ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ | ᠣᠶᠢᠯᠠᠭᠠᠭᠰᠠᠨ ᠢᠶᠠᠷ᠂ ᠡᠨᠡ ᠵᠢᠯ ᠤᠨ ᠡᠬᠢᠨ ᠠᠴᠠ ᠨᠠᠭᠠᠰᠢ ᠪᠦᠭᠦ ᠣᠷᠣᠨ ᠤ ᠰᠢᠨ᠎ᠡ ᠡᠨᠧᠷᠭᠢ ᠶᠢᠨ ᠮᠠᠰᠢᠨ | ᠴᠣᠭᠴᠠᠯᠠᠪᠤᠷᠢ ᠶᠢᠨ ᠪᠠᠭᠲᠠᠭᠠᠮᠵᠢ᠂ ᠰᠢᠨ᠎ᠡ ᠡᠨᠧᠷᠭᠢ ᠶᠢᠨ ᠴᠠᠭᠢᠯᠭᠠᠨ ᠭᠠᠷᠭᠠᠬᠤ ᠬᠡᠮᠵᠢᠶ᠎ᠡ᠂ ᠰᠢᠨ᠎ᠡ ᠡᠨᠧᠷᠭᠢ ᠵᠢᠴᠢ | ᠬᠠᠮᠢᠶ᠎ᠠ ᠪᠦᠬᠦᠢ ᠠᠵᠤ ᠦᠢᠯᠡᠰ ᠤᠨ ᠨᠡᠮᠡᠭᠳᠡᠯ ᠥᠷᠲᠡᠭ ᠴᠥᠮ ᠲᠦᠷᠭᠡᠨ ᠨᠡᠮᠡᠭᠳᠡᠵᠦ᠂ ᠮᠠᠨ ᠤ ᠣᠷᠣᠨ ᠰᠢᠨ᠎ᠡ | ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ ᠠᠬᠢᠭᠤᠯᠵᠤ ᠪᠠᠶᠢᠨ᠎ᠠ᠃ | ᠮᠠᠨ ᠤ ᠣᠷᠣᠨ ᠭᠠᠵᠠᠷ ᠣᠷᠣᠨ ᠤ ᠳᠠᠪᠠᠭᠤᠯᠢᠭ ᠢᠶᠠᠨ ᠭᠦᠢᠴᠡᠳ ᠠᠰᠢᠭᠯᠠᠵᠤ᠂ ︽ᠴᠠᠭᠢᠯᠭᠠᠨ ᠢ ᠨᠡᠮᠡᠭᠳᠡᠭᠦᠯᠬᠦ᠂ | ᠴᠠᠭᠢᠯᠭᠠᠨ ᠢ ᠰᠢᠯᠢᠳᠡᠭᠵᠢᠭᠦᠯᠬᠦ᠂ ᠰᠢᠩᠭᠡᠬᠡᠨ ᠠᠪᠬᠤ ᠶᠢ ᠥᠷᠭᠡᠳᠬᠡᠬᠦ᠂ ᠨᠥᠭᠡᠴᠡ ᠡᠨᠧᠷᠭᠢ ᠶᠢ ᠴᠢᠩᠭᠠᠳᠬᠠᠬᠤ︾ | ᠰᠡᠳᠬᠢᠴᠡ ᠶᠢ ᠢᠮᠠᠭᠲᠠ ᠪᠠᠷᠢᠮᠲᠠᠯᠠᠨ᠂ ᠰᠢᠨ᠎ᠡ ᠡᠨᠧᠷᠭᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ ᠰᠢᠯᠢᠳᠡᠭᠵᠢᠭᠦᠯᠵᠦ᠂ ᠬᠠᠮᠢᠶ᠎ᠠ ᠪᠦᠬᠦᠢ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠠᠬᠢᠴᠠ ᠶᠢ ᠲᠦᠷᠭᠡᠳᠬᠡᠪᠡ᠃ ᠰᠢᠨ᠎ᠡ | ᠡᠨᠧᠷᠭᠢ ᠶᠢᠨ ᠮᠠᠰᠢᠨ ᠴᠣᠭᠴᠠᠯᠠᠪᠤᠷᠢ ᠠᠴᠠ ᠦᠵᠡᠪᠡᠯ᠂ ᠲᠦᠷᠦᠭᠦᠦ ᠭᠤᠷᠪᠠᠨ ᠤᠯᠠᠷᠢᠯ ᠳᠤ ᠪᠦᠭᠦ ᠣᠷᠣᠨ ᠤ ᠰᠢᠨ᠎ᠡ | ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 33. | 6% ᠪᠠᠷ ᠨᠡᠮᠡᠭᠳᠡᠵᠦ᠂ ᠰᠢᠨ᠎ᠡ ᠪᠠᠷ ᠨᠡᠮᠡᠭᠳᠡᠭᠰᠡᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ | ᠨᠢ ᠨᠢᠳᠤᠨᠤᠨ ᠤ ᠠᠳᠠᠯᠢ ᠬᠤᠭᠤᠴᠠᠭᠠᠨ ᠤ ᠪᠦᠭᠦ ᠣᠷᠣᠨ ᠤ ᠰᠢᠨ᠎ᠡ ᠪᠠᠷ ᠨᠡᠮᠡᠭᠳᠡᠭᠰᠡᠨ ᠴᠠᠭᠢᠯᠭᠠᠨ ᠬᠦᠴᠦᠨ ᠤ | ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢᠨ 74% ᠶᠢ ᠡᠵᠡᠯᠡᠪᠡ᠃ ᠰᠢᠨ᠎ᠡ ᠡᠨᠧᠷᠭᠢ ᠪᠠᠷ ᠴᠠᠭᠢᠯᠭᠠᠨ | ᠭᠠᠷᠭᠠᠭᠰᠠᠨ ᠬᠡᠮᠵᠢᠶ᠎ᠡ ᠠᠴᠠ ᠦᠵᠡᠪᠡᠯ᠂ ᠲᠦᠷᠦᠭᠦᠦ ᠭᠤᠷᠪᠠᠨ ᠤᠯᠠᠷᠢᠯ ᠳᠤ ᠪᠦᠭᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠢᠨ᠎ᠡ ᠡᠨᠧᠷᠭᠢ ᠪᠠᠷ ᠴᠠᠭᠢᠯᠭᠠᠨ ᠭᠠᠷᠭᠠᠭᠰᠠᠨ | ᠬᠡᠮᠵᠢᠶ᠎ᠡ 1300 ᠳ᠋ᠦᠩᠰᠢᠭᠤᠷ ᠺᠢᠯᠣᠸᠠᠲ ᠴᠠᠭ ᠢ ᠳᠠᠪᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ | 23.5% ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠪᠦᠭᠦ ᠣᠷᠣᠨ ᠤ ᠪᠦᠭᠦ ᠴᠠᠭᠢᠯᠭᠠᠨ | ᠭᠠᠷᠭᠠᠭᠰᠠᠨ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠠᠴᠠ ᠬᠤᠯᠠ ᠥᠨᠳᠥᠷ ᠪᠣᠯᠵᠠᠢ᠃ ᠡᠭᠦᠨ ᠤ ᠬᠠᠮᠲᠤ | ᠲᠦᠷᠦᠭᠦᠦ ᠭᠤᠷᠪᠠᠨ ᠤᠯᠠᠷᠢᠯ ᠳᠤ ᠪᠦᠭᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠰᠢᠨ᠎ᠡ ᠡᠨᠧᠷᠭᠢ ᠵᠢᠴᠢ | ᠬᠠᠮᠢᠶ᠎ᠠ ᠪᠦᠬᠦᠢ ᠠᠵᠤ ᠦᠢᠯᠡᠰ ᠤᠨ ᠨᠡᠮᠡᠭᠳᠡᠯ ᠥᠷᠲᠡᠭ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 16. | 5% ᠪᠠᠷ ᠨᠡᠮᠡᠭᠳᠡᠪᠡ᠃ ᠡᠭᠦᠨ ᠳᠤ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠥᠷᠲᠡᠭ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 42.2% ᠢᠶᠠᠷ ᠨᠡᠮᠡᠭᠳᠡᠪᠡ᠃ | | |