ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ 12 ᠰᠠᠷ᠎ᠠ ᠶᠢᠨ 13 ᠤ ᠡᠳᠦᠷ ᠤᠨ ᠨᠡᠶᠢᠲᠡᠯᠡᠭᠰᠡᠨ | ᠲᠤᠭ᠎ᠠ ᠪᠠᠷᠢᠮᠲᠠ ᠶᠢᠨ ᠢᠯᠡᠷᠡᠭᠦᠯᠦᠭᠰᠡᠨ ᠢᠶᠠᠷ᠂ ᠡᠨᠡ ᠵᠢᠯ ᠮᠠᠨ ᠤ ᠣᠷᠣᠨ ᠤ ᠠᠮᠤ ᠪᠤᠳᠠᠭᠠᠨ ᠤ ᠤᠨᠠᠯᠲᠠ ᠠᠩᠬ᠎ᠠ | ᠤᠳᠠᠭ᠎ᠠ 800 ᠳ᠋ᠥᠡᠭᠰᠢᠭᠤᠷ ᠵᠢᠩ ᠤᠨ ᠶᠡᠭᠡ ᠪᠣᠭᠤᠮᠲᠠ ᠶᠢ ᠳᠠᠪᠠᠨ 820.1 ᠳ᠋ᠥᠡᠭᠰᠢᠭᠤᠷ ᠵᠢᠩ ᠳᠤ ᠬᠦᠷᠴᠦ᠂ | ᠨᠢᠳᠤᠨᠤᠨ ᠤ ᠬᠢ ᠠᠴᠠ 3.60% ᠪᠠᠷ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠪᠠᠷ ᠪᠦᠭᠦ ᠤᠯᠤᠰ ᠤᠨ ᠭᠤᠷᠪᠠᠳᠤᠭᠠᠷ | ᠲᠤ ᠣᠷᠣᠵᠤ᠂ ᠠᠮᠤ ᠪᠤᠳᠠᠭᠠᠨ ᠤ ᠦᠢᠯᠡᠳᠪᠦᠷᠢᠯᠡᠯ ︽ᠬᠤᠷᠢᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ︾ | ᠣᠯᠵᠤ ᠰᠢᠨ᠎ᠡ ᠳᠡᠭᠲᠡᠷ ᠲᠤ ᠭᠠᠷᠴᠠᠢ᠃ | ᠮᠠᠨ ᠤ ᠣᠷᠣᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠶᠢ ᠠᠮᠤ ᠪᠤᠳᠠᠭᠠᠨ ᠤ ᠦᠢᠯᠡᠳᠪᠦᠷᠢᠯᠡᠯ | ᠤᠨ ᠲᠡᠷᠢᠭᠦᠨ ᠴᠢᠬᠤᠯᠠ ᠢᠨᠵᠧᠨᠧᠷᠢᠩ ᠪᠣᠯᠭᠠᠨ ᠠᠳᠬᠤᠵᠤ᠂ ᠡᠨᠡ ᠵᠢᠯ 21 ᠳ᠋ᠥᠡᠭᠰᠢᠭᠤᠷ ᠲᠥᠭᠦᠷᠢᠭ ᠤᠨ ᠪᠡᠯᠡ | ᠮᠥᠩᠭᠦ ᠶᠢ ᠨᠢᠭᠡᠳᠦᠯᠲᠡᠢ ᠲᠣᠬᠢᠷᠠᠭᠤᠯᠤᠨ᠂ ᠠᠮᠤ ᠲᠤᠰᠤᠨ ᠤ ᠲᠠᠷᠢᠮᠠᠯ ᠤᠨ ᠮᠦ ᠨᠢᠭᠡᠴᠢ ᠶᠢᠨ ᠤᠨᠠᠯᠲᠠ ᠶᠢ | ᠳᠡᠭᠡᠭᠰᠢᠯᠡᠭᠦᠯᠭᠦ ᠠᠵᠢᠯᠯᠠᠭ᠎ᠠ ᠥᠷᠨᠢᠭᠦᠯᠵᠦ᠂ ᠭᠤᠣᠯ ᠪᠤᠯᠬᠤ ᠲᠠᠷᠢᠮᠠᠯ ᠤᠨ ᠮᠦ ᠨᠢᠭᠡᠴᠢ ᠶᠢᠨ ᠤᠨᠠᠯᠲᠠ ᠶᠢ | ᠳᠡᠭᠡᠭᠰᠢᠯᠡᠭᠦᠯᠭᠦ ᠵᠢᠱᠢᠶ᠎ᠡ ᠦᠵᠡᠭᠦᠯᠭᠦ ᠣᠷᠣᠨ ᠢ ᠨᠡᠶᠢᠲᠡ 1040 ᠲᠦᠮᠡᠨ ᠮᠦ ᠪᠠᠶᠢᠭᠤᠯᠵᠤ᠂ ᠳᠠᠩ ᠤᠯᠠᠷᠢᠯ ᠤᠨ | ᠲᠤᠨ ᠤ ᠤᠨᠠᠯᠲᠠ ᠲᠠᠢ ᠠᠮᠤ ᠪᠤᠳᠠᠭᠠᠨ ᠤ ᠲᠠᠷᠢᠶᠠᠨ ᠭᠠᠵᠠᠷ ᠢ 850 ᠲᠦᠮᠡᠨ ᠮᠦ ᠪᠦᠲᠦᠭᠡᠨ ᠪᠠᠶᠢᠭᠤᠯᠪᠠ᠃ | ᠲᠠᠷᠢᠮᠠᠯ ᠤᠨ ᠦᠢᠯᠡᠰ ᠤᠨ 7 ᠬᠦᠷᠢᠶᠡᠨ ᠳᠤ ᠤᠯᠤᠰ ᠤᠨ ᠲᠠᠰ ᠤᠨ ᠠᠺᠠᠳᠧᠮᠢᠴᠢ ︵ᠲᠤᠰᠬᠠᠢ ᠮᠡᠷᠭᠡᠵᠢᠯᠲᠡᠨ︶ ᠶᠢᠨ | ᠪᠦᠯᠭᠦᠮ ᠨᠡᠶᠢᠲᠡ ᠲᠠᠢ ᠬᠠᠮᠲᠤᠷᠠᠯᠴᠠᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ ᠳᠤ ᠮᠡᠷᠭᠡᠵᠢᠯ ᠤᠨ | ᠲᠤᠯᠭᠠᠭᠤᠷᠢᠯᠠᠯ ᠬᠠᠩᠭᠠᠵᠤ᠂ ᠪᠦᠭᠦ ᠵᠢᠯ ᠳᠤ 1000 ᠲᠦᠮᠡᠨ ᠮᠦ ᠡᠷᠳᠡᠨᠢ ᠰᠢᠰᠢ ᠶᠢᠨ ᠲᠠᠷᠢᠶᠠᠨ ᠳᠤ ᠨᠢᠭᠲᠠ | ᠲᠠᠷᠢᠵᠤ ᠨᠠᠷᠢᠯᠢᠭ ᠣᠨᠣᠴᠠᠲᠠᠢ ᠲᠣᠬᠢᠷᠠᠭᠤᠯᠤᠨ ᠡᠵᠡᠮᠳᠡᠬᠦ ᠮᠡᠷᠭᠡᠵᠢᠯ ᠢ ᠬᠡᠷᠡᠭᠵᠢᠭᠦᠯᠵᠦ᠂ 400 ᠲᠦᠮᠡᠨ ᠮᠦ ᠰᠢᠷ᠎ᠠ | ᠪᠤᠷᠴᠠᠭ ᠤᠨ ᠲᠠᠷᠢᠶᠠᠨ ᠳᠤ ᠥᠨᠳᠥᠷ ᠳᠠᠯᠠᠩ ᠪᠣᠰᠬᠠᠨ ᠲᠠᠷᠢᠬᠤ ᠪᠠ ᠨᠢᠭᠲᠠ ᠲᠠᠷᠢᠵᠤ ᠭᠦᠢᠬᠡᠨ ᠪᠤᠯᠠᠵᠤ | ᠳᠤᠰᠤᠯᠭᠠᠨ ᠤᠰᠤᠯᠠᠬᠤ ᠮᠡᠷᠭᠡᠵᠢᠯ ᠢ ᠬᠡᠷᠡᠭᠵᠢᠭᠦᠯᠪᠡ᠃ ᠪᠠᠰᠠ ᠤᠤᠯ ᠤᠨ ︽ᠴᠢᠬᠢ ᠦᠵᠡᠵᠦ ᠦᠷ᠎ᠡ ᠰᠣᠩᠭᠤᠬᠤ︾ | 60 ᠲᠠᠪᠴᠠᠩ ᠤᠨ ᠰᠠᠭᠤᠷᠢᠨ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠱᠠᠲᠤᠨ ᠤ ᠶᠡᠷᠦᠩᠬᠡᠶᠢᠯᠡᠭᠰᠡᠨ ᠴᠢᠨᠠᠷᠲᠠᠢ | 7 ᠣᠷᠣᠨ ᠪᠦᠰᠡ ᠶᠢᠨ ᠲᠠᠪᠴᠠᠩ ᠢ ᠭᠤᠣᠯᠳᠠᠯᠭ᠎ᠠ ᠲᠠᠢ ᠪᠠᠶᠢᠭᠤᠯᠵᠤ᠂ ᠲᠤᠬᠠᠢ ᠶᠢᠨ ᠭᠠᠵᠠᠷ ᠤᠨ ᠥᠪᠡᠷᠮᠢᠴᠡ | ᠣᠨᠴᠠᠯᠢᠭ ᠲᠠᠢ ᠳᠠᠪᠠᠭᠤᠯᠢᠭᠲᠤ ᠲᠠᠷᠢᠮᠠᠯ ᠢᠶᠠᠷ ᠭᠤᠣᠯᠳᠠᠭᠤᠯᠤᠭᠰᠠᠨ ᠣᠯᠠᠨ ᠵᠦᠢᠯ ᠤᠨ ᠲᠠᠷᠢᠮᠠᠯ ᠢ | ᠶᠡᠷᠦᠩᠬᠡᠶᠢᠯᠡᠭᠰᠡᠨ ᠴᠢᠨᠠᠷᠲᠠᠢ ᠪᠠᠷ ᠳᠡᠯᠭᠡᠨ ᠦᠵᠡᠭᠦᠯᠵᠦ᠂ 2000 ᠭᠠᠷᠤᠢ ᠵᠦᠢᠯ ᠤᠨ ᠰᠠᠶᠢᠨ ᠲᠠᠷᠢᠶᠠᠨ ᠦᠷ᠎ᠡ ᠶᠢ | ᠲᠠᠨᠢᠯᠴᠠᠭᠤᠯᠤᠨ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠪᠠ ᠨᠡᠷᠡᠨ ᠬᠤᠸᠠᠷ ᠵᠡᠷᠭᠡ 9 ᠵᠦᠢᠯ ᠤᠨ ᠭᠤᠣᠯ | ᠪᠤᠯᠬᠤ ᠠᠮᠤ ᠪᠤᠳᠠᠭᠠᠨ ᠤ ᠲᠠᠷᠢᠮᠠᠯ ᠪᠣᠯᠣᠨ ᠥᠪᠡᠷᠮᠢᠴᠡ ᠣᠨᠴᠠᠯᠢᠭ ᠲᠠᠢ ᠳᠠᠪᠠᠭᠤᠯᠢᠭᠲᠤ ᠲᠠᠷᠢᠮᠠᠯ ᠢ ᠬᠠᠮᠤᠷᠴᠤ᠂ | ᠪᠦᠭᠦ ᠣᠷᠣᠨ ᠤ ᠰᠠᠶᠢᠨ ᠦᠷ᠎ᠡ ᠶᠢᠨ ᠪᠦᠷᠬᠦᠴᠡ ᠶᠢᠨ ᠨᠤᠷᠮ᠎ᠠ 98% ᠶᠢ ᠳᠠᠪᠠᠭᠰᠠᠨ ᠪᠠᠶᠢᠨ᠎ᠠ᠃ ᠪᠦᠷᠢᠳᠬᠡᠯ ᠢᠶᠠᠷ᠂ | ᠡᠨᠡ ᠵᠢᠯ ᠪᠦᠭᠦ ᠣᠷᠣᠨ ᠤ ᠠᠮᠤ ᠪᠤᠳᠠᠭᠠᠨ ᠤ ᠲᠠᠷᠢᠮᠠᠯ ᠤᠨ ᠲᠠᠯᠠᠪᠠᠢ 10517.7 ᠲᠦᠮᠡᠨ ᠮᠦ ᠳᠤ ᠬᠦᠷᠴᠦ᠂ | ᠨᠢᠳᠤᠨᠤᠨ ᠤ ᠬᠢ ᠠᠴᠠ 0.39% ᠪᠠᠷ ᠨᠡᠮᠡᠭᠳᠡᠨ᠂ ᠠᠮᠤ ᠪᠤᠳᠠᠭᠠᠨ ᠤ ᠲᠠᠷᠢᠮᠠᠯ ᠤᠨ ᠮᠦ ᠨᠢᠭᠡᠴᠢ ᠶᠢᠨ ᠳᠤᠮᠳᠠᠴᠢ | ᠤᠨᠠᠯᠲᠠ 780 ᠵᠢᠩ ᠳᠤ ᠬᠦᠷᠴᠦ᠂ ᠨᠢᠳᠤᠨᠤᠨ ᠤ ᠬᠢ ᠠᠴᠠ 3.20% ᠢᠶᠠᠷ ᠨᠡᠮᠡᠭᠳᠡᠪᠡ᠃ | ᠮᠠᠨ ᠤ ᠣᠷᠣᠨ ᠮᠠᠰᠢᠨᠴᠢᠯᠠᠯᠲᠠ ᠪᠠ ᠨᠡᠶᠢᠭᠡᠮᠴᠢᠯᠡᠭᠰᠡᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ | ᠴᠢᠩᠭᠠᠳᠬᠠᠨ᠂ ᠪᠦᠭᠦ ᠵᠢᠯ ᠳᠤ ᠥᠪᠡᠷᠲᠡᠭᠡᠨ ᠵᠠᠰᠠᠬᠤ ᠣᠷᠣᠨ ᠠᠴᠠ 17 ᠳ᠋ᠦᠩᠰᠢᠭᠤᠷ ᠭᠠᠷᠤᠢ ᠲᠥᠭᠦᠷᠢᠭ ᠤᠨ | ᠨᠥᠬᠦᠪᠦᠷᠢ ᠮᠥᠩᠭᠦ ᠲᠣᠬᠢᠷᠠᠭᠤᠯᠤᠨ ᠮᠠᠯᠴᠢᠨ ᠲᠠᠷᠢᠶᠠᠴᠢᠳ ᠤᠨ ᠲᠠᠷᠢᠶᠠᠯᠠᠩ ᠤᠨ ᠮᠠᠰᠢᠨ ᠲᠥᠬᠦᠭᠡᠷᠦᠮᠵᠢ ᠪᠠᠨ | ᠰᠢᠨᠡᠴᠢᠯᠡᠬᠦ ᠶᠢ ᠳᠡᠮᠵᠢᠵᠦ᠂ ᠲᠠᠷᠢᠶᠠᠯᠠᠩ ᠤᠨ ᠪᠦᠭᠦ ᠦᠢᠯᠡᠳᠪᠦᠷᠢᠯᠡᠯ ᠤᠨ ᠶᠠᠪᠤᠴᠠ ᠶᠢᠨ ᠶᠡᠷᠦᠩᠬᠡᠶᠢᠯᠡᠭᠰᠡᠨ | ᠮᠠᠰᠢᠨᠴᠢᠯᠠᠯᠲᠠ ᠶᠢᠨ ᠨᠣᠷᠮ᠎ᠠ 90% ᠶᠢ ᠳᠠᠪᠠᠨ᠂ ᠪᠦᠭᠦ ᠤᠯᠤᠰ ᠤᠨ ᠳᠤᠮᠳᠠᠴᠢ ᠲᠦᠪᠰᠢᠨ ᠠᠴᠠ ᠳᠠᠪᠠᠪᠠ᠃ ᠪᠦᠭᠦ | ᠣᠷᠣᠨ ᠤ 5 ᠬᠤᠰᠢᠭᠤ ᠰᠢᠶᠠᠨ᠂ 20 ᠰᠢᠶᠠᠩ ᠪᠠᠯᠭᠠᠰᠤ᠂ 100 ᠭᠠᠴᠠᠭ᠎ᠠ ᠲᠣᠰᠬᠤᠨ ᠳᠤ ᠨᠡᠶᠢᠭᠡᠮᠴᠢᠯᠡᠭᠰᠡᠨ | ᠦᠢᠯᠡᠴᠢᠯᠡᠭᠡᠨ ᠤ ᠵᠢᠱᠢᠶ᠎ᠡ ᠦᠵᠡᠭᠦᠯᠭᠦ ᠠᠵᠢᠯᠯᠠᠭ᠎ᠠ ᠥᠷᠨᠢᠭᠦᠯᠵᠦ᠂ ᠦᠢᠯᠡᠳᠪᠦᠷᠢᠯᠡᠯ ᠪᠣᠷᠤᠯᠠᠭᠤᠯᠭ᠎ᠠ ᠶᠢ ᠨᠢᠭᠡ | ᠴᠣᠭᠴᠠᠵᠢᠭᠤᠯᠤᠭᠰᠠᠨ ᠦᠢᠯᠡᠴᠢᠯᠡᠭᠡ ᠬᠠᠩᠭᠠᠬᠤ ᠲᠤᠰᠬᠠᠢ ᠬᠤᠷᠰᠢᠶ᠎ᠠ ᠶᠢ 2.8 ᠲᠦᠮᠡ᠂ ᠲᠡᠭᠡᠭᠡᠪᠦᠷᠢᠯᠡᠨ | ᠪᠣᠷᠣᠯᠠᠭᠤᠯᠬᠤ ᠦᠢᠯᠡᠴᠢᠯᠡᠭᠡ ᠪᠠᠷ ᠭᠤᠣᠯ ᠪᠤᠯᠭᠠᠬᠰᠠᠨ ᠲᠤᠰᠬᠠᠢ ᠬᠤᠷᠰᠢᠶ᠎ᠠ ᠶᠢ 3816᠂ ᠡᠳ᠋ᠰᠢᠭᠦᠯᠦᠨ | ᠪᠤᠯᠪᠠᠰᠤᠷᠠᠭᠤᠯᠬᠤ ᠦᠢᠯᠡᠴᠢᠯᠡᠭᠡ ᠪᠠᠷ ᠭᠤᠣᠯ ᠪᠤᠯᠭᠠᠬᠰᠠᠨ ᠲᠤᠰᠬᠠᠢ ᠬᠤᠷᠰᠢᠶ᠎ᠠ ᠶᠢ 3009 ᠪᠣᠶᠢᠵᠢᠭᠤᠯᠵᠤ᠂ ᠪᠦᠭᠦ | ᠶᠠᠪᠤᠴᠠ ᠪᠠᠷ ᠨᠠᠶᠢᠳᠠᠨ ᠬᠠᠮᠢᠶᠠᠷᠤᠭᠤᠯᠤᠭᠰᠠᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠠᠯᠠᠪᠠᠶ | 3500 ᠲᠦᠮᠡᠨ ᠮᠦ ᠶᠢ ᠳᠠᠪᠠᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠬᠥᠳᠡᠯᠭᠡᠬᠦ ᠬᠦᠴᠦᠨ ᠢ ᠶᠡᠭᠡ ᠪᠠᠷ | ᠳᠡᠭᠡᠭᠰᠢᠯᠡᠭᠦᠯᠦᠭᠰᠡᠨ ᠪᠠᠶᠢᠨ᠎ᠠ᠃ | | |