ᠦᠴᠦᠸᠠᠨ ᠰᠢᠶᠠᠨ 2024 ᠣᠨ ᠤ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠴᠤᠭᠯᠠᠭᠠᠨ ᠡᠷᠬᠢᠯᠡᠪᠡ
ᠨᠡᠶᠢᠲᠡᠯᠡᠭᠰᠡᠨ ᠴᠠᠭ᠄
2024/12/19
     ᠵᠡᠮᠳᠡᠭᠴᠦᠳ ᠤᠨ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠵᠤ᠂ ᠵᠡᠮᠳᠡᠭᠴᠦᠳ ᠤᠨ ᠨᠡᠶᠢᠭᠡᠮ ᠤᠨ ᠠᠵᠢᠯᠯᠠᠭ᠎ᠠ ᠳᠤ ᠣᠷᠣᠯᠴᠠᠬᠤ ᠢᠲᠡᠭᠡᠯ ᠵᠣᠷᠢᠭ ᠢ ᠳᠡᠭᠡᠭᠰᠢᠯᠡᠭᠦᠯᠵᠦ᠂ ᠲᠠᠮᠢᠷ ᠤᠨ ᠬᠥᠳᠡᠯᠭᠡᠭᠡᠨ ᠠᠴᠠ ᠪᠣᠯᠤᠭᠰᠠᠨ ᠪᠠᠶᠠᠷ ᠪᠠᠶᠠᠰᠤᠯ ᠢ ᠡᠳ᠋ᠯᠡᠭᠦᠯᠬᠦ ᠶᠢᠨ ᠲᠥᠯᠥᠭᠡ᠂ 12 ᠰᠠᠷ᠎ᠠ ᠶᠢᠨ 18 ᠤ ᠡᠳᠦᠷ᠂ ᠦᠴᠦᠸᠠᠨ ᠰᠢᠶᠠᠨ ᠵᠡᠮᠳᠡᠭᠴᠦᠳ ᠤᠨ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠡᠷᠬᠢᠯᠡᠵᠦ᠂ ᠡᠯ᠎ᠡ ᠰᠢᠶᠠᠩ ᠪᠠᠯᠭᠠᠰᠤᠨ ᠤ ᠵᠡᠮᠳᠡᠭᠴᠦᠳ ᠤᠨ ᠬᠤᠯᠪᠣᠭ᠎ᠠ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ᠂ ᠠᠢ ᠢ ᠴᠢ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠴᠢᠩ ᠯᠦᠩ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠲᠥᠪ᠂ ᠬᠠᠶᠢᠷ᠎ᠠ ᠬᠠᠯᠠᠮᠵᠢ ᠶᠢᠨ ᠡᠷᠡᠭᠦᠯᠵᠢᠯ ᠤᠨ ᠲᠥᠪ ᠤᠨ ᠵᠠᠭᠤ ᠭᠠᠷᠤᠢ ᠲᠠᠮᠢᠷᠴᠢᠨ ᠤᠷᠤᠯᠳᠤᠭᠠᠨ ᠳᠤ ᠣᠷᠣᠯᠴᠠᠪᠠ᠃
     ᠪᠡᠶ᠎ᠡ ᠶᠢᠨ ᠲᠠᠮᠢᠷ ᠤᠨ ᠴᠤᠭᠯᠠᠭᠠᠨ ᠨᠢ ᠲᠠᠮᠢᠷᠴᠢᠳ ᠪᠡᠶ᠎ᠡ ᠶᠢᠨ ᠲᠠᠮᠢᠷ ᠤᠨ ᠣᠨᠴᠠᠯᠢᠭ ᠢᠶᠠᠨ ᠦᠨᠳᠦᠰᠦᠯᠡᠨ᠂ ᠫᠢᠩᠫᠠᠩ ᠪᠥᠮᠪᠦᠭᠡ᠂ ᠥᠲᠥᠨ ᠪᠥᠮᠪᠦᠭᠡ᠂ ᠴᠠᠭᠠᠷᠢᠭᠯᠠᠬᠤ᠂ ᠴᠡᠭ ᠲᠣᠭᠲᠠᠭᠠᠨ ᠰᠠᠭᠰᠤᠯᠠᠬᠤ᠂ ᠡᠯᠡᠰᠦᠲᠡᠢ ᠤᠭᠤᠲᠠ ᠰᠢᠳᠡᠬᠦ᠂ ᠬᠤᠯᠠ ᠦᠰᠦᠷᠬᠦ᠂ ᠳᠡᠭᠡᠰᠦ ᠦᠰᠦᠷᠬᠦ᠂ ᠫᠢᠩᠫᠠᠩ ᠪᠥᠮᠪᠦᠭᠡ ᠬᠠᠪᠴᠢᠭᠤᠯᠬᠤ᠂ ᠰᠣᠨᠢᠷᠬᠠᠯᠲᠤ ᠳᠡᠪᠦᠷ᠎ᠡ ᠰᠢᠳᠡᠬᠦ ᠵᠡᠷᠭᠡ ᠣᠯᠠᠨ ᠤᠷᠤᠯᠳᠤᠭᠠᠨ ᠤ ᠵᠦᠢᠯᠡᠰ ᠢ ᠨᠠᠷᠢᠨ ᠨᠢᠮᠪᠠᠢ ᠲᠣᠬᠢᠷᠠᠭᠤᠯᠵᠤ᠂ ᠠᠳᠠᠯᠢ ᠪᠤᠰᠤ ᠲᠠᠯ᠎ᠠ ᠪᠠᠷ ᠤᠷᠤᠯᠳᠤᠭᠠᠨ ᠳᠤ ᠣᠷᠣᠯᠴᠠᠭᠰᠠᠨ ᠲᠠᠮᠢᠷᠴᠢᠳ ᠤᠨ ᠵᠣᠬᠢᠴᠠᠭᠤᠯᠬᠤ ᠴᠢᠳᠠᠪᠤᠷᠢ ᠪᠠ ᠲᠠᠮᠢᠷ ᠤᠨ ᠴᠢᠳᠠᠪᠤᠷᠢ ᠶᠢ ᠪᠣᠯᠪᠠᠰᠤᠷᠠᠭᠤᠯᠪᠠ᠃
     ᠤᠷᠤᠯᠳᠤᠭᠠᠨ ᠤ ᠲᠠᠯᠠᠪᠠᠢ ᠳᠤ᠂ ᠲᠠᠮᠢᠷᠴᠢᠳ ︽ᠨᠥᠬᠦᠷᠯᠡᠯ ᠨᠢᠭᠡᠳᠦᠭᠡᠷ᠂ ᠤᠷᠤᠯᠳᠤᠭᠠᠨ ᠬᠤᠶᠠᠳᠤᠭᠠᠷ︾ ᠤᠨ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠡᠷᠡᠯᠬᠡᠭᠯᠡᠨ ᠲᠡᠮᠡᠴᠡᠵᠦ᠂ ᠡᠷᠬᠡ ᠲᠡᠭᠰᠢ ᠪᠠᠷ ᠥᠷᠢᠰᠦᠯᠳᠦᠵᠦ᠂ ᠭᠤᠶᠢᠳᠠ ᠰᠠᠶᠢᠬᠠᠨ ᠪᠡᠶ᠎ᠡ ᠶᠢᠨ ᠲᠠᠮᠢᠷ ᠤᠨ ᠤᠷ᠎ᠠ ᠴᠢᠳᠠᠪᠤᠷᠢ ᠪᠣᠯᠣᠨ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠤᠷᠤᠯᠳᠤᠭᠠᠨ ᠤ ᠭᠤᠸ᠎ᠠ ᠰᠠᠶᠢᠬᠠᠨ᠂ ᠠᠮᠢ ᠨᠠᠰᠤᠨ ᠤ ᠭᠤᠸ᠎ᠠ ᠰᠠᠶᠢᠬᠠᠨ ᠢ ᠪᠠᠳᠠᠷᠠᠭᠤᠯᠵᠤ᠂ ᠨᠡᠶᠢᠭᠡᠮ ᠳᠤ ᠡᠷᠴᠢ ᠵᠣᠷᠢᠭ ᠢᠶᠠᠨ ᠬᠥᠪᠴᠢᠯᠡᠬᠦ ᠢᠳᠡᠪᠬᠢ ᠬᠦᠴᠦᠨ ᠢ ᠳᠠᠮᠵᠢᠭᠤᠯᠪᠠ᠃ ᠤᠷᠤᠯᠳᠤᠭᠠᠨ ᠤ ᠳᠠᠷᠠᠭ᠎ᠠ᠂ ᠰᠢᠶᠠᠨ ᠤ ᠵᠡᠮᠳᠡᠭᠴᠦᠳ ᠤᠨ ᠬᠤᠯᠪᠣᠭ᠎ᠠ ᠠᠴᠠ ᠱᠠᠩᠨᠠᠯ ᠬᠦᠷᠲᠡᠭᠴᠢ ᠳᠤ ᠦᠨᠡᠮᠯᠡᠯ᠂ ᠱᠠᠩᠨᠠᠯ ᠤᠨ ᠪᠢᠴᠢᠭ ᠵᠢᠴᠢ ᠨᠠᠷᠢᠯᠢᠭ ᠰᠠᠶᠢᠬᠠᠨ ᠳᠤᠷᠠᠰᠬᠠᠯ ᠤᠨ ᠡᠳ᠋ ᠣᠯᠭᠤᠪᠠ᠃
     ᠣᠶᠢᠯᠠᠭᠠᠭᠰᠠᠨ ᠢᠶᠠᠷ᠂ ᠲᠣᠰ ᠤᠳᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠵᠡᠮᠳᠡᠭᠴᠦᠳ ᠲᠤ ᠥᠪᠡᠷ ᠢ ᠪᠠᠨ ᠳᠡᠯᠭᠡᠨ ᠦᠵᠡᠭᠦᠯᠬᠦ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠪᠠᠰᠠ ᠬᠥᠳᠡᠯᠭᠡᠭᠡᠨ ᠢᠶᠠᠷ ᠳᠠᠮᠵᠢᠭᠤᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠢ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠬᠡᠷᠡᠭᠴᠡᠭᠡ ᠪᠠ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠨᠠᠩ ᠢᠯᠡᠭᠦᠦ ᠠᠩᠬᠠᠷᠴᠤ᠂ ᠲᠡᠳᠡᠨ ᠤ ᠨᠡᠶᠢᠭᠡᠮ ᠤᠨ ᠠᠮᠢᠳᠤᠷᠠᠯ ᠳᠤ ᠨᠠᠩ ᠰᠠᠶᠢᠲᠤᠷ ᠠᠭᠤᠰᠤᠯᠴᠠᠬᠤ ᠶᠢ ᠠᠬᠢᠭᠤᠯᠪᠠ᠃      ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠵᠡᠮᠳᠡᠭᠴᠦᠳ ᠤᠨ ᠤᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠵᠡᠮᠳᠡᠭᠴᠦᠳ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠵᠡᠮᠳᠡᠭᠴᠦᠳ ᠤᠨ ᠡᠷᠡᠭᠦᠯᠵᠢᠯ ᠪᠡᠶ᠎ᠡ ᠴᠢᠭᠢᠷᠠᠭᠵᠢᠭᠤᠯᠬᠤ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠨᠡᠩ ᠡᠷᠬᠡ ᠲᠡᠭᠰᠢ᠂ ᠠᠭᠤᠰᠤᠯᠴᠠᠭᠰᠠᠨ᠂ ᠬᠠᠮᠲᠤᠪᠠᠷ ᠡᠳ᠋ᠯᠡᠬᠦ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ᠂ ᠦᠴᠦᠸᠠᠨ ᠰᠢᠶᠠᠨ ᠤ ᠵᠡᠮᠳᠡᠭᠴᠦᠳ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠤᠨ᠎ᠠ᠃  ︵ᠰᠤᠷᠪᠤᠯᠵᠢᠯᠠᠭᠴᠢ᠄ ᠯᠢᠦ ᠪᠠᠢ ᠢᠦᠢ  ᠯᠢᠦ ᠰᠢᠶᠥᠥ ᠴᠢᠶᠠᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号