤᠳᠤᠭᠠᠷ ᠵᠦᠢᠯ ᠨᠡᠷ᠎ᠡ ᠮᠡᠳᠡᠭᠦᠯᠬᠦ ᠴᠠᠭ ᠳᠠᠭᠤᠰᠤᠭᠰᠠᠨ ᠤ ᠳᠠᠷᠠᠭ᠎ᠠ᠂ ᠨᠥᠬᠦᠴᠡᠯ ᠳᠤ ᠨᠡᠶᠢᠴᠡᠬᠦ | ᠨᠡᠷ᠎ᠡ ᠮᠡᠳᠡᠭᠦᠯᠦᠭᠰᠡᠨ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠨᠢ ᠨᠡᠷ᠎ᠡ ᠮᠡᠳᠡᠭᠦᠯᠬᠦ ᠬᠠᠮᠤᠭ ᠤᠨ ᠴᠥᠭᠡᠨ | ᠲᠤᠭ᠎ᠠ ᠠᠴᠠ ᠳᠤᠲᠠᠭᠤ ᠪᠠᠶᠢᠪᠠᠯ᠂ ᠵᠠᠭᠤᠴᠢᠯᠠᠬᠤ ᠬᠡᠲᠦ ᠳᠡᠯᠭᠡᠭᠦᠷ ᠠᠶᠠᠨᠳᠠᠭᠠᠨ ᠬᠦᠴᠦᠨ ᠦᠭᠡᠢ ᠪᠣᠯᠭᠠᠬᠤ ᠠᠯᠪᠠᠨ | ᠵᠠᠷ ᠨᠡᠶᠢᠲᠡᠯᠡᠵᠦ᠂ ᠬᠤᠳᠠᠯᠳᠤᠨ ᠠᠪᠤᠭᠴᠢ ᠠᠴᠠ ᠬᠤᠳᠠᠯᠳᠤᠨ ᠠᠪᠬᠤ ᠠᠯᠪᠠᠨ ᠵᠠᠷ ᠢ ᠬᠤᠶᠠᠳᠠᠭᠢ ᠤᠳᠠᠭ᠎ᠠ | ᠨᠡᠶᠢᠲᠡᠯᠡᠬᠦ ᠪᠠᠷ ᠭᠤᠶᠤᠴᠢᠯᠠᠨ᠎ᠠ᠃ | ᠬᠤᠷᠢᠨ ᠵᠢᠷᠭᠤᠳᠤᠭᠠᠷ ᠵᠦᠢᠯ ᠲᠥᠷᠥᠯ ᠵᠦᠢᠯ ᠬᠤᠳᠠᠯᠳᠤᠨ ᠠᠪᠬᠤ ᠠᠯᠪᠠᠨ ᠵᠠᠷ ᠤᠨ ᠨᠡᠷ᠎ᠡ ᠮᠡᠳᠡᠭᠦᠯᠵᠦ | ᠡᠬᠢᠯᠡᠭᠰᠡᠨ ᠠᠴᠠ ᠠᠪᠤᠭᠠᠳ ᠨᠡᠷ᠎ᠡ ᠮᠡᠳᠡᠭᠦᠯᠵᠦ ᠳᠠᠭᠤᠰᠬᠤ ᠴᠠᠭ ᠨᠢ 3 ᠠᠵᠢᠯᠯᠠᠬᠤ ᠡᠳᠦᠷ ᠠᠴᠠ ᠳᠤᠲᠠᠭᠤ ᠪᠠᠶᠢᠵᠤ | ᠪᠣᠯᠬᠤ ᠦᠭᠡᠢ᠃ | ᠬᠤᠷᠢᠨ ᠳᠣᠯᠣᠳᠤᠭᠠᠷ ᠵᠦᠢᠯ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠳᠤ ᠳᠣᠣᠷ᠎ᠠ ᠵᠢᠭᠰᠠᠭᠠᠭᠰᠠᠨ | ᠪᠠᠶᠢᠳᠠᠯ ᠤᠨ ᠨᠢᠭᠡ ᠨᠢ ᠪᠠᠶᠢᠪᠠᠯ᠂ ᠵᠠᠶᠢᠯᠠᠭᠤᠯᠬᠤ ᠬᠡᠷᠡᠭᠲᠡᠢ᠄ | ︵ᠨᠢᠭᠡ︶ ᠠᠳᠠᠯᠢ ᠨᠢᠭᠡᠨ ᠵᠠᠭᠤᠴᠢᠯᠠᠬᠤ ᠦᠢᠯᠡᠴᠢᠯᠡᠭᠡᠨ ᠤ ᠲᠥᠷᠥᠯ ᠵᠦᠢᠯ ᠳᠤ ᠣᠷᠣᠯᠴᠠᠬᠤ ᠪᠠᠷ ᠨᠡᠷ᠎ᠡ | ᠮᠡᠳᠡᠭᠦᠯᠦᠭᠰᠡᠨ ᠠᠳᠠᠯᠢ ᠪᠤᠰᠤ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠤᠯᠢ ᠪᠠᠷ ᠲᠣᠭᠲᠠᠭᠠᠭᠰᠠᠨ | ᠲᠥᠯᠥᠭᠡᠯᠡᠬᠦ ᠬᠥᠮᠥᠨ ᠪᠤᠶᠤ ᠪᠣᠳᠠᠲᠠᠢ ᠡᠵᠡᠮᠳᠡᠭᠴᠢ ᠨᠢ ᠨᠢᠭᠡ ᠯᠡ ᠬᠥᠮᠥᠨ ᠪᠠᠶᠢᠬᠤ᠃ | ︵ᠬᠤᠶᠠᠷ︶ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠤᠯᠢ ᠪᠠᠷ ᠲᠣᠭᠲᠠᠭᠠᠭᠰᠠᠨ ᠲᠥᠯᠥᠭᠡᠯᠡᠬᠦ | ᠬᠥᠮᠥᠨ ᠪᠤᠶᠤ ᠪᠣᠳᠠᠲᠠᠢ ᠡᠵᠡᠮᠳᠡᠭᠴᠢ ᠨᠢ ᠬᠤᠳᠠᠯᠳᠤᠨ ᠠᠪᠤᠭᠴᠢ ᠶᠢᠨ ᠨᠢᠭᠡᠴᠢ ᠶᠢᠨ ᠬᠠᠤᠯᠢ ᠪᠠᠷ ᠲᠣᠭᠲᠠᠭᠠᠭᠰᠠᠨ | ᠲᠥᠯᠥᠭᠡᠯᠡᠬᠦ ᠬᠥᠮᠥᠨ ᠪᠤᠶᠤ ᠲᠦᠷᠦᠯ ᠵᠦᠢᠯ ᠤᠨ ᠬᠠᠷᠢᠭᠤᠴᠠᠯᠭᠠᠲᠠᠨ ᠯᠤᠭ᠎ᠠ ᠬᠤᠯᠪᠣᠭᠠᠰᠤ᠂ ᠰᠢᠭᠤᠳ ᠴᠢᠰᠤᠨ | ᠲᠦᠷᠦᠯ ︵ᠴᠢᠰᠤᠨ ᠲᠦᠷᠦᠯ ᠤᠨ ᠬᠠᠷᠢᠴᠠᠭ᠎ᠠ ᠲᠠᠢ ᠬᠡᠮᠡᠨ ᠲᠣᠭᠲᠠᠭᠠᠭᠳᠠᠭᠰᠠᠨ ᠪᠠᠭᠲᠠᠨ᠎ᠠ︶᠂ ᠭᠤᠷᠪᠠᠨ ᠦᠶ᠎ᠡ ᠶᠢᠨ | ᠳᠣᠲᠣᠷᠠᠬᠢ ᠦᠶᠡᠯᠢᠳ ᠬᠠᠶᠠᠯᠢᠳ ᠴᠢᠰᠤᠨ ᠲᠦᠷᠦᠯ ᠪᠤᠶᠤ ᠣᠶᠢᠷ᠎ᠠ ᠤᠷᠤᠭ ᠰᠠᠳᠤᠨ ᠤ ᠬᠠᠷᠢᠴᠠᠭ᠎ᠠ ᠲᠠᠢ ᠪᠠᠶᠢᠬᠤ᠃ | ︵ᠭᠤᠷᠪᠠ︶ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠡᠷᠬᠡ ᠲᠡᠭᠰᠢ᠂ ᠲᠥᠪ ᠭᠤᠣᠯᠴᠢ᠂ | ᠲᠤᠰᠠᠭᠠᠷ ᠢᠶᠠᠨ ᠰᠣᠩᠭᠤᠬᠤ ᠶᠢ ᠨᠥᠯᠥᠭᠡᠯᠡᠵᠦ ᠮᠡᠳᠡᠬᠦ ᠪᠤᠰᠤᠳ ᠪᠠᠶᠢᠳᠠᠯ ᠤᠳ᠃ | ᠬᠤᠷᠢᠨ ᠨᠠᠢᠮᠠᠳᠤᠭᠠᠷ ᠵᠦᠢᠯ ᠢᠯᠠ ᠪᠠᠷ ᠰᠣᠩᠭᠤᠭᠰᠠᠨ ᠦᠷ᠎ᠡ ᠳ᠋ᠦᠩ ᠭᠠᠷᠤᠭᠰᠠᠨ ᠤ ᠲᠡᠷᠠᠭ᠎ᠠ᠂ | ᠬᠤᠳᠠᠯᠳᠤᠨ ᠠᠪᠤᠭᠴᠢ ᠨᠢ 3 ᠠᠵᠢᠯᠯᠠᠬᠤ ᠡᠳᠦᠷ ᠤᠨ ᠳᠣᠲᠣᠷ᠎ᠠ ᠨᠤᠲᠠᠯᠠᠨ ᠵᠥᠪᠰᠢᠶᠡᠷᠡᠬᠦ ᠬᠡᠷᠡᠭᠲᠡᠢ᠃ ᠵᠠᠭᠤᠴᠢᠯᠠᠬᠤ | ᠬᠡᠲᠦ ᠳᠡᠯᠭᠡᠭᠦᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠨᠢ ᠨᠤᠲᠠᠯᠠᠨ ᠵᠥᠪᠰᠢᠶᠡᠷᠡᠭᠰᠡᠨ ᠦᠷ᠎ᠡ ᠳ᠋ᠦᠩ ᠢ | ᠦᠨᠳᠦᠰᠦᠯᠡᠨ ᠰᠣᠩᠭᠤᠭᠳᠠᠭᠰᠠᠨ ᠠᠯᠪᠠᠨ ᠵᠠᠷ ᠨᠡᠶᠢᠲᠡᠯᠡᠬᠦ ᠶᠢᠨ ᠬᠠᠮᠲᠤ ᠵᠠᠷᠯᠠᠨ ᠨᠡᠶᠢᠲᠡᠯᠡᠵᠦ᠂ ᠵᠡᠷᠭᠡ ᠳᠤ ᠨᠢ | ᠰᠣᠩᠭᠤᠭᠳᠠᠭᠰᠠᠨ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠳᠤ ︽ᠰᠣᠩᠭᠤᠭᠳᠠᠭᠰᠠᠨ ᠮᠡᠳᠡᠭᠳᠡᠯ ᠤᠨ ᠪᠢᠴᠢᠭ︾ | ᠭᠠᠷᠭᠠᠨ ᠥᠭᠴᠦ᠂ ᠪᠡᠯᠡ ᠮᠥᠩᠭᠦ ᠣᠯᠭᠤᠵᠤ ᠥᠭᠬᠦ ᠴᠢᠬᠤᠯᠠ ᠪᠦᠬᠦᠢ ᠦᠨᠳᠦᠰᠦᠯᠡᠯ ᠪᠣᠯᠭᠠᠨ᠎ᠠ᠃ | ᠬᠤᠷᠢ ᠶᠢᠰᠦᠳᠦᠭᠡᠷ ᠵᠦᠢᠯ ᠬᠤᠳᠠᠯᠳᠤᠨ ᠠᠪᠤᠭᠴᠢ ᠪᠠ ᠰᠣᠩᠭᠤᠭᠳᠠᠭᠰᠠᠨ ᠵᠠᠭᠤᠴᠢᠯᠠᠬᠤ | ᠦᠢᠯᠡᠴᠢᠯᠡᠭᠡᠨ ᠤ ᠪᠠᠶᠢᠭᠤᠯᠤᠮᠵᠢ ᠨᠢ ︽ᠰᠣᠩᠭᠤᠭᠳᠠᠭᠰᠠᠨ ᠮᠡᠳᠡᠭᠳᠡᠯ ᠤᠨ ᠪᠢᠴᠢᠭ︾ ᠢ ᠦᠨᠳᠦᠰᠦᠯᠡᠨ ᠭᠡᠷ᠎ᠡ | ᠲᠣᠭᠲᠠᠭᠠᠨ᠎ᠠ᠃ ᠰᠣᠩᠭᠤᠭᠳᠠᠭᠰᠠᠨ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠨᠢ ᠭᠡᠷ᠎ᠡ ᠶᠢᠨ ᠪᠣᠯᠵᠣᠯ | ᠶᠣᠰᠣᠭᠠᠷ ᠭᠡᠷ᠎ᠡ ᠪᠠᠷ ᠲᠣᠭᠲᠠᠭᠠᠭᠰᠠᠨ ᠴᠠᠭ ᠤᠨ ᠳᠣᠲᠣᠷ᠎ᠠ ᠬᠤᠳᠠᠯᠳᠤᠨ ᠠᠪᠤᠭᠴᠢ ᠳᠤ ᠦᠢᠯᠡᠴᠢᠯᠡᠭᠡ ᠬᠠᠩᠭᠠᠬᠤ | ᠬᠡᠷᠡᠭᠲᠡᠢ᠃ | ᠲᠠᠪᠤᠳᠤᠭᠠᠷ ᠪᠦᠯᠦᠭ ᠦᠢᠯᠡᠴᠢᠯᠡᠭᠡᠨ ᠤ ᠦᠨᠡᠯᠡᠯᠲᠡ | ᠭᠤᠴᠢᠳᠤᠭᠠᠷ ᠵᠦᠢᠯ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠨᠢ ᠬᠤᠳᠠᠯᠳᠤᠨ ᠠᠪᠤᠭᠴᠢ ᠳᠤ | ᠦᠢᠯᠡᠴᠢᠯᠡᠭᠡᠨ ᠤ ᠦᠷ᠎ᠡ ᠪᠦᠲᠦᠭᠡᠯ ᠢᠶᠠᠨ ᠬᠠᠩᠭᠠᠭᠰᠠᠨ ᠤ ᠲᠠᠷᠠᠭ᠎ᠠ᠂ ᠬᠤᠳᠠᠯᠳᠤᠨ ᠠᠪᠤᠭᠴᠢ ᠨᠢ ᠵᠠᠭᠤᠴᠢᠯᠠᠬᠤ | ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠶᠠᠰᠤ ᠴᠢᠨᠠᠷ᠂ ᠦᠢᠯᠡᠴᠢᠯᠡᠭᠡᠨ ᠤ ᠬᠦᠴᠦᠨ ᠲᠠᠢ | ᠬᠤᠭᠤᠴᠠᠭ᠎ᠠ᠂ ᠦᠢᠯᠡᠴᠢᠯᠡᠭᠡᠨ ᠤ ᠣᠪᠣᠷ᠂ ᠦᠢᠯᠡᠴᠢᠯᠡᠭᠡᠨ ᠤ ᠬᠤᠷᠢᠶᠠᠬᠤ ᠰᠦᠢᠳᠬᠡᠯ ᠪᠠ ᠦᠢᠯᠡᠴᠢᠯᠡᠭᠡᠨ ᠤ | ᠵᠢᠷᠤᠮᠵᠢᠯ ᠵᠡᠷᠭᠡ ᠲᠠᠯ᠎ᠠ ᠳᠤ ᠬᠠᠨᠤᠮᠵᠢ ᠶᠢᠨ ᠬᠡᠮᠵᠢᠶᠡᠨ ᠤ ᠦᠨᠡᠯᠡᠯᠲᠡ ᠬᠢᠬᠦ ᠬᠡᠷᠡᠭᠲᠡᠢ᠃ | ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠳᠤ ᠳᠣᠣᠷᠠᠬᠢ ᠪᠠᠶᠢᠳᠠᠯ ᠣᠷᠣᠰᠢᠵᠤ ᠪᠠᠶᠢᠪᠠᠯ᠂ ᠬᠤᠳᠠᠯᠳᠤᠨ | ᠠᠪᠤᠭᠴᠢ ᠠᠴᠠ ᠬᠦᠨᠳᠦ ᠨᠣᠴᠢᠲᠠᠢ ᠶᠢᠨ ᠬᠡᠮᠵᠢᠶ᠎ᠡ ᠪᠠᠷ ᠨᠢ ᠬᠠᠨᠤᠮᠵᠢ ᠶᠢᠨ ᠬᠡᠮᠵᠢᠶᠡᠨ ᠤ ᠦᠨᠡᠯᠡᠯᠲᠡ ᠬᠢᠬᠦ ᠬᠡᠷᠡᠭᠲᠡᠢ᠄ | ︵ᠨᠢᠭᠡ︶ ᠬᠠᠮᠢᠶ᠎ᠠ ᠪᠦᠬᠦᠢ ᠠᠵᠢᠯ ᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ | ᠮᠡᠷᠭᠡᠵᠢᠯ ᠤᠨ ᠪᠠᠷᠢᠮᠵᠢᠶ᠎ᠠ ᠪᠠ ᠵᠢᠷᠤᠮᠵᠢᠯ ᠵᠡᠷᠭᠡ ᠶᠢᠨ ᠶᠣᠰᠣᠭᠠᠷ ᠬᠢᠭᠰᠡᠨ ᠦᠭᠡᠢ᠂ ᠵᠠᠭᠤᠴᠢᠯᠠᠬᠤ ᠦᠢᠯᠡᠴᠢᠯᠡᠭᠡᠨ ᠤ | ᠶᠠᠰᠤ ᠴᠢᠨᠠᠷ ᠤᠨ ᠠᠰᠠᠭᠤᠳᠠᠯ ᠠᠴᠠ ᠪᠣᠯᠵᠤ ᠲᠥᠷᠥᠯ ᠵᠦᠢᠯ ᠤᠨ ᠬᠢᠨᠠᠨ ᠵᠥᠪᠰᠢᠶᠡᠷᠡᠬᠦ ᠶᠢ ᠨᠥᠯᠥᠭᠡᠯᠡᠭᠰᠡᠨ᠃ | ︵ᠬᠤᠶᠠᠷ︶ ᠦᠢᠯᠡᠴᠢᠯᠡᠭᠡ ᠶᠢ ᠬᠡᠷᠡᠭᠵᠢᠭᠦᠯᠬᠦ ᠶᠠᠪᠤᠴᠠ ᠳᠤ ᠬᠤᠳᠠᠯᠳᠤᠨ ᠠᠪᠤᠭᠴᠢ ᠶᠢᠨ ᠳᠤᠷᠠᠳᠤᠭᠰᠠᠨ ᠵᠦᠢ | ᠵᠣᠬᠢᠰᠲᠠᠢ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠢ ᠳᠤ ᠨᠢ ᠲᠠᠭᠠᠵᠤ ᠳᠡᠶᠢᠯᠦᠭᠰᠡᠨ ᠦᠭᠡᠢ᠃ | ︵ᠭᠤᠷᠪᠠ︶ ᠬᠤᠳᠠᠯᠳᠤᠨ ᠠᠪᠤᠭᠴᠢ ᠳᠤ ᠬᠠᠩᠭᠠᠬᠤ ᠴᠢᠬᠤᠯᠠᠲᠠᠢ ᠮᠠᠲ᠋ᠧᠷᠢᠶᠠᠯ ᠢ ᠨᠢᠭᠡ ᠯᠡ ᠤᠳᠠᠭ᠎ᠠ ᠳᠤ | ᠮᠡᠳᠡᠭᠳᠡᠭᠰᠡᠨ ᠦᠭᠡᠢ᠂ ᠵᠠᠭᠤᠴᠢᠯᠠᠬᠤ ᠦᠢᠯᠡᠴᠢᠯᠡᠭᠡᠨ ᠤ ᠲᠦᠷᠦᠯ ᠵᠦᠢᠯ ᠤᠨ ᠠᠬᠢᠴᠠ ᠪᠠ ᠠᠰᠠᠭᠤᠳᠠᠯ ᠢ ᠴᠠᠭ | ᠲᠤᠬᠠᠢ ᠳᠤ ᠨᠢ ᠮᠡᠳᠡᠭᠳᠡᠭᠰᠡᠨ ᠦᠭᠡᠢ᠂ ᠤᠷᠢᠳᠴᠢᠯᠠᠨ ᠮᠡᠳᠡᠰᠢ ᠦᠭᠡᠢ ᠬᠡᠷᠡᠭᠴᠡᠭᠡ ᠪᠠ ᠪᠠᠶᠢᠳᠠᠯ ᠢ ᠨᠥᠬᠦᠷᠰᠡᠭ ᠢᠶᠠᠷ | ᠵᠥᠪᠳᠡᠯᠴᠡᠬᠦ᠂ ᠴᠠᠭ ᠲᠤᠬᠠᠢ ᠳᠤ ᠨᠢ ᠰᠢᠢᠳᠪᠦᠷᠢᠯᠡᠵᠦ ᠴᠢᠳᠠᠭᠰᠠᠨ ᠦᠭᠡᠢ᠃ | ︵ᠳᠥᠷᠪᠡ︶ ᠡᠯ᠎ᠡ ᠵᠦᠢᠯ ᠤᠨ ᠵᠠᠷᠤᠳᠠᠯ ᠢ ᠬᠤᠷᠢᠶᠠᠬᠤ ᠳᠤ ᠪᠠᠨ ᠰᠦᠢᠳᠬᠡᠯ ᠬᠤᠷᠢᠶᠠᠬᠤ ᠪᠠᠷᠢᠮᠵᠢᠶ᠎ᠠ ᠶᠢ | ᠵᠢᠷᠤᠮᠯᠠᠭᠰᠠᠨ ᠦᠭᠡᠢ ᠪᠤᠶᠤ ᠵᠠᠬ᠎ᠠ ᠳᠡᠯᠭᠡᠭᠦᠷ ᠤᠨ ᠲᠣᠭᠲᠠᠭᠠᠭᠰᠠᠨ ᠦᠨ᠎ᠡ ᠶᠢᠨ ᠬᠡᠪᠴᠢᠶ᠎ᠡ ᠠᠴᠠ ᠢᠯᠡᠳᠲᠡ | ᠳᠠᠪᠠᠭᠰᠠᠨ᠃ | ︵ᠲᠠᠪᠤ︶ ᠵᠠᠭᠤᠴᠢᠯᠠᠬᠤ ᠦᠢᠯᠡᠴᠢᠯᠡᠭᠡ ᠪᠠᠨ ᠭᠡᠷ᠎ᠡ ᠶᠢᠨ ᠪᠣᠯᠵᠣᠯ ᠶᠣᠰᠣᠭᠠᠷ ᠬᠠᠩᠭᠠᠭᠰᠠᠨ ᠦᠭᠡᠢ᠂ | ᠨᠢᠭᠤᠴᠠ ᠶᠢ ᠬᠠᠮᠠᠭᠠᠯᠠᠬᠤ ᠪᠣᠯᠵᠣᠯ ᠢ ᠵᠢᠷᠤᠮᠯᠠᠭᠰᠠᠨ ᠦᠭᠡᠢ᠃ | ︵ᠵᠢᠷᠭᠤᠭ᠎ᠠ︶ ᠢᠲᠡᠭᠡᠯ ᠠᠯᠳᠠᠭᠰᠠᠨ ᠥᠢᠯᠡ ᠠᠵᠢᠯᠯᠠᠭ᠎ᠠ ᠪᠤᠶᠤ ᠬᠤᠳᠠᠯᠳᠤᠨ ᠠᠪᠤᠭᠴᠢ ᠶᠢᠨ ᠠᠰᠢᠭ | ᠲᠤᠰᠠ ᠶᠢ ᠬᠤᠬᠢᠷᠠᠭᠤᠯᠤᠭᠰᠠᠨ ᠪᠤᠰᠤᠳ ᠥᠢᠯᠡ ᠠᠵᠢᠯᠯᠠᠭ᠎ᠠ ᠣᠷᠣᠰᠢᠵᠤ ᠪᠠᠶᠢᠬᠤ᠃ | ᠭᠤᠴᠢᠨ ᠨᠢᠭᠡᠳᠦᠭᠡᠷ ᠵᠦᠢᠯ ᠡᠯ᠎ᠡ ᠱᠠᠲᠤᠨ ᠤ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠨᠢ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠦᠷ᠎ᠡ ᠪᠦᠲᠦᠭᠡᠯ ᠤᠨ ᠶᠠᠰᠤ | ᠴᠢᠨᠠᠷ᠂ ᠦᠢᠯᠡᠴᠢᠯᠡᠭᠡᠨ ᠤ ᠦᠷ᠎ᠡ ᠪᠦᠲᠦᠮᠵᠢ᠂ ᠲᠣᠭᠲᠠᠭᠠᠯ ᠶᠣᠰᠣᠭᠠᠷ ᠰᠦᠢᠳᠬᠡᠯ ᠬᠤᠷᠢᠶᠠᠭᠰᠠᠨ ᠪᠠᠶᠢᠳᠠᠯ᠂ | ᠢᠲᠡᠭᠡᠮᠵᠢ ᠶᠢᠨ ᠪᠠᠶᠢᠳᠠᠯ ᠵᠡᠷᠭᠡ ᠳᠤ ᠲᠣᠭᠲᠠᠮᠠᠯ ᠬᠤᠭᠤᠴᠠᠭ᠎ᠠ ᠲᠠᠢ ᠪᠠᠷ ᠶᠡᠷᠦᠩᠬᠡᠶᠢᠯᠡᠭᠰᠡᠨ ᠦᠨᠡᠯᠡᠯᠲᠡ ᠬᠢᠨ᠎ᠡ᠃ | ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠳᠤ ᠳᠣᠣᠷᠠᠬᠢ ᠪᠠᠶᠢᠳᠠᠯ ᠣᠷᠣᠰᠢᠵᠤ ᠪᠠᠶᠢᠪᠠᠯ᠂ ᠠᠵᠢᠯ | ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠦᠨᠳᠦ ᠨᠣᠴᠢᠲᠠᠢ ᠶᠢᠨ ᠬᠡᠮᠵᠢᠶ᠎ᠡ ᠪᠠᠷ ᠨᠢ | ᠶᠡᠷᠦᠩᠬᠡᠶᠢᠯᠡᠭᠰᠡᠨ ᠦᠨᠡᠯᠡᠯᠲᠡ ᠬᠢᠨ᠎ᠡ᠄ | ︵ᠨᠢᠭᠡ︶ ᠵᠦᠢ ᠵᠣᠬᠢᠰᠲᠠᠢ ᠪᠠᠷ ᠵᠠᠭᠠᠯᠳᠤᠭᠳᠠᠭᠰᠠᠨ᠃ | ︵ᠬᠤᠶᠠᠷ︶ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠪᠤᠶᠤ ᠬᠠᠮᠢᠶ᠎ᠠ ᠪᠦᠬᠦᠢ ᠠᠵᠢᠯ | ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠤᠪᠢ ᠣᠯᠭᠤᠬᠤ ᠲᠣᠭᠲᠠᠯᠴᠠᠭ᠎ᠠ ᠳᠤ ᠬᠠᠤᠯᠢ | ᠲᠣᠭᠲᠠᠭᠠᠯ ᠠᠴᠠ ᠵᠥᠷᠢᠴᠡᠭᠰᠡᠨ ᠵᠡᠷᠭᠡ ᠮᠡᠳᠡᠭᠡ ᠵᠠᠩᠭᠢ ᠶᠢᠨ ᠲᠡᠮᠳᠡᠭᠯᠡᠯ ᠲᠠᠢ ᠪᠠᠶᠢᠬᠤ᠃ | ︵ᠭᠤᠷᠪᠠ︶ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠳᠠᠩ | ᠭᠠᠭᠴᠠ ᠦᠢᠯᠡᠴᠢᠯᠡᠭᠡᠨ ᠤ ᠵᠦᠢᠯᠡᠰ ᠲᠤ ᠭᠤᠷᠪᠠᠳᠠᠭᠢ ᠡᠲᠡᠭᠡᠳ ᠤᠨ ᠶᠡᠷᠦᠩᠬᠡᠶᠢᠯᠡᠭᠰᠡᠨ ᠦᠨᠡᠯᠡᠯᠲᠡ ᠬᠢᠬᠦ ᠳᠤ | ᠬᠤᠪᠢ ᠬᠠᠰᠤᠭᠰᠠᠨ ᠪᠠᠶᠢᠳᠠᠯ ᠣᠷᠣᠰᠢᠵᠤ ᠪᠠᠶᠢᠬᠤ᠃ | ︵ᠳᠥᠷᠪᠡ︶ ᠭᠡᠷᠡᠴᠢ ︵ᠦᠨᠡᠮᠯᠡᠯ︶ ᠨᠢ ᠪᠦᠷᠢᠨ ᠪᠤᠰᠤ᠂ ᠲᠣᠭᠲᠠᠭᠠᠭᠰᠠᠨ ᠬᠢᠷᠢ ᠴᠢᠳᠠᠮᠵᠢ ᠶᠢᠨ ᠬᠡᠪᠴᠢᠶᠡᠨ ᠳᠤ | ᠲᠤᠬᠠᠶᠢᠯᠠᠭᠰᠠᠨ ᠠᠵᠢᠯ ᠢ ᠳᠠᠭᠠᠭᠠᠵᠤ ᠠᠪᠤᠭᠰᠠᠨ ᠦᠭᠡᠢ᠂ ᠮᠠᠭᠤ ᠰᠠᠨᠠᠭ᠎ᠠ ᠲᠠᠢ ᠪᠠᠷ ᠲᠤᠬᠠᠶᠢᠯᠠᠭᠰᠠᠨ ᠠᠵᠢᠯ ᠢ | ᠳᠠᠭᠠᠭᠠᠨ ᠠᠪᠤᠭᠰᠠᠨ᠂ ᠬᠠᠷᠢᠯᠴᠠᠨ ᠦᠨ᠎ᠡ ᠪᠠᠭᠤᠷᠠᠭᠤᠯᠤᠭᠰᠠᠨ᠂ ᠠᠵᠢᠯ ᠲᠦᠷᠦᠯ ᠤᠨ ᠳᠦᠷᠢᠮ ᠢ ᠡᠪᠳᠡᠭᠰᠡᠨ᠃ | ︵ᠲᠠᠪᠤ︶ ᠢᠲᠡᠭᠡᠯ ᠠᠯᠳᠠᠭᠰᠠᠨ ᠥᠢᠯᠡ ᠠᠵᠢᠯᠯᠠᠭ᠎ᠠ ᠪᠤᠶᠤ ᠵᠠᠭᠤᠴᠢᠯᠠᠬᠤ ᠬᠡᠳᠦ ᠳᠡᠯᠭᠡᠭᠦᠷ ᠤᠨ | ᠬᠠᠮᠢᠶᠠᠷᠤᠯᠲᠠ ᠶᠢᠨ ᠡᠮᠬᠢ ᠳᠢᠭᠯᠢᠮ ᠪᠠ ᠠᠵᠢᠯ ᠲᠥᠷᠥᠯ ᠤᠨ ᠳᠦᠷᠢᠮ ᠢ ᠡᠪᠳᠡᠭᠰᠡᠨ ᠪᠤᠰᠤᠳ ᠥᠢᠯᠡ ᠠᠵᠢᠯᠯᠠᠭ᠎ᠠ | ᠣᠷᠣᠰᠢᠵᠤ ᠪᠠᠶᠢᠬᠤ᠃ | ᠭᠤᠴᠢᠨ ᠬᠤᠶᠠᠳᠤᠭᠠᠷ ᠵᠦᠢᠯ ᠬᠠᠨᠤᠮᠵᠢ ᠶᠢᠨ ᠬᠡᠮᠵᠢᠶᠡᠨ ᠤ ᠦᠨᠡᠯᠡᠯᠲᠡ ᠳᠤ ︽ᠨᠢᠭᠡ ᠤᠴᠢᠷ ᠲᠤ ᠨᠢᠭᠡ | ᠦᠨᠡᠯᠡᠯᠲᠡ ᠬᠢᠬᠦ︾ ᠶᠢ ᠬᠡᠷᠡᠭᠵᠢᠭᠦᠯᠵᠦ᠂ ᠦᠨᠡᠯᠡᠬᠦ ᠳᠦᠷᠢᠮ ᠪᠠ ᠦᠨᠡᠯᠡᠭᠰᠡᠨ ᠦᠷ᠎ᠡ ᠳ᠋ᠦᠩ ᠢ ᠵᠠᠭᠤᠴᠢᠯᠠᠬᠤ ᠬᠡᠲᠦ | ᠳᠡᠯᠭᠡᠭᠦᠷ ᠲᠤ ᠢᠯᠡ ᠪᠣᠯᠭᠠᠵᠤ᠂ ᠬᠤᠳᠠᠯᠳᠤᠨ ᠠᠪᠤᠭᠴᠢ ᠶᠢᠨ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢ | ᠰᠣᠩᠭᠤᠬᠤ ᠳᠤ ᠯᠠᠪᠯᠠᠯᠲᠠ ᠬᠠᠩᠭᠠᠨ᠎ᠠ᠃ | ᠵᠢᠷᠭᠤᠳᠤᠭᠠᠷ ᠪᠦᠯᠦᠭ ᠬᠢᠨᠠᠯᠲᠠ ᠬᠠᠮᠢᠶᠠᠷᠤᠯᠲᠠ | ᠭᠤᠴᠢᠨ ᠭᠤᠷᠪᠠᠳᠤᠭᠠᠷ ᠵᠦᠢᠯ ᠡᠯ᠎ᠡ ᠱᠠᠲᠤᠨ ᠤ ᠵᠠᠭᠤᠴᠢᠯᠠᠬᠤ ᠬᠡᠳᠦ ᠳᠡᠯᠭᠡᠭᠦᠷ ᠤᠨ ᠬᠠᠮᠢᠶᠠᠷᠤᠯᠲᠠ ᠶᠢᠨ | ᠪᠠᠶᠢᠭᠤᠯᠤᠮᠵᠢ ᠵᠢᠴᠢ ᠲᠡᠳᠡᠭᠡᠷ ᠤᠨ ᠠᠵᠢᠯᠲᠠᠳ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠲᠠᠢ ᠪᠠᠶᠢᠵᠤ ᠪᠣᠯᠬᠤ | ᠦᠭᠡᠢ᠄ | ︵ᠨᠢᠭᠡ︶ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠵᠠᠭᠤᠴᠢᠯᠠᠬᠤ ᠬᠡᠳᠦ ᠳᠡᠯᠭᠡᠭᠦᠷ ᠲᠤ | ᠣᠷᠣᠬᠤ ᠶᠢ ᠬᠠᠷᠰᠢᠯᠠᠭᠰᠠᠨ ᠪᠠ ᠬᠢᠵᠠᠭᠠᠷᠯᠠᠭᠰᠠᠨ᠃ | ︵ᠬᠤᠶᠠᠷ︶ ᠢᠯᠡ ᠪᠠᠷ ᠰᠣᠩᠭᠤᠬᠤ ᠠᠴᠠ ᠡᠮᠦᠨ᠎ᠡ ᠲᠥᠷᠥᠯ ᠵᠦᠢᠯ ᠤᠨ ᠨᠡᠷ᠎ᠡ ᠮᠡᠳᠡᠭᠦᠯᠦᠭᠰᠡᠨ ᠵᠠᠭᠤᠴᠢᠯᠠᠬᠤ | ᠦᠢᠯᠡᠴᠢᠯᠡᠭᠡᠨ ᠤ ᠪᠠᠶᠢᠭᠤᠯᠤᠮᠵᠢ ᠶᠢᠨ ᠨᠡᠷᠡᠰ ᠢ ᠳᠤᠷ᠎ᠠ ᠪᠠᠷ ᠵᠠᠳᠠᠷᠠᠭᠤᠯᠤᠭᠰᠠᠨ᠃ | ︵ᠭᠤᠷᠪᠠ︶ ᠬᠤᠳᠠᠯᠳᠤᠨ ᠠᠪᠤᠭᠴᠢ ᠶᠢᠨ ᠲᠦᠷ ᠢᠯᠡ ᠪᠣᠯᠭᠠᠬᠤ ᠦᠭᠡᠢ ᠭᠡᠵᠦ ᠱᠠᠭᠠᠷᠳᠠᠵᠤ ᠪᠠᠶᠢᠭ᠎ᠠ | ᠰᠣᠩᠭᠤᠭᠳᠠᠭᠰᠠᠨ ᠦᠷ᠎ᠡ ᠳ᠋ᠦᠩ ᠢ ᠵᠠᠳᠠᠷᠠᠭᠤᠯᠤᠭᠰᠠᠨ᠃ | ︵ᠳᠥᠷᠪᠡ︶ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠰᠣᠩᠭᠤᠨ ᠠᠪᠬᠤ ᠠᠵᠢᠯᠯᠠᠭ᠎ᠠ ᠳᠤ ᠭᠠᠷ | ᠳᠦᠷᠦᠭᠰᠡᠨ ᠪᠤᠰᠤᠳ ᠦᠢᠯᠡ ᠠᠵᠢᠯᠯᠠᠭ᠎ᠠ᠃ | ᠭᠤᠴᠢᠨ ᠳᠥᠷᠪᠡᠳᠦᠭᠡᠷ ᠵᠦᠢᠯ ᠡᠯ᠎ᠡ ᠱᠠᠲᠤᠨ ᠤ ᠠᠵᠢᠯ ᠲᠦᠷᠦᠯ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠵᠢᠴᠢ ᠲᠡᠭᠦᠨ ᠤ ᠠᠵᠢᠯᠲᠠᠳ ᠳᠣᠣᠷ᠎ᠠ ᠵᠢᠭᠰᠠᠭᠠᠭᠰᠠᠨ ᠠᠵᠢᠯᠯᠠᠭ᠎ᠠ ᠲᠠᠢ ᠪᠠᠶᠢᠵᠤ ᠪᠣᠯᠬᠤ ᠦᠭᠡᠢ᠄ | ︵ᠨᠢᠭᠡ︶ ᠣᠷᠣᠨ ᠪᠦᠰᠡ ᠶᠢᠨ ᠴᠢᠨᠠᠷᠲᠠᠢ᠂ ᠠᠵᠢᠯ ᠲᠥᠷᠥᠯ ᠤᠨ ᠴᠢᠨᠠᠷᠲᠠᠢ ᠵᠠᠭᠤᠴᠢᠯᠠᠬᠤ ᠦᠢᠯᠡᠴᠢᠯᠡᠭᠡᠨ ᠤ | ᠠᠵᠢᠯ ᠡᠷᠭᠢᠯᠡᠬᠦ ᠬᠢᠵᠠᠭᠠᠷᠯᠠᠯ ᠢ ᠲᠣᠬᠢᠷᠠᠭᠤᠯᠤᠭᠰᠠᠨ ᠪᠤᠶᠤ ᠬᠡᠯᠪᠡᠷᠢ ᠶᠢ ᠨᠢ ᠥᠭᠡᠷᠡᠲᠦᠭᠦᠯᠵᠦ ᠲᠣᠬᠢᠷᠠᠭᠤᠯᠤᠭᠰᠠᠨ᠃ | ︵ᠬᠤᠶᠠᠷ︶ ᠬᠤᠯᠪᠣᠭᠳᠠᠯ ᠪᠦᠬᠦᠢ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢ ᠭᠠᠴᠢᠵᠤ᠂ ᠵᠠᠭᠤᠴᠢᠯᠠᠬᠤ | ᠦᠢᠯᠡᠴᠢᠯᠡᠭᠡᠨ ᠤ ᠪᠠᠶᠢᠭᠤᠯᠤᠮᠵᠢ ᠶᠢᠨ ᠳᠡᠪᠰᠢᠭᠦᠯᠵᠦ ᠲᠤᠰᠢᠶᠠᠭᠰᠠᠨ ᠦᠢᠯᠡᠴᠢᠯᠡᠭᠡᠨ ᠤ ᠦᠷ᠎ᠡ ᠪᠦᠲᠦᠭᠡᠯ ᠢ ᠵᠦᠢ | ᠶᠣᠰᠣᠨ ᠤ ᠰᠢᠯᠲᠠᠭᠠᠨ ᠦᠭᠡᠢ ᠪᠠᠷ ᠦᠭᠡᠶᠢᠰᠬᠡᠭᠰᠡᠨ᠃ | ︵ᠭᠤᠷᠪᠠ︶ ᠬᠤᠳᠠᠯᠳᠤᠨ ᠠᠪᠤᠭᠴᠢ ᠪᠤᠶᠤ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠪᠠᠷ | ᠵᠣᠴᠢᠯᠠᠭᠤᠯᠵᠤ ᠳᠠᠶᠢᠯᠠᠭᠤᠯᠤᠭᠰᠠᠨ᠂ ᠲᠡᠳᠡᠨ ᠢ ᠲᠦᠪᠡᠭᠳᠡᠭᠦᠯᠦᠭᠰᠡᠨ᠂ ᠭᠠᠴᠢᠭᠰᠠᠨ᠂ ᠡᠳ᠋ ᠪᠠᠷᠠᠭ᠎ᠠ ᠠᠪᠤᠭᠰᠠᠨ ᠪᠤᠶᠤ | ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠯᠤᠭ᠎ᠠ ᠵᠦᠢ ᠪᠤᠰᠤ ᠠᠰᠢᠭ ᠲᠤᠰᠠ ᠬᠦᠷᠭᠡᠬᠦ ᠪᠠᠶᠢᠳᠠᠯ ᠭᠠᠷᠤᠭᠰᠠᠨ᠃ | ︵ᠳᠥᠷᠪᠡ︶ ᠬᠠᠷᠢᠭᠤᠴᠠᠯᠭ᠎ᠠ ᠨᠡᠬᠡᠮᠵᠢᠯᠡᠬᠦ ᠴᠢᠬᠤᠯᠠ ᠲᠠᠢ ᠪᠤᠰᠤᠳ ᠥᠢᠯᠡ ᠠᠵᠢᠯᠯᠠᠭ᠎ᠠ᠃ | ᠭᠤᠴᠢᠨ ᠲᠠᠪᠤᠳᠤᠭᠠᠷ ᠵᠦᠢᠯ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠶᠢ ᠬᠡᠷᠡᠭᠯᠡᠨ ᠦᠢᠯᠡᠴᠢᠯᠡᠭᠡ | ᠬᠤᠳᠠᠯᠳᠤᠨ ᠠᠪᠬᠤ ᠬᠤᠳᠠᠯᠳᠤᠨ ᠠᠪᠤᠭᠴᠢ ᠵᠢᠴᠢ ᠲᠡᠳᠡᠭᠡᠷ ᠤᠨ ᠠᠵᠢᠯᠲᠠᠳ ᠳᠣᠣᠷ᠎ᠠ ᠵᠢᠭᠰᠠᠭᠠᠭᠰᠠᠨ ᠦᠢᠯᠡ | ᠠᠵᠢᠯᠯᠠᠭ᠎ᠠ ᠲᠠᠢ ᠪᠠᠶᠢᠵᠤ ᠪᠣᠯᠬᠤ ᠦᠭᠡᠢ᠄ | ︵ᠨᠢᠭᠡ︶ ᠠᠷᠠᠯᠵᠢᠶᠠᠨ ᠤ ᠠᠵᠢᠯᠯᠠᠭ᠎ᠠ ᠳᠤ ᠣᠷᠣᠯᠴᠠᠬᠤ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢ | ᠵᠦᠢ ᠵᠣᠬᠢᠰ ᠦᠭᠡᠢ ᠨᠥᠬᠦᠴᠡᠯ ᠢᠶᠠᠷ ᠬᠢᠵᠠᠭᠠᠷᠯᠠᠬᠤ ᠪᠠ ᠭᠠᠳᠠᠭᠤᠷᠴᠢᠯᠠᠵᠤ᠂ ᠵᠠᠭᠤᠴᠢᠯᠠᠬᠤ ᠦᠢᠯᠡᠴᠢᠯᠡᠭᠡᠨ ᠤ | ᠪᠠᠶᠢᠭᠤᠯᠤᠮᠵᠢ ᠳᠤ ᠢᠯᠭᠠᠭ᠎ᠠ ᠲᠠᠢ ᠬᠠᠨᠳᠤᠬᠤ ᠪᠤᠶᠤ ᠭᠠᠳᠠᠭᠤᠷᠴᠢᠯᠠᠯ ᠲᠠᠢ ᠬᠠᠨᠳᠤᠬᠤ ᠶᠢ ᠬᠡᠷᠡᠭᠵᠢᠭᠦᠯᠦᠭᠰᠡᠨ᠃ | ︵ᠬᠤᠶᠠᠷ︶ ᠲᠣᠰ ᠠᠷᠭ᠎ᠠ ᠶᠢᠨ ᠶᠣᠰᠣᠭᠠᠷ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠪᠠᠨ ᠢᠯᠡ ᠪᠠᠷ | ᠰᠣᠩᠭᠤᠬᠤ ᠶᠢ ᠵᠣᠬᠢᠶᠠᠨ ᠪᠠᠶᠢᠭᠤᠯᠤᠭᠰᠠᠨ ᠦᠭᠡᠢ᠂ ᠥᠪᠡᠰᠦᠪᠡᠨ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠳᠤ | ᠨᠠᠶᠢᠳᠠᠭᠰᠠᠨ᠃ | ︵ᠭᠤᠷᠪᠠ︶ ᠵᠦᠢ ᠶᠣᠰᠣᠨ ᠤ ᠰᠢᠯᠲᠠᠭᠠᠨ ᠦᠭᠡᠢ ᠪᠠᠷ ᠢᠯᠡ ᠪᠠᠷ ᠰᠣᠩᠭᠤᠭᠰᠠᠨ ᠦᠷ᠎ᠡ ᠳ᠋ᠦᠩ ᠢ ᠨᠤᠲᠠᠯᠠᠵᠤ | ᠵᠥᠪᠰᠢᠶᠡᠷᠡᠭᠰᠡᠨ ᠦᠭᠡᠢ᠂ ᠡᠰᠡᠬᠦᠯ᠎ᠡ ᠢᠯᠡ ᠪᠠᠷ ᠰᠣᠩᠭᠤᠭᠰᠠᠨ ᠦᠷ᠎ᠡ ᠳ᠋ᠦᠩ ᠢ ᠴᠠᠭ ᠲᠤᠬᠠᠢ ᠳᠤ ᠨᠢ ᠨᠤᠲᠠᠯᠠᠵᠤ | ᠵᠥᠪᠰᠢᠶᠡᠷᠡᠭᠰᠡᠨ ᠦᠭᠡᠢ᠃ | ︵ᠳᠥᠷᠪᠡ︶ ᠰᠣᠩᠭᠤᠭᠳᠠᠭᠰᠠᠨ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢ ᠭᠠᠴᠢᠵᠤ᠂ | ᠰᠣᠩᠭᠤᠭᠳᠠᠭᠰᠠᠨ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯ ᠢᠶᠠᠨ ᠥᠷᠨᠢᠭᠦᠯᠬᠦ ᠶᠢ ᠦᠯᠦ | ᠳᠡᠮᠵᠢᠭᠰᠡᠨ᠃ | ︵ᠲᠠᠪᠤ︶ ᠤᠴᠢᠷ ᠰᠢᠯᠲᠠᠭᠠᠨ ᠦᠭᠡᠢ ᠪᠠᠷ ᠦᠢᠯᠡᠴᠢᠯᠡᠭᠡᠨ ᠤ ᠭᠡᠷ᠎ᠡ ᠲᠣᠭᠲᠠᠭᠰᠠᠨ ᠦᠭᠡᠢ᠃ | ︵ᠵᠢᠷᠭᠤᠭ᠎ᠠ︶ ᠮᠡᠬᠡᠯᠡᠨ ᠬᠢᠬᠠᠬᠤ᠂ ᠠᠯᠪᠠᠳᠠᠵᠤ ᠰᠦᠷᠳᠡᠭᠦᠯᠬᠦ᠂ ᠬᠡᠭᠡᠯᠢ ᠠᠪᠬᠤ ᠵᠡᠷᠭᠡ ᠬᠠᠤᠯᠢ ᠪᠤᠰᠤ ᠠᠷᠭ᠎ᠠ | ᠪᠠᠷᠢᠯ ᠢᠶᠠᠷ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠠᠰᠢᠭ ᠲᠤᠰᠠ ᠶᠢ ᠬᠤᠬᠢᠷᠠᠭᠤᠯᠤᠭᠰᠠᠨ᠃ | ︵ᠳᠣᠯᠤᠭ᠎ᠠ︶ ᠦᠢᠯᠡᠴᠢᠯᠡᠭᠡᠨ ᠤ ᠵᠠᠷᠤᠳᠠᠯ ᠢ ᠤᠴᠢᠷ ᠰᠢᠯᠲᠠᠭᠠᠨ ᠦᠭᠡᠢ ᠪᠠᠷ ᠥᠷᠢᠲᠦᠭᠰᠡᠨ᠃ | ︵ᠨᠠᠢᠮᠠ︶ ᠬᠠᠷᠢᠭᠤᠴᠠᠯᠭ᠎ᠠ ᠨᠡᠬᠡᠮᠵᠢᠯᠡᠬᠦ ᠴᠢᠬᠤᠯᠠ ᠲᠠᠢ ᠪᠤᠰᠤᠳ ᠥᠢᠯᠡ ᠠᠵᠢᠯᠯᠠᠭ᠎ᠠ᠃ | ᠭᠤᠴᠢᠨ ᠵᠢᠷᠭᠤᠳᠤᠭᠠᠷ ᠵᠦᠢᠯ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠳᠤ ᠳᠣᠣᠷᠠᠬᠢ ᠮᠡᠲᠦ | ᠮᠠᠭᠤ ᠥᠢᠯᠡ ᠠᠵᠢᠯᠯᠠᠭ᠎ᠠ ᠶᠢᠨ ᠨᠢᠭᠡ ᠨᠢ ᠣᠷᠣᠰᠢᠵᠤ ᠪᠠᠶᠢᠪᠠᠯ᠂ ᠬᠢᠨᠠᠨ ᠬᠠᠷᠭᠤᠭᠤᠯᠤᠭᠰᠠᠨ ᠤ ᠲᠠᠷᠠᠭ᠎ᠠ᠂ | ᠵᠠᠭᠤᠴᠢᠯᠠᠬᠤ ᠭᠡᠳᠤ ᠳᠡᠯᠭᠡᠭᠦᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠲᠡᠳᠡᠭᠡᠷ ᠤᠨ ᠮᠠᠭᠤ ᠥᠢᠯᠡ | ᠠᠵᠢᠯᠯᠠᠭ᠎ᠠ ᠳᠤ ᠨᠢ ᠵᠣᠬᠢᠬᠤ ᠲᠡᠮᠳᠡᠭᠯᠡᠯ ᠬᠢᠵᠦ᠂ ᠬᠠᠮᠢᠶ᠎ᠠ ᠪᠦᠬᠦᠢ ᠮᠡᠳᠡᠭᠡ ᠵᠠᠩᠭᠢ ᠶᠢ ᠬᠤᠳᠠᠯᠳᠤᠨ ᠠᠪᠤᠭᠴᠢ ᠳᠤ | ᠢᠯᠡ ᠨᠡᠶᠢᠲᠡᠯᠡᠬᠦ ᠶᠢᠨ ᠬᠠᠮᠲᠤ᠂ ᠴᠠᠭ ᠲᠤᠬᠠᠢ ᠳᠤ ᠨᠢ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ | ᠲᠠᠪᠴᠠᠩ ᠳᠤ ᠮᠡᠳᠡᠭᠡ ᠵᠠᠩᠭᠢ ᠶᠢ ᠳᠠᠮᠵᠢᠭᠤᠯᠵᠤ ᠥᠭᠭᠦᠨ᠎ᠡ᠃ | ︵ᠨᠢᠭᠡ︶ ᠰᠣᠩᠭᠤᠭᠳᠠᠭᠰᠠᠨ ᠬᠢᠷᠢ ᠬᠡᠮ ᠢᠶᠠᠨ ᠤᠴᠢᠷ ᠰᠢᠯᠲᠠᠭᠠᠨ ᠦᠭᠡᠢ ᠪᠠᠷ ᠣᠷᠬᠢᠬᠤ ᠪᠤᠶᠤ ᠵᠦᠢ | ᠶᠣᠰᠣᠨ ᠤ ᠤᠴᠢᠷ ᠰᠢᠯᠲᠠᠭᠠᠨ ᠦᠭᠡᠢ ᠪᠠᠷ ᠨᠠᠶᠢᠳᠠᠭᠴᠢ ᠯᠤᠭ᠎ᠠ ᠲᠣᠭᠲᠠᠭᠰᠠᠨ ᠴᠠᠭ ᠲᠤ ᠪᠠᠨ ᠭᠡᠷ᠎ᠡ ᠦᠯᠦ | ᠲᠣᠭᠲᠠᠭᠰᠠᠨ᠃ | ︵ᠬᠤᠶᠠᠷ︶ ᠦᠢᠯᠡᠴᠢᠯᠡᠭᠡᠨ ᠤ ᠰᠦᠢᠳᠬᠡᠯ ᠢ ᠳᠤᠷ᠎ᠠ ᠪᠠᠷ ᠢᠶᠠᠨ ᠳᠡᠭᠡᠭᠰᠢᠯᠡᠭᠦᠯᠬᠦ ᠪᠤᠶᠤ ᠦᠢᠯᠡᠴᠢᠯᠡᠭᠡᠨ ᠤ | ᠰᠦᠢᠳᠬᠡᠯ ᠢ ᠨᠡᠮᠡᠭᠳᠡᠭᠦᠯᠬᠦ ᠪᠠᠷ ᠨᠠᠶᠢᠳᠠᠭᠴᠢ ᠳᠤ ᠬᠡᠯᠪᠡᠷᠢ ᠶᠢ ᠨᠢ ᠥᠭᠡᠷᠡᠲᠦᠭᠦᠯᠵᠦ ᠱᠠᠭᠠᠷᠳᠠᠭᠰᠠᠨ᠃ | ︵ᠭᠤᠷᠪᠠ︶ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠭᠡᠷ᠎ᠡ ᠳᠤ ᠱᠠᠭᠠᠷᠳᠠᠭᠰᠠᠨ ᠦᠢᠯᠡᠴᠢᠯᠡᠭᠡ ᠬᠢᠬᠦ | ᠴᠠᠭ ᠲᠤ ᠦᠢᠯᠡᠴᠢᠯᠡᠭᠡ ᠪᠠᠨ ᠦᠯᠦ ᠪᠡᠶᠡᠯᠡᠭᠦᠯᠦᠭᠰᠡᠨ᠃ | ︵ᠳᠥᠷᠪᠡ︶ ᠠᠵᠢᠯ ᠡᠷᠭᠢᠯᠡᠬᠦ ᠵᠢᠷᠤᠮᠵᠢᠯ ᠶᠣᠰᠣᠭᠠᠷ ᠦᠢᠯᠡᠴᠢᠯᠡᠭᠡ ᠬᠠᠩᠭᠠᠬᠤ ᠦᠭᠡᠢ᠂ ᠦᠢᠯᠡᠴᠢᠯᠡᠭᠡᠨ ᠤ | ᠶᠠᠰᠤ ᠴᠢᠨᠠᠷ ᠨᠢ ᠪᠠᠷᠢᠮᠵᠢᠶ᠎ᠠ ᠳᠤ ᠥᠯᠥ ᠬᠦᠷᠦᠭᠰᠡᠨ᠂ ᠦᠢᠯᠡᠴᠢᠯᠡᠭᠡᠨ ᠤ ᠦᠷ᠎ᠡ ᠪᠦᠲᠦᠭᠡᠯ ᠨᠢ ᠠᠵᠢᠯ ᠡᠷᠭᠢᠯᠡᠬᠦ | ᠵᠢᠷᠤᠮᠵᠢᠯ ᠤᠨ ᠱᠠᠭᠠᠷᠳᠠᠯᠭ᠎ᠠ ᠳᠤ ᠥᠯᠥ ᠨᠡᠶᠢᠴᠡᠭᠰᠡᠨ ᠠᠴᠠ ᠪᠣᠯᠵᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠪᠤᠴᠠᠭᠠᠭᠰᠠᠨ᠃ | ︵ᠲᠠᠪᠤ︶ ᠵᠠᠶᠢᠯᠠᠬᠤ ᠶᠣᠰᠣᠲᠠᠢ ᠪᠠᠶᠢᠳᠠᠯ ᠣᠷᠣᠰᠢᠵᠤ ᠪᠠᠶᠢᠲᠠᠯ᠎ᠠ ᠦᠯᠦ ᠵᠠᠶᠢᠯᠠᠭᠰᠠᠨ᠃ | ︵ᠵᠢᠷᠭᠤᠭ᠎ᠠ︶ ᠬᠠᠤᠯᠢ ᠪᠠᠷ ᠲᠣᠭᠲᠠᠭᠠᠭᠰᠠᠨ ᠲᠥᠯᠥᠭᠡᠯᠡᠬᠦ ᠬᠥᠮᠥᠨ᠂ ᠲᠤᠬᠠᠶᠢᠯᠠᠭᠰᠠᠨ ᠠᠵᠢᠯ ᠤᠨ ᠡᠷᠬᠡ | ᠣᠯᠭᠤᠭᠴᠢ ᠵᠡᠷᠭᠡ ᠶᠢᠨ ᠬᠠᠷᠢᠯᠴᠠᠬᠤ ᠤᠲᠠᠰᠤ ᠪᠠ ᠮᠡᠳᠡᠭᠡ ᠵᠠᠩᠭᠢ ᠶᠢ ᠲᠣᠭᠲᠠᠭᠠᠯ ᠶᠣᠰᠣᠭᠠᠷ ᠦᠨᠡᠨ | ᠨᠡᠷ᠎ᠡ ᠪᠠᠷ ᠢᠶᠠᠨ ᠦᠯᠦ ᠳᠠᠩᠰᠠᠯᠠᠭᠤᠯᠤᠭᠰᠠᠨ᠃ | ︵ᠳᠣᠯᠤᠭ᠎ᠠ︶ ᠬᠢᠷᠢ ᠴᠢᠳᠠᠮᠵᠢ ᠶᠢᠨ ᠨᠥᠬᠦᠴᠡᠯ ᠵᠡᠷᠭᠡ ᠴᠢᠬᠤᠯᠠ ᠮᠡᠳᠡᠭᠡ ᠵᠠᠩᠭᠢ ᠳᠤ ᠨᠢ ᠬᠤᠪᠢᠷᠠᠯᠲᠠ | ᠭᠠᠷᠤᠭᠰᠠᠨ ᠪᠣᠯᠪᠠᠴᠤ ᠵᠠᠭᠤᠴᠢᠯᠠᠬᠤ ᠬᠡᠲᠦ ᠳᠡᠯᠭᠡᠭᠦᠷ ᠲᠤ ᠴᠠᠭ ᠲᠤᠬᠠᠢ ᠳᠤ ᠨᠢ ᠥᠯᠥ ᠬᠤᠪᠢᠷᠠᠭᠤᠯᠤᠭᠰᠠᠨ | ᠮᠥᠷᠲᠡᠭᠡᠨ ᠨᠡᠷ᠎ᠡ ᠮᠡᠳᠡᠭᠦᠯᠵᠦ ᠥᠷᠢᠰᠦᠯᠳᠦᠬᠦ ᠳᠤ ᠣᠷᠣᠯᠴᠠᠭᠰᠠᠨ᠃ | ︵ᠨᠠᠢᠮᠠ︶ ᠬᠤᠯᠪᠣᠭᠳᠠᠯ ᠪᠦᠬᠦᠢ ᠢᠲᠡᠭᠡᠮᠵᠢ ᠲᠠᠢ ᠪᠠᠶᠢᠬᠤ ᠠᠮᠠᠯᠠᠯᠲᠠ ᠪᠠᠨ ᠦᠯᠦ ᠭᠦᠢᠴᠡᠳᠬᠡᠭᠰᠡᠨ᠃ | ︵ᠶᠢᠰᠦ︶ ᠮᠠᠭᠤ ᠦᠢᠯᠡ ᠠᠵᠢᠯᠯᠠᠭ᠎ᠠ ᠪᠠᠷ ᠲᠡᠮᠳᠡᠭᠯᠡᠬᠦ ᠶᠣᠰᠣᠲᠠᠢ ᠪᠤᠰᠤᠳ ᠪᠠᠶᠢᠳᠠᠯ᠃ | ᠭᠤᠴᠢᠨ ᠳᠣᠯᠣᠳᠤᠭᠠᠷ ᠵᠦᠢᠯ ᠬᠤᠳᠠᠯᠳᠤᠨ ᠠᠪᠤᠭᠴᠢ᠂ ᠵᠠᠭᠤᠴᠢᠯᠠᠬᠤ ᠦᠢᠯᠡᠴᠢᠯᠡᠭᠡᠨ ᠤ | ᠪᠠᠶᠢᠭᠤᠯᠤᠮᠵᠢ ᠨᠤᠭᠤᠳ ᠨᠢ ᠵᠠᠭᠤᠴᠢᠯᠠᠬᠤ ᠬᠡᠲᠦ ᠳᠡᠯᠭᠡᠭᠦᠷ ᠲᠤ ᠣᠷᠣᠬᠤ ᠶᠠᠪᠤᠴᠠ ᠪᠠ ᠦᠷ᠎ᠡ ᠳ᠋ᠦᠩ ᠵᠢᠴᠢ | ᠪᠤᠰᠤᠳ ᠬᠠᠮᠢᠶ᠎ᠠ ᠪᠦᠬᠦᠢ ᠦᠢᠯᠡᠴᠢᠯᠡᠭᠡᠨ ᠤ ᠶᠠᠰᠤ ᠴᠢᠨᠠᠷ᠂ ᠦᠢᠯᠡᠴᠢᠯᠡᠭᠡᠨ ᠤ ᠬᠦᠴᠦᠨ ᠲᠠᠢ ᠬᠤᠭᠤᠴᠠᠭ᠎ᠠ ᠵᠡᠷᠭᠡ | ᠵᠦᠢᠯᠡᠰ ᠤᠨ ᠲᠤᠬᠠᠢ ᠵᠠᠭᠠᠯᠳᠤᠯᠭ᠎ᠠ ᠶᠢ ᠵᠠᠭᠤᠴᠢᠯᠠᠬᠤ ᠬᠡᠲᠦ ᠳᠡᠯᠭᠡᠭᠦᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠵᠢᠴᠢ | ᠲᠡᠳᠡᠭᠡᠷ ᠤᠨ ᠠᠵᠢᠯᠲᠠᠳ ᠤᠨ ᠬᠤᠯᠪᠣᠭᠳᠠᠯ ᠪᠦᠬᠦᠢ ᠲᠤᠬᠠᠶᠢᠯᠠᠭᠰᠠᠨ ᠠᠵᠢᠯ ᠢᠶᠠᠨ ᠭᠦᠢᠴᠡᠳᠬᠡᠭᠰᠡᠨ ᠡᠳᠦᠷ ᠠᠴᠠ | ᠡᠬᠢᠯᠡᠨ 5 ᠠᠵᠢᠯᠯᠠᠬᠤ ᠡᠳᠦᠷ ᠤᠨ ᠳᠣᠲᠣᠷ᠎ᠠ ᠳᠤᠷᠠᠳᠬᠤ ᠬᠡᠷᠡᠭᠲᠡᠢ᠃ ᠵᠠᠭᠤᠴᠢᠯᠠᠬᠤ ᠦᠢᠯᠡᠴᠢᠯᠡᠭᠡᠨ ᠤ | ᠪᠠᠶᠢᠭᠤᠯᠤᠮᠵᠢ ᠨᠢ ᠬᠤᠳᠠᠯᠳᠤᠨ ᠠᠪᠤᠭᠴᠢ ᠶᠢᠨ ᠰᠣᠩᠭᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠠᠯᠪᠠᠨ ᠵᠠᠷ᠂ | ᠰᠣᠩᠭᠤᠨ ᠠᠪᠬᠤ ᠶᠠᠪᠤᠴᠠ ᠵᠢᠴᠢ ᠦᠷ᠎ᠡ ᠳ᠋ᠦᠩ ᠤᠨ ᠲᠤᠬᠠᠢ ᠵᠠᠭᠠᠯᠳᠤᠯᠭ᠎ᠠ᠂ ᠡᠰᠡᠬᠦᠯ᠎ᠡ ᠰᠣᠩᠭᠤᠨ ᠠᠪᠬᠤ | ᠠᠵᠢᠯᠯᠠᠭ᠎ᠠ ᠳᠤ ᠣᠷᠣᠯᠴᠠᠭᠰᠠᠨ ᠪᠤᠰᠤᠳ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠲᠤᠬᠠᠢ | ᠵᠠᠭᠠᠯᠳᠤᠯᠭ᠎ᠠ ᠶᠢ ᠰᠣᠩᠭᠤᠭᠳᠠᠭᠰᠠᠨ ᠠᠯᠪᠠᠨ ᠵᠠᠷ ᠤᠨ ᠵᠠᠷᠯᠠᠨ ᠨᠡᠶᠢᠲᠡᠯᠡᠬᠦ ᠬᠤᠭᠤᠴᠠᠭ᠎ᠠ ᠳᠠᠭᠤᠰᠬᠤ ᠠᠴᠠ ᠡᠮᠦᠨ᠎ᠡ | ᠳᠤᠷᠠᠳᠬᠤ ᠬᠡᠷᠡᠭᠲᠡᠢ᠃ | ᠭᠤᠴᠢᠨ ᠨᠠᠢᠮᠠᠳᠤᠭᠠᠷ ᠵᠦᠢᠯ ᠵᠠᠭᠠᠯᠳᠤᠭᠴᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ | ᠳᠥᠭᠦᠮᠯᠡᠬᠦ ᠬᠠᠯᠠᠮᠰᠢᠯ ᠤᠲᠠᠰᠤ 12345 ᠪᠠᠷ ᠪᠠᠶᠢᠭ᠎ᠠ ᠭᠠᠵᠠᠷ ᠤᠨ ᠢᠶᠠᠨ ᠵᠠᠭᠤᠴᠢᠯᠠᠬᠤ ᠬᠡᠲᠦ ᠳᠡᠯᠭᠡᠭᠦᠷ ᠤᠨ | ᠬᠠᠮᠢᠶᠠᠷᠤᠯᠲᠠ ᠶᠢᠨ ᠪᠠᠶᠢᠭᠤᠯᠤᠮᠵᠢ ᠪᠤᠶᠤ ᠬᠤᠯᠪᠣᠭᠳᠠᠯ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠤ ᠵᠠᠭᠠᠯᠳᠤᠯᠭ᠎ᠠ ᠬᠢᠵᠦ ᠪᠣᠯᠣᠨ᠎ᠠ᠃ ᠵᠠᠭᠤᠴᠢᠯᠠᠬᠤ ᠬᠡᠲᠦ ᠳᠡᠯᠭᠡᠭᠦᠷ ᠤᠨ ᠬᠠᠮᠢᠶᠠᠷᠤᠯᠲᠠ ᠶᠢᠨ | ᠪᠠᠶᠢᠭᠤᠯᠤᠮᠵᠢ ᠪᠤᠶᠤ ᠠᠵᠢᠯ ᠲᠥᠷᠥᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠳ ᠨᠢ ᠵᠠᠭᠠᠯᠳᠤᠯᠭ᠎ᠠ ᠶᠢ | ᠣᠯᠣᠭᠰᠠᠨ ᠤ ᠳᠠᠷᠠᠭ᠎ᠠ᠂ ᠵᠠᠭᠠᠯᠳᠤᠯᠭ᠎ᠠ ᠶᠢᠨ ᠵᠦᠢᠯᠡᠰ ᠲᠤ ᠡᠷᠬᠡᠪᠰᠢ ᠪᠠᠶᠢᠴᠠᠭᠠᠯᠲᠠ ᠬᠢᠵᠦ᠂ ᠵᠠᠷᠴᠢᠮ ᠳᠡᠭᠡᠷ᠎ᠡ ᠪᠠᠨ 3 | ᠠᠵᠢᠯᠯᠠᠬᠤ ᠡᠳᠦᠷ ᠤᠨ ᠳᠣᠲᠣᠷ᠎ᠠ ᠰᠢᠢᠳᠪᠦᠷᠢᠯᠡᠬᠦ ᠲᠣᠭᠲᠠᠭᠠᠯ ᠭᠠᠷᠭᠠᠨ᠎ᠠ᠂ ᠴᠠᠭ ᠲᠤᠬᠠᠢ ᠳᠤ ᠨᠢ ᠰᠢᠢᠳᠪᠦᠷᠢᠯᠡᠵᠦ | ᠳᠡᠶᠢᠯᠬᠦ ᠦᠭᠡᠢ ᠪᠣᠯ ᠡᠷᠬᠡᠪᠰᠢ ᠵᠠᠭᠠᠯᠳᠤᠭᠴᠢ ᠳᠤ ᠰᠢᠯᠲᠠᠭᠠᠨ ᠢ ᠨᠢ ᠲᠣᠳᠣᠷᠬᠠᠶᠢᠯᠠᠬᠤ ᠬᠡᠷᠡᠭᠲᠡᠢ᠃ ᠵᠠᠭᠤᠴᠢᠯᠠᠬᠤ | ᠦᠢᠯᠡᠴᠢᠯᠡᠭᠡᠨ ᠤ ᠪᠠᠶᠢᠭᠤᠯᠤᠮᠵᠢ᠂ ᠬᠤᠳᠠᠯᠳᠤᠨ ᠠᠪᠤᠭᠴᠢ ᠨᠢ ᠵᠠᠭᠠᠯᠳᠤᠯᠭ᠎ᠠ ᠶᠢᠨ ᠵᠦᠢᠯᠡᠰ ᠤᠨ ᠪᠠᠶᠢᠴᠠᠭᠠᠯᠲᠠ ᠳᠤ | ᠬᠠᠮᠵᠢᠯᠴᠠᠬᠤ ᠬᠡᠷᠡᠭᠲᠡᠢ ᠪᠥᠭᠡᠳ ᠱᠠᠭᠠᠷᠳᠠᠯᠭ᠎ᠠ ᠶᠣᠰᠣᠭᠠᠷ ᠲᠣᠭᠲᠠᠭᠰᠠᠨ ᠬᠤᠭᠤᠴᠠᠭᠠᠨ ᠳᠤ ᠬᠤᠯᠪᠣᠭᠳᠠᠯ ᠪᠦᠬᠦᠢ | ᠭᠡᠷᠡᠴᠢ ᠪᠠᠷᠢᠮᠲᠠ᠂ ᠦᠨᠳᠦᠰᠦᠯᠡᠯ ᠵᠡᠷᠭᠡ ᠶᠢᠨ ᠮᠠᠲ᠋ᠧᠷᠢᠶᠠᠯ ᠢᠶᠠᠨ ᠬᠠᠩᠭᠠᠬᠤ ᠬᠡᠷᠡᠭᠲᠡᠢ᠃ ᠵᠠᠭᠠᠯᠳᠤᠭᠴᠢ ᠨᠢ | ᠪᠠᠶᠢᠴᠠᠭᠠᠯᠲᠠ ᠳᠤ ᠬᠠᠮᠵᠢᠯᠴᠠᠬᠤ ᠶᠢ ᠲᠡᠪᠴᠢᠭᠰᠡᠨ ᠪᠠᠶᠢᠪᠠᠯ᠂ ᠵᠠᠭᠠᠯᠳᠤᠯᠭ᠎ᠠ ᠪᠠᠨ ᠠᠶᠠᠨᠳᠠᠭᠠᠨ ᠪᠤᠴᠠᠭᠠᠭᠰᠠᠨ ᠢᠶᠠᠷ | ᠰᠢᠢᠳᠪᠦᠷᠢᠯᠡᠨ᠎ᠡ︔ ᠵᠠᠭᠠᠯᠳᠤᠭᠳᠠᠭᠴᠢ ᠨᠢ ᠪᠠᠶᠢᠴᠠᠭᠠᠯᠲᠠ ᠳᠤ ᠬᠠᠮᠵᠢᠯᠴᠠᠬᠤ ᠶᠢ ᠲᠡᠪᠴᠢᠭᠰᠡᠨ ᠪᠠᠶᠢᠪᠠᠯ᠂ | ᠵᠠᠭᠠᠯᠳᠤᠯᠭ᠎ᠠ ᠶᠢᠨ ᠵᠦᠢᠯᠡᠰ ᠢ ᠮᠡᠳᠡᠷᠡᠨ ᠵᠥᠪᠰᠢᠶᠡᠷᠡᠭᠰᠡᠨ ᠢᠶᠠᠷ ᠦᠵᠡᠨ᠎ᠡ᠃ | ᠭᠤᠴᠢ ᠶᠢᠰᠦᠳᠦᠭᠡᠷ ᠵᠦᠢᠯ ᠪᠠᠶᠢᠴᠠᠭᠠᠯᠲᠠ ᠪᠠᠷ ᠳᠠᠮᠵᠢᠭᠠᠳ᠂ ᠵᠠᠭᠠᠯᠳᠤᠯᠭ᠎ᠠ ᠶᠢᠨ ᠵᠦᠢᠯᠡᠰ ᠨᠢ ᠦᠨᠡᠨ | ᠪᠣᠳᠠᠲᠠᠢ ᠪᠠᠶᠢᠪᠠᠯ᠂ ᠳᠣᠣᠷᠠᠬᠢ ᠪᠠᠶᠢᠳᠠᠯ ᠢᠶᠠᠷ ᠲᠤᠰ ᠲᠤᠰ ᠰᠢᠢᠳᠪᠦᠷᠢᠯᠡᠨ᠎ᠡ᠄ | ︵ᠨᠢᠭᠡ︶ ᠲᠥᠷᠥᠯ ᠵᠦᠢᠯ ᠤᠨ ᠨᠡᠷ᠎ᠡ ᠮᠡᠳᠡᠭᠦᠯᠬᠦ ᠨᠥᠬᠦᠴᠡᠯ ᠨᠢ ᠢᠯᠡᠷᠬᠡᠢ ᠬᠠᠨᠳᠤᠯᠭᠠᠲᠤ ᠴᠢᠨᠠᠷᠲᠠᠢ ᠪᠤᠶᠤ | ᠭᠠᠳᠠᠭᠤᠷᠴᠢᠯᠠᠯ ᠤᠨ ᠴᠢᠨᠠᠷᠲᠠᠢ ᠪᠠᠶᠢᠪᠠᠯ᠂ ᠰᠣᠩᠭᠤᠨ ᠠᠪᠬᠤ ᠶᠠᠪᠤᠴᠠ ᠶᠢ ᠡᠬᠢᠯᠡᠭᠦᠯᠬᠦ ᠦᠭᠡᠢ᠂ ᠬᠤᠳᠠᠯᠳᠤᠨ | ᠠᠪᠤᠭᠴᠢ ᠠᠴᠠ ᠨᠡᠷ᠎ᠡ ᠮᠡᠳᠡᠭᠦᠯᠬᠦ ᠨᠥᠬᠦᠴᠡᠯ ᠳᠤ ᠵᠠᠰᠠᠪᠤᠷᠢ ᠣᠷᠣᠭᠤᠯᠤᠭᠰᠠᠨ ᠤ ᠳᠠᠷᠠᠭ᠎ᠠ ᠳᠠᠬᠢᠵᠤ ᠡᠬᠢᠯᠡᠭᠦᠯᠦᠭᠡᠳ | ᠰᠣᠩᠭᠤᠨ ᠠᠪᠤᠨ᠎ᠠ᠃ | ︵ᠬᠤᠶᠠᠷ︶ ᠲᠥᠷᠥᠯ ᠵᠦᠢᠯ ᠢ ᠰᠣᠩᠭᠤᠨ ᠠᠪᠬᠤ ᠶᠠᠪᠤᠴᠠ ᠳᠤ ᠨᠢ ᠬᠥᠮᠥᠨ ᠤ ᠬᠦᠴᠦ ᠪᠠᠷ ᠬᠢᠭᠰᠡᠨ | ᠠᠵᠢᠯᠯᠠᠭᠠᠨ ᠤ ᠠᠯᠳᠠᠰᠢ ᠪᠤᠶᠤ ᠰᠢᠰᠲ᠋ᠧᠮ ᠤᠨ ᠰᠠᠭᠠᠲᠠᠯ ᠠᠴᠠ ᠪᠣᠯᠵᠤ ᠵᠢᠷᠤᠮ ᠤᠨ ᠴᠢᠨᠠᠷᠲᠠᠢ ᠲᠣᠭᠲᠠᠭᠠᠯ ᠠᠴᠠ | ᠵᠥᠷᠢᠴᠡᠭᠰᠡᠨ ᠪᠠᠶᠢᠳᠠᠯ ᠭᠠᠷᠴᠤ᠂ ᠰᠣᠩᠭᠤᠨ ᠠᠪᠤᠭᠰᠠᠨ ᠦᠷ᠎ᠡ ᠳ᠋ᠦᠩ ᠨᠢ ᠬᠦᠴᠦᠨ ᠦᠭᠡᠢ ᠪᠣᠯ ᠳᠠᠬᠢᠵᠤ | ᠡᠬᠢᠯᠡᠭᠦᠯᠦᠭᠡᠳ ᠰᠣᠩᠭᠤᠨ ᠠᠪᠤᠨ᠎ᠠ᠃ | ︵ᠭᠤᠷᠪᠠ︶ ᠰᠣᠩᠭᠤᠭᠳᠠᠭᠰᠠᠨ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠨᠢ ᠲᠥᠷᠥᠯ | ᠵᠦᠢᠯ ᠤᠨ ᠨᠡᠷ᠎ᠡ ᠮᠡᠳᠡᠭᠦᠯᠬᠦ ᠵᠤᠷᠪᠤᠰ ᠢ ᠪᠦᠷᠢᠨ ᠬᠠᠩᠭᠠᠵᠤ ᠳᠡᠶᠢᠯᠦᠭᠰᠡᠨ ᠦᠭᠡᠢ ᠪᠠᠶᠢᠪᠠᠯ᠂ ᠰᠣᠩᠭᠤᠭᠳᠠᠬᠤ ᠬᠢᠷᠢ | ᠭᠡᠮ ᠢ ᠨᠢ ᠬᠦᠴᠦᠨ ᠦᠭᠡᠢ ᠪᠣᠯᠭᠠᠵᠤ᠂ ᠳᠠᠬᠢᠵᠤ ᠡᠬᠢᠯᠡᠭᠦᠯᠦᠭᠡᠳ ᠰᠣᠩᠭᠤᠨ ᠠᠪᠤᠨ᠎ᠠ᠃ | ︵ᠳᠥᠷᠪᠡ︶ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠤᠨ ᠦᠢᠯᠡᠴᠢᠯᠡᠭᠡᠨ ᠤ ᠶᠠᠰᠤ ᠴᠢᠨᠠᠷ᠂ | ᠦᠢᠯᠡᠴᠢᠯᠡᠭᠡᠨ ᠤ ᠴᠠᠭ ᠤᠨ ᠬᠢᠵᠠᠭᠠᠷ ᠪᠤᠶᠤ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠥᠯᠥ ᠭᠦᠢᠴᠡᠳᠬᠡᠭᠰᠡᠨ | ᠪᠤᠰᠤᠳ ᠪᠠᠶᠢᠳᠠᠯ ᠨᠢ ᠦᠨᠡᠨ ᠪᠣᠳᠠᠲᠠᠢ ᠪᠠᠶᠢᠪᠠᠯ᠂ ᠢᠲᠡᠭᠡᠮᠵᠢ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠵᠦᠢᠯ | ᠵᠤᠷᠪᠤᠰ ᠶᠣᠰᠣᠭᠠᠷ ᠰᠢᠢᠳᠪᠦᠷᠢᠯᠡᠨ᠎ᠡ᠃ | ︵ᠲᠠᠪᠤ︶ ᠬᠤᠳᠠᠯᠳᠤᠨ ᠠᠪᠤᠭᠴᠢ ᠰᠢᠯᠲᠠᠭᠠᠨ ᠦᠭᠡᠢ ᠪᠠᠷ ᠭᠡᠷ᠎ᠡ ᠪᠠᠨ ᠥᠯᠥ ᠭᠦᠢᠴᠡᠳᠬᠡᠭᠰᠡᠨ᠂ | ᠦᠢᠯᠡᠴᠢᠯᠡᠭᠡᠨ ᠤ ᠵᠠᠷᠤᠳᠠᠯ ᠢ ᠥᠷᠢᠲᠦᠵᠦ ᠤᠳᠠᠭᠠᠰᠢᠷᠠᠭᠤᠯᠤᠭᠰᠠᠨ ᠵᠡᠷᠭᠡ ᠪᠠᠶᠢᠳᠠᠯ ᠨᠢ ᠦᠨᠡᠨ ᠪᠣᠳᠠᠲᠠᠢ ᠪᠠᠶᠢᠪᠠᠯ᠂ | ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ | ᠬᠤᠯᠪᠤᠭᠠᠯᠠᠨ ᠵᠠᠯᠬᠠᠭᠠᠵᠤ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ | ᠳᠥᠴᠢᠳᠦᠭᠡᠷ ᠵᠦᠢᠯ ᠵᠠᠭᠤᠴᠢᠯᠠᠬᠤ ᠬᠡᠲᠦ ᠳᠡᠯᠭᠡᠭᠦᠷ ᠤᠨ ᠲᠠᠪᠴᠠᠩ ᠨᠢ ᠢᠲᠡᠭᠡᠮᠵᠢᠲᠦ ᠳᠤᠮᠳᠠᠳᠤ ᠤᠯᠤᠰ | ︵ᠥᠪᠥᠷ ᠮᠣᠩᠭᠤᠯ︶ ᠯᠤᠭ᠎ᠠ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠳ᠋ᠠᠶᠢᠲ᠋ᠠ ᠶᠢ | ᠬᠠᠮᠲᠤ ᠪᠠᠷ ᠭᠥᠷᠳᠡᠬᠦ ᠪᠠᠷ ᠳᠠᠮᠵᠢᠭᠤᠯᠤᠨ ᠬᠡᠲᠦ ᠳᠡᠯᠭᠡᠭᠦᠷ ᠲᠤ ᠣᠷᠣᠬᠤ ᠪᠠᠷ ᠭᠤᠶᠤᠴᠢᠯᠠᠭᠰᠠᠨ ᠵᠠᠭᠤᠴᠢᠯᠠᠬᠤ | ᠦᠢᠯᠡᠴᠢᠯᠡᠭᠡᠨ ᠤ ᠪᠠᠶᠢᠭᠤᠯᠤᠮᠵᠢ ᠳᠤ ᠢᠲᠡᠭᠡᠮᠵᠢ ᠶᠢᠨ ᠬᠢᠨᠠᠨ ᠪᠠᠶᠢᠴᠠᠭᠠᠯᠲᠠ ᠬᠢᠵᠦ᠂ ᠨᠢᠭᠡᠨᠲᠡ ᠬᠡᠲᠦ ᠳᠡᠯᠭᠡᠭᠦᠷ ᠲᠤ | ᠣᠷᠣᠭᠰᠠᠨ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠳᠤ ᠬᠥᠳᠡᠯᠦᠩᠭᠦᠢ ᠬᠢᠨᠠᠯᠲᠠ ᠬᠠᠮᠢᠶᠠᠷᠤᠯᠲᠠ ᠬᠢᠵᠦ᠂ | ᠢᠲᠡᠭᠡᠯ ᠠᠯᠳᠠᠭᠰᠠᠨ ᠦᠶᠯᠡ ᠠᠵᠢᠯᠯᠠᠭ᠎ᠠ ᠲᠠᠢ ᠡᠲᠡᠭᠡᠳ ᠤᠨ ᠨᠡᠷᠡᠰ ᠲᠤ ᠵᠢᠭᠰᠠᠭᠠᠭᠳᠠᠭᠰᠠᠨ ᠵᠠᠭᠤᠴᠢᠯᠠᠬᠤ | ᠦᠢᠯᠡᠴᠢᠯᠡᠭᠡᠨ ᠤ ᠪᠠᠶᠢᠭᠤᠯᠤᠮᠵᠢ ᠶᠢ ᠢᠯᠭᠠᠷᠠᠭᠤᠯᠤᠨ ᠪᠤᠴᠠᠭᠠᠨ᠎ᠠ᠃ | ᠳᠥᠴᠢᠨ ᠨᠢᠭᠡᠳᠦᠭᠡᠷ ᠵᠦᠢᠯ ᠵᠠᠭᠤᠴᠢᠯᠠᠬᠤ ᠬᠡᠲᠦ ᠳᠡᠯᠭᠡᠭᠦᠷ ᠤᠨ ᠬᠠᠮᠢᠶᠠᠷᠤᠯᠲᠠ ᠶᠢᠨ | ᠪᠠᠶᠢᠭᠤᠯᠤᠮᠵᠢ ᠨᠤᠭᠤᠳ ᠨᠢ ᠵᠠᠭᠤᠴᠢᠯᠠᠬᠤ ᠬᠡᠲᠦ ᠳᠡᠯᠭᠡᠭᠦᠷ ᠤᠨ ᠲᠠᠩᠰᠠ ᠡᠪᠬᠡᠮᠡᠯ ᠤᠨ ᠬᠠᠮᠢᠶᠠᠷᠤᠯᠲᠠ ᠪᠠᠨ | ᠴᠢᠩᠭᠠᠳᠬᠠᠵᠤ᠂ ᠬᠠᠮᠢᠶ᠎ᠠ ᠪᠦᠬᠦᠢ ᠡᠯᠧᠺᠲᠷᠣᠨ ᠲᠠᠩᠰᠠ ᠡᠪᠬᠡᠮᠡᠯ ᠵᠡᠷᠭᠡ ᠶᠠᠪᠤᠴᠠ ᠶᠢᠨ ᠮᠡᠳᠡᠭᠡ ᠵᠠᠩᠭᠢ ᠶᠢ | ᠲᠣᠬᠢᠷᠠᠮᠵᠢᠲᠠᠢ ᠬᠠᠳᠠᠭᠠᠯᠠᠨ ᠬᠠᠮᠢᠶᠠᠷᠴᠤ᠂ ᠵᠠᠭᠤᠴᠢᠯᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠢᠲᠡᠭᠡᠮᠵᠢ ᠶᠢᠨ | ᠲᠠᠩᠰᠠ ᠡᠪᠬᠡᠮᠡᠯ ᠤᠨ ᠮᠡᠳᠡᠭᠡ ᠵᠠᠩᠭᠢ ᠶᠢᠨ ᠴᠢᠬᠤᠯᠠ ᠢᠷᠡᠯᠲᠡ ᠪᠣᠯᠭᠠᠬᠤ ᠬᠡᠷᠡᠭᠲᠡᠢ᠃ | ᠳᠣᠯᠣᠳᠤᠭᠠᠷ ᠪᠦᠯᠦᠭ ᠳᠠᠭᠠᠯᠳᠤᠭᠤᠯᠤᠯ ᠳᠦᠷᠢᠮ | ᠳᠥᠴᠢᠨ ᠬᠤᠶᠠᠳᠤᠭᠠᠷ ᠵᠦᠢᠯ ᠲᠣᠰ ᠠᠷᠭ᠎ᠠ ᠶᠢ ᠬᠡᠷᠡᠭᠵᠢᠭᠦᠯᠬᠦ ᠶᠠᠪᠤᠴᠠ ᠳᠤ᠂ ᠬᠠᠤᠯᠢ ᠴᠠᠭᠠᠵᠠ᠂ ᠬᠠᠤᠯᠢ | ᠲᠣᠭᠲᠠᠭᠠᠯ ᠪᠠ ᠳᠦᠷᠢᠮ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢᠶᠠᠷ | ᠬᠡᠷᠡᠭᠵᠢᠭᠦᠯᠦᠨ᠎ᠡ᠃ | ᠳᠥᠴᠢᠨ ᠭᠤᠷᠪᠠᠳᠤᠭᠠᠷ ᠵᠦᠢᠯ ᠲᠣᠰ ᠠᠷᠭ᠎ᠠ ᠶᠢ 2024 ᠣᠨ ᠤ 5 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠡᠷᠡᠭᠵᠢᠭᠦᠯᠬᠦ ᠶᠠᠪᠤᠴᠠ ᠳᠠᠬᠢ ᠪᠣᠳᠠᠲᠠᠢ ᠠᠰᠠᠭᠤᠳᠠᠯ ᠢ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ | ᠬᠠᠷᠢᠭᠤᠴᠠᠨ ᠲᠠᠶᠢᠯᠪᠤᠷᠢᠯᠠᠨ᠎ᠠ᠃ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2024 ᠣᠨ ᠤ 4 ᠳ᠋ᠦ᠋ᠭᠡᠷ ᠰᠠᠷ᠎ᠠ ᠶᠢᠨ 30 ᠤ ᠡᠳᠦᠷ ᠳᠠᠷᠤᠮᠠᠯᠯᠠᠨ ᠲᠠᠷᠬᠠᠭᠠᠪᠠ | | | | |