ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | | | ᠥᠪᠥᠷ ᠵᠠᠰᠠᠭ ᠠᠯᠪᠠᠨ ᠲᠠᠷᠬᠠᠭᠠᠭᠰᠠᠨ ﹇2024﹈ 46 ᠳ᠋ᠤᠭᠠᠷ ᠲᠣᠭᠠᠲᠤ | | ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ | ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠬᠠᠤᠯᠢ︾᠂ ︽ᠬᠠᠮᠤᠭ ᠤᠨ | ᠳᠣᠣᠷ᠎ᠠ ᠴᠠᠯᠢᠩ ᠤᠨ ᠲᠣᠭᠲᠠᠭᠠᠯ︾ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠮᠠᠨ ᠤ ᠣᠷᠣᠨ ᠤ ᠠᠵᠤ | ᠠᠬᠤᠢ ᠨᠡᠶᠢᠭᠡᠮ ᠤᠨ ᠬᠥᠭᠵᠢᠯᠲᠡ ᠪᠠ ᠠᠵᠢᠯᠲᠠᠨ ᠠᠵᠢᠯᠴᠢᠨ ᠤ ᠴᠠᠯᠢᠩ ᠤᠨ ᠬᠢᠷᠢ ᠬᠡᠮᠵᠢᠶ᠎ᠡ ᠶᠢᠨ ᠨᠡᠮᠡᠭᠳᠡᠯ ᠵᠡᠷᠭᠡ | ᠪᠠᠶᠢᠳᠠᠯ ᠲᠠᠢ ᠤᠶᠠᠯᠳᠤᠭᠤᠯᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠶᠠᠮᠤᠨ ᠢᠶᠠᠷ ᠬᠢᠨᠠᠨ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠪᠦᠬᠦ ᠣᠷᠣᠨ ᠤ ᠪᠦᠬᠦᠯᠢ ᠡᠳᠦᠷ ᠤᠨ ᠳᠦᠷᠢᠮᠲᠦ ᠰᠠᠷ᠎ᠠ ᠶᠢᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠪᠠ | ᠪᠦᠬᠦᠯᠢ ᠡᠳᠦᠷ ᠤᠨ ᠳᠦᠷᠢᠮᠲᠦ ᠪᠤᠰᠤ ᠠᠵᠢᠯ ᠤᠨ ᠪᠠᠶᠢᠷᠢ ᠶᠢᠨ ᠨᠢᠭᠡ ᠴᠠᠭ ᠤᠨ ᠬᠠᠮᠤᠭ ᠤᠨ ᠳᠣᠣᠷ᠎ᠠ ᠴᠠᠯᠢᠩ ᠤᠨ | ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ | ᠮᠡᠲᠦ ᠮᠡᠳᠡᠭᠳᠡᠪᠡ᠄ | ᠨᠢᠭᠡ᠂ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠲᠣᠬᠢᠷᠠᠭᠤᠯᠤᠯᠲᠠ | ᠬᠢᠭᠰᠡᠨ ᠤ ᠳᠠᠷᠠᠭᠠᠬᠢ ᠪᠦᠬᠦᠯᠢ ᠡᠳᠦᠷ ᠤᠨ ᠳᠦᠷᠢᠮᠲᠦ ᠬᠥᠳᠡᠯᠮᠦᠷᠢᠴᠢᠨ ᠤ ᠰᠠᠷ᠎ᠠ ᠶᠢᠨ ᠬᠠᠮᠤᠭ ᠤᠨ ᠳᠣᠣᠷ᠎ᠠ | ᠴᠠᠯᠢᠩ ᠤᠨ ᠪᠠᠷᠢᠮᠵᠢᠶ᠎ᠠ ᠨᠢ ᠨᠢᠭᠡᠳᠦᠭᠡᠷ ᠲᠥᠷᠥᠯ ᠤᠨ ᠭᠠᠵᠠᠷ ᠣᠷᠣᠨ ᠳᠤ 2270 ᠲᠥᠭᠦᠷᠢᠭ᠂ ᠬᠤᠶᠠᠳᠤᠭᠠᠷ | ᠲᠥᠷᠥᠯ ᠤᠨ ᠭᠠᠵᠠᠷ ᠣᠷᠣᠨ ᠳᠤ 2200 ᠲᠥᠭᠦᠷᠢᠭ᠂ ᠭᠤᠷᠪᠠᠳᠤᠭᠠᠷ ᠲᠥᠷᠥᠯ ᠤᠨ ᠭᠠᠵᠠᠷ ᠣᠷᠣᠨ ᠳᠤ 2140 | ᠲᠥᠭᠦᠷᠢᠭ ᠪᠣᠯᠣᠨ᠎ᠠ︔ ᠪᠦᠬᠦᠯᠢ ᠡᠳᠦᠷ ᠤᠨ ᠳᠦᠷᠢᠮᠲᠦ ᠪᠤᠰᠤ ᠠᠵᠢᠯ ᠤᠨ ᠪᠠᠶᠢᠷᠢ ᠶᠢᠨ ᠨᠢᠭᠡ ᠴᠠᠭ ᠤᠨ | ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠨᠢ ᠨᠢᠭᠡᠳᠦᠭᠡᠷ ᠲᠥᠷᠥᠯ ᠤᠨ ᠭᠠᠵᠠᠷ ᠣᠷᠣᠨ ᠳᠤ 22.4 ᠲᠥᠭᠦᠷᠢᠭ᠂ | ᠬᠤᠶᠠᠳᠤᠭᠠᠷ ᠲᠥᠷᠥᠯ ᠤᠨ ᠭᠠᠵᠠᠷ ᠣᠷᠣᠨ ᠳᠤ 21.7 ᠲᠥᠭᠦᠷᠢᠭ᠂ ᠭᠤᠷᠪᠠᠳᠤᠭᠠᠷ ᠲᠥᠷᠥᠯ ᠤᠨ ᠭᠠᠵᠠᠷ | ᠣᠷᠣᠨ ᠳᠤ 21.1 ᠲᠥᠭᠦᠷᠢᠭ ᠪᠣᠯᠣᠨ᠎ᠠ᠃ ᠭᠠᠵᠠᠷ ᠣᠷᠣᠨ ᠤ ᠲᠥᠷᠥᠯ ᠢᠯᠭᠠᠯ ᠪᠠ ᠲᠣᠬᠢᠷᠠᠭᠤᠯᠤᠨ ᠬᠡᠷᠡᠭᠯᠡᠬᠦ | ᠪᠠᠷᠢᠮᠵᠢᠶ᠎ᠠ ᠶᠢ ᠳᠠᠭᠠᠯᠳᠤᠭᠤᠯᠤᠯ ᠳᠤ ᠨᠠᠷᠢᠨ ᠦᠵᠡᠭᠡᠷᠡᠢ᠃ | ᠬᠤᠶᠠᠷ᠂ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠳᠤ ᠨᠠᠰᠤᠵᠢᠯ ᠤᠨ ᠦᠨᠳᠦᠰᠦᠨ ᠳᠠᠭᠠᠳᠬᠠᠯ᠂ | ᠡᠮᠴᠢᠯᠡᠭᠡ ᠶᠢᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠪᠠ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠰᠦᠢᠳᠬᠡᠯ ᠲᠤᠰᠢᠶᠠᠬᠤ ᠬᠡᠰᠡᠭ ᠢ ᠪᠠᠭᠲᠠᠭᠠᠨ᠎ᠠ︔ | ᠠᠵᠢᠯᠯᠠᠬᠤ ᠴᠠᠭ ᠢ ᠤᠷᠲᠤᠳᠬᠠᠭᠰᠠᠨ ᠬᠤᠭᠤᠴᠠᠭᠠᠨ ᠤ ᠴᠠᠯᠢᠩ᠂ ᠦᠳᠡ ᠶᠢᠨ ᠡᠭᠡᠯᠵᠢ᠂ ᠰᠥᠨᠢ ᠶᠢᠨ ᠡᠭᠡᠯᠵᠢ᠂ | ᠥᠨᠳᠥᠷ ᠳᠤᠯᠠᠭᠠᠨ᠂ ᠳᠣᠣᠷ᠎ᠠ ᠳᠤᠯᠠᠭᠠᠨ᠂ ᠬᠤᠳᠳᠤᠭ ᠳᠣᠲᠣᠷ᠎ᠠ᠂ ᠬᠤᠣᠷ ᠬᠥᠨᠥᠭᠡᠯ ᠲᠠᠢ ᠵᠡᠷᠭᠡ ᠤᠨᠴᠠᠭᠠᠢ | ᠨᠥᠬᠦᠴᠡᠯ ᠳᠣᠣᠷᠠᠬᠢ ᠨᠡᠮᠡᠯᠭᠡ᠂ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠠᠴᠠ ᠲᠣᠭᠲᠠᠭᠠᠭᠰᠠᠨ | ᠬᠥᠳᠡᠯᠮᠦᠷᠢᠯᠡᠭᠴᠢ ᠶᠢᠨ ᠠᠰᠠᠷᠠᠮᠵᠢ ᠣᠯᠭᠤᠮᠵᠢ ᠵᠡᠷᠭᠡ ᠶᠢ ᠪᠠᠭᠲᠠᠭᠠᠬᠤ ᠦᠭᠡᠢ᠃ | ᠭᠤᠷᠪᠠ᠂ ᠪᠦᠬᠦᠯᠢ ᠡᠳᠦᠷ ᠤᠨ ᠳᠦᠷᠢᠮᠲᠦ ᠬᠥᠳᠡᠯᠮᠦᠷᠢᠴᠢᠨ ᠬᠡᠪ ᠤᠨ ᠬᠥᠳᠡᠯᠮᠦᠷᠢ ᠬᠠᠩᠭᠠᠭᠰᠠᠨ ᠪᠠᠶᠢᠳᠠᠯ ᠳᠤ᠂ | ᠬᠥᠮᠥᠨ ᠬᠡᠷᠡᠭᠯᠡᠬᠦ ᠨᠢᠭᠡᠴᠢ ᠨᠢ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠰᠠᠷ᠎ᠠ ᠶᠢᠨ ᠬᠠᠮᠤᠭ ᠤᠨ ᠳᠣᠣᠷ᠎ᠠ | ᠴᠠᠯᠢᠩ ᠤᠨ ᠪᠠᠷᠢᠮᠵᠢᠶ᠎ᠠ ᠠᠴᠠ ᠳᠣᠣᠷ᠎ᠠ ᠦᠭᠡᠢ ᠪᠠᠷᠢᠮᠵᠢᠶ᠎ᠠ ᠪᠠᠷ ᠴᠠᠯᠢᠩ ᠥᠭᠬᠦ ᠬᠡᠷᠡᠭᠲᠡᠢ︔ ᠪᠦᠬᠦᠯᠢ ᠡᠳᠦᠷ ᠤᠨ | ᠳᠦᠷᠢᠮᠲᠦ ᠪᠤᠰᠤ ᠠᠵᠢᠯ ᠬᠢᠵᠦ ᠪᠠᠶᠢᠭ᠎ᠠ ᠬᠥᠳᠡᠯᠮᠦᠷᠢᠯᠡᠭᠴᠢ ᠳᠤ ᠬᠥᠮᠥᠨ ᠬᠡᠷᠡᠭᠯᠡᠬᠦ ᠨᠢᠭᠡᠴᠢ ᠶᠢᠨ ᠣᠯᠭᠤᠬᠤ | ᠵᠣᠭᠤᠰ ᠤᠨ ᠴᠠᠯᠢᠩ ᠨᠢ ᠴᠠᠭ ᠤᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠠᠴᠠ ᠳᠣᠣᠷ᠎ᠠ ᠪᠠᠶᠢᠵᠤ ᠪᠣᠯᠬᠤ | ᠦᠭᠡᠢ᠃ ᠨᠢᠭᠡᠴᠢ ᠶᠢᠨ ᠬᠠᠤᠯᠢ ᠶᠣᠰᠣᠭᠠᠷ ᠲᠤᠰᠢᠶᠠᠬᠤ ᠨᠡᠶᠢᠭᠡᠮ ᠤᠨ ᠳᠠᠭᠠᠳᠬᠠᠯ ᠤᠨ ᠰᠦᠢᠳᠬᠡᠯ ᠪᠠ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠬᠥᠮᠥᠨ ᠬᠡᠷᠡᠭᠯᠡᠬᠦ ᠨᠢᠭᠡᠴᠢ ᠲᠣᠭᠲᠠᠭᠠᠯ ᠶᠣᠰᠣᠭᠠᠷ | ᠠᠰ ᠲᠤ ᠨᠢ ᠥᠭᠬᠦ ᠬᠡᠷᠡᠭᠲᠡᠢ᠃ | ᠳᠥᠷᠪᠡ᠂ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠪᠦᠬᠦᠯᠢ ᠡᠳᠦᠷ ᠤᠨ ᠳᠦᠷᠢᠮᠲᠦ ᠰᠠᠷ᠎ᠠ ᠶᠢᠨ ᠬᠠᠮᠤᠭ ᠤᠨ | ᠳᠣᠣᠷ᠎ᠠ ᠴᠠᠯᠢᠩ ᠤᠨ ᠪᠠᠷᠢᠮᠵᠢᠶ᠎ᠠ ᠪᠠ ᠪᠦᠬᠦᠯᠢ ᠡᠳᠦᠷ ᠤᠨ ᠳᠦᠷᠢᠮᠲᠦ ᠪᠤᠰᠤ ᠠᠵᠢᠯ ᠤᠨ ᠪᠠᠶᠢᠷᠢ ᠶᠢᠨ ᠨᠢᠭᠡ | ᠴᠠᠭ ᠤᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢ 2024 ᠣᠨ ᠤ 12 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠤᠤᠯ ᠤᠨ ︽ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠣᠣᠷ᠎ᠠ | ᠴᠠᠯᠢᠩ ᠤᠨ ᠪᠠᠷᠢᠮᠵᠢᠶ᠎ᠠ ᠵᠢᠴᠢ ᠪᠦᠬᠦᠯᠢ ᠡᠳᠦᠷ ᠤᠨ ᠳᠦᠷᠢᠮᠲᠦ ᠪᠤᠰᠤ ᠠᠵᠢᠯ ᠤᠨ ᠪᠠᠶᠢᠷᠢ ᠶᠢᠨ ᠨᠢᠭᠡ ᠴᠠᠭ ᠤᠨ | ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ | ᠵᠠᠰᠠᠭ ᠠᠯᠪᠠᠨ ᠲᠠᠷᠬᠠᠭᠠᠭᠰᠠᠨ ﹇2021﹈ 69 ᠳ᠋ᠦ᠋ᠭᠡᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ | ᠃ | ᠲᠠᠪᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠬᠠᠮᠤᠭ ᠤᠨ ᠳᠣᠣᠷ᠎ᠠ | ᠴᠠᠯᠢᠩ ᠤᠨ ᠪᠠᠷᠢᠮᠵᠢᠶᠠᠨ ᠤ ᠲᠤᠬᠠᠢ ᠤᠬᠠᠭᠤᠯᠭ᠎ᠠ ᠪᠠᠨ ᠴᠢᠩᠭᠠᠳᠬᠠᠨ᠂ ᠲᠤᠬᠠᠢ ᠶᠢᠨ ᠭᠠᠵᠠᠷ ᠤᠨ ᠢᠶᠠᠨ ᠭᠤᠣᠯ | ᠪᠣᠯᠬᠤ ᠵᠠᠭᠤᠴᠢᠯᠠᠭᠤᠷ ᠳᠡᠭᠡᠷ᠎ᠡ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢ ᠨᠡᠶᠢᠲᠡᠯᠡᠵᠦ᠂ ᠬᠥᠮᠥᠨ ᠬᠡᠷᠡᠭᠯᠡᠬᠦ | ᠨᠢᠭᠡᠴᠢ᠂ ᠬᠥᠳᠡᠯᠮᠦᠷᠢᠯᠡᠭᠴᠢ ᠪᠠ ᠣᠯᠠᠨ ᠨᠡᠶᠢᠲᠡ ᠳᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠥᠷᠭᠡᠨ ᠢᠶᠠᠷ | ᠣᠶᠢᠯᠠᠭᠠᠭᠤᠯᠬᠤ ᠬᠡᠷᠡᠭᠲᠡᠢ᠃ ᠬᠥᠮᠥᠨ ᠬᠡᠷᠡᠭᠯᠡᠬᠦ ᠨᠢᠭᠡᠴᠢ ᠶᠢᠨ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢ | ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ | ︽ᠬᠠᠮᠤᠭ ᠤᠨ ᠳᠣᠣᠷ᠎ᠠ ᠴᠠᠯᠢᠩ ᠤᠨ ᠲᠣᠭᠲᠠᠭᠠᠯ︾ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠵᠦ᠂ ᠬᠥᠳᠡᠯᠮᠦᠷᠢᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ | ᠬᠡᠷᠡᠭᠲᠡᠢ᠃ | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠳᠣᠣᠷ᠎ᠠ | ᠴᠠᠯᠢᠩ ᠤᠨ ᠭᠠᠵᠠᠷ ᠣᠷᠣᠨ ᠤ ᠲᠥᠷᠥᠯ ᠢᠯᠭᠠᠯ ᠪᠠ ᠪᠠᠷᠢᠮᠵᠢᠶ᠎ᠠ ᠶᠢᠨ ᠬᠦᠰᠦᠨᠦᠭᠲᠦ | | | 2024ᠣᠨ ᠤ 11 ᠳ᠋ᠦ᠋ᠭᠡᠷ ᠰᠠᠷ᠎ᠠ ᠶᠢᠨ 12 ᠤᠨ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | | | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2024 ᠣᠨ ᠤ 11 ᠳ᠋ᠦ᠋ᠭᠡᠷ ᠰᠠᠷ᠎ᠠ ᠶᠢᠨ 12 ᠤᠨ ᠡᠳᠦᠷ ᠳᠠᠷᠤᠮᠠᠯᠯᠠᠨ ᠲᠠᠷᠬᠠᠭᠠᠪᠠ | | |