ᠨᠢᠯᠬ᠎ᠠ ᠬᠡᠦᠬᠡᠳ ᠤᠨ ᠠᠮᠢᠳᠤᠷᠠᠯ ᠤᠨ ᠥᠪᠡᠷ ᠢ ᠪᠠᠨ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠡᠦᠬᠡᠳ | ᠤᠨ ᠥᠪᠡᠷ ᠢ ᠪᠠᠨ ᠬᠠᠮᠢᠶᠠᠷᠬᠤ ᠤᠬᠠᠮᠰᠠᠷ ᠢ ᠴᠢᠩᠭᠠᠳᠬᠠᠬᠤ ᠶᠢᠨ ᠲᠤᠰᠠᠳᠠ᠂ 12 ᠰᠠᠷ᠎ᠠ ᠶᠢᠨ 17 ᠤ ᠡᠳᠦᠷ᠂ | ᠦᠴᠦᠸᠠᠨ ᠰᠢᠶᠠᠨ ᠤ ᠬᠤᠶᠠᠳᠤᠭᠠᠷ ᠬᠡᠦᠬᠡᠳ ᠤᠨ ᠴᠡᠴᠡᠷᠯᠢᠭ ᠬᠡᠦᠬᠡᠳ ᠤᠨ ᠠᠮᠢᠳᠤᠷᠠᠯ ᠢᠶᠠᠨ ᠠᠷᠭᠠᠴᠠᠬᠤ | ᠴᠢᠳᠠᠪᠤᠷᠢ ᠶᠢᠨ ᠤᠷᠤᠯᠳᠤᠭᠠᠨ ᠡᠷᠬᠢᠯᠡᠵᠦ᠂ ᠬᠡᠦᠬᠡᠳ ᠤᠨ ᠪᠡᠶ᠎ᠡ ᠪᠠᠨ ᠳᠠᠭᠠᠭᠠᠬᠤ ᠴᠢᠳᠠᠪᠤᠷᠢ ᠶᠢ ᠪᠦᠬᠦ ᠲᠠᠯ᠎ᠠ ᠪᠠᠷ | ᠰᠢᠯᠭᠠᠪᠠ᠃ | | | | | | ᠲᠣᠰ ᠤᠳᠠᠭᠠᠨ ᠤ ᠤᠷᠤᠯᠳᠤᠭᠠᠨ ᠨᠢ ᠬᠡᠦᠬᠡᠳ ᠤᠨ ᠨᠠᠰᠤᠨ ᠤ ᠵᠥᠷᠢᠶ᠎ᠡ ᠪᠠ ᠬᠥᠭᠵᠢᠯᠲᠡ ᠶᠢᠨ ᠱᠠᠲᠤ | ᠦᠶ᠎ᠡ ᠲᠠᠢ ᠤᠶᠠᠯᠳᠤᠭᠤᠯᠤᠨ᠂ ᠣᠯᠠᠨ ᠶᠠᠩᠵᠤ ᠶᠢᠨ ᠤᠷᠤᠯᠳᠤᠭᠠᠨ ᠤ ᠵᠦᠢᠯᠡᠰ ᠢ ᠨᠠᠷᠢᠨ ᠨᠢᠮᠪᠠᠢ ᠲᠥᠯᠥᠪᠯᠡᠪᠡ᠃ | ᠪᠠᠭ᠎ᠠ ᠠᠩᠭᠢ ᠶᠢᠨ ᠬᠡᠦᠬᠡᠳ ᠭᠤᠲᠤᠯ ᠡᠮᠦᠰᠬᠦ᠂ ᠬᠤᠪᠴᠠᠰᠤ ᠡᠮᠦᠰᠬᠦ᠂ ᠬᠤᠪᠴᠠᠰᠤ ᠡᠪᠬᠡᠬᠦ᠂ ᠰᠢᠨᠠᠭ᠎ᠠ ᠬᠡᠷᠡᠭᠯᠡᠬᠦ ᠶᠢ | ᠳᠡᠯᠭᠡᠨ ᠦᠵᠡᠭᠦᠯᠵᠦ᠂ ᠳᠤᠮᠳᠠ ᠠᠩᠭᠢ ᠶᠢᠨ ᠬᠡᠦᠬᠡᠳ ᠭᠤᠲᠤᠯ ᠡᠮᠦᠰᠬᠦ᠂ ᠭᠠᠳᠠᠷ ᠬᠤᠪᠴᠠᠰᠤ ᠡᠮᠦᠰᠬᠦ᠂ ᠭᠠᠳᠠᠷ | ᠬᠤᠪᠴᠠᠰᠤ ᠡᠪᠬᠡᠬᠦ᠂ ᠪᠤᠷᠴᠠᠭ ᠬᠠᠪᠴᠢᠬᠤ ᠪᠠ ᠪᠢᠴᠢᠭ ᠤᠨ ᠪᠣᠭᠴᠣ ᠪᠠᠨ ᠡᠮᠬᠢᠯᠡᠬᠦ ᠮᠡᠷᠭᠡᠵᠢᠯ ᠢ ᠥᠷᠢᠰᠦᠯᠳᠦᠪᠡ᠃ | ᠬᠡᠦᠬᠡᠳ ᠨᠢᠭᠡᠪᠦᠷᠢ ᠴᠥᠮ ᠢᠳᠡᠪᠬᠢᠲᠡᠢ ᠪᠠᠷ ᠣᠷᠣᠯᠴᠠᠵᠤ᠂ ᠳᠡᠯᠭᠡᠨ ᠦᠵᠡᠭᠦᠯᠬᠦ ᠠᠵᠢᠯᠯᠠᠭ᠎ᠠ ᠶᠢᠨ ᠬᠠᠪᠤ ᠴᠡᠩᠭᠡᠯ ᠢ | ᠪᠡᠶᠡᠴᠢᠯᠡᠨ ᠣᠶᠢᠯᠠᠭᠠᠵᠤ᠂ ᠲᠤᠬᠠᠢ ᠶᠢᠨ ᠲᠠᠯᠠᠪᠤᠷ ᠤᠨ ᠴᠢᠷᠮᠠᠶᠢᠨ ᠬᠠᠰᠬᠢᠷᠬᠤ ᠳᠠᠭᠤᠨ ᠠᠳᠡ ᠲᠡᠨᠳᠡ ᠦᠭᠡᠢ | ᠴᠤᠤᠷᠢᠶᠠᠲᠤᠨ᠎ᠠ᠃ ᠠᠩᠭᠢ ᠶᠢᠨ ᠳᠣᠲᠣᠭᠠᠳᠤ ᠶᠢᠨ ᠰᠢᠯᠭᠠᠷᠠᠭᠤᠯᠤᠯᠲᠠ ᠪᠠᠷ ᠳᠠᠮᠵᠢᠭᠠᠳ᠂ ᠠᠩᠭᠢ ᠪᠦᠷᠢ ᠨᠢᠭᠡᠳᠦᠭᠡᠷ᠂ | ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠤᠨ ᠰᠢᠯᠢᠳᠡᠭ ᠬᠡᠦᠬᠡᠳ ᠢ ᠰᠣᠩᠭᠤᠨ ᠭᠠᠷᠭᠠᠬᠤ ᠶᠢᠨ ᠬᠠᠮᠲᠤ | ᠱᠠᠩᠨᠠᠯ ᠤᠨ ᠪᠢᠴᠢᠭ ᠪᠠ ᠱᠠᠩᠨᠠᠯ ᠣᠯᠭᠤᠪᠠ᠃ ᠨᠢᠭᠡ ᠬᠤᠪᠢ ᠬᠤᠪᠢ ᠱᠠᠩᠨᠠᠯ ᠤᠨ ᠪᠢᠴᠢᠭ ᠨᠢ ᠬᠡᠦᠬᠡᠳ ᠤᠳ ᠢ | ᠴᠢᠷᠮᠠᠶᠢᠨ ᠨᠤᠲᠠᠯᠠᠵᠤ ᠵᠣᠷᠢᠭᠵᠢᠭᠤᠯᠬᠤ ᠪᠠᠷ ᠪᠠᠷᠠᠬᠤ ᠦᠭᠡᠢ᠂ ᠨᠡᠩ ᠴᠤ ᠲᠡᠳᠡᠨ ᠤ ᠢᠷᠡᠭᠡᠳᠦᠢ ᠶᠢᠨ ᠲᠠᠰᠤᠷᠠᠯᠲᠠ | ᠦᠭᠡᠢ ᠤᠷᠤᠭᠰᠢᠯᠠᠬᠤ ᠬᠥᠳᠡᠯᠭᠡᠬᠦ ᠬᠦᠴᠦᠨ ᠤ ᠡᠬᠢ ᠪᠤᠯᠠᠭ ᠮᠥᠨ᠃ | | | | | | ᠲᠣᠰ ᠤᠳᠠᠭᠠᠨ ᠤ ᠬᠡᠦᠬᠡᠳ ᠤᠨ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠶᠢᠨ ᠤᠷᠤᠯᠳᠤᠭᠠᠨ ᠪᠠᠶᠠᠷ | ᠪᠠᠶᠠᠰᠬᠤᠯᠠᠩᠲᠤ ᠳᠤᠮᠳᠠ ᠲᠡᠭᠦᠰ ᠠᠮᠵᠢᠯᠲᠠ ᠲᠠᠢ ᠥᠨᠳᠥᠷᠯᠡᠪᠡ᠃ ᠤᠷᠤᠯᠳᠤᠭᠠᠨ ᠢᠶᠠᠷ ᠲᠠᠮᠵᠢᠨ᠂ ᠬᠡᠦᠬᠡᠳ ᠤᠨ | ᠥᠪᠡᠷ ᠢ ᠪᠠᠨ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠲᠡᠳᠡᠨ ᠤ | ᠥᠷᠢᠰᠦᠯᠳᠦᠭᠡᠨ ᠤ ᠤᠬᠠᠮᠰᠠᠷ ᠢ ᠬᠥᠮᠥᠵᠢᠭᠦᠯᠪᠡ᠂ ᠳᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠬᠤᠶᠠᠳᠤᠭᠠᠷ | ᠬᠡᠦᠬᠡᠳ ᠤᠨ ᠴᠡᠴᠡᠷᠯᠢᠭ ᠴᠡᠴᠡᠷᠯᠢᠭ ᠡᠷᠬᠢᠯᠡᠬᠦ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠠᠰᠠᠷᠠᠨ | ᠬᠥᠮᠥᠵᠢᠭᠦᠯᠬᠦ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠨᠡᠩ | ᠰᠠᠶᠢᠲᠤᠷ ᠬᠠᠮᠠᠭᠠᠯᠠᠨ᠎ᠠ᠃ ︵ᠰᠤᠷᠪᠤᠯᠵᠢᠯᠠᠭᠴᠢ᠄ ᠯᠢᠦ ᠪᠠᠢ ᠢᠦᠢ ᠭᠦᠩ ᠨᠠᠨ︶ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |