ᠣᠶᠢᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ | ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠭᠤᠷᠬᠠᠢ ᠶᠢᠨ | ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ ᠢ | ᠳᠠᠷᠤᠮᠠᠯᠯᠠᠨ ᠲᠠᠷᠬᠠᠭᠠᠪᠠ᠂ ᠪᠦᠭᠦ ᠠᠭᠤᠯᠭ᠎ᠠ ᠨᠢ ᠳᠣᠣᠷᠠᠬᠢ ᠮᠡᠲᠦ᠃ | ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠨᠢ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠳᠤ ᠬᠤᠯᠪᠣᠭᠳᠠᠵᠤ᠂ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠲᠣᠭᠲᠠᠭᠤᠨ ᠪᠠᠶᠢᠳᠠᠯ ᠤᠨ ᠶᠡᠭᠡ | ᠲᠠᠯ᠎ᠠ ᠳᠤ ᠬᠤᠯᠪᠣᠭᠳᠠᠵᠤ ᠪᠠᠶᠢᠳᠠᠭ᠃ ᠣᠶᠢᠷ᠎ᠠ ᠶᠢᠨ ᠵᠢᠯ ᠤᠨ ᠲᠤᠷᠰᠢ᠂ ᠮᠠᠨ ᠤ ᠣᠷᠣᠨ ᠤ ᠠᠭᠤᠷᠬᠠᠢ ᠶᠢᠨ | ᠠᠶᠤᠯᠭᠦᠢ ᠦᠢᠯᠡᠳᠪᠦᠷᠢᠯᠡᠯ ᠤᠨ ᠠᠵᠢᠯ ᠢᠳᠡᠪᠬᠢᠲᠡᠢ ᠦᠷ᠎ᠡ ᠪᠦᠲᠦᠮᠵᠢ ᠣᠯᠣᠭᠰᠠᠨ ᠪᠤᠯᠪᠠᠴᠤ ᠪᠠᠰᠠ ᠮᠠᠰᠢ ᠣᠯᠠᠨ | ᠲᠣᠪᠣᠶᠢᠮ᠎ᠠ ᠠᠰᠠᠭᠤᠳᠠᠯ ᠣᠷᠣᠰᠢᠵᠤ᠂ ᠣᠨᠴᠠᠭᠠᠶᠢᠯᠠᠨ ᠬᠡᠳᠦᠨ ᠬᠦᠨᠳᠦ ᠣᠨᠴᠠ ᠶᠡᠭᠡ ᠦᠢᠯᠡᠳᠪᠦᠷᠢᠯᠡᠯ ᠤᠨ ᠠᠮᠤᠷ | ᠲᠦᠪᠰᠢᠨ ᠤ ᠠᠳᠡᠯ ᠤᠨ ᠰᠤᠷᠭᠠᠮᠵᠢ ᠮᠠᠰᠢ ᠬᠠᠷᠠᠰᠠᠯᠲᠠᠢ᠃ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ | ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ | ᠰᠢᠵᠢᠮ ᠢ ᠪᠠᠲᠤ ᠡᠵᠡᠮᠳᠡᠨ᠂ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ | ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ᠃ ︽ᠠᠭᠤᠷᠬᠠᠢ ᠶᠢᠨ | ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ᠰᠠᠨᠠᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠣᠯᠭᠤᠬᠤ ᠶᠢ ᠴᠢᠩᠳᠠᠯᠠᠨ᠎ᠠ | ︵ᠨᠢᠭᠡ︶ ᠬᠦᠨᠳᠦ ᠨᠣᠴᠢᠲᠠᠢ ᠭᠠᠮᠰᠢᠭ ᠡᠭᠦᠰᠦᠭᠰᠡᠨ ᠠᠭᠤᠷᠬᠠᠢ ᠳᠤ ᠠᠶᠤᠯᠭᠦᠢ ᠦᠢᠯᠡᠳᠪᠦᠷᠢᠯᠡᠯ ᠳᠤ | ᠣᠷᠤᠯᠴᠠᠬᠤ ᠵᠥᠪᠰᠢᠶᠡᠷᠡᠯ ᠣᠯᠭᠤᠬᠤ ᠶᠢ ᠴᠢᠩᠳᠠᠯᠠᠨ᠎ᠠ᠃ ᠲᠦᠷᠦᠯ ᠵᠦᠢᠯ ᠤᠨ ᠬᠢᠨᠠᠨ ᠵᠥᠪᠰᠢᠶᠡᠷᠡᠬᠦ ᠶᠢ ᠴᠢᠩᠳᠠᠯᠠᠵᠤ᠂ | ᠰᠢᠨ᠎ᠡ ᠪᠠᠷ ᠪᠠᠶᠢᠭᠤᠯᠬᠤ ᠬᠤᠳᠳᠤᠭ ᠢᠶᠠᠷ ᠮᠠᠯᠲᠠᠬᠤ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠴᠢᠳᠠᠪᠤᠷᠢ | ᠶᠢ ᠵᠠᠷᠴᠢᠮ ᠳᠡᠭᠡᠷ᠎ᠡ ᠪᠠᠨ ᠵᠢᠯ ᠪᠦᠷᠢ 300 ᠲᠦᠮᠡᠨ ᠲᠣᠨ ᠠᠴᠠ ᠳᠣᠣᠷ᠎ᠠ ᠪᠠᠶᠢᠯᠭᠠᠬᠤ ᠦᠭᠡᠢ᠂ ᠵᠠᠳᠠᠭᠠᠢ | ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠵᠢᠯ ᠪᠦᠷᠢ 500 ᠲᠦᠮᠡᠨ ᠲᠣᠨ ᠠᠴᠠ ᠳᠣᠣᠷ᠎ᠠ | ᠪᠠᠶᠢᠯᠭᠠᠬᠤ ᠦᠭᠡᠢ᠂ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠤ ᠳᠠᠷᠠᠭ᠎ᠠ ᠨᠡᠭᠦᠷᠡᠰᠦᠨ ᠠᠭᠤᠷᠬᠠᠢ ᠶᠢᠨ | ᠦᠢᠯᠡᠳᠪᠦᠷᠢᠯᠡᠯ ᠤᠨ ᠴᠢᠳᠠᠪᠤᠷᠢ ᠶᠢ ᠵᠢᠯ ᠪᠦᠷᠢ 120 ᠲᠦᠮᠡᠨ ᠲᠣᠨ ᠠᠴᠠ ᠳᠣᠣᠷ᠎ᠠ ᠪᠠᠶᠢᠯᠭᠠᠬᠤ ᠦᠭᠡᠢ᠃ ᠰᠢᠨ᠎ᠡ | ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠦᠢᠯᠡᠳᠪᠦᠷᠢᠯᠡᠯ ᠤᠨ ᠴᠢᠳᠠᠪᠤᠷᠢ ᠨᠢ 800 ᠲᠦᠮᠡᠨ | ᠲᠣᠨ/ ᠵᠢᠯ ᠠᠴᠠ ᠳᠡᠭᠡᠭᠰᠢ ᠪᠠᠶᠢᠬᠤ ᠭᠠᠰ ᠶᠡᠬᠡᠲᠡᠢ ᠨᠡᠭᠦᠷᠡᠰᠦᠨ ᠠᠭᠤᠷᠬᠠᠢ ᠪᠠ ᠭᠠᠵᠠᠷ ᠤᠨ ᠳᠠᠷᠤᠯᠲᠠ ᠶᠡᠬᠡᠲᠡᠢ | ᠨᠡᠭᠦᠷᠡᠰᠦᠨ ᠠᠭᠤᠷᠬᠠᠢ ᠶᠢ ᠬᠢᠨᠠᠨ ᠵᠥᠪᠰᠢᠶᠡᠷᠡᠬᠦ ᠶᠢ ᠵᠣᠬᠰᠣᠭᠠᠨ᠎ᠠ; ᠨᠡᠭᠦᠷᠡᠰᠦᠨ ᠤ ᠡᠬᠢ ᠪᠠᠶᠠᠯᠢᠭ᠂ ᠴᠠᠭᠢᠯᠭᠠᠨ | ᠬᠦᠴᠦᠨ ᠤ ᠬᠠᠩᠭᠠᠯᠭ᠎ᠠ ᠪᠠᠴᠢᠮ ᠪᠠᠶᠢᠭ᠎ᠠ ᠭᠠᠵᠠᠷ ᠣᠷᠣᠨ ᠢ ᠭᠠᠷᠭᠠᠪᠠᠯ᠂ ᠵᠠᠷᠴᠢᠮ ᠳᠡᠭᠡᠷ᠎ᠡ ᠪᠠᠨ ᠨᠡᠭᠦᠷᠡᠰᠦ ᠬᠢᠭᠡᠳ | ᠭᠠᠰ ᠲᠣᠪᠣᠶᠢᠮ᠎ᠠ᠂ ᠤᠰᠤ ᠭᠠᠵᠠᠷ ᠰᠢᠨᠵᠢᠯᠡᠭᠡᠨ ᠤ ᠲᠥᠷᠥᠯ ᠭᠡᠯᠪᠡᠷᠢ ᠨᠢ ᠲᠤᠶᠢᠯ ᠤᠨ ᠪᠤᠳᠤᠯᠢᠶᠠᠨᠲᠠᠢ ᠨᠡᠭᠦᠷᠡᠰᠦᠨ | ᠠᠭᠤᠷᠬᠠᠢ ᠶᠢ ᠰᠢᠨ᠎ᠡ ᠪᠠᠷ ᠪᠠᠶᠢᠭᠤᠯᠬᠤ ᠦᠭᠡᠢ᠃ ᠭᠠᠮᠰᠢᠭ ᠬᠦᠨᠳᠦ ᠨᠣᠴᠢᠲᠠᠢ ᠨᠡᠭᠦᠷᠡᠰᠦᠨ ᠠᠭᠤᠷᠬᠠᠢ ᠶᠢᠨ | ᠦᠢᠯᠡᠳᠪᠦᠷᠢᠯᠡᠯ ᠤᠨ ᠴᠢᠳᠠᠪᠤᠷᠢ ᠶᠢ ᠬᠢᠨᠠᠨ ᠨᠡᠮᠡᠭᠳᠡᠭᠦᠯᠵᠦ ᠪᠤᠯᠬᠤ ᠦᠭᠡᠢ᠃ ᠪᠡᠶ᠎ᠡ ᠪᠠᠨ ᠳᠠᠭᠠᠭᠠᠭᠰᠠᠨ ᠬᠦᠳᠡᠷ | ᠰᠢᠯᠢᠬᠦ ᠦᠢᠯᠡᠳᠪᠦᠷᠢ ᠶᠢᠨ ᠦᠯᠡᠳᠡᠭᠳᠡᠯ ᠬᠦᠳᠡᠷ ᠤᠨ ᠬᠥᠮᠥᠷᠭᠡ ᠶᠢ ᠰᠢᠨ᠎ᠡ ᠪᠠᠷ ᠪᠠᠶᠢᠭᠤᠯᠬᠤ ᠶᠢ ᠴᠢᠩᠭ᠎ᠠ | ᠬᠢᠵᠠᠭᠠᠷᠯᠠᠵᠤ᠂ ᠶᠡᠷᠦᠩᠬᠡᠢ ᠬᠠᠰᠢᠯᠭ᠎ᠠ ᠶᠢᠨ ᠥᠨᠳᠥᠷ ᠨᠢ 200 ᠮᠧᠲᠷ ᠢ ᠳᠠᠪᠠᠭᠰᠠᠨ ᠦᠯᠡᠳᠡᠭᠳᠡᠯ ᠬᠦᠳᠡᠷ ᠤᠨ | ᠬᠥᠮᠥᠷᠭᠡ ᠶᠢ ᠰᠢᠨ᠎ᠡ ᠪᠠᠷ ᠪᠠᠶᠢᠭᠤᠯᠬᠤ ᠶᠢ ᠴᠢᠩᠭ᠎ᠠ ᠴᠠᠭᠠᠵᠠᠯᠠᠵᠤ᠂ ᠬᠠᠲᠤᠨ ᠭᠤᠣᠯ ᠤᠨ ᠭᠤᠣᠯ ᠤᠷᠤᠰᠬᠠᠯ ᠤᠨ | ᠡᠷᠭᠢ ᠶᠢᠨ ᠱᠤᠭᠤᠮ ᠠᠴᠠ 3 ᠺᠢᠯᠣᠮᠧᠲᠷ ᠵᠠᠶᠢᠲᠠᠢ᠂ ᠴᠢᠬᠤᠯᠠ ᠰᠠᠯᠪᠤᠷᠢ ᠤᠷᠤᠰᠬᠠᠯ ᠤᠨ ᠡᠷᠭᠢ ᠶᠢᠨ ᠱᠤᠭᠤᠮ ᠤᠨ | 1 ᠺᠢᠯᠣᠮᠧᠲᠷ ᠤᠨ ᠬᠡᠪᠴᠢᠶᠡᠨ ᠳᠣᠲᠣᠷ᠎ᠠ ᠦᠯᠡᠳᠡᠭᠳᠡᠯ ᠬᠦᠳᠡᠷ ᠤᠨ ᠬᠥᠮᠥᠷᠭᠡ ᠶᠢ ᠰᠢᠨ᠎ᠡ ᠪᠠᠷ ᠪᠠᠶᠢᠭᠤᠯᠬᠤ᠂ | ᠥᠭᠡᠷᠡᠴᠢᠯᠡᠵᠦ ᠥᠷᠭᠡᠳᠬᠡᠨ ᠪᠠᠶᠢᠭᠤᠯᠬᠤ ᠶᠢ ᠴᠢᠩᠭ᠎ᠠ ᠴᠠᠭᠠᠵᠠᠯᠠᠨ᠎ᠠ᠃ | ︵ᠬᠤᠶᠠᠷ︶ ᠨᠡᠭᠦᠷᠡᠰᠦᠨ ᠠᠭᠤᠷᠬᠠᠢ ᠶᠢᠨ ᠪᠤᠰᠤ ᠡᠬᠢ ᠪᠠᠶᠠᠯᠢᠭ ᠢ ᠬᠠᠮᠢᠶᠠᠷᠤᠨ ᠡᠵᠡᠮᠳᠡᠬᠦ ᠶᠢ ᠴᠢᠩᠳᠠᠯᠠᠨ᠎ᠠ᠃ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠲᠥᠯᠦᠪᠵᠢᠭᠦᠯᠭᠡ᠂ ᠤᠯᠤᠰ ᠤᠨ ᠣᠷᠣᠨ ᠨᠤᠲᠤᠭ ᠤᠨ ᠣᠷᠣᠨ | ᠵᠠᠢ ᠶᠢᠨ ᠲᠥᠯᠦᠪᠵᠢᠭᠦᠯᠭᠡ ᠪᠣᠯᠣᠨ ᠬᠡᠷᠡᠭᠴᠡᠭᠡᠨ ᠤ ᠬᠠᠮᠢᠶᠠᠷᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ | ᠠᠭᠤᠷᠬᠠᠢ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠶᠢᠷᠢᠯᠠᠭᠤᠯᠬᠤ ᠬᠡᠷᠡᠭᠲᠡᠢ᠃ ᠠᠭᠤᠷᠬᠠᠢ ᠶᠢᠨ ᠭᠠᠷᠤᠯᠲᠠ | ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠨᠢ ᠬᠠᠮᠤᠭ ᠤᠨ ᠳᠣᠣᠷ᠎ᠠ ᠨᠡᠭᠡᠭᠡᠨ ᠮᠠᠯᠲᠠᠬᠤ ᠬᠡᠪᠴᠢᠶ᠎ᠡ ᠶᠢᠨ | ᠱᠠᠭᠠᠷᠳᠠᠯᠭ᠎ᠠ ᠶᠢ ᠬᠠᠩᠭᠠᠵᠤ ᠳᠡᠶᠢᠯᠭᠦ ᠦᠭᠡᠢ ᠠᠭᠤᠷᠬᠠᠢ ᠮᠠᠯᠲᠠᠬᠤ ᠡᠷᠬᠡ ᠶᠢ ᠰᠢᠨ᠎ᠡ ᠪᠠᠷ ᠲᠣᠬᠢᠷᠠᠭᠤᠯᠬᠤ ᠦᠭᠡᠢ᠃ | ᠨᠢᠭᠡᠨᠲᠡ ᠪᠣᠰᠤᠭ᠎ᠠ ᠲᠠᠯᠠᠲᠤ ᠠᠭᠤᠯᠠ ᠪᠣᠯᠵᠤ ᠪᠦᠷᠢᠯᠳᠦᠭᠰᠡᠨ ᠨᠢᠭᠡᠨᠲᠡ ᠪᠠᠶᠢᠭᠤᠯᠤᠭᠰᠠᠨ ᠠᠭᠤᠷᠬᠠᠢ ᠶᠢ ᠵᠠᠬ᠎ᠠ | ᠳᠡᠯᠭᠡᠭᠦᠷᠴᠢᠯᠡᠨ ᠰᠢᠯᠵᠢᠭᠦᠯᠬᠦ ᠠᠷᠭ᠎ᠠ ᠭᠡᠯᠪᠡᠷᠢ ᠪᠠᠷ ᠳᠠᠮᠵᠢᠭᠤᠯᠤᠨ ᠵᠠᠭᠠᠭ ᠢᠶᠠᠨ ᠥᠷᠭᠡᠳᠬᠡᠵᠦ᠂ ᠨᠡᠭᠡᠭᠡᠨ ᠮᠠᠯᠲᠠᠬᠤ | ᠶᠢ ᠪᠡᠶᠡᠯᠡᠭᠦᠯᠦᠭᠰᠡᠨ ᠤ ᠳᠠᠷᠠᠭ᠎ᠠ ᠪᠦᠬᠦᠯᠢ ᠴᠣᠭᠴᠠ ᠪᠠᠷ ᠨᠢ ᠰᠡᠷᠭᠦᠭᠡᠨ ᠵᠠᠰᠠᠬᠤ ᠶᠢ ᠠᠬᠢᠭᠤᠯᠤᠨ᠎ᠠ᠃ ᠠᠭᠤᠷᠬᠠᠢ ᠶᠢᠨ | ᠠᠵᠤ ᠠᠬᠤᠶᠢᠯᠠᠯ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠠᠶᠤᠯᠭᠦᠢ ᠶᠢᠨ ᠲᠥᠬᠦᠭᠡᠷᠦᠮᠵᠢ ᠶᠢᠨ ᠵᠢᠷᠤᠭ | ᠲᠥᠯᠥᠪᠯᠡᠭᠡ ᠶᠣᠰᠣᠭᠠᠷ ᠪᠦᠲᠦᠭᠡᠨ ᠪᠠᠶᠢᠭᠤᠯᠵᠤ᠂ ᠦᠢᠯᠡᠳᠪᠦᠷᠢᠯᠡᠨ᠂ ᠪᠦᠲᠦᠭᠡᠨ ᠪᠠᠶᠢᠭᠤᠯᠤᠯᠲᠠ ᠶᠢᠨ ᠬᠤᠭᠤᠴᠠᠭᠠᠨ | ᠳᠤ ᠠᠭᠤᠷᠬᠠᠢ ᠶᠢᠨ ᠬᠡᠪᠴᠢᠶ᠎ᠡ ᠵᠡᠷᠭᠡ ᠳᠤ ᠴᠢᠬᠤᠯᠠ ᠶᠡᠭᠡ ᠬᠤᠪᠢᠷᠠᠯᠲᠠ ᠭᠠᠷᠪᠠᠯ ᠠᠶᠤᠯᠭᠦᠢ ᠶᠢᠨ ᠲᠥᠬᠦᠭᠡᠷᠦᠮᠵᠢ | ᠶᠢᠨ ᠵᠢᠷᠤᠭ ᠲᠥᠯᠥᠪᠯᠡᠭᠡ ᠶᠢ ᠬᠤᠪᠢᠷᠠᠭᠤᠯᠬᠤ ᠭᠠᠷᠳᠠᠮ ᠢ ᠴᠠᠭ ᠲᠤᠬᠠᠢ ᠳᠤᠨᠢ ᠭᠦᠢᠴᠡᠳᠬᠡᠬᠦ ᠭᠡᠷᠡᠭᠲᠡᠢ; | ᠪᠦᠲᠦᠭᠡᠨ ᠪᠠᠶᠢᠭᠤᠯᠵᠤ ᠳᠠᠭᠤᠰᠤᠭᠰᠠᠨ ᠤ ᠲᠠᠷᠠᠭ᠎ᠠ ᠠᠶᠤᠯᠭᠦᠢ ᠶᠢᠨ ᠲᠥᠬᠦᠭᠡᠷᠦᠮᠵᠢ ᠶᠢᠨ ᠪᠠᠷᠢᠯᠭ᠎ᠠ ᠶᠢᠨ ᠠᠵᠢᠯ | ᠳᠠᠭᠤᠰᠤᠭᠰᠠᠨ ᠢ ᠰᠢᠯᠭᠠᠵᠤ ᠬᠤᠷᠢᠶᠠᠨ ᠠᠪᠬᠤ ᠠᠵᠢᠯ ᠢ ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠥᠷᠨᠢᠭᠦᠯᠬᠦ | ᠬᠡᠷᠡᠭᠲᠡᠢ᠃ ᠠᠭᠤᠷᠬᠠᠢ ᠶᠢᠨ ᠠᠶᠤᠯᠭᠦᠢ ᠶᠢᠨ ᠲᠥᠬᠦᠭᠡᠷᠦᠮᠵᠢ ᠶᠢᠨ ᠵᠢᠷᠤᠭ ᠲᠥᠯᠥᠪᠯᠡᠭᠡ ᠶᠢ ᠵᠥᠪᠰᠢᠶᠡᠷᠡᠭᠦᠯᠦᠭᠰᠡᠨ ᠤ | ᠲᠠᠷᠠᠭ᠎ᠠ ᠨᠢᠭᠡ ᠵᠢᠯ ᠤᠨ ᠳᠣᠲᠣᠷ᠎ᠠ ᠪᠠᠷᠢᠵᠤ ᠪᠠᠶᠢᠭᠤᠯᠤᠭᠰᠠᠨ ᠦᠭᠡᠢ ᠪᠠᠶᠢᠪᠠᠯ ᠲᠠᠭᠢᠵᠥ ᠰᠢᠨ᠎ᠡ ᠪᠠᠷ ᠮᠡᠳᠡᠭᠦᠯᠦᠨ | ᠵᠥᠪᠰᠢᠶᠡᠷᠡᠭᠦᠯᠬᠦ ᠬᠡᠷᠡᠭᠲᠡᠢ᠃ ᠠᠭᠤᠷᠬᠠᠢ ᠶᠢᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ | ᠠᠭᠤᠷᠬᠠᠢ ᠶᠢᠨ ᠪᠦᠲᠦᠭᠡᠨ ᠪᠠᠶᠢᠭᠤᠯᠤᠯᠲᠠ᠂ ᠦᠢᠯᠡᠳᠪᠦᠷᠢᠯᠡᠯ ᠵᠡᠷᠭᠡ ᠳᠤ ᠬᠢᠨᠠᠯᠲᠠ ᠲᠠᠯᠪᠢᠵᠤ ᠬᠢᠨᠠᠨ | ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠢ᠃ | ︵ᠭᠤᠷᠪᠠ︶ ᠠᠶᠤᠯᠭᠦᠢ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠵᠢᠷᠤᠮᠵᠢᠭᠤᠯᠤᠨ᠎ᠠ᠃ | ᠨᠡᠭᠦᠷᠡᠰᠦᠨ ᠠᠭᠤᠷᠬᠠᠢ᠂ ᠲᠡᠮᠦᠷᠯᠢᠭ ᠪᠠ ᠲᠡᠮᠦᠷᠯᠢᠭ ᠪᠤᠰᠤ ᠭᠠᠵᠠᠷ ᠳᠣᠣᠷᠠᠬᠢ ᠠᠭᠤᠷᠬᠠᠢ᠂ ᠦᠯᠡᠳᠡᠭᠳᠡᠯ ᠬᠦᠳᠡᠷ ᠤᠨ | ᠬᠥᠮᠥᠷᠭᠡ᠂ ᠵᠢᠷᠤᠭᠯᠠᠨ ᠲᠥᠯᠥᠪᠯᠡᠭᠰᠡᠨ ᠬᠠᠵᠠᠭᠤ ᠶᠢᠨ ᠬᠥᠲᠥᠯ ᠨᠢ 150 ᠮᠧᠲᠷ ᠢ ᠳᠠᠪᠠᠭᠰᠠᠨ ᠲᠡᠮᠦᠷᠯᠢᠭ ᠪᠠ | ᠲᠡᠮᠦᠷᠯᠢᠭ ᠪᠤᠰᠤ ᠵᠠᠳᠠᠭᠠᠢ ᠠᠭᠤᠷᠬᠠᠢ ᠶᠢᠨ ᠠᠶᠤᠯᠭᠦᠢ ᠶᠢᠨ ᠲᠥᠬᠦᠭᠡᠷᠦᠮᠵᠢ ᠶᠢᠨ ᠵᠢᠷᠤᠭᠯᠠᠨ ᠲᠥᠯᠥᠪᠯᠡᠬᠦ ᠶᠢ ᠬᠢᠨᠠᠨ | ᠪᠠᠶᠢᠴᠠᠭᠠᠬᠤ ᠪᠠ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠵᠥᠪᠰᠢᠶᠡᠷᠡᠬᠦ ᠶᠢ | ᠥᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠬᠠᠷᠢᠭᠤᠴᠠᠨ᠎ᠠ᠂ ᠳᠣᠷᠣᠭᠰᠢ ᠪᠠᠭᠤᠯᠭᠠᠬᠤ ᠪᠤᠶᠤ ᠨᠠᠶᠢᠳᠠᠵᠤ ᠪᠤᠯᠬᠤ ᠦᠭᠡᠢ᠃ ᠠᠭᠤᠷᠬᠠᠢ ᠶᠢᠨ | ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠠᠶᠤᠯᠭᠦᠢ ᠶᠢᠨ ᠲᠥᠬᠦᠭᠡᠷᠦᠮᠵᠢ ᠶᠢᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ ᠵᠢᠷᠤᠮᠵᠢᠯ | ᠢ ᠲᠣᠭᠲᠠᠭᠠᠵᠤ᠂ ᠠᠭᠤᠷᠬᠠᠢ ᠶᠢᠨ ᠨᠡᠭᠡᠭᠡᠯᠲᠡ ᠬᠢᠬᠦ ᠳᠤ ᠨᠢᠭᠡ ᠤᠳᠠᠭ᠎ᠠ ᠶᠢᠨ ᠴᠢᠨᠠᠷᠲᠠᠢ ᠶᠡᠷᠦᠩᠬᠡᠢ ᠵᠢᠷᠤᠭ | ᠲᠥᠯᠥᠪᠯᠡᠭᠡ ᠬᠢᠭᠰᠡᠨ ᠦᠭᠡᠢ ᠪᠣᠯ ᠵᠠᠷᠴᠢᠮ ᠳᠡᠭᠡᠷ᠎ᠡ ᠪᠠᠨ ᠠᠶᠤᠯᠭᠦᠢ ᠶᠢᠨ ᠲᠥᠬᠦᠭᠡᠷᠦᠮᠵᠢ ᠶᠢᠨ ᠵᠢᠷᠤᠭ ᠲᠥᠯᠥᠪᠯᠡᠭᠡ | ᠶᠢ ᠬᠢᠨᠠᠨ ᠵᠥᠪᠰᠢᠶᠡᠷᠡᠵᠦ ᠪᠤᠯᠬᠤ ᠦᠭᠡᠢ᠃ ᠠᠩᠬ᠎ᠠ ᠤᠳᠠᠭ᠎ᠠ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ | ᠦᠨᠡᠮᠯᠡᠯ ᠢ ᠭᠤᠶᠤᠴᠢᠯᠠᠭᠰᠠᠨ ᠪᠠᠶᠢᠪᠠᠯ᠂ ᠲᠤᠬᠠᠢ ᠶᠢᠨ ᠲᠠᠯᠠᠪᠤᠷ ᠲᠤᠨᠢ ᠬᠢᠨᠠᠨ ᠪᠠᠶᠢᠴᠠᠭᠠᠯᠲᠠ ᠬᠢᠬᠦ ᠬᠡᠷᠡᠭᠲᠡᠢ᠃ | ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠤᠨ ᠬᠦᠴᠦᠨ ᠪᠦᠬᠦᠢ | ᠬᠤᠭᠤᠴᠠᠭ᠎ᠠ ᠶᠢ ᠬᠤᠶᠢᠰᠢᠯᠠᠭᠤᠯᠪᠠᠯ ᠲᠤᠬᠠᠢ ᠶᠢᠨ ᠭᠠᠵᠠᠷ ᠲᠤᠨᠢ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠠᠶᠤᠯᠭᠦᠢ | ᠦᠢᠯᠡᠳᠪᠦᠷᠢᠯᠡᠯ ᠤᠨ ᠨᠥᠬᠦᠴᠡᠯ ᠢ ᠪᠦᠷᠢᠳᠦᠭᠦᠯᠦᠭᠡᠳᠦᠢ ᠪᠤᠶᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠲᠠᠢ ᠪᠥᠭᠡᠳ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠠᠶᠢᠪᠠᠯ ᠵᠥᠪᠰᠢᠶᠡᠷᠡᠯ ᠤᠨ ᠭᠠᠷᠳᠠᠮ | ᠭᠦᠢᠴᠡᠳᠬᠡᠵᠦ ᠥᠭᠬᠦ ᠦᠭᠡᠢ᠃ | ᠬᠤᠶᠠᠷ᠂ ᠠᠭᠤᠷᠬᠠᠢ ᠶᠢᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ | ︵ᠳᠥᠷᠪᠡ︶ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠢ ᠪᠦᠷᠢᠳᠦᠭᠦᠯᠦᠭᠡᠳᠦᠢ ᠠᠭᠤᠷᠬᠠᠢ ᠶᠢ ᠲᠥᠷᠥᠯ | ᠬᠤᠪᠢᠶᠠᠨ ᠰᠢᠢᠳᠪᠦᠷᠢᠯᠡᠨ᠎ᠡ᠃ ᠬᠠᠤᠯᠢ ᠶᠣᠰᠣᠭᠠᠷ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ᠂ ᠠᠶᠤᠯᠭᠦᠢ | ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠣᠯᠣᠭᠰᠠᠨ ᠦᠭᠡᠢ ᠪᠠᠷ ᠳᠤᠷ᠎ᠠ ᠳᠠᠪᠠ ᠪᠠᠷ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠮᠠᠯᠲᠠᠭᠰᠠᠨ᠂ ᠵᠠᠭᠠᠭ ᠳᠠᠪᠠᠭᠤᠯᠤᠨ ᠨᠡᠭᠡᠭᠡᠨ ᠮᠠᠯᠲᠠᠭᠰᠠᠨ᠂ ᠮᠠᠯᠲᠠᠬᠤ ᠪᠠᠷ | ᠪᠦᠲᠦᠭᠡᠨ ᠪᠠᠶᠢᠭᠤᠯᠬᠤ ᠶᠢ ᠣᠷᠣᠯᠠᠭᠤᠯᠤᠭᠰᠠᠨ᠂ ᠬᠠᠶᠢᠨ ᠪᠠᠶᠢᠴᠠᠭᠠᠬᠤ ᠵᠥᠪᠰᠢᠶᠡᠷᠡᠯ ᠤᠨ ᠦᠨᠡᠮᠯᠡᠯ ᠢᠶᠠᠷ ᠢᠶᠠᠨ | ᠠᠭᠤᠷᠬᠠᠢ ᠮᠠᠯᠲᠠᠭᠰᠠᠨ ᠮᠥᠷᠲᠡᠭᠡᠨ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ᠂ ᠨᠡᠭᠦᠷᠡᠰᠦᠨ ᠤ ᠬᠠᠮᠲᠤ | ︵ᠳᠠᠭᠠᠯᠳᠤᠭᠰᠠᠨ︶ ᠲᠡᠮᠦᠷᠯᠢᠭ ᠪᠠ ᠲᠡᠮᠦᠷᠯᠢᠭ ᠪᠤᠰᠤ ᠠᠭᠤᠷᠬᠠᠢ ᠶᠢᠨ ᠦᠢᠯᠡᠳᠪᠦᠷᠢᠯᠡᠯ ᠢ ᠨᠢ ᠵᠣᠭᠰᠣᠭᠠᠨ | ᠴᠡᠭᠴᠡᠯᠡᠭᠡᠳ ᠮᠥᠨ ᠬᠦ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠳᠤ ᠭᠦᠷᠦᠭᠰᠡᠨ | ᠦᠭᠡᠢ᠂ ᠰᠢᠭᠰᠢᠭᠳᠡᠭᠦᠯᠬᠦ ᠶᠣᠰᠣᠲᠠᠢ ᠦᠢᠯᠡᠳᠪᠦᠷᠢᠯᠡᠯ ᠤᠨ ᠠᠮᠤᠷ ᠲᠦᠪᠰᠢᠨ ᠢ ᠰᠦᠷᠳᠡᠭᠦᠯᠬᠦ ᠤᠷ᠎ᠠ ᠮᠡᠷᠭᠡᠰᠢᠯ᠂ | ᠲᠥᠬᠦᠭᠡᠷᠦᠮᠵᠢ ᠶᠢ ᠬᠡᠷᠡᠭᠯᠡᠭᠰᠡᠨ ᠪᠥᠭᠡᠳ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠡᠳ ᠮᠥᠨ ᠬᠦ | ᠦᠢᠯᠡᠳᠪᠦᠷᠢᠯᠡᠵᠦ ᠪᠦᠲᠦᠭᠡᠨ ᠪᠠᠶᠢᠭᠤᠯᠤᠭᠰᠠᠨ᠂ ᠡᠰᠡᠬᠦᠯ᠎ᠡ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠭᠡᠳ ᠮᠥᠨ | ᠬᠦ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠢ ᠪᠦᠷᠢᠳᠦᠭᠦᠯᠦᠭᠰᠡᠨ ᠦᠭᠡᠢ ᠠᠭᠤᠷᠬᠠᠢ ᠶᠢ ᠬᠠᠤᠯᠢ ᠶᠣᠰᠣᠭᠠᠷ | ᠬᠠᠭᠠᠵᠤ ᠬᠦᠴᠦᠨ ᠦᠭᠡᠢ ᠪᠤᠯᠭᠠᠬᠤ ᠬᠡᠷᠡᠭᠲᠡᠢ᠃ ᠦᠢᠯᠡᠳᠪᠦᠷᠢᠯᠡᠬᠦ ᠴᠢᠳᠠᠪᠤᠷᠢ ᠨᠢ 60 ᠲᠦᠮᠡᠨ ᠲᠣᠨ / ᠵᠢᠯ | ᠬᠦᠷᠬᠦ ᠦᠭᠡᠢ ᠨᠡᠭᠦᠷᠡᠰᠦᠨ ᠠᠭᠤᠷᠬᠠᠢ ᠶᠢ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠡᠮᠬᠢᠯᠡᠨ ᠨᠡᠶᠢᠯᠡᠭᠦᠯᠵᠦ | ᠳᠠᠭᠢᠨ ᠵᠣᠬᠢᠶᠠᠨ ᠪᠠᠶᠢᠭᠤᠯᠬᠤ ᠪᠤᠶᠤ ᠡᠭᠦᠳᠡ ᠶᠢ ᠨᠢ ᠬᠠᠭᠠᠵᠤ ᠤᠬᠤᠷᠢᠨ ᠭᠠᠷᠭᠠᠬᠤ ᠶᠢ ᠠᠬᠢᠭᠤᠯᠬᠤ ᠬᠡᠷᠡᠭᠲᠡᠢ᠃ | ︵ᠲᠠᠪᠤ︶ ᠠᠭᠤᠷᠬᠠᠢ ᠶᠢ ᠬᠠᠭᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠨᠢᠭᠡᠨᠲᠡ | ᠬᠠᠭᠠᠯᠭᠠᠵᠤ ᠤᠬᠤᠷᠢᠭᠤᠯᠤᠨ ᠭᠠᠷᠭᠠᠬᠤ ᠪᠠᠷ ᠭᠤᠶᠤᠴᠢᠯᠠᠭᠰᠠᠨ ᠪᠤᠶᠤ ᠵᠠᠰᠠᠭ ᠤᠨ ᠣᠷᠳᠣᠨ ᠠᠴᠠ ᠨᠢᠭᠡᠨᠲᠡ ᠡᠭᠦᠳᠡ | ᠶᠢ ᠨᠢ ᠬᠠᠭᠠᠯᠭᠠᠵᠤ ᠤᠬᠤᠷᠢᠭᠤᠯᠤᠨ ᠭᠠᠷᠭᠠᠬᠤ ᠲᠣᠭᠲᠠᠭᠠᠯ ᠭᠠᠷᠭᠠᠭᠰᠠᠨ ᠠᠭᠤᠷᠬᠠᠢ ᠳᠤ ᠠᠭᠤᠷᠬᠠᠢ ᠶᠢᠨ ᠠᠵᠢᠯ | ᠲᠥᠷᠥᠯ ᠤᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠬᠢᠨ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ᠂ ᠲᠣᠭᠲᠠᠭᠠᠯ ᠠᠴᠠ ᠵᠥᠷᠢᠴᠡᠨ ᠬᠠᠭᠠᠯᠭᠠᠬᠤ ︽ᠰᠢᠯᠵᠢᠯᠲᠡ ᠶᠢᠨ ᠬᠤᠭᠤᠴᠠᠭ᠎ᠠ︾ ᠪᠤᠶᠤ | ︽ᠤᠬᠤᠷᠢᠭᠤᠯᠬᠤ ᠬᠤᠭᠤᠴᠠᠭ᠎ᠠ︾ ᠶᠢ ᠲᠣᠬᠢᠷᠠᠭᠤᠯᠬᠤ᠂ ᠳᠤᠷ᠎ᠠ ᠪᠠᠷ ᠢᠶᠠᠨ ᠦᠢᠯᠡᠳᠪᠦᠷᠢᠯᠡᠯ ᠤᠨ ᠪᠦᠲᠦᠭᠡᠨ | ᠪᠠᠶᠢᠭᠤᠯᠤᠯᠲᠠ ᠬᠢᠬᠦ ᠵᠢᠴᠢ ᠬᠠᠭᠠᠬᠤ ᠬᠤᠭᠤᠴᠠᠭᠠᠨ ᠳᠠᠬᠢ ᠪᠤᠰᠤᠳ ᠬᠠᠤᠯᠢ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠬᠠᠷᠢᠶ᠎ᠠ ᠭᠠᠵᠠᠷ ᠤᠨ ᠵᠠᠰᠠᠭ ᠤᠨ | ᠣᠷᠳᠣᠨ ᠠᠴᠠ ᠬᠠᠭᠠᠯᠭᠠᠬᠤ ᠶᠢ ᠨᠢᠭᠡᠨᠲᠡ ᠵᠠᠷᠯᠠᠨ ᠨᠡᠶᠢᠲᠡᠯᠡᠭᠰᠡᠨ ᠠᠭᠤᠷᠬᠠᠢ ᠳᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠬᠠᠮᠢᠶ᠎ᠠ ᠪᠦᠬᠦᠢ ᠭᠡᠷᠡᠴᠢ ᠦᠨᠡᠮᠯᠡᠯ ᠢ ᠨᠢ ᠬᠠᠤᠯᠢ ᠶᠣᠰᠣᠭᠠᠷ ᠬᠦᠴᠦᠨ ᠦᠭᠡᠢ ᠪᠤᠯᠭᠠᠬᠤ ᠶᠢᠨ | ᠬᠠᠮᠲᠤ ᠠᠭᠤᠷᠬᠠᠢ ᠶᠢᠨ ᠬᠤᠳᠳᠤᠭ ᠢ ᠬᠠᠭᠠᠭᠰᠠᠨ ᠵᠡᠷᠭᠡ ᠪᠠᠶᠢᠳᠠᠯ ᠳᠤ ᠬᠢᠨᠠᠯᠲᠠ ᠲᠠᠯᠪᠢᠵᠤ᠂ ᠴᠠᠭᠢᠯᠭᠠᠨ ᠬᠦᠴᠦᠨ | ᠤ ᠠᠵᠤ ᠠᠬᠤᠶᠢᠯᠠᠯ ᠢ ᠱᠠᠯᠠᠪᠳᠠᠭᠤᠯᠵᠤ ᠪᠠᠶᠢᠭᠠᠳ ᠲᠣᠭᠲᠠᠭᠠᠯ ᠶᠣᠰᠣᠭᠠᠷ ᠡᠮᠬᠢ ᠵᠢᠷᠤᠮ ᠲᠠᠢ ᠴᠠᠭᠢᠯᠭᠠᠨ | ᠵᠣᠭᠰᠤᠭᠠᠬᠤ ᠠᠷᠭ᠎ᠠ ᠬᠡᠮᠵᠢᠶ᠎ᠡ ᠬᠡᠷᠡᠭᠵᠢᠭᠦᠯᠬᠦ ᠬᠡᠷᠡᠭᠲᠡᠢ᠃ ᠳᠠᠪᠲᠠᠨ ᠪᠠᠶᠢᠴᠠᠭᠠᠵᠤ ᠰᠢᠯᠭᠠᠨ ᠠᠪᠬᠤ ᠶᠢ | ᠥᠩᠭᠡᠷᠡᠭᠡᠭᠰᠡᠨ ᠬᠠᠭᠠᠭᠰᠠᠨ ᠠᠭᠤᠷᠬᠠᠢ ᠳᠤ ᠬᠠᠷᠢᠶ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠵᠠᠰᠠᠭ ᠤᠨ | ᠣᠷᠳᠣᠨ ᠠᠭᠤᠷᠬᠠᠢ ᠶᠢᠨ ᠪᠠᠶᠢᠭ᠎ᠠ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠬᠠᠷᠢᠶ᠎ᠠ ᠭᠠᠵᠠᠷ ᠤᠨ ᠬᠢᠨᠠᠨ | ᠬᠠᠮᠢᠶᠠᠷᠬᠤ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ | ︵ᠵᠢᠷᠭᠤᠭ᠎ᠠ︶ ᠦᠯᠡᠳᠡᠭᠳᠡᠯ ᠬᠦᠳᠡᠷ ᠤᠨ ᠬᠥᠮᠥᠷᠭᠡ ᠶᠢ ᠬᠠᠭᠠᠵᠤ ᠳᠠᠩᠰᠠᠨ ᠠᠴᠠ ᠬᠠᠰᠤᠬᠤ ᠶᠢ | ᠠᠬᠢᠭᠤᠯᠤᠨ᠎ᠠ᠃ ᠵᠢᠷᠤᠭ ᠲᠥᠯᠥᠪᠯᠡᠭᠡ ᠶᠢᠨ ᠬᠠᠮᠤᠭ ᠤᠨ ᠡᠴᠦᠰ ᠤᠨ ᠭᠤᠭᠴᠤᠭ᠎ᠠ ᠭᠦᠷᠲᠡᠯ᠎ᠡ ᠠᠵᠢᠯᠯᠠᠭᠤᠯᠵᠤ᠂ | ᠬᠠᠶᠠᠭᠳᠠᠮᠠᠯ ᠪᠣᠳᠠᠰ ᠢ ᠰᠢᠢᠳᠪᠦᠷᠢᠯᠡᠬᠦ ᠠᠵᠢᠯ ᠢ ᠳᠠᠭᠢᠵᠤ ᠬᠢᠬᠦ ᠦᠭᠡᠢ᠂ ᠬᠡᠷᠡᠭᠯᠡᠬᠦ ᠶᠢ ᠨᠢ ᠵᠣᠭᠰᠣᠭᠠᠭᠠᠳ 3 ᠵᠢᠯ | ᠠᠴᠠ ᠬᠡᠲᠦᠷᠡᠭᠰᠡᠨ᠂ ᠠᠵᠢᠯ ᠢ ᠨᠢ ᠵᠣᠭᠰᠣᠭᠠᠵᠤ ᠪᠠᠷᠢᠯᠭ᠎ᠠ ᠶᠢ ᠨᠢ ᠵᠣᠭᠰᠣᠭᠠᠭᠰᠠᠨ ᠪᠥᠭᠡᠳ ᠠᠵᠢᠯ ᠢᠶᠠᠨ | ᠰᠡᠷᠭᠦᠭᠡᠵᠦ ᠪᠦᠲᠦᠭᠡᠨ ᠪᠠᠶᠢᠭᠤᠯᠤᠯᠲᠠ ᠶᠢ ᠰᠡᠷᠭᠦᠭᠡᠬᠦ ᠶᠢᠨ ᠠᠷᠭ᠎ᠠ ᠦᠭᠡᠢ ᠦᠯᠡᠳᠡᠭᠳᠡᠯ ᠬᠦᠳᠡᠷ ᠤᠨ ᠬᠥᠮᠥᠷᠭᠡ ᠶᠢ | ᠴᠠᠭ ᠲᠤᠬᠠᠢ ᠳᠤᠨᠢ ᠬᠠᠭᠠᠵᠤ ᠵᠠᠰᠠᠬᠤ ᠶᠢᠨ ᠬᠠᠮᠲᠤ ᠳᠠᠩᠰᠠᠨ ᠠᠴᠠ ᠬᠠᠰᠤᠬᠤ ᠬᠡᠷᠡᠭᠲᠡᠢ᠃ ᠬᠥᠮᠥᠷᠭᠡ ᠬᠠᠭᠠᠵᠤ | ᠴᠡᠭᠴᠡᠯᠡᠨ ᠵᠠᠰᠠᠬᠤ ᠶᠢ ᠪᠡᠶᠡᠯᠡᠭᠦᠯᠦᠭᠰᠡᠨ ᠦᠯᠡᠳᠡᠭᠳᠡᠯ ᠬᠦᠳᠡᠷ ᠤᠨ ᠬᠥᠮᠥᠷᠭᠡ ᠶᠢ ᠬᠠᠷᠢᠶ᠎ᠠ ᠭᠠᠵᠠᠷ ᠤᠨ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠳᠠᠩᠰᠠᠨ ᠠᠴᠠ ᠬᠠᠰᠤᠬᠤ ᠶᠢ ᠵᠠᠷᠯᠠᠨ ᠨᠡᠶᠢᠲᠡᠯᠡᠵᠦ᠂ | ᠦᠯᠡᠳᠡᠭᠳᠡᠯ ᠬᠦᠳᠡᠷ ᠭᠠᠳᠠᠭᠰᠢᠯᠠᠭᠤᠯᠬᠤ ᠳᠤ ᠳᠠᠭᠢᠨ ᠬᠡᠷᠡᠭᠯᠡᠵᠦ ᠪᠤᠯᠬᠤ ᠦᠭᠡᠢ᠃ ᠦᠢᠯᠡᠳᠪᠦᠷᠢᠯᠡᠵᠦ ᠡᠵᠡᠩᠨᠡᠬᠦ | ᠭᠤᠣᠯ ᠴᠣᠭᠴᠠ ᠦᠭᠡᠢ ᠦᠯᠡᠳᠡᠭᠳᠡᠯ ᠬᠦᠳᠡᠷ ᠤᠨ ᠬᠥᠮᠥᠷᠭᠡ ᠶᠢ ᠬᠠᠷᠢᠶ᠎ᠠ ᠭᠠᠵᠠᠷ ᠤᠨ ᠬᠤᠰᠢᠭᠤ ᠰᠢᠶᠠᠨ ᠤ | ᠱᠠᠲᠤᠨ ᠤ ᠵᠠᠰᠠᠭ ᠤᠨ ᠣᠷᠳᠣᠨ ᠠᠴᠠ ᠬᠠᠮᠢᠶᠠᠷᠤᠯᠲᠠ ᠶᠢᠨ ᠨᠢᠭᠡᠴᠢ ᠶᠢ ᠵᠢᠭᠠᠨ ᠲᠣᠭᠲᠠᠭᠠᠵᠤ ᠬᠥᠮᠥᠷᠭᠡ ᠶᠢ | ᠬᠠᠭᠠᠵᠤ ᠳᠠᠩᠰᠠᠨ ᠠᠴᠠ ᠬᠠᠰᠤᠬᠤ ᠶᠢ ᠬᠠᠷᠢᠭᠤᠴᠠᠨ᠎ᠠ᠃ | ︵ᠳᠣᠯᠤᠭ᠎ᠠ︶ ᠨᠡᠭᠦᠷᠡᠰᠦᠨ ᠤ ᠪᠤᠰᠤ ᠠᠭᠤᠷᠬᠠᠢ ᠶᠢ ᠨᠡᠶᠢᠳᠬᠡᠵᠦ ᠳᠠᠭᠢᠨ ᠵᠣᠬᠢᠶᠠᠨ ᠪᠠᠶᠢᠭᠤᠯᠬᠤ ᠶᠢ | ᠬᠡᠷᠡᠭᠵᠢᠭᠦᠯᠦᠨ᠎ᠡ᠃ ᠲᠣᠮᠣ ᠭᠡᠯᠪᠡᠷᠢ ᠶᠢᠨ ᠠᠭᠤᠷᠬᠠᠢ ᠶᠢᠨ ᠠᠵᠤ ᠠᠬᠤᠶᠢᠯᠠᠯ ᠤᠨ ᠳᠤᠮᠳᠠ ᠪᠠᠭ᠎ᠠ ᠭᠡᠯᠪᠡᠷᠢ ᠶᠢᠨ | ᠨᠡᠭᠦᠷᠡᠰᠦᠨ ᠠᠭᠤᠷᠬᠠᠢ ᠶᠢᠨ ᠪᠤᠰᠤ ᠠᠵᠤ ᠠᠬᠤᠶᠢᠯᠠᠯ ᠢ ᠨᠡᠶᠢᠯᠡᠭᠦᠯᠵᠦ ᠳᠠᠭᠢᠨ ᠵᠣᠬᠢᠶᠠᠨ ᠪᠠᠶᠢᠭᠤᠯᠬᠤ ᠪᠠ | ᠨᠡᠶᠢᠳᠬᠡᠵᠦ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠵᠣᠷᠢᠭᠵᠢᠭᠤᠯᠤᠨ᠎ᠠ᠃ ︽ᠵᠠᠰᠠᠭ ᠤᠨ ᠣᠷᠳᠣᠨ ᠬᠥᠲᠥᠯᠥᠨ | ᠵᠢᠯᠤᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠰᠢᠯᠢᠳᠡᠭ ᠢ ᠨᠢ ᠲᠡᠳᠬᠦᠵᠦ ᠰᠢᠭᠠᠷᠤ ᠶᠢ ᠨᠢ ᠰᠢᠭᠰᠢᠭᠳᠡᠭᠦᠯᠬᠦ᠂ | ᠲᠥᠷᠥᠯ ᠬᠤᠪᠢᠶᠠᠨ ᠰᠢᠢᠳᠪᠦᠷᠢᠯᠡᠬᠦ︾ ᠵᠠᠷᠴᠢᠮ ᠤᠨ ᠶᠣᠰᠣᠭᠠᠷ᠂ ᠠᠮᠤᠷ ᠲᠦᠪᠰᠢᠨ ᠤ ᠲᠣᠭᠲᠠᠭᠠᠯ ᠳᠤ ᠨᠡᠶᠢᠴᠡᠬᠦ | ᠦᠭᠡᠢ ᠨᠡᠭᠦᠷᠡᠰᠦᠨ ᠤ ᠪᠤᠰᠤ ᠠᠭᠤᠷᠬᠠᠢ ᠶᠢ ᠨᠡᠶᠢᠳᠬᠡᠨ ᠳᠠᠭᠢᠨ ᠵᠣᠬᠢᠶᠠᠨ ᠪᠠᠶᠢᠭᠤᠯᠬᠤ ᠶᠢ ᠠᠬᠢᠭᠤᠯᠵᠤ᠂ ᠠᠭᠤᠷᠬᠠᠢ | ᠶᠢᠨ ᠡᠷᠬᠡ᠂ ᠲᠥᠯᠦᠪᠵᠢᠭᠦᠯᠭᠡ᠂ ᠭᠤᠣᠯ ᠴᠣᠭᠴᠠ᠂ ᠰᠢᠰᠲ᠋ᠧᠮ᠂ ᠬᠠᠮᠢᠶᠠᠷᠤᠯᠲᠠ ᠶᠢᠨ ︽ᠲᠠᠪᠤᠨ ᠨᠢᠭᠡᠳᠦᠯᠲᠡᠢ︾ ᠪᠠᠶᠢᠬᠤ | ᠶᠢ ᠪᠡᠶᠡᠯᠡᠭᠦᠯᠦᠨ᠎ᠡ᠃ ᠨᠡᠭᠦᠷᠡᠰᠦᠨ ᠤ ᠪᠤᠰᠤ ᠠᠭᠤᠷᠬᠠᠢ ᠶᠢ ᠨᠡᠶᠢᠳᠬᠡᠵᠦ ᠰᠢᠯᠭᠠᠨ ᠠᠪᠬᠤ ᠠᠵᠢᠯ ᠢ ᠴᠢᠩᠭᠠᠳᠬᠠᠨ᠂ | ᠰᠢᠯᠭᠠᠨ ᠠᠪᠬᠤ ᠶᠢ ᠳᠠᠮᠵᠢᠭᠰᠠᠨ ᠦᠭᠡᠢ ᠪᠣᠯ ᠦᠢᠯᠡᠳᠪᠦᠷᠢᠯᠡᠯ ᠬᠢᠵᠦ ᠪᠤᠯᠬᠤ ᠦᠭᠡᠢ᠃ | ︵ᠨᠠᠢᠮᠠ︶ ᠠᠭᠤᠷᠬᠠᠢ ᠶᠢᠨ ᠲᠠᠰ ᠳᠡᠪᠰᠢᠭᠦᠯᠦᠨ ᠥᠭᠡᠷᠡᠴᠢᠯᠡᠬᠦ ᠶᠢ ᠲᠦᠷᠭᠡᠳᠬᠡᠨ᠎ᠡ᠃ ᠳᠤᠮᠳᠠ ᠪᠠᠭ᠎ᠠ ᠭᠡᠯᠪᠡᠷᠢ | ᠶᠢᠨ ᠠᠭᠤᠷᠬᠠᠢ ᠶᠢ ᠮᠠᠰᠢᠨᠴᠢᠯᠠᠭᠤᠯᠤᠨ ᠳᠡᠰ ᠳᠡᠪᠰᠢᠭᠦᠯᠦᠨ ᠥᠭᠡᠷᠡᠴᠢᠯᠡᠬᠦ ᠪᠠ ᠲᠣᠮᠣ ᠭᠡᠯᠪᠡᠷᠢ ᠶᠢᠨ ᠠᠭᠤᠷᠬᠠᠢ ᠶᠢ | ᠠᠦ᠋ᠲ᠋ᠣᠴᠢᠯᠠᠬᠤ᠂ ᠣᠶᠤᠨᠴᠢᠯᠠᠬᠤ ᠳᠡᠰ ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠵᠤ᠂ ᠭᠠᠮᠰᠢᠭ ᠬᠦᠨᠳᠦ ᠨᠣᠴᠢᠲᠠᠢ | ᠠᠭᠤᠷᠬᠠᠢ ᠶᠢᠨ ᠣᠶᠤᠨᠴᠢᠯᠠᠬᠤ ᠪᠠᠶᠢᠭᠤᠯᠤᠯᠲᠠ ᠶᠢ ᠲᠦᠷᠭᠡᠳᠬᠡᠨ᠂ ᠣᠷᠣᠨ ᠪᠦᠰᠡ ᠶᠢᠨ ᠠᠦ᠋ᠲ᠋ᠣᠴᠢᠯᠠᠭᠰᠠᠨ᠂ | ᠣᠶᠤᠨᠴᠢᠯᠠᠭᠰᠠᠨ ᠬᠡᠪ ᠳᠠᠭᠤᠷᠢᠶᠠᠯᠲᠤ ᠠᠭᠤᠷᠬᠠᠢ ᠶᠢ ᠪᠤᠶ ᠪᠣᠯᠭᠠᠨ᠎ᠠ᠃ 2025 ᠣᠨ ᠤ ᠡᠴᠦᠰ ᠪᠤᠯᠬᠤ ᠳᠤ | ᠭᠠᠮᠰᠢᠭ ᠬᠦᠨᠳᠦ ᠨᠣᠴᠢᠲᠠᠢ ᠦᠢᠯᠡᠳᠪᠦᠷᠢᠯᠡᠯ ᠤᠨ ᠠᠭᠤᠷᠬᠠᠢ ᠶᠢᠨ ᠬᠤᠳᠳᠤᠭ ᠵᠢᠴᠢ ᠪᠤᠰᠤᠳ ᠨᠥᠬᠦᠴᠡᠯ ᠳᠤ | ᠨᠡᠶᠢᠴᠡᠬᠦ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠥᠭᠡᠷᠡᠴᠢᠯᠡᠯᠲᠡ ᠶᠢ ᠪᠡᠶᠡᠯᠡᠭᠦᠯᠦᠨ᠎ᠡ᠃ | ︵ᠶᠢᠰᠦ︶ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠬᠤ ᠴᠢᠳᠠᠪᠤᠷᠢ | ᠶᠢ ᠳᠡᠭᠡᠭᠰᠢᠯᠡᠭᠦᠯᠦᠨ᠎ᠡ᠃ ᠠᠭᠤᠷᠬᠠᠢ ᠶᠢᠨ ᠠᠮᠤᠷ ᠲᠦᠪᠰᠢᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠲᠤᠯᠭᠠᠭᠤᠷᠢᠯᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ | ᠤᠨ ᠬᠦᠷᠢᠶᠡᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠪᠣᠶᠢᠵᠢᠭᠤᠯᠤᠨ | ᠪᠠᠶᠢᠭᠤᠯᠵᠤ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠬᠠᠮᠢᠶ᠎ᠠ ᠪᠦᠬᠦᠢ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ | ᠪᠠ ᠰᠤᠳᠤᠯᠭᠠᠨ ᠤ ᠲᠥᠪ ᠪᠠᠶᠢᠭᠤᠯᠬᠤ ᠶᠢ ᠳᠡᠮᠵᠢᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ | ᠣᠨᠳᠣᠣᠰᠢᠭᠤᠯᠬᠤ ᠡᠷᠴᠢᠮ ᠢ ᠴᠢᠩᠭᠠᠷᠠᠭᠤᠯᠤᠨ᠎ᠠ᠃ ᠠᠭᠤᠷᠬᠠᠢ ᠶᠢᠨ ᠠᠮᠤᠷ ᠲᠦᠪᠰᠢᠨ ᠤ ᠬᠦᠷᠢᠶᠡᠨ ᠳᠠᠬᠢ ᠮᠡᠷᠭᠡᠵᠢᠯ | ᠤᠨ ᠪᠣᠭᠤᠮᠲᠠ ᠰᠢᠪᠲᠤᠯᠬᠤ ᠠᠵᠢᠯ ᠢ ᠴᠢᠩᠭᠠᠳᠬᠠᠨ᠎ᠠ᠃ ᠠᠭᠤᠷᠬᠠᠢ ᠶᠢᠨ ᠮᠡᠳᠡᠭᠡ ᠵᠠᠩᠭᠢᠴᠢᠯᠠᠭᠰᠠᠨ᠂ | ᠣᠶᠤᠨᠴᠢᠯᠠᠭᠰᠠᠨ ᠲᠣᠨᠤᠭ ᠲᠥᠬᠦᠭᠡᠷᠦᠮᠵᠢ ᠪᠠ ᠮᠠᠰᠢᠨ ᠬᠥᠮᠥᠨ ᠤ ᠬᠡᠷᠡᠭᠯᠡᠯᠲᠡ ᠶᠢ ᠠᠬᠢᠭᠤᠯᠵᠤ᠂ ᠰᠢᠨ᠎ᠡ ᠮᠡᠷᠭᠡᠵᠢᠯ᠂ | ᠰᠢᠨ᠎ᠡ ᠲᠣᠨᠤᠭ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠵᠡᠷᠭᠡ ᠶᠢᠨ ᠠᠭᠤᠷᠬᠠᠢ ᠶᠢᠨ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ᠂ ᠭᠡᠮ ᠰᠣᠭᠤᠭ ᠢ ᠴᠡᠭᠴᠡᠯᠡᠨ ᠵᠠᠰᠠᠬᠤ᠂ ᠭᠠᠢ ᠭᠠᠮᠰᠢᠭ ᠢ ᠵᠠᠰᠠᠬᠤ ᠵᠡᠷᠭᠡ ᠲᠠᠯ᠎ᠠ ᠶᠢᠨ ᠬᠡᠷᠡᠭᠯᠡᠭᠡᠨ ᠤ | ᠲᠦᠪᠰᠢᠨ ᠢ ᠳᠡᠭᠡᠭᠰᠢᠯᠡᠭᠦᠯᠦᠨ᠎ᠡ᠃ | ᠭᠤᠷᠪᠠ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ | ︵ᠠᠷᠪᠠ︶ ᠠᠭᠤᠷᠬᠠᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠦᠨ᠎ᠡ᠃ | ᠠᠭᠤᠷᠬᠠᠢ ᠶᠢᠨ ᠠᠵᠤ ᠠᠬᠤᠶᠢᠯᠠᠯ ᠠᠮᠤᠷ ᠲᠦᠪᠰᠢᠨ ᠤ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ | ᠪᠠ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠳᠠᠪᠬᠤᠷ ᠤᠷᠢᠳᠴᠢᠯᠠᠨ ᠰᠡᠷᠭᠡᠶᠢᠯᠡᠬᠦ ᠲᠣᠭᠲᠠᠴᠠ | ᠪᠠᠷ ᠭᠤᠣᠯ ᠪᠤᠯᠭᠠᠬᠰᠠᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ | ᠢ ᠪᠠᠶᠢᠭᠤᠯᠤᠨ ᠪᠦᠷᠢᠨᠰᠢᠭᠦᠯᠵᠦ᠂ ᠬᠠᠮᠢᠶᠠᠷᠤᠨ ᠡᠵᠡᠮᠳᠡᠬᠦ ᠭᠤᠣᠯᠳᠠᠯᠭ᠎ᠠ ᠶᠢ ᠲᠣᠭᠲᠠᠭᠠᠨ᠂ ᠬᠠᠮᠢᠶᠠᠷᠤᠨ ᠡᠵᠡᠮᠳᠡᠬᠦ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ | ᠬᠡᠷᠡᠭᠲᠡᠢ᠃ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠂ | ᠡᠯ᠎ᠡ ᠦᠢᠯᠡᠳᠪᠦᠷᠢᠯᠡᠯ ᠤᠨ ᠰᠢᠰᠲ᠋ᠧᠮ ᠪᠣᠯᠣᠨ ᠠᠵᠢᠯᠯᠠᠬᠤ ᠪᠠᠶᠢᠷᠢ ᠶᠢ ᠬᠠᠮᠤᠷᠤᠭᠰᠠᠨ ᠠᠳᠡᠯ ᠤᠨ ᠭᠡᠮ ᠰᠣᠭᠤᠭ ᠢ | ᠵᠢᠭᠰᠠᠭᠠᠨ ᠪᠠᠶᠢᠴᠠᠭᠠᠬᠤ ᠶᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠵᠦ᠂ ᠭᠡᠮ ᠰᠣᠭᠤᠭ ᠢ ᠴᠠᠭ ᠲᠤᠬᠠᠢ ᠳᠤᠨᠢ | ᠠᠷᠢᠯᠭᠠᠬᠤ ᠬᠡᠷᠡᠭᠲᠡᠢ᠃ ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ | ᠠᠭᠤᠷᠬᠠᠢ ᠶᠢᠨ ᠠᠵᠤ ᠠᠬᠤᠶᠢᠯᠠᠯ ᠤᠨ ᠪᠠᠷᠢᠮᠵᠢᠶᠠᠵᠢᠭᠤᠯᠤᠨ ᠪᠦᠲᠦᠭᠡᠨ ᠪᠠᠶᠢᠭᠤᠯᠤᠭᠰᠠᠨ ᠦᠷ᠎ᠡ ᠪᠦᠲᠦᠮᠵᠢ ᠶᠢ | ᠦᠨᠡᠯᠡᠨ ᠵᠢᠱᠢᠬᠦ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠬᠥᠳᠡᠯᠦᠩᠭᠦᠢ ᠬᠢᠨᠠᠨ ᠰᠢᠯᠭᠠᠬᠤ ᠲᠣᠭᠲᠠᠴᠠ ᠶᠢ | ᠪᠠᠶᠢᠭᠤᠯᠬᠤ ᠬᠡᠷᠡᠭᠲᠡᠢ᠃ ᠬᠡᠪ ᠤᠨ ᠶᠣᠰᠣᠭᠠᠷ ᠦᠢᠯᠡᠳᠪᠦᠷᠢᠯᠡᠵᠦ ᠪᠠᠶᠢᠭ᠎ᠠ ᠲᠣᠮᠣ ᠳᠤᠮᠳᠠ ᠭᠡᠯᠪᠡᠷᠢ ᠶᠢᠨ ᠠᠭᠤᠷᠬᠠᠢ᠂ | ᠲᠥᠪ ᠵᠢᠴᠢ ᠣᠷᠣᠨ ᠨᠤᠲᠤᠭ ᠤᠨ ᠤᠯᠤᠰ ᠤᠨ ᠥᠮᠴᠢᠯᠡᠯ ᠤᠨ ᠠᠭᠤᠷᠬᠠᠢ ᠶᠢ ᠬᠤᠶᠠᠳᠤᠭᠠᠷ ᠳᠡᠰ ᠵᠢᠴᠢ ᠲᠡᠭᠦᠨ | ᠠᠴᠠ ᠳᠡᠭᠡᠭᠰᠢᠬᠢ ᠪᠠᠷᠢᠮᠵᠢᠶᠠᠵᠢᠭᠤᠯᠤᠭᠰᠠᠨ ᠳᠡᠰ ᠲᠤ ᠬᠦᠷᠦᠭᠦᠯᠬᠦ ᠶᠢ ᠠᠬᠢᠭᠤᠯᠵᠤ᠂ ᠨᠢᠭᠡᠳᠦᠭᠡᠷ ᠳᠡᠰ᠂ ᠬᠤᠶᠠᠳᠤᠭᠠᠷ | ᠳᠡᠰ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢ ᠪᠠᠷᠢᠮᠵᠢᠶ᠎ᠠ ᠳᠤ ᠬᠦᠷᠦᠭᠦᠯᠬᠦ ᠶᠢ ᠬᠠᠷᠠᠭᠠᠯᠵᠠᠯ | ᠤᠨ ᠲᠥᠷᠥ ᠶᠢᠨ ᠪᠣᠳᠣᠯᠭ᠎ᠠ ᠯᠤᠭ᠎ᠠ ᠬᠤᠯᠪᠣᠭᠳᠠᠭᠤᠯᠬᠤ ᠠᠵᠢᠯ ᠢ ᠠᠬᠢᠭᠤᠯᠤᠨ᠎ᠠ᠃ | ︵ᠠᠷᠪᠠᠨ ᠨᠢᠭᠡ︶ ᠭᠡᠮ ᠰᠣᠭᠤᠭ ᠤᠨ ᠠᠰᠠᠭᠤᠳᠠᠯ ᠢ ᠮᠥᠷᠳᠡᠨ ᠴᠡᠭᠴᠡᠯᠡᠨ ᠰᠠᠶᠢᠵᠢᠷᠠᠭᠤᠯᠬᠤ ᠶᠢ ᠴᠢᠩᠳᠠᠯᠠᠨ᠎ᠠ᠃ | ᠠᠭᠤᠷᠬᠠᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠦᠨᠳᠦ ᠶᠡᠭᠡ ᠠᠳᠡᠯ ᠤᠨ | ᠭᠡᠮ ᠰᠣᠭᠤᠭ ᠢ ᠵᠠᠰᠠᠬᠤ ᠶᠢ ᠱᠠᠯᠠᠪᠳᠠᠭᠤᠯᠤᠨ ᠭᠦᠢᠴᠡᠳᠬᠡᠭᠦᠯᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠠᠭᠤᠷᠬᠠᠢ ᠶᠢᠨ ᠠᠵᠤ ᠠᠬᠤᠶᠢᠯᠠᠯ ᠤᠨ ᠴᠡᠭᠴᠡᠯᠡᠨ ᠰᠠᠶᠢᠵᠢᠷᠠᠭᠤᠯᠬᠤ ᠶᠠᠪᠤᠴᠠ ᠳᠤ ᠠᠮᠤᠷ ᠲᠦᠪᠰᠢᠨ ᠢ ᠪᠠᠲᠤᠯᠠᠬᠤ | ᠶᠢᠨ ᠠᠷᠭ᠎ᠠ ᠦᠭᠡᠢ ᠶᠢ ᠨᠢ ᠬᠠᠤᠯᠢ ᠲᠣᠭᠲᠠᠭᠠᠯ ᠶᠣᠰᠣᠭᠠᠷ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠠᠵᠢᠯ ᠢ ᠨᠢ | ᠵᠣᠭᠰᠤᠭᠠᠬᠤ ᠪᠤᠶᠤ ᠬᠡᠷᠡᠭᠯᠡᠬᠦ ᠶᠢ ᠨᠢ ᠵᠣᠭᠰᠤᠭᠠᠬᠤ ᠬᠡᠷᠡᠭᠲᠡᠢ᠃ ᠠᠳᠠᠯᠢ ᠲᠥᠷᠥᠯ ᠤᠨ ᠬᠦᠨᠳᠦ ᠶᠡᠭᠡ ᠠᠳᠡᠯ ᠤᠨ | ᠭᠡᠮ ᠰᠣᠭᠤᠭ ᠳᠠᠭᠢᠨ ᠳᠠᠪᠲᠠᠨ ᠭᠠᠷᠤᠭᠰᠠᠨ᠂ ᠪᠠᠶᠢᠨ ᠳᠠᠭᠢᠨ ᠠᠯᠳᠠᠭ᠎ᠠ ᠭᠠᠷᠭᠠᠭᠰᠠᠨ᠂ ᠴᠢᠨᠠᠭᠰᠢᠯᠠᠪᠠᠯ ᠴᠡᠭᠴᠡᠯᠡᠨ | ᠰᠠᠶᠢᠵᠢᠷᠠᠭᠤᠯᠬᠤ ᠶᠠᠪᠤᠴᠠ ᠳᠤ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠠᠭᠤᠷᠬᠠᠢ ᠶᠢᠨ ᠠᠵᠤ ᠠᠬᠤᠶᠢᠯᠠᠯ ᠢ | ᠬᠠᠤᠯᠢ ᠶᠣᠰᠣᠭᠠᠷ ᠬᠦᠨᠳᠦ ᠪᠠᠷ ᠰᠢᠢᠳᠬᠡᠨ ᠲᠣᠷᠭᠠᠬᠤ ᠶᠢᠨ ᠬᠠᠮᠲᠤ ᠠᠵᠤ ᠠᠬᠤᠶᠢᠯᠠᠯ ᠤᠨ ᠭᠤᠣᠯ | ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠭᠡᠷᠡᠭᠲᠡᠶ;ᠳᠡᠭᠡᠳᠦ ᠱᠠᠲᠤᠨ ᠤ ᠺᠤᠮᠫᠠᠨᠢ ᠪᠠᠶᠢᠪᠠᠯ᠂ | ᠳᠡᠭᠡᠳᠦ ᠱᠠᠲᠤᠨ ᠤ ᠺᠤᠮᠫᠠᠨᠢ ᠶᠢᠨ ᠭᠤᠣᠯ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ ᠭᠡᠳᠡᠷᠭᠦ | ᠪᠠᠶᠢᠴᠠᠭᠠᠬᠤ ᠬᠡᠷᠡᠭᠲᠡᠢ᠃ | ︵ᠠᠷᠪᠠᠨ ᠬᠤᠶᠠᠷ︶ ᠬᠦᠨᠳᠦ ᠶᠡᠭᠡ ᠭᠠᠮᠰᠢᠭ ᠤᠨ ᠵᠠᠰᠠᠯᠲᠠ ᠶᠢ ᠴᠢᠩᠭᠠᠳᠬᠠᠨ᠎ᠠ᠃ ᠠᠭᠤᠷᠬᠠᠢ ᠶᠢᠨ ᠠᠵᠤ | ᠠᠬᠤᠶᠢᠯᠠᠯ ᠡᠷᠬᠡᠪᠰᠢ ᠲᠣᠭᠲᠠᠭᠠᠯ ᠶᠣᠰᠣᠭᠠᠷ ᠥᠷᠥᠮᠳᠡᠨ ᠬᠠᠶᠢᠬᠤ᠂ ᠹᠢᠽᠢᠺ ᠤᠨ ᠬᠠᠶᠢᠯᠲᠠ ᠬᠢᠬᠦ᠂ ᠬᠢᠮᠢ ᠶᠢᠨ | ᠬᠠᠶᠢᠯᠲᠠ ᠬᠢᠬᠦ ᠵᠡᠷᠭᠡ ᠠᠷᠭ᠎ᠠ ᠪᠠᠷ ᠬᠠᠷᠢᠯᠴᠠᠨ ᠰᠢᠯᠭᠠᠨ ᠪᠠᠲᠤᠯᠠᠵᠤ᠂ ᠭᠠᠮᠰᠢᠭ ᠡᠭᠦᠰᠬᠡᠬᠦ ᠲᠡᠯᠳᠠ ᠬᠦᠴᠦᠨ ᠵᠦᠢᠯ ᠢ | ᠪᠠᠶᠢᠴᠠᠭᠠᠨ ᠲᠣᠳᠣᠯᠠᠬᠤ ᠶᠢᠨ ᠬᠠᠮᠲᠤ ᠪᠦᠲᠦᠮᠵᠢᠲᠡᠢ ᠠᠷᠭ᠎ᠠ ᠬᠡᠮᠵᠢᠶ᠎ᠡ ᠠᠪᠤᠭᠰᠠᠨ ᠤ ᠲᠡᠷᠠᠭ᠎ᠠ ᠰᠠᠶ᠋ᠢ ᠮᠠᠯᠲᠠᠬᠤ | ᠠᠵᠢᠯ ᠢ ᠬᠢᠵᠦ ᠪᠣᠯᠣᠨ᠎ᠠ᠃ ᠭᠠᠮᠰᠢᠭ ᠡᠭᠦᠰᠦᠭᠰᠡᠨ ᠠᠭᠤᠷᠬᠠᠢ ᠶᠢ ᠬᠢᠨᠠᠨ ᠲᠣᠭᠲᠠᠭᠠᠬᠤ ᠶᠣᠰᠣᠲᠠᠢ ᠶᠢ ᠨᠢ ᠬᠢᠨᠠᠨ | ᠲᠣᠭᠲᠠᠭᠠᠭᠰᠠᠨ ᠦᠭᠡᠢ᠂ ᠨᠡᠷᠡᠶᠢᠳᠬᠦ ᠶᠣᠰᠣᠲᠠᠢ ᠶᠢ ᠨᠢ ᠨᠡᠷᠡᠶᠢᠳᠦᠭᠰᠡᠨ ᠦᠭᠡᠢ᠂ ᠭᠠᠮᠰᠢᠭ ᠤᠨ ᠳᠡᠰ ᠢᠶᠠᠷ | ᠰᠡᠷᠭᠡᠶᠢᠯᠡᠯᠲᠡ ᠬᠢᠭᠰᠡᠨ ᠦᠭᠡᠢ ᠪᠤᠶᠤ ᠬᠢᠨᠠᠨ ᠲᠣᠭᠲᠠᠭᠠᠬᠤ ᠳᠠᠭᠠᠨ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ | ᠪᠠᠶᠢᠪᠠᠯ ᠬᠠᠤᠯᠢ ᠲᠣᠭᠲᠠᠭᠠᠯ ᠶᠣᠰᠣᠭᠠᠷ ᠲᠡᠷᠡ ᠳᠠᠷᠤᠢ ᠳᠤᠨᠢ ᠦᠢᠯᠡᠳᠪᠦᠷᠢᠯᠡᠯ ᠢᠶᠠᠨ ᠵᠣᠭᠰᠤᠭᠠᠬᠤ ᠶᠢ ᠵᠠᠷᠯᠢᠭᠳᠠᠨ᠂ | ᠳᠠᠯᠳᠠ ᠠᠶᠤᠯ ᠲᠦᠭᠰᠢᠭᠦᠷᠢ ᠶᠢ ᠠᠷᠢᠯᠭᠠᠨ᠎ᠠ᠃ | ︵ᠠᠷᠪᠠᠨ ᠭᠤᠷᠪᠠ︶ ᠲᠥᠬᠦᠭᠡᠷᠦᠮᠵᠢ ᠶᠢᠨ ᠠᠶᠤᠯᠭᠦᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠠᠭᠤᠷᠬᠠᠢ | ᠶᠢᠨ ᠲᠥᠬᠦᠭᠡᠷᠦᠮᠵᠢ ᠶᠢᠨ ᠠᠶᠤᠯᠭᠦᠢ ᠶᠢᠨ ᠪᠠᠶᠢᠴᠠᠭᠠᠯᠲᠠ ᠶᠢ ᠴᠢᠩᠭᠠᠷᠠᠭᠤᠯᠵᠤ᠂ ᠬᠤᠴᠤᠷᠤᠩᠭᠤᠢ ᠮᠡᠷᠭᠡᠵᠢᠯ ᠪᠣᠯᠣᠨ | ᠲᠥᠬᠦᠭᠡᠷᠦᠮᠵᠢ ᠶᠢ ᠬᠠᠤᠯᠢ ᠪᠤᠰᠤ ᠪᠠᠷ ᠬᠡᠷᠡᠭᠯᠡᠵᠦ ᠪᠠᠶᠢᠬᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠨ᠎ᠡ᠃ ᠠᠭᠤᠷᠬᠠᠢ ᠳᠤ ᠬᠡᠷᠡᠭᠯᠡᠬᠦ ᠠᠶᠤᠯᠭᠦᠢ ᠶᠢᠨ ᠲᠥᠬᠦᠭᠡᠷᠦᠮᠵᠢ ᠶᠢᠨ ᠪᠦᠭᠦ ᠠᠮᠢ ᠨᠠᠰᠤᠨ ᠤ ᠦᠶᠡᠯᠡᠯ | ᠤᠨ ᠬᠤᠭᠤᠴᠠᠭᠠᠨ ᠤ ᠣᠶᠤᠨᠴᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ | ᠠᠭᠤᠷᠬᠠᠢ ᠳᠤ ᠬᠡᠷᠡᠭᠯᠡᠬᠦ ᠲᠥᠬᠦᠭᠡᠷᠦᠮᠵᠢ ᠶᠢᠨ ᠠᠶᠤᠯᠭᠦᠢ ᠶᠢᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ | ᠨᠠᠶᠢᠳᠠᠪᠤᠷᠢᠵᠢᠭᠤᠯᠤᠨ᠎ᠠ᠃ | ︵ᠠᠷᠪᠠᠨ ᠳᠥᠷᠪᠡ︶ ᠠᠭᠤᠷᠬᠠᠢ ᠶᠢ ᠭᠠᠳᠠᠭᠰᠢ ᠳᠠᠭᠠᠭᠠᠴᠢᠯᠠᠭᠤᠯᠬᠤ ᠬᠠᠮᠢᠶᠠᠷᠤᠯᠲᠠ ᠶᠢ ᠵᠢᠷᠤᠮᠵᠢᠭᠤᠯᠤᠨ᠎ᠠ᠃ | ᠠᠭᠤᠷᠬᠠᠢ ᠶᠢᠨ ᠠᠵᠤ ᠠᠬᠤᠶᠢᠯᠠᠯ ᠳᠠᠭᠠᠭᠠᠴᠢᠯᠠᠭᠤᠯᠤᠭᠰᠠᠨ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠢ | ᠨᠢᠭᠡᠳᠦᠯᠲᠡᠢ ᠬᠠᠮᠢᠶᠠᠷᠴᠤ᠂ ᠵᠠᠳᠠᠭᠠᠢ ᠨᠡᠭᠦᠷᠡᠰᠦᠨ ᠠᠭᠤᠷᠬᠠᠢ ᠶᠢᠨ ᠨᠡᠭᠦᠷᠡᠰᠦ ᠮᠠᠯᠲᠠᠬᠤ ᠠᠵᠢᠯ ᠪᠣᠯᠣᠨ ᠠᠭᠤᠷᠬᠠᠢ | ᠶᠢᠨ ᠬᠤᠳᠳᠤᠭ ᠤᠨ ᠨᠡᠭᠦᠷᠡᠰᠦ ᠮᠠᠯᠲᠠᠬᠤ ᠠᠵᠢᠯᠯᠠᠭᠠᠨ ᠤ ᠲᠠᠯᠠᠪᠤᠷ ᠬᠢᠭᠡᠳ ᠬᠤᠳᠳᠤᠭ ᠤᠨ ᠵᠠᠮ ᠢ ᠰᠡᠯᠪᠢᠨ | ᠵᠠᠰᠠᠬᠤ ᠠᠵᠢᠯ ᠢ ᠭᠠᠳᠠᠭᠰᠢ ᠳᠠᠭᠠᠭᠠᠴᠢᠯᠠᠭᠤᠯᠵᠤ ᠪᠤᠯᠬᠤ ᠦᠭᠡᠢ᠃ ᠠᠭᠤᠷᠬᠠᠢ ᠶᠢᠨ ᠠᠶᠤᠯᠭᠦᠢ ᠶᠢᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠷᠢ ᠭᠡᠮ ᠦᠭᠡᠢ ᠨᠢᠭᠡᠴᠢ ᠳᠤ ᠳᠠᠭᠠᠭᠠᠴᠢᠯᠠᠭᠤᠯᠬᠤ᠂ ᠬᠠᠤᠯᠢ ᠪᠤᠰᠤ ᠪᠠᠷ | ᠰᠢᠯᠵᠢᠭᠦᠯᠦᠨ ᠳᠠᠭᠠᠭᠠᠴᠢᠯᠠᠭᠤᠯᠬᠤ᠂ ᠬᠠᠤᠯᠢ ᠠᠴᠠ ᠵᠥᠷᠢᠴᠡᠨ ᠬᠤᠪᠢᠶᠠᠨ ᠳᠠᠭᠠᠭᠠᠴᠢᠯᠠᠭᠤᠯᠬᠤ᠂ ᠳᠠᠭᠠᠭᠠᠴᠢᠯᠠᠭᠤᠯᠬᠤ | ᠪᠠᠷ ᠬᠠᠮᠢᠶᠠᠷᠬᠤ ᠶᠢ ᠣᠷᠣᠯᠠᠭᠤᠯᠬᠤ᠂ ᠬᠢᠷᠢ ᠭᠡᠮ ᠵᠢᠭᠡᠯᠡᠵᠦ ᠬᠡᠷᠡᠭᠯᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ︵ᠠᠷᠪᠠᠨ ᠲᠠᠪᠤ︶ ᠦᠢᠯᠡᠳᠪᠦᠷᠢᠯᠡᠯ ᠢᠶᠠᠨ ᠵᠣᠭᠰᠣᠭᠠᠭᠰᠠᠨ ᠠᠭᠤᠷᠬᠠᠢ ᠶᠢᠨ ᠠᠶᠤᠯᠭᠦᠢ ᠶᠢᠨ ᠬᠠᠮᠢᠶᠠᠷᠤᠯᠲᠠ ᠶᠢ | ᠴᠢᠩᠭᠠᠳᠬᠠᠨ᠎ᠠ᠃ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ | ᠦᠢᠯᠡᠳᠪᠦᠷᠢᠯᠡᠯ ᠢᠶᠠᠨ ᠵᠣᠭᠰᠣᠭᠠᠵᠤ ᠴᠡᠭᠴᠡᠯᠡᠨ ᠰᠠᠶᠢᠵᠢᠷᠠᠭᠤᠯᠤᠭᠰᠠᠨ ᠨᠡᠭᠦᠷᠡᠰᠦᠨ ᠠᠭᠤᠷᠬᠠᠢ ᠶᠢ ᠬᠠᠷᠠᠵᠤ ᠰᠠᠬᠢᠬᠤ | ᠶᠢ ᠬᠡᠷᠡᠭᠵᠢᠭᠦᠯᠵᠦ᠂ ᠦᠢᠯᠡᠳᠪᠦᠷᠢᠯᠡᠯ ᠢᠶᠠᠨ ᠵᠣᠭᠰᠣᠭᠠᠭᠰᠠᠨ ᠪᠤᠰᠤᠳ ᠠᠭᠤᠷᠬᠠᠢ ᠳᠤ ᠬᠠᠷᠠᠵᠤ ᠰᠠᠬᠢᠬᠤ ᠪᠤᠶᠤ | ᠲᠣᠭᠤᠷᠢᠨ ᠪᠠᠶᠢᠴᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠠᠭᠤᠷᠬᠠᠢ ᠶᠢᠨ ᠠᠵᠤ ᠠᠬᠤᠶᠢᠯᠠᠯ | ᠦᠢᠯᠡᠳᠪᠦᠷᠢᠯᠡᠯ ᠢᠶᠠᠨ ᠵᠣᠭᠰᠣᠭᠠᠵᠤ ᠪᠦᠲᠦᠭᠡᠨ ᠪᠠᠶᠢᠭᠤᠯᠬᠤ ᠪᠠᠨ ᠵᠣᠭᠰᠣᠭᠠᠭᠰᠠᠨ ᠬᠤᠭᠤᠴᠠᠭᠠᠨ ᠳᠤ ᠠᠵᠢᠯᠲᠠᠨ ᠤ | ᠬᠤᠳᠳᠤᠭ ᠲᠤ ᠣᠷᠣᠬᠤ ᠬᠠᠮᠢᠶᠠᠷᠤᠯᠲᠠ ᠶᠢ ᠴᠢᠩᠳᠠᠯᠠᠵᠤ᠂ ᠲᠥᠬᠦᠭᠡᠷᠦᠮᠵᠢ ᠶᠢ ᠲᠣᠬᠢᠷᠠᠭᠤᠯᠤᠨ ᠲᠤᠷᠰᠢᠬᠤ᠂ | ᠪᠠᠶᠢᠴᠠᠭᠠᠨ ᠵᠠᠰᠠᠬᠤ ᠪᠠ ᠲᠥᠬᠦᠭᠡᠷᠦᠮᠵᠢ ᠶᠢ ᠰᠡᠯᠪᠢᠨ ᠵᠠᠰᠠᠬᠤ ᠵᠡᠷᠭᠡ ᠪᠠᠷ ᠰᠢᠯᠲᠠᠭ ᠪᠣᠯᠭᠠᠨ ᠪᠦᠲᠦᠭᠡᠨ ᠪᠠᠶᠢᠭᠤᠯᠵᠤ | ᠦᠢᠯᠡᠳᠪᠦᠷᠢᠯᠡᠬᠦ ᠶᠢ ᠴᠢᠩᠭ᠎ᠠ ᠴᠠᠭᠠᠵᠠᠯᠠᠨ᠎ᠠ᠃ | ︵ᠠᠷᠪᠠᠨ ᠵᠢᠷᠭᠤᠭ᠎ᠠ︶ ᠦᠢᠯᠡᠳᠪᠦᠷᠢᠯᠡᠯ ᠢᠶᠠᠨ ᠰᠡᠷᠭᠦᠭᠡᠬᠦ ᠠᠶᠤᠯᠭᠦᠢ ᠶᠢᠨ ᠨᠥᠬᠦᠴᠡᠯ ᠢ ᠳᠠᠭᠢᠨ ᠬᠢᠨᠠᠬᠤ ᠶᠢ | ᠴᠢᠩᠭᠠᠳᠬᠠᠨ᠎ᠠ᠃ ᠦᠢᠯᠡᠳᠪᠦᠷᠢᠯᠡᠯ ᠢᠶᠠᠨ ᠰᠡᠷᠭᠦᠭᠡᠬᠦ ᠠᠴᠠ ᠡᠮᠦᠨ᠎ᠡ ᠠᠭᠤᠷᠬᠠᠢ ᠶᠢᠨ ᠠᠵᠤ ᠠᠬᠤᠶᠢᠯᠠᠯ ᠤᠨ ᠭᠤᠣᠯ | ᠬᠠᠷᠢᠭᠤᠴᠠᠯᠭᠠᠲᠠᠨ ᠦᠢᠯᠡᠳᠪᠦᠷᠢᠯᠡᠯ ᠢᠶᠠᠨ ᠰᠡᠷᠭᠦᠭᠡᠬᠦ ᠲᠥᠰᠥᠯ ᠢ ᠵᠣᠬᠢᠶᠠᠨ ᠪᠠᠶᠢᠭᠤᠯᠤᠨ ᠲᠣᠭᠲᠠᠭᠠᠵᠤ᠂ ᠪᠦᠭᠦ | ᠠᠵᠢᠯᠲᠠᠨ ᠤ ᠠᠶᠤᠯᠭᠦᠢ ᠶᠢᠨ ᠬᠥᠮᠦᠵᠢᠯ ᠪᠣᠯᠪᠠᠰᠤᠷᠠᠯ ᠬᠢᠵᠦ᠂ ᠠᠶᠤᠯᠭᠦᠢ ᠶᠢᠨ ᠪᠦᠭᠦ ᠲᠠᠯ᠎ᠠ ᠶᠢᠨ ᠪᠠᠶᠢᠴᠠᠭᠠᠯᠲᠠ ᠶᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠠᠭᠤᠷᠬᠠᠢ ᠶᠢᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠳ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠬᠤ ᠪᠠᠨ ᠴᠢᠩᠭᠠᠳᠬᠠᠵᠤ᠂ ᠠᠶᠤᠯᠭᠦᠢ | ᠦᠢᠯᠡᠳᠪᠦᠷᠢᠯᠡᠬᠦ ᠨᠥᠬᠦᠴᠡᠯ ᠳᠤ ᠨᠡᠶᠢᠴᠡᠬᠦ ᠦᠭᠡᠢ ᠪᠤᠶᠤ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠢ ᠬᠠᠤᠯᠢ | ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ︵ᠠᠷᠪᠠᠨ ᠳᠣᠯᠤᠭ᠎ᠠ︶ ᠠᠶᠤᠯ ᠲᠦᠭᠰᠢᠭᠦᠷᠢ ᠶᠢ ᠬᠢᠨᠠᠨ ᠬᠡᠮᠵᠢᠵᠦ ᠰᠡᠷᠡᠮᠵᠢᠯᠡᠭᠦᠯᠦᠨ ᠰᠢᠢᠳᠪᠦᠷᠢᠯᠡᠬᠦ ᠴᠢᠳᠠᠪᠤᠷᠢ | ᠶᠢ ᠳᠡᠭᠡᠭᠰᠢᠯᠡᠭᠦᠯᠦᠨ᠎ᠡ᠃ ᠠᠭᠤᠷᠬᠠᠢ ᠶᠢᠨ ᠣᠯᠠᠨ ᠵᠦᠢᠯ ᠤᠨ ᠭᠠᠮᠰᠢᠭ ᠪᠣᠯᠣᠨ ᠭᠠᠮᠰᠢᠭ ᠤᠨ ᠬᠡᠯᠬᠢᠶ᠎ᠡ ᠶᠢ | ᠶᠡᠷᠦᠩᠬᠡᠶᠢᠯᠡᠨ ᠬᠢᠨᠠᠨ ᠬᠡᠮᠵᠢᠬᠦ᠂ ᠠᠶᠤᠯ ᠲᠦᠭᠰᠢᠭᠦᠷᠢ ᠶᠢ ᠡᠷᠲᠡ ᠢᠯᠭᠠᠨ ᠲᠠᠨᠢᠬᠤ ᠪᠠ ᠰᠡᠷᠡᠮᠵᠢᠯᠡᠭᠦᠯᠦᠨ | ᠤᠷᠢᠳᠴᠢᠯᠠᠨ ᠮᠡᠳᠡᠭᠡᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠭᠠᠮᠰᠢᠭ ᠤᠨ ᠴᠢᠨᠠᠷᠲᠠᠢ ᠴᠠᠭ | ᠠᠭᠤᠷ ᠢ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠦᠶ᠎ᠡ ᠳᠤ᠂ ᠠᠭᠤᠷᠬᠠᠢ ᠶᠢᠨ ᠠᠶᠤᠯᠭᠦᠢ ᠶᠢᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠭᠤᠷᠬᠠᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ | ᠵᠣᠭᠰᠣᠭᠠᠵᠤ ᠬᠥᠮᠥᠨ ᠢᠶᠠᠨ ᠲᠠᠲᠠᠭᠰᠠᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠢᠨᠠᠯᠲᠠ | ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠭᠰᠠᠨ ᠨᠢ ᠬᠦᠴᠦᠲᠡᠢ ᠪᠢᠰᠢ ᠪᠣᠯ ᠠᠵᠤ | ᠠᠬᠤᠶᠢᠯᠠᠯ ᠬᠢᠭᠡᠳ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ | ᠨᠡᠬᠡᠮᠵᠢᠯᠡᠨ᠎ᠡ᠃ | ᠳᠥᠷᠪᠡ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ᠎ᠠ | ︵ᠠᠷᠪᠠᠨ ᠨᠠᠢᠮᠠ︶ ᠭᠤᠣᠯ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠠᠭᠤᠷᠬᠠᠢ | ᠶᠢᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠰᠠᠷ᠎ᠠ ᠪᠦᠷᠢ ᠬᠦᠨᠳᠦ ᠶᠡᠭᠡ ᠠᠳᠡᠯ ᠤᠨ ᠳᠠᠯᠳᠠ ᠠᠶᠤᠯ | ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠰᠠᠬᠤ | ᠮᠡᠳᠡᠭᠦᠯᠦᠯᠲᠡ ᠳᠤ ᠭᠠᠷ ᠤᠨ ᠦᠰᠦᠭ ᠵᠢᠷᠤᠵᠤ ᠪᠠᠶᠢᠴᠠᠭᠠᠬᠤ ᠳᠤ ᠪᠡᠯᠡᠳᠬᠡᠨ᠎ᠡ᠃ ᠭᠠᠵᠠᠷ ᠳᠣᠣᠷᠠᠬᠢ ᠠᠭᠤᠷᠬᠠᠢ ᠶᠢᠨ | ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠤ ᠰᠠᠷ᠎ᠠ ᠪᠦᠷᠢ ᠡᠭᠡᠯᠵᠢ ᠳᠠᠭᠠᠭᠤᠯᠤᠨ ᠬᠤᠳᠳᠤᠭ ᠲᠤ ᠪᠠᠭᠤᠬᠤ | ᠬᠤᠭᠤᠴᠠᠭ᠎ᠠ ᠶᠢ 5 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠤᠯᠬᠤ ᠦᠭᠡᠢ᠃ ᠠᠭᠤᠷᠬᠠᠢ ᠶᠢᠨ ᠠᠵᠤ | ᠠᠬᠤᠶᠢᠯᠠᠯ ᠤᠨ ᠪᠣᠳᠠᠲᠠᠢ ᠡᠵᠡᠮᠳᠡᠭᠴᠢ ᠶᠢᠨ ᠰᠠᠷ᠎ᠠ ᠪᠦᠷᠢ ᠶᠢᠨ ᠦᠢᠯᠡᠳᠪᠦᠷᠢᠯᠡᠯ ᠤᠨ ᠲᠤᠬᠠᠢ ᠶᠢᠨ ᠭᠠᠵᠠᠷ ᠲᠤ | ᠠᠶᠤᠯᠭᠦᠢ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠭᠦᠢᠴᠡᠳᠬᠡᠬᠦ ᠬᠤᠭᠤᠴᠠᠭ᠎ᠠ ᠶᠢ 10 ᠠᠵᠢᠯᠯᠠᠬᠤ ᠡᠳᠦᠷ | ᠠᠴᠠ ᠳᠤᠲᠠᠭᠤ ᠪᠠᠶᠢᠯᠭᠠᠵᠤ ᠪᠤᠯᠬᠤ ᠦᠭᠡᠢ᠃ ᠬᠠᠮᠢᠶᠠᠷᠤᠯᠲᠠ ᠶᠢᠨ ᠱᠠᠲᠤ ᠳᠠᠪᠬᠤᠷᠭ᠎ᠠ ᠶᠢ ᠵᠣᠷᠢᠭᠤᠳᠠ | ᠨᠡᠮᠡᠭᠳᠡᠭᠦᠯᠵᠦ᠂ ᠱᠠᠲᠤ ᠱᠠᠲᠤ ᠪᠠᠷ ᠬᠠᠷᠢᠭᠤᠴᠠᠯᠭ᠎ᠠ ᠲᠤᠯᠭᠠᠵᠤ᠂ ᠬᠠᠷᠢᠭᠤᠴᠠᠯᠭ᠎ᠠ ᠨᠡᠬᠡᠮᠵᠢᠯᠡᠬᠦ ︽ᠰᠡᠷᠭᠡᠶᠢᠯᠡᠯᠲᠡ ᠶᠢᠨ | ᠬᠡᠷᠡᠮ︾ ᠪᠣᠰᠬᠠᠵᠤ᠂ ᠬᠦᠨᠳᠦ ᠶᠡᠭᠡ ᠠᠳᠡᠯ ᠭᠠᠷᠤᠭᠰᠠᠨ ᠪᠣᠯ ᠠᠭᠤᠷᠬᠠᠢ ᠳᠤ ᠬᠤᠯᠪᠣᠭᠳᠠᠭᠰᠠᠨ ᠠᠵᠤ ᠠᠬᠤᠶᠢᠯᠠᠯ ᠤᠨ | ᠪᠦᠯᠦᠭᠯᠡᠯ ᠤᠨ ᠶᠡᠷᠦᠩᠬᠡᠢ ᠬᠡᠯᠲᠡᠰ ᠤᠨ ᠬᠠᠮᠢᠶ᠎ᠠ ᠪᠦᠬᠦᠢ ᠬᠥᠮᠥᠰ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ | ᠰᠢᠭᠤᠳ ᠨᠡᠬᠡᠮᠵᠢᠯᠡᠨ᠎ᠡ᠃ | ︵ᠠᠷᠪᠠ ᠶᠢᠰᠦ︶ ᠠᠶᠤᠯᠭᠦᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠦᠷᠢᠨᠰᠢᠭᠦᠯᠦᠨ᠎ᠡ᠃ ᠬᠦᠨᠳᠦ | ᠨᠣᠴᠢᠲᠠᠢ ᠭᠠᠮᠰᠢᠭ ᠡᠭᠦᠰᠦᠭᠰᠡᠨ ᠠᠭᠤᠷᠬᠠᠢ ᠳᠤ ᠱᠠᠭᠠᠷᠳᠠᠯᠭ᠎ᠠ ᠶᠣᠰᠣᠭᠠᠷ ᠭᠠᠮᠰᠢᠭ ᠢ ᠵᠠᠰᠠᠬᠤ ᠲᠤᠰᠬᠠᠢ ᠲᠤᠰᠢᠶᠠᠯ | ᠤᠨ ᠤᠳᠤᠷᠢᠳᠬᠤ ᠠᠵᠢᠯᠲᠠᠨ᠂ ᠲᠤᠰᠬᠠᠢ ᠪᠠᠶᠢᠭᠤᠯᠤᠮᠵᠢ᠂ ᠲᠤᠰᠬᠠᠢ ᠮᠡᠷᠭᠡᠵᠢᠯ ᠤᠨ ᠠᠵᠢᠯᠲᠠᠨ ᠲᠣᠬᠢᠷᠠᠭᠤᠯᠤᠨ᠎ᠠ᠃ | ᠪᠠᠷᠢᠯᠭ᠎ᠠ ᠶᠢᠨ ᠭᠠᠵᠠᠷ ᠰᠢᠨᠵᠢᠯᠡᠭᠡᠨ ᠤ ᠲᠥᠷᠥᠯ ᠭᠡᠯᠪᠡᠷᠢ ᠨᠢ ᠪᠤᠳᠤᠯᠢᠶᠠᠨᠲᠠᠢ᠂ ᠬᠦᠨᠳᠦ ᠨᠣᠴᠢᠲᠠᠢ ᠭᠠᠵᠠᠷ ᠤᠨ | ᠳᠠᠷᠤᠯᠲᠠ ᠶᠢᠨ ᠠᠵᠢᠯᠯᠠᠭ᠎ᠠ ᠲᠠᠢ ᠲᠡᠮᠦᠷᠯᠢᠭ ᠪᠠ ᠲᠡᠮᠦᠷᠯᠢᠭ ᠪᠤᠰᠤ ᠭᠠᠵᠠᠷ ᠳᠣᠣᠷᠠᠬᠢ ᠠᠭᠤᠷᠬᠠᠢ ᠳᠤ ᠲᠤᠰᠬᠠᠢ | ᠪᠠᠶᠢᠭᠤᠯᠤᠮᠵᠢ ᠪᠠᠶᠢᠭᠤᠯᠵᠤ᠂ ᠲᠤᠰᠬᠠᠢ ᠠᠵᠢᠯᠲᠠᠨ ᠢᠶᠠᠷ ᠭᠠᠵᠠᠷ ᠤᠨ ᠳᠠᠷᠤᠯᠲᠠ ᠶᠢᠨ ᠰᠡᠷᠭᠡᠶᠢᠯᠡᠨ ᠵᠠᠰᠠᠬᠤ ᠠᠵᠢᠯ ᠢ | ᠬᠠᠷᠢᠭᠤᠴᠠᠭᠤᠯᠤᠨ᠎ᠠ᠃ ᠤᠰᠤᠨ ᠤ ᠭᠠᠵᠠᠷ ᠰᠢᠨᠵᠢᠯᠡᠭᠡᠨ ᠤ ᠲᠥᠷᠥᠯ ᠵᠦᠢᠯ ᠨᠢ ᠳᠤᠮᠳᠠ ᠵᠡᠷᠭᠡ ᠵᠢᠴᠢ ᠲᠡᠭᠦᠨ ᠠᠴᠠ | ᠳᠡᠭᠡᠭᠰᠢᠬᠢ ᠲᠡᠮᠦᠷᠯᠢᠭ ᠪᠠ ᠲᠡᠮᠦᠷᠯᠢᠭ ᠪᠤᠰᠤ ᠭᠠᠵᠠᠷ ᠳᠣᠣᠷᠠᠬᠢ ᠠᠭᠤᠷᠬᠠᠢ ᠳᠤ ︽ᠭᠤᠷᠪᠠ ᠶᠢ ᠲᠤᠰᠬᠠᠶᠢᠵᠢᠭᠤᠯᠵᠤ | ᠬᠤᠶᠠᠷ ᠢ ᠬᠠᠶᠢᠨ ᠰᠢᠨᠵᠢᠵᠦ ᠨᠢᠭᠡ ᠶᠢ ᠬᠦᠴᠦᠨ ᠦᠭᠡᠢ ᠪᠤᠯᠭᠠᠬᠤ︾ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠤᠨ᠎ᠠ᠃ | ︵ᠬᠤᠷᠢ︶ ᠠᠶᠤᠯᠭᠦᠢ ᠶᠢᠨ ᠰᠠᠭᠤᠷᠢ ᠬᠠᠮᠢᠶᠠᠷᠤᠯᠲᠠ ᠶᠢ ᠴᠢᠩᠭᠠᠳᠬᠠᠨ᠎ᠠ᠃ ᠠᠭᠤᠷᠬᠠᠢ ᠶᠢᠨ ᠬᠤᠳᠳᠤᠭ ᠲᠠᠬᠢ | ᠭᠦᠳᠡᠯᠮᠦᠷᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢ ᠴᠢᠩᠳᠠᠯᠠᠵᠤ᠂ ᠠᠭᠤᠷᠬᠠᠢ ᠶᠢᠨ ᠬᠤᠳᠳᠤᠭ ᠲᠤ | ᠠᠵᠢᠯᠯᠠᠬᠤ ᠬᠥᠮᠥᠰ ᠢ ᠴᠥᠭᠡᠳᠬᠡᠵᠦ᠂ ᠣᠷᠣᠨ ᠲᠤᠭ᠎ᠠ ᠠᠴᠠ ᠬᠡᠲᠦᠷᠡᠭᠦᠯᠦᠨ ᠬᠥᠮᠥᠨ ᠲᠣᠬᠢᠷᠠᠭᠤᠯᠤᠨ ᠬᠤᠳᠳᠤᠭ | ᠲᠤ ᠣᠷᠣᠭᠤᠯᠤᠨ ᠠᠵᠢᠯᠯᠠᠭᠤᠯᠵᠤ ᠪᠤᠯᠬᠤ ᠦᠭᠡᠢ᠃ ᠬᠤᠳᠳᠤᠭ ᠳᠣᠣᠷᠠᠬᠢ ᠬᠠᠲᠠᠭᠤᠵᠢᠯᠲᠠᠢ ᠠᠵᠢᠯ ᠤᠨ ᠪᠠᠶᠢᠷᠢ | ᠶᠢᠨ ᠨᠥᠬᠦᠪᠦᠷᠢ ᠮᠥᠩᠭᠦ ᠶᠢ ᠳᠡᠭᠡᠭᠰᠢᠯᠡᠭᠦᠯᠵᠦ᠂ ᠠᠭᠤᠷᠬᠠᠢ ᠶᠢᠨ ᠠᠵᠢᠯᠴᠢᠳ ᠤᠨ ᠰᠡᠳᠬᠢᠴᠡ ᠶᠢᠨ ᠵᠢᠯᠣᠭᠤᠳᠤᠯᠭ᠎ᠠ | ᠶᠢᠨ ᠠᠵᠢᠯ ᠢ ᠰᠠᠶᠢᠲᠤᠷ ᠬᠢᠨ᠎ᠡ᠃ | ᠲᠠᠪᠤ᠂ ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠪᠣᠯᠣᠨ ᠰᠠᠯᠠᠭ᠎ᠠ | ᠮᠥᠴᠢᠷ ᠤᠨ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ | ︵ᠬᠤᠷᠢᠨ ᠨᠢᠭᠡ︶ ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠎ᠠ᠃ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ | ᠬᠠᠷᠢᠭᠤᠴᠠᠯᠭ᠎ᠠ ᠡᠭᠦᠷᠭᠡᠯᠡᠬᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ | ᠬᠠᠷᠢᠭᠤᠴᠠᠯᠭ᠎ᠠ ᠨᠡᠬᠡᠮᠵᠢᠯᠡᠬᠦ ᠶᠢ ᠪᠠᠷᠢᠮᠲᠠᠯᠠᠵᠤ᠂ ᠠᠭᠤᠷᠬᠠᠢ ᠶᠢᠨ ᠠᠶᠤᠯᠭᠦᠢ ᠶᠢᠨ ᠤᠳᠤᠷᠢᠳᠤᠯᠭ᠎ᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠴᠢᠨᠠᠷᠲᠠᠢ ᠠᠭᠤᠷᠬᠠᠢ ᠶᠢᠨ ᠳᠠᠯᠳᠠ | ᠭᠠᠮᠰᠢᠭ ᠠᠴᠠ ᠪᠣᠯᠤᠭᠰᠠᠨ ᠬᠦᠴᠦᠨ ᠵᠦᠢᠯ ᠢ ᠨᠡᠶᠢᠳᠡᠮ ᠪᠠᠶᠢᠴᠠᠭᠠᠵᠤ ᠵᠠᠰᠠᠬᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠠᠭᠤᠷᠬᠠᠢ ᠶᠢᠨ ᠡᠬᠢ ᠪᠠᠶᠠᠯᠢᠭ ᠢ ᠬᠠᠤᠯᠢ ᠪᠤᠰᠤ ᠪᠠᠷ ᠬᠤᠯᠠᠭᠠᠶᠢᠯᠠᠨ ᠮᠠᠯᠲᠠᠬᠤ ᠠᠵᠢᠯᠯᠠᠭ᠎ᠠ ᠳᠤ | ᠴᠢᠩᠭ᠎ᠠ ᠴᠣᠬᠢᠯᠲᠠ ᠥᠭᠭᠦᠨ᠎ᠡ᠃ ᠠᠭᠤᠷᠬᠠᠢ ᠶᠢᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ | ᠪᠣᠯᠣᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠲᠤᠰᠬᠠᠢ ᠬᠢᠨᠠᠯᠲᠠ ᠬᠠᠮᠢᠶᠠᠷᠤᠯᠲᠠ ᠶᠢᠨ ᠠᠵᠢᠯᠲᠠᠨ | ᠲᠣᠬᠢᠷᠠᠭᠤᠯᠬᠤ ᠬᠠᠷᠢᠴᠠᠯ ᠢ ᠠᠵᠢᠯ ᠤᠨ ᠪᠠᠶᠢᠷᠢ ᠳᠤ ᠪᠠᠶᠢᠭ᠎ᠠ ᠬᠥᠮᠥᠰ ᠤᠨ 75% ᠠᠴᠠ ᠳᠣᠣᠷ᠎ᠠ ᠦᠭᠡᠢ | ᠪᠠᠶᠢᠯᠭᠠᠨ᠎ᠠ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ ᠣᠷᠳᠣᠨ ᠤ | ᠤᠳᠤᠷᠢᠳᠬᠤ ᠨᠥᠬᠦᠳ ᠳᠠᠭᠠᠭᠠᠴᠢᠯᠠᠭᠰᠠᠨ ᠠᠭᠤᠷᠬᠠᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ | ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠤᠯᠠᠷᠢᠯ ᠪᠦᠷᠢ ᠰᠣᠨᠣᠰᠴᠤ᠂ ᠠᠶᠤᠯᠭᠦᠢ ᠦᠢᠯᠡᠳᠪᠦᠷᠢᠯᠡᠯ ᠤᠨ | ᠬᠠᠮᠢᠶ᠎ᠠ ᠪᠦᠬᠦᠢ ᠠᠰᠠᠭᠤᠳᠠᠯ ᠢ ᠰᠤᠳᠤᠯᠤᠨ ᠰᠢᠶᠳᠪᠦᠷᠢᠯᠡᠨ᠎ᠠ;ᠵᠢᠯ ᠪᠦᠷᠢ ᠠᠳᠠᠭ ᠲᠠᠭᠠᠨ 2 ᠤᠳᠠᠭ᠎ᠠ | ᠳᠠᠭᠠᠭᠠᠴᠢᠯᠠᠭᠰᠠᠨ ᠭᠤᠣᠯᠳᠠᠯᠭ᠎ᠠ ᠲᠠᠢ ᠠᠭᠤᠷᠬᠠᠢ ᠪᠣᠯᠣᠨ ᠦᠯᠡᠳᠡᠭᠳᠡᠯ ᠠᠭᠤᠷᠬᠠᠢ ᠶᠢᠨ ᠬᠥᠮᠥᠷᠭᠡ ᠶᠢᠨ ᠠᠵᠢᠯᠯᠠᠭᠠᠨ | ᠤ ᠲᠠᠯᠠᠪᠤᠷ ᠲᠤ ᠬᠦᠷᠴᠦ ᠪᠠᠶᠢᠴᠠᠭᠠᠯᠲᠠ ᠬᠢᠨ᠎ᠡ᠃ | ︵ᠬᠤᠷᠢᠨ ᠬᠤᠶᠠᠷ︶ ᠠᠭᠤᠷᠬᠠᠢ ᠶᠢᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠬᠢᠨᠠᠨ ᠪᠠᠶᠢᠴᠠᠭᠠᠯᠲᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠢ ᠱᠠᠲᠤ ᠬᠤᠪᠢᠶᠠᠨ | ᠬᠠᠷᠢᠶ᠎ᠠ ᠭᠠᠵᠠᠷ ᠲᠤᠨᠢ ᠬᠢᠨᠠᠨ ᠬᠠᠮᠢᠶᠠᠷᠤᠭᠤᠯᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠡᠨ | ᠭᠤᠣᠯᠴᠢᠯᠠᠨ ᠬᠠᠮᠢᠶᠠᠷᠴᠤ ᠪᠠᠶᠢᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠠᠶᠢᠮᠠᠭ ᠬᠤᠳᠠ᠂ ᠬᠤᠰᠢᠭᠤ | ᠰᠢᠶᠠᠨ︵ᠬᠤᠳᠠ᠂ ᠲᠣᠭᠤᠷᠢᠭ︶ ᠤ ᠠᠭᠤᠷᠬᠠᠢ ᠶᠢᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ ᠡᠷᠬᠡ ᠶᠢᠨ ᠬᠡᠪᠴᠢᠶ᠎ᠡ ᠶᠢ ᠲᠣᠳᠣᠷᠬᠠᠶᠢᠯᠠᠵᠤ᠂ ᠠᠭᠤᠷᠬᠠᠢ᠂ ᠦᠯᠡᠳᠡᠭᠳᠡᠯ ᠬᠦᠳᠡᠷ ᠤᠨ ᠬᠥᠮᠥᠷᠭᠡ ᠶᠢᠨ | ᠡᠳᠦᠷ ᠲᠤᠳᠤᠮ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠭᠤᠣᠯ ᠴᠣᠭᠴᠠ ᠶᠢ ᠲᠣᠳᠣᠷᠬᠠᠶᠢᠯᠠᠨ᠂ ᠰᠠᠯᠠᠭ᠎ᠠ | ᠮᠥᠴᠢᠷ ᠬᠠᠮᠲᠤᠷᠠᠨ ᠬᠠᠤᠯᠢ ᠬᠡᠷᠡᠭᠵᠢᠭᠦᠯᠬᠦ ᠪᠠ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠲᠤᠰᠢᠶᠠᠬᠤ | ᠲᠣᠭᠲᠠᠴᠠ ᠶᠢ ᠪᠠᠶᠢᠭᠤᠯᠤᠨ᠎ᠠ᠃ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠠᠭᠤᠷᠬᠠᠢ ᠶᠢᠨ | ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠠᠶᠢᠮᠠᠭ ᠬᠤᠲᠠ ᠶᠢᠨ ᠠᠭᠤᠷᠬᠠᠢ ᠶᠢᠨ ᠠᠶᠤᠯᠭᠦᠢ ᠶᠢᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠷᠢᠭᠤᠴᠠᠨ᠎ᠠ᠃ ᠳᠡᠭᠡᠷ᠎ᠡ ᠱᠠᠲᠤᠨ ᠤ ᠠᠭᠤᠷᠬᠠᠢ ᠶᠢᠨ ᠠᠶᠤᠯᠭᠦᠢ ᠶᠢᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠳᠣᠣᠷ᠎ᠠ ᠱᠠᠲᠤᠨ ᠤ ᠠᠭᠤᠷᠬᠠᠢ ᠶᠢᠨ ᠠᠶᠤᠯᠭᠦᠢ ᠶᠢᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠢᠨᠠᠯᠲᠠ ᠲᠠᠯᠪᠢᠵᠤ ᠬᠥᠲᠥᠯᠥᠨ ᠵᠢᠯᠤᠭᠤᠳᠬᠤ ᠡᠷᠴᠢᠮ ᠢᠶᠠᠨ | ᠴᠢᠩᠭᠠᠳᠬᠠᠨ᠂ ᠬᠠᠷᠢᠶ᠎ᠠ ᠭᠠᠵᠠᠷ ᠤᠨ ᠠᠭᠤᠷᠬᠠᠢ ᠶᠢᠨ ᠣᠷᠣᠨ ᠳᠠᠬᠢ ᠰᠤᠭᠤᠴᠢᠨ ᠪᠠᠶᠢᠴᠠᠭᠠᠯᠲᠠ ᠪᠠᠨ | ᠴᠢᠩᠭᠠᠳᠬᠠᠨ᠎ᠠ᠃ ᠪᠤᠰᠤᠳ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠵᠢᠯ ᠲᠥᠷᠥᠯ ᠤᠨ ᠬᠠᠮᠢᠶᠠᠷᠤᠯᠲᠠ᠂ | ᠲᠤᠬᠠᠶᠢᠯᠠᠭᠰᠠᠨ ᠠᠵᠢᠯ ᠤᠨ ᠬᠠᠮᠢᠶᠠᠷᠤᠯᠲᠠ᠂ ᠦᠢᠯᠡᠳᠪᠦᠷᠢᠯᠡᠯ ᠡᠵᠡᠩᠨᠡᠯᠲᠡ ᠶᠢᠨ ᠬᠠᠮᠢᠶᠠᠷᠤᠯᠲᠠ ᠳᠤ ᠠᠭᠤᠷᠬᠠᠢ ᠶᠢᠨ | ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠨᠢᠭᠡ ᠴᠣᠭᠴᠠᠵᠢᠭᠤᠯᠤᠨ ᠠᠬᠢᠭᠤᠯᠵᠤ | ᠨᠠᠶᠢᠳᠠᠪᠤᠷᠢᠵᠢᠭᠤᠯᠤᠨ᠎ᠠ᠃ ᠠᠭᠤᠷᠬᠠᠢ ᠶᠢᠨ ᠠᠶᠤᠯᠭᠦᠢ ᠶᠢᠨ ᠬᠢᠨᠠᠨ ᠪᠠᠶᠢᠴᠠᠭᠠᠯᠲᠠ ᠶᠢᠨ ᠰᠠᠯᠠᠭ᠎ᠠ ᠮᠥᠴᠢᠷ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠤ ᠠᠭᠤᠷᠬᠠᠢ ᠶᠢᠨ ᠠᠶᠤᠯᠭᠦᠢ ᠶᠢᠨ ᠬᠢᠨᠠᠨ ᠬᠠᠮᠢᠶᠠᠷᠬᠤ | ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠰᠢᠯᠭᠠᠨ ᠪᠠᠶᠢᠴᠠᠭᠠᠬᠤ | ᠪᠠ ᠦᠨᠡᠯᠡᠨ ᠵᠢᠱᠢᠵᠦ ᠬᠢᠨᠠᠨ ᠰᠢᠯᠭᠠᠬᠤ ᠡᠷᠴᠢᠮ ᠢᠶᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠠᠭᠤᠷᠬᠠᠢ ᠶᠢᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠬᠤ ᠲᠤᠬᠠᠢ ᠤᠯᠤᠰ ᠤᠨ | ᠠᠭᠤᠷᠬᠠᠢ ᠶᠢᠨ ᠠᠶᠤᠯᠭᠦᠢ ᠶᠢᠨ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠨ ᠰᠠᠨᠠᠯ ᠪᠣᠯᠣᠨ ᠰᠠᠨᠠᠭᠤᠯᠭ᠎ᠠ ᠶᠢᠨ | ᠶᠣᠰᠣᠭᠠᠷ᠂ ᠠᠭᠤᠷᠬᠠᠢ ᠶᠢᠨ ᠠᠶᠤᠯᠭᠦᠢ ᠶᠢᠨ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ | ︵ᠬᠤᠷᠢᠨ ᠭᠤᠷᠪᠠ︶ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠤᠬᠠᠭᠤᠯᠭ᠎ᠠ ᠪᠣᠯᠪᠠᠰᠤᠷᠠᠯ ᠢ | ᠴᠢᠩᠭᠠᠳᠬᠠᠨ᠎ᠠ᠃ ᠡᠯ᠎ᠡ ᠱᠠᠲᠤᠨ ᠤ ᠠᠭᠤᠷᠬᠠᠢ ᠶᠢᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠳ ᠵᠢᠯ ᠪᠦᠷᠢ ᠠᠳᠠᠭ ᠲᠠᠭᠠᠨ 1 ᠤᠳᠠᠭ᠎ᠠ ᠲᠤᠰᠬᠠᠢ ᠮᠡᠷᠭᠡᠵᠢᠯ ᠤᠨ ᠪᠣᠯᠪᠠᠰᠤᠷᠠᠯ ᠢ ᠵᠣᠬᠢᠶᠠᠨ | ᠪᠠᠶᠢᠭᠤᠯᠤᠨ ᠥᠷᠨᠢᠭᠦᠯᠵᠦ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠠᠵᠢᠯᠲᠠᠳ ᠤᠨ ᠲᠤᠰᠬᠠᠢ ᠮᠡᠷᠭᠡᠵᠢᠯ ᠤᠨ ᠬᠡᠪ | ᠪᠣᠯᠪᠠᠰᠤᠷᠠᠯ ᠪᠣᠯᠣᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠲᠠᠰᠤᠷᠠᠯᠲᠠ ᠦᠭᠡᠢ ᠲᠡᠭᠡᠭᠰᠢᠯᠡᠭᠦᠯᠦᠨ᠎ᠡ᠃ | ᠤᠬᠠᠭᠤᠯᠭ᠎ᠠ ᠬᠥᠮᠦᠵᠢᠯ ᠢ ᠡᠳᠦᠷ ᠲᠤᠲᠤᠮ ᠤᠨ ᠠᠮᠢᠳᠤᠷᠠᠯ ᠳᠤ ᠠᠭᠤᠰᠬᠠᠨ ᠣᠷᠣᠭᠤᠯᠵᠤ᠂ ᠲᠣᠭᠤᠷᠢᠨ ᠶᠠᠪᠤᠵᠤ | ᠬᠠᠪᠰᠤᠷᠤᠨ ᠵᠢᠯᠤᠭᠤᠳᠬᠤ ᠪᠠ ᠠᠭᠤᠷᠬᠠᠢ ᠶᠢᠨ ᠣᠷᠣᠨ ᠳᠤ ᠬᠦᠷᠴᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ | ᠭᠦᠨᠵᠡᠭᠡᠢ ᠦᠷᠨᠢᠭᠦᠯᠦᠨ᠎ᠡ; ᠨᠡᠯᠢᠶᠡᠳ ᠶᠡᠭᠡ ᠠᠳᠡᠯ ᠭᠠᠷᠤᠭᠰᠠᠨ ᠪᠣᠯ ᠰᠡᠷᠡᠮᠵᠢᠯᠡᠭᠦᠯᠭᠦ ᠬᠥᠮᠦᠵᠢᠯ ᠤᠨ ᠹᠢᠯᠢᠮ | ᠵᠣᠬᠢᠶᠠᠵᠤ᠂ ᠠᠭᠤᠷᠬᠠᠢ ᠶᠢᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠠᠴᠠ ᠡᠮᠦᠨ᠎ᠡ ᠹᠷᠤᠨᠲ ᠲᠤ | ᠠᠵᠢᠯᠯᠠᠵᠤ ᠪᠠᠶᠢᠭ᠎ᠠ ᠬᠥᠮᠥᠰ ᠲᠤ ᠰᠡᠷᠡᠮᠵᠢᠯᠡᠭᠦᠯᠭᠦ ᠬᠥᠮᠦᠵᠢᠯ ᠢ ᠲᠥᠪᠯᠡᠷᠡᠭᠦᠯᠦᠨ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ᠠᠭᠤᠷᠬᠠᠢ ᠶᠢᠨ ᠠᠶᠤᠯᠭᠦᠢ ᠶᠢᠨ ᠪᠣᠯᠪᠠᠰᠤᠷᠠᠯ ᠤᠨ ᠪᠠᠶᠢᠭᠤᠯᠤᠮᠵᠢ ᠳᠤ ᠬᠢᠨᠠᠯᠲᠠ ᠲᠠᠯᠪᠢᠵᠤ ᠬᠢᠨᠠᠨ | ᠪᠠᠶᠢᠴᠠᠭᠠᠬᠤ ᠡᠷᠴᠢᠮ ᠢᠶᠠᠨ ᠴᠢᠩᠭᠠᠳᠬᠠᠨ᠂ ᠬᠤᠳᠠᠯ ᠬᠠᠭᠤᠷᠮᠠᠭ ᠪᠣᠯᠪᠠᠰᠤᠷᠠᠯ᠂ ᠬᠤᠳᠠᠯ ᠬᠠᠭᠤᠷᠮᠠᠭ ᠰᠢᠯᠭᠠᠯᠲᠠ᠂ | ᠬᠤᠳᠠᠯ ᠬᠠᠭᠤᠷᠮᠠᠭ ᠦᠨᠡᠮᠯᠡᠯ ᠵᠡᠷᠭᠡ ᠦᠵᠡᠭᠳᠡᠯ ᠢ ᠡᠷᠡᠰ ᠴᠡᠭᠴᠡᠯᠡᠨ ᠵᠠᠰᠠᠨ᠎ᠠ᠃ | ᠵᠢᠷᠭᠤᠭ᠎ᠠ᠂ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠢ ᠬᠠᠤᠯᠢ ᠶᠣᠰᠣᠭᠠᠷ ᠵᠠᠰᠠᠬᠤ ᠶᠢ ᠠᠬᠢᠭᠤᠯᠤᠨ᠎ᠠ | ︵ᠬᠤᠷᠢᠨ ᠳᠥᠷᠪᠡ︶ ᠬᠠᠤᠯᠢ ᠬᠡᠷᠡᠭᠵᠢᠭᠦᠯᠬᠦ ᠪᠠᠲᠤᠯᠠᠭ᠎ᠠ ᠶᠢ ᠴᠢᠩᠭᠠᠳᠬᠠᠨ᠎ᠠ᠃ ᠰᠦᠯᠵᠢᠶᠡᠨ ᠳᠡᠭᠡᠷ᠎ᠡ ᠬᠢᠨᠠᠨ | ᠡᠵᠡᠮᠳᠡᠬᠦ ᠪᠠ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠮᠡᠳᠡᠭᠡ ᠵᠠᠩᠭᠢᠴᠢᠯᠠᠯᠲᠠ ᠶᠢᠨ | ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ︽ᠢᠨᠲ᠋ᠧᠷ ᠰᠦᠯᠵᠢᠶ᠎ᠡ +︾ ᠠᠯᠤᠰ ᠠᠴᠠ ᠡᠵᠡᠮᠳᠡᠬᠦ ᠬᠢᠨᠠᠯᠲᠠ | ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠂ 2025 ᠣᠨ ᠤ ᠵᠢᠯ ᠤᠨ ᠰᠡᠭᠦᠯᠴᠢ ᠠᠴᠠ ᠡᠮᠦᠨ᠎ᠡ ᠪᠦᠭᠦ | ᠣᠷᠣᠨ ᠤ ᠦᠯᠡᠳᠡᠭᠳᠡᠯ ᠬᠦᠳᠡᠷ ᠤᠨ ᠬᠥᠮᠥᠷᠭᠡ᠂ ᠭᠠᠵᠠᠷ ᠳᠣᠣᠷᠠᠬᠢ ᠠᠭᠤᠷᠬᠠᠢ᠂ ᠵᠠᠳᠠᠭᠠᠢ ᠠᠭᠤᠷᠬᠠᠢ ᠪᠦᠭᠦᠨ ᠳᠤ | ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠰᠢᠰᠲ᠋ᠧᠮ ᠪᠠᠶᠢᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ | ᠲᠠᠪᠴᠠᠩ ᠳᠤ ᠵᠠᠯᠭᠠᠨ ᠣᠷᠣᠭᠤᠯᠤᠨ᠎ᠠ᠃ | ︵ᠬᠤᠷᠢᠨ ᠲᠠᠪᠤ︶ ᠠᠶᠤᠯᠭᠦᠢ ᠶᠢᠨ ᠬᠢᠨᠠᠨ ᠪᠠᠶᠢᠴᠠᠭᠠᠯᠲᠠ ᠶᠢ ᠴᠢᠩᠭᠠᠳᠬᠠᠨ᠎ᠠ᠃ ᠠᠭᠤᠷᠬᠠᠢ ᠶᠢᠨ ᠠᠶᠤᠯᠭᠦᠢ | ᠶᠢᠨ ᠬᠢᠨᠠᠯᠲᠠ ᠬᠠᠮᠢᠶᠠᠷᠤᠯᠲᠠ ᠬᠢᠨᠠᠨ ᠪᠠᠶᠢᠴᠠᠭᠠᠯᠲᠠ ᠶᠢᠨ ᠰᠠᠯᠠᠭ᠎ᠠ ᠮᠥᠴᠢᠷ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠠᠭᠤᠷᠬᠠᠢ ᠶᠢᠨ ᠡᠯ᠎ᠡ ᠲᠥᠷᠥᠯ ᠤᠨ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠦᠢᠯᠡᠳᠪᠦᠷᠢᠯᠡᠯ | ᠪᠦᠲᠦᠭᠡᠨ ᠪᠠᠶᠢᠭᠤᠯᠤᠯᠲᠠ ᠶᠢᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠴᠢᠩᠭ᠎ᠠ | ᠰᠡᠷᠡᠮᠵᠢᠯᠡᠭᠦᠯᠦᠭᠰᠡᠨ ᠴᠦ ᠦᠯᠦ ᠬᠠᠶᠢᠬᠤᠷᠴᠤ᠂ ᠲᠣᠭᠲᠠᠭᠠᠯ ᠢ ᠵᠥᠷᠢᠴᠡᠨ ᠠᠵᠢᠯᠯᠠᠬᠤ ᠠᠵᠤ ᠠᠬᠤᠶᠢᠯᠠᠯ ᠢ ᠬᠠᠤᠯᠢ | ᠶᠣᠰᠣᠭᠠᠷ ᠴᠢᠩᠭ᠎ᠠ ᠰᠢᠢᠳᠬᠡᠬᠦ ᠶᠢᠨ ᠬᠠᠮᠲᠤ ᠣᠯᠠᠨ ᠳᠤ ᠵᠠᠷᠯᠠᠨ ᠮᠡᠳᠡᠭᠳᠡᠨ᠎ᠡ᠃ ᠬᠠᠤᠯᠢ ᠬᠡᠷᠡᠭᠵᠢᠭᠦᠯᠬᠦ ᠪᠦᠭᠦ ᠶᠠᠪᠤᠴᠠ | ᠳᠤ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ | ᠨᠥᠬᠦᠴᠡᠯ ᠤᠨ ᠲᠥᠷᠥᠯ ᠤᠨ ᠬᠦᠨᠳᠦ ᠶᠡᠭᠡ ᠠᠳᠡᠯ ᠤᠨ ᠳᠠᠯᠳᠠ ᠭᠡᠮ ᠳᠤ ᠤᠷᠲᠤ ᠬᠤᠭᠤᠴᠠᠭ᠎ᠠ ᠪᠠᠷ ᠪᠠᠶᠢᠴᠠᠭᠠᠯᠲᠠ | ᠥᠷᠨᠢᠭᠦᠯᠦᠭᠰᠡᠨ ᠦᠭᠡᠢ᠂ ᠵᠥᠪᠭᠡᠨ ᠪᠠᠶᠢᠴᠠᠭᠠᠭᠠᠳ ᠬᠠᠤᠯᠢ ᠬᠡᠷᠡᠭᠵᠢᠭᠦᠯᠦᠭᠰᠡᠨ ᠦᠭᠡᠢ᠂ ᠠᠰᠠᠭᠤᠳᠠᠯ ᠤᠨ ᠳᠠᠯᠳᠠ | ᠭᠡᠮ ᠢ ᠶᠠᠷᠢᠬᠤ ᠳᠤ ᠬᠦᠨᠳᠦ ᠠᠴᠠ ᠵᠠᠶᠢᠯᠠᠵᠤ ᠬᠥᠩᠭᠡᠨ ᠢ ᠡᠷᠢᠯᠬᠢᠯᠡᠭᠰᠡᠨ ᠪᠠᠶᠢᠪᠠᠯ ᠭᠡᠳᠡᠷᠭᠦ ᠬᠠᠷᠢᠭᠤᠴᠠᠯᠭ᠎ᠠ | ᠨᠡᠬᠡᠮᠵᠢᠯᠡᠬᠦ ᠶᠢᠨ ᠬᠠᠮᠲᠤ ᠲᠣᠭᠲᠠᠭᠠᠯ ᠶᠣᠰᠣᠭᠠᠷ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ | ᠬᠠᠷᠢᠭᠤᠴᠠᠯᠭ᠎ᠠ ᠨᠡᠬᠡᠮᠵᠢᠯᠡᠨ᠎ᠡ᠃ | ︵ᠬᠤᠷᠢᠨ ᠵᠢᠷᠭᠤᠭ᠎ᠠ︶ ᠵᠠᠭᠤᠴᠢ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠠᠭᠤᠷᠬᠠᠢ ᠶᠢᠨ ᠣᠷᠣᠨ ᠤ ᠠᠶᠤᠯᠭᠦᠢ ᠶᠢ ᠦᠨᠡᠯᠡᠬᠦ᠂ ᠵᠢᠷᠤᠵᠤ ᠲᠥᠯᠥᠪᠯᠡᠬᠦ᠂ ᠪᠠᠶᠢᠴᠠᠭᠠᠨ ᠰᠢᠯᠭᠠᠬᠤ᠂ ᠰᠢᠯᠭᠠᠨ | ᠬᠢᠨᠠᠬᠤ᠂ ᠭᠡᠷᠡᠴᠢᠯᠡᠬᠦ᠂ ᠯᠠᠪᠯᠠᠭ᠎ᠠ ᠥᠭᠬᠦ᠂ ᠪᠣᠯᠪᠠᠰᠤᠷᠠᠯ ᠬᠢᠬᠦ᠂ ᠬᠢᠨᠠᠨ ᠬᠠᠮᠢᠶᠠᠷᠬᠤ᠂ ᠪᠠᠷᠢᠮᠵᠢᠶᠠᠵᠢᠭᠤᠯᠤᠯᠲᠠ ᠶᠢ ᠦᠨᠡᠯᠡᠨ | ᠲᠣᠭᠲᠠᠭᠠᠬᠤ ᠵᠡᠷᠭᠡ ᠭᠤᠷᠪᠠᠳᠠᠭᠢ ᠡᠲᠡᠭᠡᠳ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ ᠠᠭᠤᠷᠬᠠᠢ ᠶᠢᠨ ᠣᠷᠣᠨ ᠤ ᠪᠣᠯᠣᠮᠵᠢᠲᠤ ᠰᠤᠳᠤᠯᠤᠯ ᠤᠨ ᠮᠡᠳᠡᠭᠦᠯᠦᠯᠲᠡ᠂ ᠨᠡᠭᠡᠭᠡᠨ ᠠᠰᠢᠭᠯᠠᠬᠤ | ᠲᠥᠰᠥᠯ᠂ ᠠᠩᠬ᠎ᠠ ᠠᠯᠬᠤᠮ ᠤᠨ ᠵᠢᠷᠤᠭ ᠲᠥᠯᠥᠪᠯᠡᠭᠡ᠂ ᠠᠶᠤᠯᠭᠦᠢ ᠶᠢᠨ ᠲᠥᠬᠦᠭᠡᠷᠦᠮᠵᠢ ᠶᠢᠨ ᠵᠢᠷᠤᠭ ᠲᠥᠯᠥᠪᠯᠡᠭᠡ᠂ | ᠠᠶᠤᠯᠭᠦᠢ ᠶᠢᠨ ᠦᠨᠡᠯᠡᠯᠲᠡ᠂ ᠬᠢᠨᠠᠨ ᠬᠡᠮᠵᠢᠵᠦ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠶᠢ ᠢᠯᠡ ᠨᠡᠶᠢᠲᠡᠯᠡᠬᠦ ᠪᠠ | ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠳᠦᠷᠢᠮ ᠢ ᠠᠯᠬᠤᠮ ᠠᠯᠬᠤᠮ ᠢᠶᠠᠷ ᠪᠠᠶᠢᠭᠤᠯᠤᠨ᠎ᠠ᠃ | ︵ᠬᠤᠷᠢᠨ ᠳᠣᠯᠤᠭ᠎ᠠ︶ ᠠᠳᠡᠯ ᠢ ᠪᠠᠶᠢᠴᠠᠭᠠᠨ ᠰᠢᠢᠳᠪᠦᠷᠢᠯᠡᠬᠦ ᠶᠢ ᠴᠢᠩᠭᠠᠳᠬᠠᠨ᠎ᠠ᠃ ᠬᠡᠷᠡᠭ ᠤᠴᠢᠷ ᠢ ᠳᠠᠷᠤᠵᠤ | ᠮᠡᠳᠡᠭᠦᠯᠬᠦ ᠦᠭᠡᠢ ᠪᠤᠶᠤ ᠬᠠᠭᠤᠷᠮᠠᠭ ᠢᠶᠠᠷ ᠮᠡᠳᠡᠭᠦᠯᠬᠦ ᠶᠢ ᠢᠯᠡᠴᠢᠯᠡᠬᠦ ᠱᠠᠩᠨᠠᠯ᠂ ᠬᠠᠮᠲᠤᠷᠠᠨ ᠵᠠᠯᠬᠠᠭᠠᠨ ᠴᠡᠭᠡᠷᠯᠡᠭᠦᠯᠬᠦ᠂ | ᠳᠡᠰ ᠳᠡᠪᠰᠢᠭᠦᠯᠵᠦ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠦ᠂ ︽ᠨᠢᠭᠤᠬᠤ ᠵᠣᠷᠢᠭ ᠦᠭᠡᠢ︾᠂ ︽ᠨᠢᠭᠤᠵᠤ ᠳᠡᠶᠢᠯᠭᠦ | ᠦᠭᠡᠢ︾ᠪᠠᠶᠢᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ᠦᠢᠯᠡᠳᠪᠦᠷᠢᠯᠡᠯ ᠤᠨ ᠠᠶᠤᠯᠭᠦᠢ ᠶᠢᠨ ᠬᠡᠷᠡᠭ ᠭᠠᠷᠤᠭᠰᠠᠨ ᠠᠭᠤᠷᠬᠠᠢ ᠶᠢ ᠬᠠᠤᠯᠢ ᠲᠣᠭᠲᠠᠭᠠᠯ ᠶᠣᠰᠣᠭᠠᠷ | ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠨ ᠰᠠᠶᠢᠵᠢᠷᠠᠭᠤᠯᠵᠤ᠂ ᠠᠶᠤᠯᠭᠦᠢ | ᠦᠢᠯᠡᠳᠪᠦᠷᠢᠯᠡᠯ ᠤᠨ ᠨᠥᠬᠦᠴᠡᠯ ᠳᠤ ᠨᠡᠶᠢᠴᠡᠭᠰᠡᠨ ᠤ ᠲᠠᠷᠠᠭ᠎ᠠ ᠰᠠᠶ᠋ᠢ ᠦᠢᠯᠡᠳᠪᠦᠷᠢᠯᠡᠯ ᠢ ᠨᠢ ᠰᠡᠷᠭᠦᠭᠡᠵᠦ ᠪᠣᠯᠣᠨ᠎ᠠ᠃ | ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠢ | ᠪᠦᠷᠢᠯᠳᠦᠭᠦᠯᠦᠭᠡᠳᠦᠢ ᠠᠴᠠ ᠪᠣᠯᠵᠤ ᠬᠦᠨᠳᠦ ᠶᠡᠭᠡ ᠦᠢᠯᠡᠳᠪᠦᠷᠢᠯᠡᠯ ᠤᠨ ᠠᠶᠤᠯᠭᠦᠢ ᠶᠢᠨ ᠬᠡᠷᠡᠭ ᠭᠠᠷᠭᠠᠭᠰᠠᠨ | ᠠᠭᠤᠷᠬᠠᠢ ᠶᠢ ᠬᠠᠤᠯᠢ ᠲᠣᠭᠲᠠᠭᠠᠯ ᠶᠣᠰᠣᠭᠠᠷ ᠬᠠᠭᠠᠨ᠎ᠠ᠃ | ᠳᠣᠯᠤᠭ᠎ᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠳᠬᠠᠨ᠎ᠠ | ︵ᠬᠤᠷᠢᠨ ᠨᠠᠢᠮᠠ︶ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠪᠦᠷᠢᠨᠰᠢᠭᠦᠯᠦᠨ᠎ᠡ᠃ ᠡᠯ᠎ᠡ ᠭᠠᠵᠠᠷ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ | ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠨ᠂ ᠠᠭᠤᠷᠬᠠᠢ ᠶᠢᠨ ᠠᠶᠤᠯᠭᠦᠢ ᠶᠢᠨ ᠠᠵᠢᠯ ᠢ | ᠲᠣᠭᠲᠠᠮᠠᠯ ᠬᠤᠭᠤᠴᠠᠭ᠎ᠠ ᠲᠠᠢ ᠰᠤᠳᠤᠯᠵᠤ᠂ ᠲᠣᠪᠣᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ᠃ ᠪᠡᠯᠡ ᠮᠥᠩᠭᠦ | ᠶᠢᠨ ᠠᠷᠭ᠎ᠠ ᠵᠠᠮ ᠢ ᠨᠢᠭᠡᠳᠦᠯᠲᠡᠢ ᠲᠥᠯᠥᠪᠵᠢᠭᠦᠯᠵᠦ᠂ ᠠᠭᠤᠷᠬᠠᠢ ᠶᠢ ᠰᠢᠭᠰᠢᠭᠳᠡᠭᠦᠯᠦᠨ ᠬᠠᠭᠠᠬᠤ᠂ ᠦᠯᠡᠳᠡᠭᠳᠡᠯ | ᠬᠦᠳᠡᠷ ᠤᠨ ᠬᠥᠮᠥᠷᠭᠡ ᠶᠢ ᠵᠠᠰᠠᠬᠤ᠂ ᠮᠡᠳᠡᠭᠡ ᠵᠠᠩᠭᠢᠴᠢᠯᠠᠯᠲᠠ ᠶᠢᠨ ᠰᠢᠰᠲ᠋ᠧᠮ᠂ ᠣᠶᠤᠨᠴᠢᠯᠠᠭᠰᠠᠨ ᠠᠭᠤᠷᠬᠠᠢ ᠶᠢᠨ | ᠪᠦᠲᠦᠭᠡᠨ ᠪᠠᠶᠢᠭᠤᠯᠤᠯᠲᠠ ᠪᠣᠯᠣᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠬᠢᠨᠠᠨ ᠪᠠᠶᠢᠴᠠᠭᠠᠯᠲᠠ ᠵᠡᠷᠭᠡ ᠵᠠᠷᠤᠳᠠᠯ | ᠤᠨ ᠪᠠᠲᠤᠯᠠᠭ᠎ᠠ ᠶᠢ ᠴᠢᠩᠭᠠᠳᠬᠠᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠵᠣᠬᠢᠶᠠᠨ | ᠪᠠᠶᠢᠭᠤᠯᠬᠤ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠪᠣᠯᠣᠨ ᠠᠶᠤᠯᠭᠦᠢ ᠦᠢᠯᠡᠳᠪᠦᠷᠢᠯᠡᠯ ᠢ ᠬᠢᠨᠠᠨ | ᠬᠠᠮᠢᠶᠠᠷᠴᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠢᠶᠠᠨ ᠡᠷᠬᠡ ᠮᠡᠳᠡᠯ | ᠶᠣᠰᠣᠭᠠᠷ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠢᠶᠠᠷ ᠬᠦᠷᠦᠯᠴᠡᠬᠦ ᠦᠭᠡᠢ ᠠᠵᠤ | ᠠᠬᠤᠶᠢᠯᠠᠯ ᠳᠤ ᠬᠠᠤᠯᠢ ᠲᠣᠭᠲᠠᠭᠠᠯ ᠰᠠᠬᠢᠯᠭ᠎ᠠ ᠪᠠᠲᠤ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠂ ᠠᠭᠤᠷᠬᠠᠢ | ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃ | | |