ᠮᠠᠨ ᠤ ᠣᠷᠣᠨ ᠠᠺᠠᠳᠧᠮᠢᠴᠢ ᠶᠢᠨ ᠠᠵᠢᠯᠯᠠᠬᠤ ᠥᠷᠲᠡᠭᠡ ᠳᠠᠬᠢ ᠳᠡᠮᠵᠢᠯᠭᠡ ᠪᠠᠨ ᠴᠢᠩᠭᠠᠳᠬᠠᠵᠤ ᠪᠤᠢ
ᠨᠡᠶᠢᠲᠡᠯᠡᠭᠰᠡᠨ ᠴᠠᠭ᠄
2024/12/19
     ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠺᠠᠳᠧᠮᠢᠴᠢ ᠶᠢᠨ ᠠᠵᠢᠯᠯᠠᠬᠤ ᠥᠷᠲᠡᠭᠡ ᠶᠢ ᠲᠠᠩᠰᠠᠯᠠᠨ ᠬᠠᠮᠢᠶᠠᠷᠬᠤ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠨᠡᠶᠢᠲᠡᠯᠡᠵᠡᠢ᠃ ︽ᠠᠷᠭ᠎ᠠ︾ ᠨᠢ 7 ᠪᠦᠯᠦᠭ ᠢᠶᠠᠷ ᠪᠦᠷᠢᠯᠳᠦᠵᠦ᠂ ᠠᠺᠠᠳᠧᠮᠢᠴᠢ ᠶᠢᠨ ᠠᠵᠢᠯᠯᠠᠬᠤ ᠥᠷᠲᠡᠭᠡ ᠶᠢᠨ ᠠᠺᠠᠳᠧᠮᠢᠴᠢ ᠶᠢ ᠤᠷᠢᠨ ᠠᠪᠴᠢᠷᠠᠬᠤ ᠬᠡᠪᠴᠢᠶ᠎ᠡ᠂ ᠬᠠᠷᠠᠯᠲᠠ ᠪᠠᠶᠢᠷᠢ ᠲᠣᠭᠲᠠᠭᠠᠯᠲᠠ᠂ ᠳᠠᠩᠰᠠᠯᠠᠬᠤ ᠶᠠᠪᠤᠴᠠ ᠵᠢᠴᠢ ᠠᠵᠢᠯᠯᠠᠭᠠᠨ ᠤ ᠬᠠᠮᠢᠶᠠᠷᠤᠯᠲᠠ ᠶᠢ ᠲᠣᠳᠣᠷᠬᠠᠶᠢᠯᠠᠵᠤ᠂ ᠠᠺᠠᠳᠧᠮᠢᠴᠢ ᠶᠢᠨ ᠠᠵᠢᠯᠯᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢ ᠤᠯᠠᠮ ᠴᠢᠨᠠᠭᠰᠢᠳᠠ ᠵᠢᠷᠤᠮᠵᠢᠭᠤᠯᠤᠨ ᠴᠢᠩᠭᠠᠳᠬᠠᠪᠠ᠃      ︽ᠠᠷᠭ᠎ᠠ︾ ᠳᠤ᠂ ᠵᠣᠬᠢᠴᠠᠭᠤᠯᠬᠤ ᠳᠤᠭᠤᠶᠢᠯᠠᠩ ᠠᠩᠬ᠎ᠠ ᠤᠳᠠᠭ᠎ᠠ ᠪᠦᠷᠢᠳᠬᠡᠭᠦᠯᠦᠨ ᠳᠠᠩᠰᠠᠯᠠᠭᠤᠯᠤᠭᠰᠠᠨ ᠠᠺᠠᠳᠧᠮᠢᠴᠢ ᠶᠢᠨ ᠠᠵᠢᠯᠯᠠᠬᠤ ᠥᠷᠲᠡᠭᠡ ᠳᠤ ᠨᠡᠶᠢᠲᠡ 100 ᠲᠦᠮᠡᠨ ᠲᠥᠭᠦᠷᠢᠭ ᠤᠨ ᠡᠬᠢᠯᠡᠵᠦ ᠪᠦᠲᠦᠭᠡᠨ ᠪᠠᠶᠢᠭᠤᠯᠬᠤ ᠵᠠᠷᠤᠳᠠᠯ ᠤᠨ ᠳᠡᠮᠵᠢᠯᠭᠡ ᠣᠯᠭᠤᠵᠤ᠂ ᠭᠠᠳᠠᠭᠠᠳᠤ ᠶᠢᠨ ᠡᠷᠳᠡᠮ ᠰᠢᠨᠵᠢᠯᠡᠭᠡᠨ ᠤ ᠪᠠᠶᠢᠭᠤᠯᠤᠮᠵᠢ ᠶᠢᠨ ᠠᠺᠠᠳᠧᠮᠢᠴᠢ ᠶᠢ ᠤᠷᠢᠨ ᠠᠪᠴᠢᠷᠠᠭᠰᠠᠨ ᠠᠺᠠᠳᠧᠮᠢᠴᠢ ᠶᠢᠨ ᠠᠵᠢᠯᠯᠠᠬᠤ ᠥᠷᠲᠡᠭᠡ ᠳᠤ ᠦᠨᠡᠯᠡᠨ ᠵᠢᠱᠢᠭᠰᠡᠨ ᠪᠠᠶᠢᠳᠠᠯ ᠢ ᠦᠨᠳᠦᠰᠦᠯᠡᠨ ᠳᠡᠮᠵᠢᠯᠭᠡ ᠦᠵᠡᠭᠦᠯᠦᠨ᠎ᠡ ᠭᠡᠵᠦ ᠴᠢᠬᠤᠯᠠᠴᠢᠯᠠᠪᠠ᠃ ᠠᠮᠵᠢᠯᠲᠠ ᠪᠦᠲᠦᠮᠵᠢ ᠶᠢ ᠶᠡᠷᠦᠩᠬᠡᠶᠢᠯᠡᠨ ᠦᠨᠡᠯᠡᠬᠦ ᠠᠷᠭ᠎ᠠ ᠭᠡᠯᠪᠡᠷᠢ ᠶᠢ ᠠᠪᠴᠤ᠂ ᠠᠺᠠᠳᠧᠮᠢᠴᠢ ᠶᠢᠨ ᠠᠵᠢᠯᠯᠠᠬᠤ ᠥᠷᠲᠡᠭᠡ ᠶᠢᠨ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠵᠤ᠂ ᠰᠢᠯᠢᠳᠡᠭ ᠢ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠵᠦᠢᠯ ᠢᠶᠠᠷ ᠳᠠᠮᠵᠢᠨ᠂ 50 ᠲᠦᠮᠡᠨ ᠲᠥᠭᠦᠷᠢᠭ ᠤᠨ ᠬᠤᠶᠢᠨᠠᠬᠢ ᠨᠥᠬᠦᠪᠦᠷᠢ ᠣᠯᠭᠤᠨ᠎ᠠ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠪᠠ ᠭᠠᠳᠠᠭᠠᠳᠤ ᠶᠢᠨ ᠣᠷᠣᠶᠢᠯᠠᠭᠰᠠᠨ ᠡᠷᠳᠡᠮ ᠰᠢᠨᠵᠢᠯᠡᠭᠡᠨ ᠤ ᠡᠷᠬᠡ ᠰᠦᠷᠲᠦ ᠪᠠᠶᠢᠭᠤᠯᠤᠮᠵᠢ ᠶᠢᠨ ᠠᠺᠠᠳᠧᠮᠢᠴᠢ ᠶᠢ ᠲᠠᠲᠠᠵᠤ ᠰᠢᠨ᠎ᠡ ᠶᠢ ᠡᠭᠦᠳᠦᠨ ᠦᠢᠯᠡᠰ ᠪᠣᠰᠬᠠᠬᠤ ᠶᠢ ᠳᠡᠮᠵᠢᠵᠦ᠂ ᠣᠷᠣᠨ ᠤ ᠳᠣᠲᠣᠷᠠᠬᠢ ᠨᠢᠭᠡᠴᠢ ᠶᠢ ᠬᠥᠲᠥᠯᠥᠨ ᠵᠢᠯᠤᠭᠤᠳᠴᠤ  ᠬᠠᠮᠢᠶ᠎ᠠ ᠪᠦᠬᠦᠢ ᠠᠺᠠᠳᠧᠮᠢᠴᠢ ᠵᠢᠴᠢ ᠲᠡᠭᠦᠨ ᠤ ᠪᠦᠯᠭᠦᠮ  ᠯᠦᠭᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠥᠷᠨᠢᠭᠦᠯᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠳᠤ ᠬᠦᠴᠦᠨ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠤᠯᠠᠨ ᠤᠯᠤᠰᠴᠢᠯᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠣᠷᠴᠢᠨ ᠨᠥᠬᠦᠴᠡᠯ ᠢ ᠤᠯᠠᠮ ᠴᠢᠨᠠᠭᠰᠢᠳᠠ ᠳᠡᠭᠡᠭᠰᠢᠯᠡᠭᠦᠯᠦᠨ᠎ᠡ ᠭᠡᠵᠦ ᠲᠣᠳᠣᠷᠬᠠᠶᠢᠯᠠᠪᠠ᠃      ︽ᠠᠷᠭ᠎ᠠ︾ ᠳᠤ᠂ ᠠᠺᠠᠳᠧᠮᠢᠴᠢ ᠶᠢᠨ ᠠᠵᠢᠯᠯᠠᠬᠤ ᠥᠷᠲᠡᠭᠡ ᠨᠢ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ 3 ᠵᠢᠯ ᠪᠦᠷᠢ ᠳᠤ ᠨᠢᠭᠡ ᠤᠳᠠᠭ᠎ᠠ ᠶᠡᠷᠦᠩᠬᠡᠶᠢᠯᠡᠭᠰᠡᠨ ᠠᠮᠵᠢᠯᠲᠠ ᠪᠦᠲᠦᠮᠵᠢ ᠶᠢᠨ ᠦᠨᠡᠯᠡᠯᠲᠡ ᠬᠢᠨ᠎ᠡ᠂ ᠦᠨᠡᠯᠡᠬᠦ ᠠᠭᠤᠯᠭ᠎ᠠ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ᠂ ᠦᠷ᠎ᠡ ᠪᠦᠲᠦᠭᠡᠯ ᠤᠨ ᠤᠨᠳᠤᠤᠰᠢᠭᠤᠯᠤᠯᠲᠠ᠂ ᠴᠢᠳᠠᠪᠤᠷᠢᠲᠠᠨ ᠢ ᠤᠷᠢᠨ ᠬᠥᠮᠥᠵᠢᠭᠦᠯᠦᠭᠰᠡᠨ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠡᠭᠦᠳᠦᠯᠲᠡ᠂ ᠪᠤᠰᠤᠳ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠵᠡᠷᠭᠡ ᠠᠭᠤᠯᠭ᠎ᠠ ᠶᠢ ᠪᠠᠭᠲᠠᠭᠠᠨ᠎ᠠ ᠭᠡᠵᠦ ᠲᠣᠳᠣᠷᠬᠠᠶᠢᠯᠠᠪᠠ᠃ ᠣᠳᠣᠬᠠᠨ ᠪᠤᠯᠲᠠᠯ᠎ᠠ ᠮᠠᠨ ᠤ ᠣᠷᠣᠨ ᠳᠤ ᠨᠡᠶᠢᠲᠡ 52 ᠠᠺᠠᠳᠧᠮᠢᠴᠢ ᠶᠢᠨ ᠠᠵᠢᠯᠯᠠᠬᠤ ᠥᠷᠲᠡᠭᠡ ᠲᠠᠢ ᠪᠠᠶᠢᠵᠤ᠂ 57 ᠠᠺᠠᠳᠧᠮᠢᠴᠢ᠂ 1000 ᠣᠷᠴᠢᠮ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠢ ᠤᠶᠠᠨ ᠴᠢᠨᠠᠷᠲᠠᠢ ᠪᠠᠷ ᠤᠷᠢᠨ ᠠᠪᠴᠢᠷᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠭᠦ᠂ ᠠᠵᠤ ᠦᠢᠯᠡᠰ ᠤᠨ ᠪᠦᠲᠦᠴᠡ ᠶᠢᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠲᠠᠯ᠎ᠠ ᠪᠠᠷ ᠬᠦᠴᠦᠲᠡᠢ ᠦᠢᠯᠡᠳᠦᠯ ᠦᠵᠡᠭᠦᠯᠵᠦ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号