ᠮᠠᠨ ᠤ ᠣᠷᠣᠨ ᠣᠯᠠᠨ ᠨᠡᠶᠢᠲᠡ ᠶᠢᠨ ᠪᠠᠶᠢᠭᠤᠯᠤᠮᠵᠢ ᠶᠢᠨ ᠤᠰᠤ ᠠᠷᠪᠢᠯᠠᠬᠤ ᠪᠠᠭᠠᠵᠢ ᠬᠡᠷᠡᠭᠰᠡᠯ ᠢ ᠲᠦᠭᠡᠮᠡᠯᠵᠢᠭᠦᠯᠦᠨ ᠰᠢᠨᠡᠳᠬᠡᠬᠦ ᠠᠵᠢᠯ ᠢ ᠲᠦᠷᠭᠡᠳᠬᠡᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2024/12/16
     ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠪᠣᠯᠣᠨ ᠪᠠᠶᠢᠭᠤᠯᠭ᠎ᠠ ᠶᠢᠨ ᠶᠠᠪᠤᠳᠠᠯ  ᠤᠨ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ᠣᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠤᠰᠤ ᠠᠷᠪᠢᠯᠠᠬᠤ ᠪᠠᠭᠠᠵᠢ ᠬᠡᠷᠡᠭᠰᠡᠯ ᠢ ᠲᠦᠭᠡᠮᠡᠯᠵᠢᠭᠦᠯᠦᠨ ᠰᠢᠨᠡᠳᠬᠡᠬᠦ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠵᠤ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠤᠰᠤ ᠠᠷᠪᠢᠯᠠᠬᠤ ᠪᠠᠭᠠᠵᠢ ᠬᠡᠷᠡᠭᠰᠡᠯ ᠢ ᠲᠦᠭᠡᠮᠡᠯᠵᠢᠭᠦᠯᠦᠨ ᠰᠢᠨᠡᠳᠬᠡᠬᠦ ᠠᠵᠢᠯ ᠢ ᠲᠦᠷᠭᠡᠳᠬᠡᠨ ᠠᠬᠢᠭᠤᠯᠵᠤ ᠪᠠᠶᠢᠨ᠎ᠠ᠃      ︽ᠲᠥᠰᠥᠯ︾ ᠳᠤ᠂ ᠲᠣᠰ ᠤᠳᠠᠭ᠎ᠠ ᠶᠢᠨ ᠤᠰᠤ ᠠᠷᠪᠢᠯᠠᠬᠤ ᠪᠠᠭᠠᠵᠢ ᠬᠡᠷᠡᠭᠰᠡᠯ ᠢ ᠲᠦᠭᠡᠮᠡᠯᠵᠢᠭᠦᠯᠦᠨ ᠰᠢᠨᠡᠳᠬᠡᠬᠦ ᠣᠯᠠᠨ ᠨᠡᠶᠢᠲᠡ ᠶᠢᠨ ᠪᠠᠶᠢᠭᠤᠯᠤᠮᠵᠢ ᠳᠤ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠶᠢ ᠪᠦᠭᠦᠨ ᠢ ᠪᠤᠶᠤ ᠨᠢᠭᠡ ᠬᠡᠰᠡᠭ ᠢ ᠨᠢ ᠬᠡᠷᠡᠭᠯᠡᠵᠦ ᠪᠠᠶᠢᠭ᠎ᠠ ᠲᠥᠷᠥ ᠶᠢᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠪᠦᠯᠭᠦᠮ ᠪᠠ ᠵᠣᠬᠢᠶᠠᠨ ᠪᠠᠶᠢᠭᠤᠯᠤᠯᠲᠠ ᠪᠠᠭᠲᠠᠵᠤ᠂ ᠡᠭᠦᠨ ᠳᠤ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠰᠣᠶᠣᠯ ᠪᠡᠶ᠎ᠡ ᠶᠢᠨ ᠲᠠᠮᠢᠷ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠥᠷᠥᠯ ᠤᠨ ᠲᠠᠯᠠᠪᠤᠷ ᠣᠷᠳᠣᠨ ᠵᠡᠷᠭᠡ ᠪᠠᠭᠲᠠᠨ᠎ᠠ᠃ ᠲᠦᠭᠡᠮᠡᠯᠵᠢᠭᠦᠯᠦᠨ ᠰᠢᠨᠡᠳᠬᠡᠬᠦ ᠠᠵᠢᠯ  ᠢ ᠡᠯ᠎ᠡ ᠱᠠᠲᠤᠨ ᠤ ᠤᠰᠤᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠢᠭᠡᠳᠦᠯᠲᠡᠢ ᠲᠥᠯᠥᠪᠵᠢᠭᠦᠯᠦᠨ᠂ ᠡᠯ᠎ᠡ ᠭᠤᠣᠯᠯᠠᠨ ᠬᠠᠮᠢᠶᠠᠷᠬᠤ ᠨᠢᠭᠡᠴᠢ ᠲᠦᠷᠦᠭᠦᠯᠡᠨ ᠤᠰᠤᠨ ᠤ ᠴᠣᠷᠭᠤ᠂ ᠭᠠᠳᠠᠭᠠᠯᠠᠬᠤ ᠬᠡᠷᠡᠭᠰᠡᠯ᠂ ᠰᠦᠷᠴᠢᠭᠦᠷ ᠤᠬᠢᠶᠠᠯᠭ᠎ᠠ᠂ ᠤᠰᠤ ᠴᠡᠪᠡᠷᠰᠢᠭᠦᠯᠬᠦ ᠮᠠᠰᠢᠨ ᠵᠡᠷᠭᠡ 4 ᠲᠥᠷᠥᠯ ᠤᠨ ᠤᠰᠤ ᠬᠡᠷᠡᠭᠯᠡᠬᠦ ᠪᠠᠭᠠᠵᠢ ᠬᠡᠷᠡᠭᠰᠡᠯ ᠢᠶᠠᠷ ᠭᠤᠣᠯ ᠪᠤᠯᠭᠠᠵᠤ᠂ ᠥᠭᠡᠷᠡᠴᠢᠯᠡᠬᠦ ᠳᠤ ᠲᠣᠬᠢᠷᠠᠬᠤ ᠶᠢ ᠨᠢ ᠥᠭᠡᠷᠡᠴᠢᠯᠡᠬᠦ ᠵᠠᠷᠴᠢᠮ ᠢ ᠪᠠᠷᠢᠮᠲᠠᠯᠠᠨ᠂ ᠰᠢᠨᠡᠳᠬᠡᠬᠦ ᠥᠪᠡᠷ ᠤᠨ ᠥᠷᠲᠡᠭ ᠵᠢᠴᠢ ᠤᠰᠤ ᠠᠷᠪᠢᠯᠠᠬᠤ ᠦᠷ᠎ᠡ ᠠᠰᠢᠭ ᠢ ᠶᠡᠷᠦᠩᠬᠡᠶᠢᠯᠡᠨ ᠪᠣᠳᠣᠯᠬᠢᠯᠠᠨ᠎ᠠ ᠭᠡᠵᠦ ᠲᠣᠭᠲᠠᠪᠠ᠃      ︽ᠲᠥᠰᠥᠯ︾ ᠳᠤ᠂ ᠠᠵᠢᠯ ᠤᠨ ᠲᠠᠩᠰᠠ ᠡᠪᠬᠡᠮᠡᠯ ᠪᠠᠶᠢᠭᠤᠯᠤᠨ᠂ ᠤᠰᠤ ᠬᠡᠷᠡᠭᠯᠡᠬᠦ ᠪᠠᠭᠠᠵᠢ ᠬᠡᠷᠡᠭᠰᠡᠯ ᠢ ᠪᠠᠶᠢᠴᠠᠭᠠᠨ ᠪᠦᠷᠢᠳᠬᠡᠵᠦ᠂ ᠤᠰᠤ ᠬᠡᠷᠡᠭᠯᠡᠬᠦ ᠪᠠᠭᠠᠵᠢ ᠬᠡᠷᠡᠭᠰᠡᠯ ᠤᠨ ᠣᠳᠣᠬᠢ ᠪᠠᠶᠢᠳᠠᠯ ᠢ ᠡᠵᠡᠮᠰᠢᠨ᠎ᠡ᠃ ᠠᠵᠢᠯ ᠤᠨ ᠲᠥᠯᠥᠪᠯᠡᠭᠡ ᠲᠣᠭᠲᠠᠭᠠᠨ᠂ ᠲᠤᠭ᠎ᠠ ᠪᠦᠷᠢᠳᠬᠡᠯ ᠤᠨ ᠪᠠᠶᠢᠳᠠᠯ ᠢ ᠦᠨᠳᠦᠰᠦᠯᠡᠨ ᠪᠠᠶᠢᠭᠤᠯᠭ᠎ᠠ ᠨᠢᠭᠡᠴᠢ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠦᠭᠡᠮᠡᠯᠵᠢᠭᠦᠯᠦᠨ ᠰᠢᠨᠡᠳᠬᠡᠬᠦ ᠠᠵᠢᠯ ᠤᠨ ᠲᠥᠯᠥᠪᠯᠡᠭᠡ ᠲᠣᠬᠲᠠᠭᠠᠨ᠎ᠠ᠃ ᠠᠵᠢᠯ  ᠤᠨ ᠲᠥᠯᠥᠪᠯᠡᠭᠡ ᠶᠣᠰᠣᠭᠠᠷ ᠤᠰᠤ ᠬᠡᠷᠡᠭᠯᠡᠬᠦ ᠪᠠᠭᠠᠵᠢ ᠬᠡᠷᠡᠭᠰᠡᠯ ᠢ ᠲᠠᠰ ᠳᠡᠪᠰᠢᠭᠦᠯᠦᠨ ᠥᠭᠡᠷᠡᠴᠢᠯᠡᠨ᠎ᠡ᠃ ᠥᠪᠡᠷ  ᠤᠨ ᠥᠷᠲᠡᠭ ᠪᠠ ᠤᠰᠤ ᠠᠷᠪᠢᠯᠠᠬᠤ ᠦᠷ᠎ᠡ ᠠᠰᠢᠭ ᠢ ᠨᠢᠭᠡᠳᠦᠯᠲᠡᠢ ᠪᠣᠳᠣᠯᠬᠢᠯᠠᠨ᠂ ᠤᠰᠤ ᠠᠷᠪᠢᠯᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠢᠵᠦ᠂ ᠤᠰᠤ ᠠᠷᠪᠢᠯᠠᠬᠤ ᠤᠰᠤᠯᠠᠯᠲᠠ ᠶᠢᠨ ᠠᠷᠭ᠎ᠠ ᠭᠡᠯᠪᠡᠷᠢ ᠶᠢ ᠳᠡᠯᠭᠡᠷᠡᠭᠦᠯᠵᠦ᠂ ᠬᠡᠪ ᠤᠨ ᠪᠤᠰᠤ ᠤᠰᠤ ᠶᠢ ᠲᠤᠬᠠᠢ ᠶᠢᠨ ᠭᠠᠵᠠᠷ ᠣᠷᠣᠨ ᠤ ᠪᠣᠳᠠᠲᠤ ᠪᠠᠶᠢᠳᠠᠯ ᠳᠤ ᠲᠣᠬᠢᠷᠠᠭᠤᠯᠤᠨ ᠠᠰᠢᠭᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠡᠷ᠎ᠡ ᠪᠠᠷ ᠤᠰᠤ ᠠᠷᠪᠢᠯᠠᠬᠤ ᠬᠠᠮᠢᠶᠠᠷᠤᠯᠲᠠ ᠶᠢᠨ ᠵᠠᠭᠪᠤᠷ ᠢ ᠳᠡᠯᠭᠡᠷᠡᠭᠦᠯᠦᠨ᠎ᠡ᠃ ᠤᠰᠤ ᠠᠷᠪᠢᠯᠠᠬᠤ ᠬᠠᠮᠢᠶᠠᠷᠤᠯᠲᠠ ᠶᠢ ᠴᠢᠩᠭᠠᠳᠬᠠᠨ ᠤᠰᠤ ᠠᠷᠪᠢᠯᠠᠬᠤ ᠪᠠᠭᠠᠵᠢ ᠬᠡᠷᠡᠭᠰᠡᠯ ᠢ ᠲᠦᠭᠡᠮᠡᠯᠵᠢᠭᠦᠯᠦᠨ ᠰᠢᠨᠡᠳᠬᠡᠬᠦ ᠪᠠ ᠤᠰᠤ ᠠᠷᠪᠢᠯᠠᠬᠤ ᠬᠠᠮᠢᠶᠠᠷᠤᠯᠲᠠ ᠶᠢ ᠬᠤᠶᠠᠷ ᠲᠠᠯ᠎ᠠ ᠪᠠᠷ ᠠᠳᠬᠤᠵᠤ᠂ ᠤᠰᠤ ᠠᠷᠪᠢᠯᠠᠬᠤ ᠬᠠᠮᠢᠶᠠᠷᠤᠯᠲᠠ ᠶᠢᠨ ᠬᠠᠮᠢᠶ᠎ᠠ ᠪᠦᠬᠦᠢ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠤᠰᠤ ᠠᠷᠪᠢᠯᠠᠬᠤ ᠤᠬᠠᠭᠤᠯᠭ᠎ᠠ ᠶᠢ ᠴᠢᠩᠭᠠᠳᠬᠠᠨ ᠤᠰᠤ ᠠᠷᠪᠢᠯᠠᠬᠤ ᠰᠣᠶᠣᠯ ᠢ ᠶᠡᠭᠡ ᠪᠠᠷ ᠳᠡᠯᠭᠡᠷᠡᠭᠦᠯᠵᠦ᠂ ᠤᠰᠤ ᠠᠷᠪᠢᠯᠠᠬᠤ ᠮᠡᠳᠡᠯᠭᠡ ᠶᠢ ᠲᠦᠭᠡᠮᠡᠯᠵᠢᠭᠦᠯᠦᠨ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠳᠥᠭᠦᠮ ᠪᠥᠭᠡᠳ ᠲᠣᠬᠢᠷᠠᠮᠵᠢᠲᠠᠢ᠂ ᠡᠷᠡᠭᠦᠯ ᠪᠣᠯᠪᠠᠰᠤᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠭᠡᠯᠪᠡᠷᠢ ᠶᠢ ᠪᠤᠶ ᠪᠣᠯᠭᠠᠨ᠎ᠠ ᠭᠡᠵᠦ ᠳᠤᠷᠠᠳᠴᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号