ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ | ᠣᠷᠴᠢᠮᠬᠠᠨ ᠥᠪᠥᠷ ᠮᠣᠩᠭᠤᠯ ᠪᠣᠯᠣᠨ ᠱᠠᠨ ᠰᠢ ᠰᠣᠶᠣᠯ ᠵᠢᠭᠤᠯᠴᠢᠯᠠᠯ ᠤᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠵᠤ᠂ 10 ᠲᠠᠯ᠎ᠠ ᠪᠠᠷ ᠬᠠᠮᠲᠤᠷᠠᠯᠴᠠᠭ᠎ᠠ ᠥᠷᠨᠢᠭᠦᠯᠬᠦ | ᠪᠠᠷ ᠲᠣᠭᠲᠠᠵᠠᠢ᠃ | ᠮᠠᠨ ᠤ ᠣᠷᠣᠨ ᠱᠠᠨ ᠰᠢ ᠮᠤᠵᠢ ᠯᠤᠭ᠎ᠠ ︽ᠲᠦᠮᠡᠨ ᠭᠠᠵᠠᠷ ᠤᠨ ᠴᠠᠢ ᠶᠢᠨ ᠵᠠᠮ︾ ᠢ ᠬᠠᠮᠠᠭᠠᠯᠠᠬᠤ ᠪᠠ | ᠬᠠᠮᠲᠤᠷᠠᠨ ᠳᠡᠯᠡᠬᠡᠢ ᠶᠢᠨ ᠰᠣᠶᠣᠯ ᠤᠨ ᠥᠪ ᠢᠶᠠᠷ ᠭᠤᠶᠤᠴᠢᠯᠠᠨ ᠮᠡᠳᠡᠭᠦᠯᠬᠦ ᠠᠵᠢᠯ ᠢ ᠠᠬᠢᠭᠤᠯᠤᠨ ︽ᠲᠦᠮᠡᠨ | ᠭᠠᠵᠠᠷ ᠤᠨ ᠴᠠᠢ ᠶᠢᠨ ᠵᠠᠮ︾ ᠤᠨ ᠤᠯᠠᠨ ᠤᠯᠤᠰ ᠤᠨ ᠵᠢᠭᠤᠯᠴᠢᠯᠠᠯ ᠤᠨ ᠵᠠᠮ ᠱᠤᠭᠤᠮ ᠢ ᠨᠡᠭᠡᠭᠡᠨ ᠬᠥᠭᠵᠢᠭᠦᠯᠬᠦ᠂ | ᠠᠶᠠᠨᠴᠢᠳ ᠤᠨ ᠢᠷᠡᠯᠲᠡ ᠶᠢ ᠬᠠᠷᠢᠯᠴᠠᠨ ᠬᠦᠷᠭᠡᠬᠦ᠂ ᠳᠠᠪᠠᠭᠤᠯᠢᠭ ᠲᠥᠷᠥᠯ ᠵᠦᠢᠯ ᠢ ᠬᠠᠮᠲᠤ ᠪᠠᠷ ᠭᠦᠷᠳᠡᠭᠦ᠂ | ᠲᠥᠷᠥᠯ ᠲᠡᠮᠳᠡᠭᠲᠦ ᠪᠣᠷᠤᠯᠠᠭᠤᠯᠭ᠎ᠠ ᠶᠢᠨ ᠠᠵᠢᠯᠯᠠᠭᠠᠨ ᠥᠷᠨᠢᠭᠦᠯᠬᠦ᠂ ᠤᠷᠠᠯᠢᠭ ᠤᠨ ᠬᠠᠮᠲᠤᠷᠠᠯᠴᠠᠭ᠎ᠠ ᠶᠢ | ᠴᠢᠩᠭᠠᠳᠬᠠᠬᠤ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠬᠤ ᠳᠤ ᠬᠦᠴᠦᠨ ᠨᠡᠮᠡᠷᠢᠯᠡᠬᠦ᠂ ᠲᠥᠷᠥᠯ ᠵᠦᠢᠯ | ᠢ ᠰᠣᠶᠣᠯ ᠤᠨ ᠥᠪ ᠢᠶᠠᠷ ᠮᠡᠳᠡᠭᠦᠯᠬᠦ ᠶᠢ ᠰᠠᠶᠢᠲᠤᠷ ᠬᠢᠬᠦ᠂ ᠰᠣᠶᠣᠯ ᠤᠨ ᠦᠵᠡᠰᠭᠦᠯᠡᠩ ᠰᠣᠯᠢᠯᠴᠠᠭ᠎ᠠ ᠶᠢ | ᠴᠢᠩᠭᠠᠳᠬᠠᠬᠤ᠂ ᠲᠤᠰᠬᠠᠢ ᠮᠡᠷᠭᠡᠵᠢᠯᠲᠡᠨ ᠤ ᠣᠶᠤᠨ ᠤ ᠬᠥᠮᠥᠷᠭᠡ ᠶᠢ ᠬᠠᠮᠲᠤ ᠪᠠᠷ ᠡᠳ᠋ᠯᠡᠬᠦ᠂ ᠴᠢᠳᠠᠪᠤᠷᠢᠲᠠᠨ ᠤ | ᠰᠣᠯᠢᠯᠴᠠᠭ᠎ᠠ ᠶᠢ ᠠᠬᠢᠭᠤᠯᠬᠤ ᠵᠡᠷᠭᠡ 10 ᠲᠠᠯ᠎ᠠ ᠪᠠᠷ ᠬᠠᠮᠲᠤᠷᠠᠯᠴᠠᠭ᠎ᠠ ᠥᠷᠨᠢᠭᠦᠯᠵᠦ᠂ ᠬᠤᠶᠠᠷ ᠭᠠᠵᠠᠷ ᠤᠨ ᠰᠣᠶᠣᠯ | ᠵᠢᠭᠤᠯᠴᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠠᠬᠢᠭᠤᠯᠬᠤ ᠪᠣᠯᠣᠨ᠎ᠠ᠃ ᠬᠤᠶᠠᠷ ᠲᠠᠯ᠎ᠠ ᠪᠠᠷ ᠢᠶᠠᠨ | ᠲᠠᠷᠠᠭᠠᠴᠢ ᠪᠠᠷ ᠰᠣᠶᠣᠯ ᠵᠢᠭᠤᠯᠴᠢᠯᠠᠯ ᠤᠨ ᠨᠠᠶᠢᠷ᠂ ᠦᠵᠡᠰᠭᠦᠯᠡᠩ᠂ ᠲᠣᠬᠯᠠᠯᠲᠠ ᠵᠡᠷᠭᠡ ᠶᠢ ᠬᠠᠮᠲᠤᠷᠠᠨ ᠡᠷᠭᠢᠯᠡᠭᠦ ᠪᠠᠷ | ᠳᠠᠮᠵᠢᠨ ᠣᠷᠣᠨ ᠪᠦᠰᠡ ᠰᠤᠨᠳᠠᠯᠠᠭᠰᠠᠨ ᠰᠣᠳᠣᠨ ᠵᠢᠭᠤᠯᠴᠢᠯᠠᠯ ᠤᠨ ᠵᠠᠮ ᠱᠤᠭᠤᠮ ᠪᠠ ᠦᠢᠯᠡᠳᠬᠦᠨ ᠢ ᠪᠤᠶ | ᠪᠤᠯᠭᠠᠵᠤ᠂ ᠬᠤᠶᠠᠷ ᠭᠠᠵᠠᠷ ᠤᠨ ᠰᠣᠶᠣᠯ ᠵᠢᠭᠤᠯᠴᠢᠯᠠᠯ ᠤᠨ ᠲᠦᠷᠦᠯ ᠵᠦᠢᠯ ᠤᠨ ᠲᠣᠮᠣ ᠳ᠋ᠠᠶᠢᠲ᠋ᠠ ᠬᠥᠮᠥᠷᠭᠡ ᠶᠢ | ᠪᠠᠶᠢᠭᠤᠯᠤᠨ ᠬᠤᠶᠠᠷ ᠭᠠᠵᠠᠷ ᠤᠨ ᠠᠵᠤ ᠠᠬᠤᠶᠢᠯᠠᠯ ᠬᠠᠮᠲᠤᠷᠠᠯᠴᠠᠨ ᠡᠵᠡᠩᠨᠡᠯᠲᠡ ᠬᠢᠬᠦ ᠶᠢ ᠵᠣᠷᠢᠭᠵᠢᠭᠤᠯᠵᠤ᠂ | ᠲᠦᠷᠦᠯ ᠵᠦᠢᠯ ᠤᠨ ᠬᠠᠮᠲᠤᠷᠠᠯᠴᠠᠭ᠎ᠠ ᠵᠣᠯᠭᠠᠯᠴᠠᠭ᠎ᠠ ᠶᠢ ᠠᠬᠢᠭᠤᠯᠤᠨ᠎ᠠ᠃ ᠪᠠᠰᠠ ᠲᠦᠷᠦᠯ ᠲᠡᠮᠳᠡᠭᠲᠦ ᠶᠢ ᠡᠵᠡᠩᠨᠡᠨ | ᠪᠣᠷᠣᠯᠠᠭᠤᠯᠬᠤ᠂ ᠮᠡᠳᠡᠭᠡ ᠵᠠᠩᠭᠢ ᠶᠢ ᠬᠠᠷᠢᠯᠴᠠᠨ ᠳᠠᠮᠵᠢᠭᠤᠯᠤᠨ ᠲᠦᠭᠡᠭᠡᠬᠦ᠂ ᠲᠣᠮᠣᠬᠠᠨ ᠠᠵᠢᠯᠯᠠᠭ᠎ᠠ ᠶᠢ ᠬᠤᠯᠪᠤᠭᠠᠯᠠᠨ | ᠡᠷᠭᠢᠯᠡᠭᠦ ᠶᠢ ᠴᠢᠩᠭᠠᠳᠬᠠᠵᠤ᠂ ︽ᠠᠶᠠᠯᠭᠤᠲᠤ ᠵᠢᠭᠤᠯᠴᠢᠯᠠᠯ ᠥᠪᠥᠷ ᠮᠣᠩᠭᠤᠯ︾ ᠬᠢᠭᠡᠳ ︽ᠬᠤᠸᠠ ᠰᠢᠶᠠ ᠶᠢᠨ | ᠪᠣᠯᠪᠠᠰᠤᠨ ᠱᠠᠨ ᠰᠢ ᠶᠢᠨ ᠰᠠᠶᠢᠨ ᠰᠠᠶᠢᠬᠠᠨ ᠥᠩᠭᠡ ᠦᠵᠡᠮᠵᠢ︾ ᠶᠢᠨ ᠲᠦᠷᠦᠯ ᠲᠡᠮᠳᠡᠭ ᠢ ᠬᠠᠮᠲᠤᠷᠠᠨ | ᠴᠣᠭᠴᠠᠯᠠᠵᠤ᠂ ᠬᠤᠶᠠᠷ ᠭᠠᠵᠠᠷ ᠤᠨ ᠰᠣᠶᠣᠯ ᠪᠠ ᠵᠢᠭᠤᠯᠴᠢᠯᠠᠯ ᠤᠨ ᠰᠢᠨ᠎ᠡ ᠭᠡᠯᠪᠡᠷᠢ ᠶᠢᠨ ᠳᠡᠭᠡᠳᠦ ᠲᠡᠰ ᠤᠨ | ᠤᠶᠤᠨ ᠤ ᠬᠥᠮᠥᠷᠭᠡ ᠶᠢ ᠪᠠᠶᠢᠭᠤᠯᠬᠤ ᠪᠣᠯᠣᠨ᠎ᠠ᠃ | | |