ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ | ᠮᠠᠨ ᠤ ᠣᠷᠣᠨ ᠤ ᠭᠤᠷᠪᠠᠳᠤᠭᠠᠷ ᠵᠤᠷᠪᠤᠰ ︽ᠬᠢᠯᠢ ᠶᠢᠨ ᠪᠣᠭᠤᠮᠲᠠ ᠶᠢᠨ ᠲᠦᠷᠭᠡᠨ ᠤ ᠵᠠᠰᠠᠮᠠᠯ ᠵᠠᠮ︾ ᠪᠤᠯᠬᠤ | G0616 ᠭᠠᠭᠴᠠᠮᠣᠳᠤ - ᠬᠠᠯᠢᠭᠤᠲᠤ ᠬᠦᠷᠬᠦ ᠲᠦᠷᠭᠡᠨ ᠤ ᠵᠠᠰᠠᠮᠠᠯ ᠣᠶᠢᠷ᠎ᠠ ᠳᠤ ᠪᠦᠭᠦ ᠱᠤᠭᠤᠮ ᠢᠶᠠᠷ ᠲᠡᠷᠭᠡ | ᠨᠡᠪᠲᠡᠷᠡᠵᠤ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ | ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ︾ ᠳᠤ ᠳᠤᠷᠠᠳᠤᠭᠰᠠᠨ ᠭᠤᠣᠯᠳᠠᠯᠭ᠎ᠠ ᠲᠠᠢ ᠬᠢᠯᠢ ᠶᠢᠨ ᠪᠣᠭᠤᠮᠲᠠ ᠶᠢᠨ ᠲᠦᠷᠭᠡᠨ ᠤ ᠵᠠᠰᠠᠮᠠᠯ ᠵᠠᠮ | ᠢ ᠬᠤᠯᠪᠣᠯᠳᠤᠭᠤᠯᠤᠨ ᠨᠡᠪᠲᠡᠷᠡᠭᠦᠯᠬᠦ ᠬᠠᠷᠠᠯᠲᠠ ᠶᠢ ᠪᠡᠶᠡᠯᠡᠭᠦᠯᠪᠡ᠃ | ᠭᠠᠭᠴᠠᠮᠣᠳᠤ - ᠬᠠᠯᠢᠭᠤᠲᠤ ᠬᠦᠷᠬᠦ ᠲᠦᠷᠭᠡᠨ ᠤ ᠵᠠᠰᠠᠮᠠᠯ ᠵᠠᠮ ᠤᠨ ᠲᠥᠷᠥᠯ ᠵᠦᠢᠯ ᠪᠣᠯ ᠭᠠᠭᠴᠠᠮᠣᠳᠤ ᠠᠴᠠ | ᠮᠤᠨᠠ ᠠᠭᠤᠯᠠ ᠬᠦᠷᠬᠦ ᠲᠦᠷᠭᠡᠨ ᠤ ᠵᠠᠰᠠᠮᠠᠯ ᠵᠠᠮ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠪᠣᠯᠣᠨ᠎ᠠ᠃ | ᠭᠤᠣᠯ ᠱᠤᠭᠤᠮ ᠤᠨ ᠪᠦᠭᠦ ᠤᠷᠲᠤ ᠨᠢ 131.235 ᠺᠢᠯᠣᠮᠧᠲᠷ ᠪᠠᠶᠢᠵᠤ᠂ ᠭᠠᠭᠴᠠᠮᠣᠳᠤ ᠪᠠᠯᠭᠠᠰᠤ ᠠᠴᠠ ᠡᠬᠢᠯᠡᠨ | ᠴᠣᠨᠵᠢ ᠰᠤᠮᠤ ᠪᠠᠷ ᠥᠩᠭᠡᠷᠡᠵᠦ᠂ ᠬᠠᠯᠢᠭᠤᠲᠤ ᠪᠠᠯᠭᠠᠰᠤᠨ ᠳᠤ ᠭᠦᠷᠦᠨ᠎ᠠ᠃ ᠭᠠᠭᠴᠠᠮᠣᠳᠤ - ᠬᠠᠯᠢᠭᠤᠲᠤ ᠬᠦᠷᠬᠦ | ᠲᠦᠷᠭᠡᠨ ᠤ ᠵᠠᠰᠠᠮᠠᠯ ᠵᠠᠮ ᠨᠢ ᠬᠤᠣᠰ ᠴᠢᠭᠯᠡᠯᠲᠦ ᠳᠥᠷᠪᠡᠨ ᠲᠡᠷᠭᠡ ᠵᠥᠷᠢᠯᠳᠦᠵᠦ ᠪᠤᠯᠬᠤ ᠵᠠᠰᠠᠮᠠᠯ ᠵᠠᠮ ᠪᠠᠶᠢᠵᠤ᠂ | ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 55 ᠳ᠋ᠦᠩᠰᠢᠭᠤᠷ ᠲᠥᠭᠦᠷᠢᠭ ᠬᠦᠷᠴᠦ᠂ 2022 ᠣᠨ ᠤ 7 ᠰᠠᠷ᠎ᠠ | ᠳᠤ ᠤᠯᠤᠰ ᠤᠨ ᠲᠦᠷᠭᠡᠨ ᠤ ᠵᠠᠮ ᠤᠨ ᠲᠣᠣᠷ ᠤᠨ ᠲᠥᠯᠦᠪᠵᠢᠭᠦᠯᠭᠡ ᠳᠤ ᠣᠷᠣᠵᠠᠢ᠃ ᠲᠤᠰ ᠵᠠᠰᠠᠮᠠᠯ ᠵᠠᠮ ᠨᠢ | ᠭᠠᠭᠴᠠᠮᠣᠳᠤ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠪᠠ ᠬᠢᠯᠢ ᠬᠢᠵᠠᠭᠠᠷ ᠤᠨ ᠴᠡᠴᠡᠭᠯᠡᠯ ᠬᠥᠭᠵᠢᠯ ᠢ | ᠠᠬᠢᠭᠤᠯᠬᠤ᠂ ᠪᠠᠷᠠᠭᠤᠨ ᠪᠡᠶ᠎ᠡ ᠶᠢᠨ ᠡᠬᠡ ᠬᠠᠭᠤᠷᠠᠢ ᠳᠠᠯᠠᠢ ᠶᠢᠨ ᠰᠢᠨ᠎ᠡ ᠵᠠᠮ ᠤᠨ ᠪᠦᠲᠦᠭᠡᠨ ᠪᠠᠶᠢᠭᠤᠯᠤᠯᠲᠠ ᠳᠤ | ᠦᠢᠯᠡᠴᠢᠯᠡᠬᠦ ᠵᠡᠷᠭᠡ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠮᠠᠨ ᠤ ᠣᠷᠣᠨ ᠤ ᠬᠢᠯᠢ ᠶᠢᠨ ᠱᠤᠭᠤᠮ ᠤᠨ ᠣᠷᠳᠣ 4200 ᠺᠢᠯᠣᠮᠧᠲᠷ ᠢ ᠲᠠᠪᠠᠨ᠂ 12 ᠵᠠᠰᠠᠮᠠᠯ ᠵᠠᠮ ᠤᠨ | ᠬᠢᠯᠢ ᠶᠢᠨ ᠪᠣᠭᠤᠮᠲᠠ ᠲᠠᠢ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ | ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠮᠠᠨᠵᠤᠤᠷ᠂ ᠡᠷᠢᠶᠡᠨ ᠬᠤᠲᠠ᠂ | ᠭᠠᠭᠴᠠᠮᠣᠳᠤ 3 ᠭᠤᠣᠯᠳᠠᠯᠭ᠎ᠠ ᠲᠠᠢ ᠬᠢᠯᠢ ᠶᠢᠨ ᠪᠣᠭᠤᠮᠲᠠ ᠳᠤ ᠲᠦᠷᠭᠡᠨ ᠤ ᠵᠠᠰᠠᠮᠠᠯ ᠵᠠᠮ ᠨᠢᠭᠡᠨᠲᠡ ᠪᠦᠭᠦ ᠱᠤᠭᠤᠮ | ᠢᠶᠠᠷ ᠲᠡᠷᠭᠡ ᠨᠡᠪᠲᠡᠷᠡᠵᠦ᠂ ᠪᠤᠰᠤᠳ 9 ᠵᠠᠰᠠᠮᠠᠯ ᠵᠠᠮ ᠤᠨ ᠬᠢᠯᠢ ᠶᠢᠨ ᠪᠣᠭᠤᠮᠲᠠ ᠠᠴᠠ 3 ᠳᠤᠨᠢ ᠨᠢᠭᠡᠳᠦᠭᠡᠷ ᠳᠡᠰ | ᠤᠨ ᠵᠠᠰᠠᠮᠠᠯ ᠵᠠᠮ᠂ 6 ᠳᠤᠨᠢ ᠬᠤᠶᠠᠳᠤᠭᠠᠷ ᠳᠡᠰ ᠤᠨ ᠵᠠᠰᠠᠮᠠᠯ ᠵᠠᠮ ᠨᠡᠪᠲᠡᠷᠡᠵᠦ᠂ ᠭᠤᠣᠯᠳᠠᠯᠭ᠎ᠠ ᠲᠠᠢ ᠬᠢᠯᠢ ᠶᠢᠨ | ᠪᠣᠭᠤᠮᠲᠠ ᠶᠢᠨ ᠲᠦᠷᠭᠡᠨ ᠤ ᠵᠠᠰᠠᠮᠠᠯ ᠵᠠᠮ ᠢ ᠬᠤᠯᠪᠣᠯᠳᠤᠭᠤᠯᠤᠨ ᠨᠡᠪᠲᠡᠷᠡᠭᠦᠯᠬᠦ ᠬᠠᠷᠠᠯᠲᠠ ᠶᠢ ᠪᠡᠶᠡᠯᠡᠭᠦᠯᠪᠡ᠃ | | |