ᠣᠶᠢᠷ᠎ᠠ ᠳᠤ᠂ ᠡᠳ᠋ ᠤᠨ ᠵᠠᠰᠠᠭ ᠤᠨ ᠶᠠᠮᠤᠨ 2025 ᠣᠨ ᠤ ᠲᠥᠪ ᠤᠨ ᠡᠳ᠋ ᠤᠨ ᠵᠠᠰᠠᠭ ᠤᠨ ᠬᠤᠲᠠ | ᠪᠠᠯᠭᠠᠰᠤᠨ ᠤ ᠪᠠᠲᠤᠯᠠᠭ᠎ᠠ ᠶᠢᠨ ᠴᠢᠨᠠᠷᠲᠠᠢ ᠠᠮᠤᠭᠤᠯᠠᠩ ᠰᠠᠭᠤᠴᠠ ᠶᠢᠨ ᠢᠨᠵᠧᠨᠧᠷᠢᠩ ᠤᠨ ᠬᠡᠰᠡᠭ ᠨᠥᠬᠦᠪᠦᠷᠢ | ᠮᠥᠩᠭᠦ ᠶᠢ ᠤᠷᠢᠳᠴᠢᠯᠠᠨ ᠪᠠᠭᠤᠯᠭᠠᠪᠠ᠂ ᠡᠭᠦᠨ ᠳᠤ ᠮᠠᠨ ᠤ ᠣᠷᠣᠨ 12.5 ᠳ᠋ᠦᠩᠰᠢᠭᠤᠷ ᠲᠥᠭᠦᠷᠢᠭ ᠤᠨ | ᠨᠥᠬᠦᠪᠦᠷᠢ ᠮᠥᠩᠭᠦ ᠣᠯᠪᠠ᠃ | ᠰᠢᠯᠵᠢᠭᠦᠯᠦᠨ ᠥᠭᠬᠦ ᠲᠥᠰᠥᠪ ᠤᠨ ᠭᠦᠢᠴᠡᠳᠬᠡᠬᠦ ᠠᠬᠢᠴᠠ ᠶᠢ ᠤᠯᠠᠮ ᠲᠦᠷᠭᠡᠳᠬᠡᠵᠦ᠂ ᠣᠷᠣᠨ | ᠨᠤᠲᠤᠭ ᠤᠨ ᠲᠥᠰᠥᠪ ᠢ ᠨᠠᠶᠢᠷᠠᠭᠤᠯᠤᠨ ᠵᠣᠬᠢᠶᠠᠬᠤ ᠪᠦᠷᠢᠨ ᠪᠦᠲᠦᠨ ᠴᠢᠨᠠᠷ ᠢ ᠳᠡᠭᠡᠭᠰᠢᠯᠡᠭᠦᠯᠭᠦ ᠶᠢᠨ ᠲᠥᠯᠥᠭᠡ | ᠲᠦᠷᠦᠭᠦᠬᠡᠨ ᠡᠳ᠋ ᠤᠨ ᠵᠠᠰᠠᠭ ᠤᠨ ᠶᠠᠮᠤᠨ ︽2025 ᠣᠨ ᠤ ᠲᠥᠪ ᠤᠨ ᠡᠳ᠋ ᠤᠨ ᠵᠠᠰᠠᠭ ᠤᠨ ᠬᠤᠲᠠ | ᠪᠠᠯᠭᠠᠰᠤᠨ ᠤ ᠪᠠᠲᠤᠯᠠᠭ᠎ᠠ ᠶᠢᠨ ᠴᠢᠨᠠᠷᠲᠠᠢ ᠠᠮᠤᠭᠤᠯᠠᠩ ᠰᠠᠭᠤᠴᠠ ᠶᠢᠨ ᠢᠨᠵᠧᠨᠧᠷᠢᠩ ᠤᠨ ᠬᠡᠰᠡᠭ ᠨᠥᠬᠦᠪᠦᠷᠢ | ᠮᠥᠩᠭᠦ ᠶᠢᠨ ᠲᠥᠰᠥᠪ ᠢ ᠤᠷᠢᠳᠴᠢᠯᠠᠨ ᠪᠠᠭᠤᠯᠭᠠᠬᠤ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ | ᠲᠣᠪᠴᠢᠯᠠᠨ᠎ᠠ︶ ᠪᠠᠭᠤᠯᠭᠠᠪᠠ᠃ | ︽ᠮᠡᠳᠡᠭᠳᠡᠯ︾ ᠳᠤ᠂ 2025 ᠣᠨ ᠳᠤ ᠲᠥᠪ ᠤᠨ ᠡᠳ᠋ ᠤᠨ ᠵᠠᠰᠠᠭ ᠤᠨ ᠬᠤᠲᠠ ᠪᠠᠯᠭᠠᠰᠤᠨ ᠤ | ᠪᠠᠲᠤᠯᠠᠭ᠎ᠠ ᠶᠢᠨ ᠴᠢᠨᠠᠷᠲᠠᠢ ᠠᠮᠤᠭᠤᠯᠠᠩ ᠰᠠᠭᠤᠴᠠ ᠶᠢᠨ ᠢᠨᠵᠧᠨᠧᠷᠢᠩ ᠤᠨ ᠨᠥᠬᠦᠪᠦᠷᠢ ᠮᠥᠩᠭᠦ ᠶᠢ ᠰᠢᠯᠵᠢᠭᠦᠯᠦᠨ | ᠥᠭᠬᠦ ᠲᠥᠰᠥᠪ ᠢ ᠭᠦᠢᠴᠡᠳᠬᠡᠬᠦ ᠪᠠᠶᠢᠩᠭᠤ ᠶᠢᠨ ᠬᠢᠨᠠᠯᠲᠠ ᠲᠠᠯᠪᠢᠬᠤ ᠬᠡᠪᠴᠢᠶᠡᠨ ᠳᠤ ᠣᠷᠣᠭᠤᠯᠵᠤ᠂ ᠡᠯ᠎ᠡ | ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠥᠰᠥᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ | ᠰᠢᠰᠲ᠋ᠧᠮ ᠳᠤ ᠲᠥᠰᠥᠪ ᠤᠨ ᠭᠦᠢᠴᠡᠳᠬᠡᠯ ᠲᠤᠭ᠎ᠠ ᠶᠢ ᠴᠠᠭ ᠲᠤᠬᠠᠢ ᠳᠤᠨᠢ ᠭᠥᠯᠢᠶᠡᠨ ᠠᠪᠴᠤ ᠲᠡᠮᠳᠡᠭᠯᠡᠬᠦ ᠶᠢᠨ | ᠬᠠᠮᠲᠤ ︽ᠮᠥᠷᠳᠡᠯᠲᠡ︾ ᠶᠢᠨ ᠢᠯᠡᠳᠬᠡᠮᠵᠢ ᠲᠡᠮᠳᠡᠭ ᠢ ᠬᠤᠪᠢᠷᠠᠭᠤᠯᠬᠤ ᠦᠭᠡᠢ ᠪᠠᠶᠢᠬᠤ ᠶᠢ ᠪᠠᠲᠤᠯᠠᠵᠤ᠂ | ᠲᠥᠰᠥᠪ ᠤᠨ ᠬᠠᠮᠢᠶᠠᠷᠤᠯᠲᠠ ᠳᠤ ᠲᠦᠰᠢᠭᠯᠡᠨ ᠨᠢᠭᠡ ᠴᠣᠭᠴᠠᠵᠢᠭᠤᠯᠬᠤ ᠰᠢᠰᠲ᠋ᠧᠮ ᠤᠨ ᠰᠢᠯᠵᠢᠭᠦᠯᠦᠨ ᠥᠭᠬᠦ ᠶᠢ | ᠬᠢᠨᠠᠨ ᠡᠵᠡᠮᠳᠡᠬᠦ ᠬᠡᠰᠡᠭ ᠲᠤ ᠲᠦᠰᠢᠭᠯᠡᠨ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ | ᠰᠢᠯᠵᠢᠭᠦᠯᠦᠨ ᠥᠭᠬᠦ ᠪᠡᠯᠡ ᠮᠥᠩᠭᠦ ᠶᠢ ᠬᠠᠮᠢᠶᠠᠷᠴᠤ ᠬᠡᠷᠡᠭᠯᠡᠬᠦ ᠵᠢᠷᠤᠮᠵᠢᠯᠳᠤ ᠴᠢᠨᠠᠷ ᠪᠠ ᠪᠦᠲᠦᠮᠵᠢᠲᠦ ᠴᠢᠨᠠᠷ ᠢ | ᠳᠡᠭᠡᠭᠰᠢᠯᠡᠭᠦᠯᠭᠦ ᠭᠡᠷᠡᠭᠲᠡᠶ᠃ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ᠂ ᠲᠥᠯᠥᠪᠯᠡᠭᠡ | ᠳᠤ ᠲᠤᠰᠠᠭᠠᠷ ᠵᠢᠭᠰᠠᠭᠠᠭᠰᠠᠨ ᠬᠤᠲᠠ︶ ᠨᠢ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠭᠦ | ᠲᠠᠯ᠎ᠠ ᠪᠠᠷ ᠬᠡᠷᠡᠭᠵᠢᠭᠦᠯᠬᠦ ᠱᠠᠭᠠᠷᠳᠠᠯᠭ᠎ᠠ ᠶᠣᠰᠣᠭᠠᠷ᠂ ᠠᠮᠵᠢᠯᠲᠠ ᠪᠦᠲᠦᠮᠵᠢ ᠶᠢᠨ ᠬᠠᠷᠠᠯᠲᠠᠲᠤ ᠬᠠᠮᠢᠶᠠᠷᠤᠯᠲᠠ ᠶᠢ | ᠴᠢᠩᠭᠠᠳᠬᠠᠵᠤ᠂ ᠠᠮᠵᠢᠯᠲᠠ ᠪᠦᠲᠦᠮᠵᠢ ᠶᠢᠨ ᠠᠵᠢᠯᠯᠠᠭᠠᠨ ᠢ ᠬᠢᠨᠠᠨ ᠡᠵᠡᠮᠳᠡᠬᠦ ᠪᠠ ᠠᠮᠵᠢᠯᠲᠠ ᠪᠦᠲᠦᠮᠵᠢ ᠶᠢ ᠦᠨᠡᠯᠡᠬᠦ | ᠠᠵᠢᠯ ᠢ ᠰᠠᠶᠢᠲᠤᠷ ᠬᠢᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠠᠮᠤᠷ ᠲᠦᠪᠰᠢᠨ ᠪᠥᠭᠡᠳ ᠪᠦᠲᠦᠮᠵᠢᠲᠡᠶ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠮᠠᠨ ᠤ ᠣᠷᠣᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠣᠶᠢᠷ᠎ᠠ ᠶᠢᠨ ᠬᠤᠭᠤᠴᠠᠭᠠᠨ ᠳᠤ ᠪᠡᠯᠡ ᠮᠥᠩᠭᠦ ᠶᠢ | ᠡᠯ᠎ᠡ ᠠᠶᠢᠮᠠᠭ ᠬᠤᠲᠠ ᠳᠤ ᠤᠷᠢᠳᠴᠢᠯᠠᠨ ᠪᠠᠭᠤᠯᠭᠠᠵᠤ᠂ ᠪᠠᠲᠤᠯᠠᠭ᠎ᠠ ᠶᠢᠨ ᠴᠢᠨᠠᠷᠲᠠᠢ ᠠᠮᠤᠭᠤᠯᠠᠩ ᠰᠠᠭᠤᠴᠠ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠪᠣᠯᠣᠨ᠎ᠠ᠃ | | |