︽ᠰᠢᠷᠬᠡᠭ ᠡᠪᠡᠰᠦ︾ ᠠᠴᠠ ᠠᠪᠤᠭᠠᠳ ︽ᠴᠣᠮᠣ ᠰᠦ︾ ᠶᠢᠨ ᠪᠦᠭᠦ ᠠᠵᠤ ᠦᠢᠯᠡᠰ ᠤᠨ ᠬᠡᠯᠬᠢᠶ᠎ᠡ ᠶᠢᠨ | ᠪᠠᠶᠢᠷᠢᠰᠢᠭᠤᠯᠤᠯᠲᠠ ᠭᠦᠷᠲᠡᠯ᠎ᠡ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠡᠭᠦᠳᠦᠯᠲᠡ ᠨᠢ ᠮᠢᠩᠭᠠᠨ | ᠳ᠋ᠦᠩᠰᠢᠭᠤᠷ ᠤᠨ ᠲᠡᠰ ᠤᠨ ᠠᠵᠤ ᠦᠢᠯᠡᠰ ᠤᠨ ᠪᠦᠯᠦᠭᠵᠢᠯ ᠢ ᠪᠣᠶᠢᠵᠢᠭᠤᠯᠪᠠ ; | ᠪᠦᠭᠦ ᠪᠥᠮᠪᠥᠷᠴᠡᠭ ᠤᠨ ᠲᠡᠷᠢᠭᠦᠨ ᠤ ᠰᠢᠯᠦᠬᠡᠢ ᠡᠪᠡᠳᠴᠢᠨ ᠤ ᠸᠠᠺᠼᠢᠨ᠂ ᠳᠠᠭᠠᠯᠲᠠ ᠢᠰᠬᠡᠭᠦᠷ Q10᠂ | ᠥᠨᠳᠥᠷ ᠦᠷ᠎ᠡ ᠠᠰᠢᠭᠲᠤ ᠰᠢᠷ᠎ᠠ ᠬᠥᠭᠡᠴᠦ ᠶᠢᠨ ᠡᠳ᠋ ᠤᠨ ᠦᠢᠯᠡᠳᠪᠦᠷᠢᠯᠡᠯ ᠤᠨ ᠰᠠᠭᠤᠷᠢᠨ | ᠪᠠᠶᠢᠭᠤᠯᠤᠭᠳᠠᠭᠰᠠᠨ ᠠᠴᠠ ᠠᠪᠤᠭᠠᠳ ᠶᠤᠸᠠᠨ ᠵᠢᠩ ᠣᠶᠤᠨᠴᠢ ᠦᠢᠯᠡᠳᠬᠦ ᠠᠵᠤ ᠦᠢᠯᠡᠰ ᠤᠨ ᠬᠦᠷᠢᠶᠡᠯᠡᠩ᠂ ᠬᠤᠸᠠ | ᠶᠣᠣ ᠭᠡᠷᠡᠯᠴᠢ ᠴᠠᠭᠢᠯᠭᠠᠨ ᠤ 12GW ᠤᠨ ᠲᠠᠩ ᠲᠠᠯᠠᠰᠲᠤ ᠴᠠᠬᠢᠭᠤᠷ ᠤᠨ ᠢᠯᠲᠠᠰᠤ᠂ ᠰᠢᠨ ᠬᠤᠸᠠᠨ ᠤ 10 | ᠲᠦᠮᠡᠨ ᠲᠣᠨ ᠤ ᠮᠥᠬᠦᠯᠢᠭᠲᠦ ᠴᠠᠬᠢᠭᠤᠷ ᠵᠡᠷᠭᠡ ᠲᠥᠷᠥᠯ ᠵᠦᠢᠯ ᠬᠤᠶᠢᠨ᠎ᠠ ᠬᠤᠶᠢᠨ᠎ᠠ ᠠᠴᠠ ᠪᠠᠨ ᠠᠰᠢᠭᠯᠠᠯᠲᠠ ᠳᠤ | ᠣᠷᠣᠭᠰᠠᠨ᠂ ᠵᠢᠦ ᠲᠠᠢ ᠶᠢᠨ 30 ᠲᠦᠮᠡᠨ ᠲᠣᠨ ᠤ ᠬᠡᠯᠬᠢᠶ᠎ᠡ ᠶᠢ ᠤᠷᠲᠤᠳᠬᠠᠨ ᠨᠥᠬᠦᠪᠦᠷᠢᠯᠡᠬᠦ ᠶᠢ ᠨᠢᠭᠡ | ᠴᠣᠭᠴᠠᠵᠢᠭᠤᠯᠤᠭᠰᠠᠨ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ | ᠪᠦᠯᠦᠭᠯᠡᠯ ᠤᠨ ᠮᠧᠲ᠋ᠢᠯ ᠠᠯᠳᠧᠭᠢᠳ᠋ ᠤᠨ ᠪᠥᠭᠡᠭᠡᠨᠡᠷᠡᠯ ᠢ ᠲᠠᠰ ᠳᠡᠪᠰᠢᠭᠦᠯᠬᠦ ᠥᠭᠡᠷᠡᠴᠢᠯᠡᠨ ᠰᠠᠶᠢᠵᠢᠷᠠᠭᠤᠯᠤᠯᠲᠠ ᠵᠡᠷᠭᠡ | ᠲᠥᠷᠥᠯ ᠵᠦᠢᠯ ᠢ ᠯᠠᠪᠳᠠᠭᠤᠨ ᠢᠶᠠᠷ ᠠᠬᠢᠭᠤᠯᠤᠭᠰᠠᠨ ᠭᠦᠷᠲᠡᠯ᠎ᠡ ᠁ | ᠡᠲᠡᠭᠡᠷ ᠠᠯᠢ ᠣᠯᠠᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ | ᠠᠮᠵᠢᠯᠲᠠ ᠲᠠᠢ ᠬᠡᠷᠡᠭᠵᠢᠭᠦᠯᠦᠭᠰᠡᠨ ᠨᠢ ᠭᠦᠭᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠪᠠ ᠬᠥᠲᠥᠯᠥᠨ ᠳᠠᠭᠠᠭᠤᠯᠬᠤ | ᠴᠢᠩᠭ᠎ᠠ ᠬᠦᠴᠦᠲᠡᠢ ᠪᠣᠳᠠᠲᠤ ᠬᠦᠴᠦᠨ ᠢ ᠢᠯᠡᠷᠡᠭᠦᠯᠪᠡ᠃ | ᠣᠶᠢᠷ᠎ᠠ ᠶᠢᠨ ᠵᠢᠯ ᠤᠨ ᠲᠤᠷᠰᠢ᠂ ᠭᠦᠭᠡᠬᠤᠲᠠ ᠤᠯᠤᠰ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠠᠯᠬᠤᠭ᠎ᠠ ᠶᠢ ᠴᠢᠩᠭ᠎ᠠ ᠳᠠᠭᠠᠵᠤ᠂ ᠬᠤᠶᠠᠷ ᠶᠡᠭᠡ ᠶᠠᠪᠤᠳᠠᠯ ᠵᠢᠴᠢ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠭᠤᠣᠯ ᠡᠭᠦᠷᠭᠡ ᠶᠢᠨ ᠲᠣᠭᠤᠷᠢᠨ ᠳᠤ ︽ᠰᠢᠨᠵᠢᠯᠡᠬᠦ | ᠤᠬᠠᠭᠠᠨ ᠲᠸᠭᠨ᠋ᠶᠢᠡ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠪᠦᠭᠦ ᠲᠠᠯ᠎ᠠ ᠪᠠᠷ | ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠰᠢᠨᠵᠢᠯᠡᠬᠦ ᠤᠬᠠᠭᠠᠨ ᠲᠸᠭᠨ᠋ᠶᠢᠡ ᠮᠡᠷᠭᠡᠵᠢᠯ ᠤᠨ ᠰᠢᠨ᠎ᠡ ᠶᠢ ᠡᠭᠦᠳᠬᠦ | ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠪᠡᠭᠡᠵᠢᠩ ᠲᠢᠶᠠᠨᠵᠢᠨ ᠾᠧᠪᠧᠢ︾ ᠶᠢᠨ | ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠳᠤ ᠢᠳᠡᠪᠬᠢᠲᠡᠢ ᠠᠭᠤᠰᠤᠯᠴᠠᠵᠤ᠂ ᠪᠡᠭᠡᠵᠢᠩ ᠬᠤᠲᠠ ᠶᠢᠨ ᠬᠠᠶᠢᠳᠢᠶᠠᠨ | ᠲᠣᠭᠤᠷᠢᠭ ᠲᠠᠢ ᠭᠠᠷ ᠬᠤᠯᠪᠣᠨ ︽ᠬᠤᠶᠠᠷ ᠴᠠᠭ ᠤᠨ ᠰᠢᠨ᠎ᠡ ᠶᠢ ᠡᠭᠦᠳᠬᠦ ᠲᠣᠭᠤᠷᠢᠭ︾ ᠢ ᠬᠠᠮᠲᠤ ᠪᠠᠷ ᠪᠠᠶᠢᠭᠤᠯᠵᠤ᠂ | ᠰᠢᠨᠵᠢᠯᠡᠬᠦ ᠤᠬᠠᠭᠠᠨ ᠲᠸᠭᠨ᠋ᠶᠢᠡ ᠮᠡᠷᠭᠡᠵᠢᠯ ᠤᠨ ᠪᠦᠰᠡᠯᠡᠯᠲᠡ ᠰᠢᠪᠲᠤᠯᠬᠤ ︽ᠭᠠᠪᠰᠢᠭᠠᠢ ᠠᠩᠭᠢ︾ ᠶᠢᠨ ᠡᠭᠦᠷᠭᠡ ᠶᠢ | ᠵᠣᠷᠢᠭᠲᠠᠢ ᠡᠭᠦᠷᠭᠡᠯᠡᠵᠦ᠂ ᠣᠷᠣᠨ ᠪᠦᠰᠡ ᠶᠢᠨ ᠴᠢᠳᠠᠪᠤᠷᠢᠲᠠᠨ ᠤ ᠲᠥᠪ ᠪᠠ ᠰᠢᠨ᠎ᠡ ᠶᠢ ᠡᠭᠦᠳᠬᠦ ᠥᠨᠳᠦᠷᠯᠢᠭ ᠢ | ᠬᠦᠴᠦᠯᠡᠨ ᠪᠠᠶᠢᠭᠤᠯᠵᠤ᠂ ᠥᠨᠳᠥᠷ ᠲᠦᠪᠰᠢᠨ ᠪᠦᠬᠦᠢ ᠤᠯᠤᠰ ᠤᠨ ᠰᠢᠨ᠎ᠡ ᠶᠢ ᠡᠭᠦᠳᠬᠦ ᠭᠡᠯᠪᠡᠷᠢ ᠶᠢᠨ ᠬᠤᠳᠠ ᠶᠢ | ᠴᠢᠷᠮᠠᠶᠢᠨ ᠪᠠᠶᠢᠭᠤᠯᠵᠤ ᠪᠠᠶᠢᠨ᠎ᠠ᠃ | 2023 ᠣᠨ ᠳᠤ ᠭᠦᠭᠡᠬᠤᠲᠠ ᠪᠦᠭᠦ ᠤᠯᠤᠰ ᠤᠨ 288 ᠲᠤᠰᠬᠠᠢ ᠣᠷᠣᠨ ᠤ ᠲᠠᠰ ᠵᠢᠴᠢ ᠲᠡᠭᠦᠨ ᠠᠴᠠ | ᠳᠡᠭᠡᠭᠰᠢᠬᠢ ᠬᠤᠲᠠ ᠶᠢᠨ ᠳᠣᠲᠣᠷ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠬᠥᠭᠵᠢᠯᠲᠡ ᠶᠢᠨ ᠵᠢᠭᠠᠯᠲᠠ ᠲᠤᠭ᠎ᠠ 30 ᠳ᠋ᠤᠭᠠᠷ ᠲᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ | ᠬᠤᠲᠠ ᠳᠤ ᠲᠦᠷᠦᠭᠦᠯᠡᠪᠡ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠤ ᠭᠤᠣᠯᠯᠠᠭᠴᠢ ᠬᠥᠳᠡᠯᠭᠡᠬᠦ ᠬᠦᠴᠦᠨ ᠮᠥᠨ᠂ ᠪᠠᠰᠠ ᠴᠤ ᠣᠷᠣᠨ ᠤ ᠲᠥᠪ ᠬᠤᠳᠠ | ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠶᠢᠯᠠᠰᠢ ᠦᠭᠡᠢ ᠶᠠᠪᠤᠬᠤ ᠵᠠᠮ ᠮᠥᠨ᠃ | ᠰᠢᠨ᠎ᠡ ᠪᠠᠶᠢᠳᠠᠯ ᠳᠣᠣᠷ᠎ᠠ᠂ ᠭᠦᠭᠡᠬᠤᠲᠠ ︽ᠤᠮᠠᠷᠠᠲᠤ ᠬᠡᠰᠡᠭ ᠲᠤ ᠰᠤᠳᠤᠯᠤᠨ ᠨᠡᠭᠡᠭᠡᠬᠦ᠂ ᠳᠤᠮᠳᠠ ᠬᠡᠰᠡᠭ ᠲᠤ | ᠨᠡᠪᠴᠢᠭᠦᠯᠬᠦ᠂ ᠡᠮᠦᠨᠡᠲᠦ ᠬᠡᠰᠡᠭ ᠲᠤ ᠬᠡᠷᠡᠭᠵᠢᠭᠦᠯᠬᠦ︾ ᠰᠢᠨ᠎ᠡ ᠶᠢ ᠡᠭᠦᠳᠬᠦ ᠪᠠᠶᠢᠷᠢᠰᠢᠯ ᠢ ᠠᠯᠬᠤᠮ ᠠᠯᠬᠤᠮ ᠢᠶᠠᠷ | ᠪᠠᠶᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ | ᠢᠷᠡᠭᠡᠳᠦᠢ ᠶᠢᠨ ᠠᠵᠤ ᠦᠢᠯᠡᠰ ᠢ ᠪᠠᠷᠠᠯᠠᠯᠲᠦ ᠴᠢᠨᠠᠷᠲᠠᠢ ᠪᠠᠶᠢᠷᠢᠰᠢᠭᠤᠯᠵᠤ᠂ ᠬᠥᠭᠵᠢᠯᠲᠡ ᠶᠢᠨ ᠠᠰᠢᠭᠲᠠᠢ ᠪᠠᠶᠢᠷᠢ ᠶᠢ | ᠴᠢᠷᠮᠠᠶᠢᠨ ᠡᠵᠡᠯᠡᠵᠦ᠂ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠪᠡ᠃ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠳᠤᠮᠳᠠ | ᠭᠦᠭᠡᠬᠤᠲᠠ ᠲᠤᠰᠬᠠᠢ ᠮᠡᠷᠭᠡᠵᠢᠯᠲᠡᠨ ᠤ ᠪᠦᠯᠭᠦᠮ᠂ ᠳᠠᠭᠠᠭᠤᠯᠤᠭᠴᠢ ᠠᠵᠤ ᠠᠬᠤᠶᠢᠯᠠᠯ ᠵᠢᠴᠢ ᠠᠵᠤ ᠦᠢᠯᠡᠰ ᠤᠨ | ᠬᠦᠷᠢᠶᠡᠯᠡᠩ ᠲᠣᠭᠤᠷᠢᠭ ᠢᠶᠠᠷ ᠴᠢᠬᠤᠯᠠ ᠲᠤᠯᠭᠠᠭᠤᠷᠢᠯᠠᠬᠤ ᠴᠡᠭ ᠪᠤᠯᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ | ᠬᠤᠳᠠ ᠶᠢᠨ ᠲᠡᠰ ᠵᠡᠷᠭᠡ 3 ᠳᠠᠪᠬᠤᠷᠭ᠎ᠠ ᠠᠴᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠶᠢ ᠪᠦᠭᠦ ᠬᠦᠴᠦᠨ ᠢᠶᠠᠷ ᠢᠶᠠᠨ ᠠᠬᠢᠭᠤᠯᠪᠠ᠃ | ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠲᠠᠯ᠎ᠠ ᠪᠠᠷ᠂ ᠵᠠᠩ ᠶᠦᠩ ᠠᠺᠠᠳᠧᠮᠢᠴᠢ ᠪᠣᠯᠣᠨ ᠯᠢ ᠰᠢ ᠾᠧ | ᠫᠷᠤᠹᠧᠰᠰᠤᠷ ᠤᠨ ᠪᠦᠯᠭᠦᠮ ᠤᠨ ᠬᠦᠴᠦᠷᠬᠡᠭ ᠶᠡᠭᠡ ᠪᠣᠳᠠᠲᠤ ᠬᠦᠴᠦᠨ ᠳᠤ ᠲᠦᠰᠢᠭᠯᠡᠨ᠂ ︽ᠰᠥᠷᠬᠦ ᠶᠢ ᠳᠠᠭᠠᠭᠠᠬᠤ | ᠪᠥᠭᠡᠳ ᠡᠪᠡᠳᠴᠢᠨ ᠢ ᠡᠰᠡᠷᠭᠦᠴᠡᠬᠦ ᠴᠢᠳᠠᠪᠤᠷᠢ ᠪᠠᠷ ᠴᠢᠩᠭ᠎ᠠ ᠥᠨᠳᠥᠷ ᠭᠠᠷᠤᠯᠲᠠ ᠲᠠᠢ ᠦᠬᠡᠷ ᠤᠨ ᠰᠢᠨ᠎ᠡ | ᠡᠭᠦᠯᠳᠡᠷ ᠢ ᠲᠥᠯᠥᠪᠯᠡᠬᠦ ᠪᠠ ᠪᠣᠶᠢᠵᠢᠭᠤᠯᠬᠤ︾ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠥᠷᠥᠯ | ᠵᠦᠢᠯ ᠢ ᠠᠩᠬ᠎ᠠ ᠤᠳᠠᠭ᠎ᠠ ᠭᠥᠯᠢᠶᠡᠨ ᠠᠪᠴᠠᠢ᠃ ᠭᠡᠷᠡᠯᠴᠢ ᠵᠤᠷᠪᠤᠰ᠂ ᠰᠦ ᠶᠢᠨ ᠦᠢᠯᠡᠰ᠂ ᠰᠦᠨ ᠬᠦᠴᠢᠯ ᠤᠨ | ᠪᠠᠺᠲ᠋ᠧᠷᠢ ᠶᠢᠨ 3 ᠴᠡᠭ ᠨᠢ ᠠᠮᠵᠢᠯᠲᠠ ᠲᠠᠢ ᠪᠠᠷ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢᠶᠠᠷ ᠰᠣᠩᠭᠤᠭᠳᠠᠪᠠ᠃ | ᠡᠭᠦᠨ ᠤ ᠬᠠᠮᠲᠤ᠂ ᠲᠠᠷᠢᠬᠢ ᠪᠠ ᠮᠠᠰᠢᠨ ᠢ ᠵᠠᠯᠭᠠᠬᠤ᠂ ᠠᠵᠤ ᠦᠢᠯᠡᠳᠪᠦᠷᠢ ᠶᠢᠨ ᠵᠥᠭᠡᠯᠡᠨ ᠲᠣᠨᠤᠭ᠂ ᠡᠨᠧᠷᠭᠢ | ᠬᠠᠳᠠᠭᠠᠯᠠᠬᠤ ᠵᠡᠷᠭᠡ ᠬᠦᠷᠢᠶᠡᠨ ᠳᠤ ᠬᠤᠲᠠ ᠶᠢᠨ ᠲᠠᠰ ᠤᠨ 15 ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ︽ᠪᠦᠰᠡᠯᠡᠯᠲᠡ ᠰᠢᠪᠲᠤᠯᠬᠤ︾ ᠲᠥᠷᠥᠯ ᠵᠦᠢᠯ ᠢ ᠡᠬᠢᠯᠡᠨ ᠬᠡᠷᠡᠭᠵᠢᠭᠦᠯᠪᠡ᠃ | ᠡᠭᠦᠨ ᠳᠤ᠂ ᠴᠧᠨ ᠷᠦᠨ ᠱᠧᠩ ᠠᠺᠠᠳᠧᠮᠢᠴᠢ ᠶᠢᠨ ᠪᠦᠯᠭᠦᠮ ᠲᠠᠢ ᠬᠠᠮᠲᠤ ᠪᠠᠷ ᠠᠬᠢᠭᠤᠯᠤᠭᠰᠠᠨ | ︽ᠠᠮᠢᠲᠠᠨ ᠤ mRNA ᠸᠠᠺᠼᠢᠨ ᠢ ᠳᠠᠮᠵᠢᠭᠤᠯᠬᠤ ᠰᠢᠰᠲ᠋ᠧᠮ︾ ᠤᠨ ᠲᠥᠷᠥᠯ ᠵᠦᠢᠯ᠂ ᠹᠧᠩ ᠴᠢ | ᠠᠺᠠᠳᠧᠮᠢᠴᠢ ᠶᠢᠨ ᠪᠦᠯᠭᠦᠮ ᠲᠠᠢ ᠬᠠᠮᠲᠤᠷᠠᠯᠴᠠᠭᠰᠠᠨ ︽ᠬᠤᠵᠢᠷᠯᠢᠭ ᠭᠠᠵᠠᠷ ᠲᠤ ᠳᠠᠭᠠᠭᠠᠴᠠᠲᠠᠢ ᠴᠠᠷᠭᠠᠰᠤ ᠶᠢᠨ | ᠡᠭᠦᠯᠳᠡᠷ ᠢ ᠰᠣᠩᠭᠤᠨ ᠪᠣᠶᠢᠵᠢᠭᠤᠯᠬᠤ︾ ᠲᠥᠷᠥᠯ ᠵᠦᠢᠯ ᠵᠢᠴᠢ ᠴᠧᠨ ᠱᠢ ᠢ ᠠᠺᠠᠳᠧᠮᠢᠴᠢ ᠶᠢᠨ ᠪᠦᠯᠭᠦᠮ ᠲᠠᠢ | ᠬᠠᠮᠲᠤᠷᠠᠨ ᠥᠷᠨᠢᠭᠦᠯᠦᠭᠰᠡᠨ ︽ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠨᠢᠰᠦᠭᠦᠷ ᠤᠨ ᠳᠠᠭᠤᠷᠢᠶᠠᠮᠠᠯ | ᠪᠣᠳᠣᠯᠲᠠ ᠶᠢᠨ ᠨᠡᠭᠡᠭᠡᠯᠲᠡ ᠵᠢᠴᠢ ᠬᠡᠷᠡᠭᠯᠡᠯᠲᠡ︾ ᠶᠢᠨ ᠲᠥᠷᠥᠯ ᠵᠦᠢᠯ ᠵᠡᠷᠭᠡ ᠪᠠᠭᠲᠠᠨ᠎ᠠ᠃ | ᠡᠳᠡᠭᠡᠷ ᠳᠡᠭᠡᠳᠦ ᠲᠡᠰ ᠤᠨ ᠴᠢᠳᠠᠪᠤᠷᠢᠲᠠᠨ ᠲᠠᠢ ᠬᠠᠮᠲᠤᠷᠠᠯᠴᠠᠬᠤ ᠲᠦᠷᠦᠯ ᠵᠦᠢᠯ ᠨᠢ ᠣᠷᠣᠨ ᠤ ᠲᠥᠪ ᠤᠨ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠠᠮ ᠳᠡᠭᠡᠷ᠎ᠡ ᠯᠠᠪᠳᠠᠭᠤᠨ ᠢᠶᠠᠷ | ᠤᠷᠤᠭᠰᠢᠯᠠᠬᠤ ᠳᠤ ᠬᠦᠴᠦᠷᠬᠡᠭ ᠶᠡᠭᠡ ᠤᠶᠤᠨ ᠤ ᠬᠦᠴᠦᠨ ᠤ ᠲᠤᠯᠭᠠᠭᠤᠷᠢᠯᠠᠯ ᠬᠠᠩᠭᠠᠪᠠ᠃ | ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢᠨ ᠲᠠᠯ᠎ᠠ ᠪᠠᠷ ᠭᠦᠭᠡᠬᠤᠲᠠ ︽ᠨᠢᠭᠡ ᠣᠷᠣᠨ ᠲᠤᠯᠤᠭᠠᠨ | ᠲᠥᠪ︾ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠪᠡᠯᠭᠡ ᠲᠡᠮᠳᠡᠭ ᠤᠨ ᠴᠢᠨᠠᠷᠲᠠᠢ ᠦᠷ᠎ᠡ | ᠪᠦᠲᠦᠭᠡᠯ ᠣᠯᠪᠠ᠃ | ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠠᠩᠬ᠎ᠠ ᠤᠳᠠᠭ᠎ᠠ | ︽ᠴᠢᠳᠠᠮᠵᠢᠲᠤ ᠭᠡᠯᠪᠡᠷᠢ ᠶᠢᠨ ᠴᠠᠭᠠᠨ ᠢᠳᠡᠭᠡᠨ ᠦᠢᠯᠡᠳᠬᠦ ᠪᠠ ᠠᠵᠤ ᠦᠢᠯᠡᠰᠵᠢᠭᠦᠯᠦᠨ ᠵᠢᠱᠢᠶ᠎ᠡ ᠦᠵᠡᠭᠦᠯᠭᠦ︾ | ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠥᠷᠥᠯ ᠵᠦᠢᠯ ᠢ ᠥᠷᠨᠢᠭᠦᠯᠪᠡ᠃ ᠡᠪᠡᠰᠦᠨ ᠤ | ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠴᠠᠷᠭᠠᠰᠤ ᠶᠢᠨ ᠬᠤᠶᠠᠷ ᠰᠢᠨ᠎ᠡ ᠡᠭᠦᠯᠳᠡᠷ ᠤᠯᠤᠰ ᠤᠨ | ᠬᠢᠨᠠᠨ ᠲᠣᠭᠲᠠᠭᠠᠯᠲᠠ ᠳᠤ ᠤᠷᠤᠭᠰᠢᠲᠠᠢ ᠬᠢᠷᠢ ᠲᠡᠩᠴᠡᠭᠰᠡᠨ ᠪᠥᠭᠡᠳ ᠴᠡᠯᠡᠭᠡᠷ ᠲᠠᠯ᠎ᠠ ᠤᠯᠠᠨ ᠤᠯᠤᠰ ᠤᠨ | ᠡᠪᠡᠰᠦᠨ ᠤ ᠦᠢᠯᠡᠰ ᠤᠨ ᠶᠡᠭᠡ ᠬᠤᠷᠠᠯ ᠢ ᠠᠮᠵᠢᠯᠲᠠ ᠲᠠᠢ ᠡᠷᠭᠢᠯᠡᠪᠡ᠃ ᠠᠮᠢᠲᠠᠨ ᠤ ᠸᠠᠺᠼᠢᠨ ᠤ ᠮᠡᠷᠭᠡᠵᠢᠯ ᠤᠨ | ᠲᠥᠪ ᠠᠴᠠ ︽ᠤᠯᠤᠰ ᠤᠨ ᠠᠮᠢᠳᠤ ᠭᠠᠭ᠋ᠠᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠥᠪᠥᠷ | ᠮᠣᠩᠭᠤᠯ ᠳᠠᠬᠢ ᠬᠤᠪᠢᠶᠠᠷᠢ ᠲᠥᠪ︾ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠪᠠ᠃ | ᠡᠭᠦᠨ ᠤ ᠬᠠᠮᠲᠤ᠂ ᠵᠠᠮ ᠬᠠᠷᠢᠯᠴᠠᠭ᠎ᠠ ᠶᠢᠨ ᠦᠢᠯᠡᠰ ᠬᠢᠭᠡᠳ ᠡᠨᠧᠷᠭᠢ ᠶᠢᠨ ᠰᠢᠰᠲ᠋ᠧᠮ ᠤᠨ ᠠᠭᠤᠰᠤᠯᠴᠠᠯ᠂ | ᠠᠵᠤ ᠦᠢᠯᠡᠳᠪᠦᠷᠢ ᠶᠢᠨ ᠵᠥᠭᠡᠯᠡᠨ ᠲᠣᠨᠤᠭ᠂ ᠠᠰᠢᠭᠲᠤ ᠪᠠᠺᠲ᠋ᠧᠷᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ | ᠵᠢᠴᠢ ᠣᠶᠤᠨᠴᠢ ᠦᠢᠯᠡᠳᠬᠦ ᠦᠢᠯᠡᠰ ᠤᠨ ᠰᠤᠳᠤᠯᠭᠠᠨ ᠤ ᠬᠦᠷᠢᠶᠡᠯᠡᠩ ᠤᠨ 4 ᠰᠤᠳᠤᠯᠤᠨ ᠨᠡᠭᠡᠭᠡᠬᠦ ᠪᠠᠶᠢᠭᠤᠯᠤᠮᠵᠢ | ᠪᠣᠳᠠᠲᠤ ᠴᠣᠭᠴᠠᠵᠢᠭᠤᠯᠤᠭᠰᠠᠨ ᠠᠵᠢᠯᠯᠠᠭᠠᠨ ᠢ ᠪᠡᠶᠡᠯᠡᠭᠦᠯᠪᠡ᠃ ︽ᠰᠦ ᠶᠢᠨ ᠬᠦᠴᠢᠯ ᠤᠨ ᠪᠠᠺᠲ᠋ᠧᠷᠢ ᠶᠢᠨ ᠠᠵᠤ | ᠦᠢᠯᠡᠰᠵᠢᠯᠲᠡ︾᠂ ︽ᠲᠠᠷᠢᠶᠠᠨ ᠭᠠᠵᠠᠷ ᠤᠨ ᠬᠦᠴᠦ ᠰᠢᠮ᠎ᠡ ᠶᠢ ᠪᠣᠶᠢᠵᠢᠭᠤᠯᠬᠤ︾᠂ ︽ᠭᠠᠭ᠋ᠠᠢ ᠳᠤ ᠬᠡᠷᠡᠭᠯᠡᠬᠦ ᠢᠳᠡᠪᠬᠢ | ᠦᠭᠡᠶᠢᠳᠡᠭᠦᠯᠬᠦ ᠸᠠᠺᠼᠢᠨ︾ ᠨᠢ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠳᠠᠪᠰᠢᠯᠲᠠ᠂ | ᠮᠡᠷᠭᠡᠵᠢᠯ ᠤᠨ ᠡᠭᠦᠳᠦᠯᠲᠡ ᠶᠢᠨ ᠬᠤᠶᠠᠳᠤᠭᠠᠷ ᠳᠡᠰ ᠤᠨ ᠱᠠᠩᠨᠠᠯ ᠢ ᠭᠦᠷᠳᠡᠪᠡ᠃ | ᠰᠤᠳᠤᠯᠤᠨ ᠨᠡᠭᠡᠭᠡᠬᠦ ᠣᠷᠣᠭᠤᠯᠤᠯᠲᠠ ᠶᠢᠨ ᠲᠠᠯ᠎ᠠ ᠪᠠᠷ ᠭᠦᠭᠡᠬᠤᠲᠠ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠪᠡᠶᠡᠴᠢ ᠴᠣᠭᠴᠠ ᠶᠢᠨ ᠪᠠᠶᠢᠷᠢ ᠰᠠᠭᠤᠷᠢ ᠶᠢ ᠲᠠᠰᠤᠷᠠᠯᠲᠠ ᠦᠭᠡᠢ ᠴᠢᠩᠭᠠᠳᠬᠠᠵᠤ᠂ ᠰᠤᠳᠤᠯᠤᠨ ᠨᠡᠭᠡᠭᠡᠬᠦ | ᠵᠠᠷᠤᠳᠠᠯ ᠤᠨ ᠣᠷᠣᠭᠤᠯᠤᠯᠲᠠ ᠶᠢᠨ ᠡᠷᠴᠢᠮ ᠢ ᠶᠡᠭᠡ ᠪᠠᠷ ᠴᠢᠩᠭᠠᠷᠠᠭᠤᠯᠵᠤ᠂ ︽ᠬᠠᠲᠠᠭᠤ ᠨᠡᠮᠡᠭᠳᠡᠯ - ᠬᠠᠮᠤᠷᠬᠤ | ᠶᠣᠰᠣᠲᠠᠢ ᠶᠢ ᠪᠦᠭᠦᠨ ᠢ ᠬᠠᠮᠤᠷᠬᠤ - ᠱᠠᠩᠨᠠᠵᠤ ᠨᠥᠬᠦᠪᠦᠷᠢᠯᠡᠵᠦ ᠤᠷᠮᠠᠰᠢᠭᠤᠯᠬᠤ︾ ᠲᠣᠭᠲᠠᠴᠠ ᠶᠢ ᠪᠠᠶᠢᠭᠤᠯᠪᠠ᠃ | ᠬᠤᠲᠠ ᠶᠢᠨ ᠱᠠᠲᠤᠨ ᠤ ᠡᠳ᠋ ᠤᠨ ᠵᠠᠰᠠᠭ ᠤᠨ ᠣᠷᠣᠭᠤᠯᠤᠯᠲᠠ 2.5 ᠳ᠋ᠦᠩᠰᠢᠭᠤᠷ ᠲᠥᠭᠦᠷᠢᠭ ᠲᠤ | ᠬᠦᠷᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠵᠠᠷᠤᠳᠠᠯ ᠢ 4.05 ᠳ᠋ᠦᠩᠰᠢᠭᠤᠷ ᠲᠥᠭᠦᠷᠢᠭ ᠣᠯᠪᠠ᠃ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ ᠰᠠᠷ᠎ᠠ ᠨᠢᠭᠡᠪᠦᠷᠢ ᠪᠠᠷ ᠴᠤᠭᠯᠠᠭᠤᠯᠬᠤ ᠪᠠᠷ ᠳᠠᠮᠵᠢᠭᠤᠯᠤᠨ᠂ ᠠᠵᠤ | ᠠᠬᠤᠶᠢᠯᠠᠯ ᠤᠨ ᠣᠷᠣᠭᠤᠯᠤᠯᠲᠠ ᠶᠢ 28.77 ᠳ᠋ᠦᠩᠰᠢᠭᠤᠷ ᠲᠥᠭᠦᠷᠢᠭ ᠠᠬᠢᠭᠤᠯᠵᠤ᠂ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠪᠦᠲᠦᠮᠵᠢᠲᠡᠶ ᠬᠥᠲᠥᠯᠥᠨ ᠵᠢᠯᠣᠭᠤᠳᠪᠠ᠃ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ︽ᠭᠤᠷᠪᠠ ᠶᠢ ᠠᠷᠢᠯᠭᠠᠬᠤ | ᠠᠵᠢᠯ ᠢ ᠪᠦᠭᠦᠨ ᠢ ᠪᠦᠷᠬᠦᠭᠦᠯᠬᠦ︾ ᠠᠵᠢᠯᠯᠠᠭ᠎ᠠ ᠶᠢ ᠢᠳᠡᠪᠬᠢᠲᠡᠢ ᠠᠬᠢᠭᠤᠯᠵᠤ᠂ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠣᠨᠴᠠ ᠲᠣᠮᠢᠯᠠᠭᠳᠠᠭᠰᠠᠳ + ᠠᠵᠤ ᠠᠬᠤᠶᠢᠯᠠᠯ︾ᠨᠢᠭᠡᠳ ᠨᠢᠭᠡ ᠪᠠᠷ ᠤᠨᠢᠨ ᠳᠡᠭᠡᠷ᠎ᠡ ᠨᠢ | ᠦᠢᠯᠡᠴᠢᠯᠡᠬᠦ ᠵᠠᠭᠪᠤᠷ ᠢ ᠪᠠᠶᠢᠭᠤᠯᠪᠠ᠃ ᠠᠵᠤ ᠠᠬᠤᠶᠢᠯᠠᠯ ᠤᠨ 32 ᠣᠨᠴᠠ ᠲᠣᠮᠢᠯᠠᠭᠳᠠᠭᠴᠢ ᠶᠢᠨ ᠠᠵᠢᠯᠯᠠᠬᠤ | ᠦᠷᠳᠡᠭᠡ 600 ᠠᠵᠤ ᠠᠬᠤᠶᠢᠯᠠᠯ ᠳᠤ 2000 ᠭᠠᠷᠤᠢ ᠬᠥᠮᠥᠨ ᠤᠳᠠᠭ᠎ᠠ ᠶᠢᠨ ᠮᠡᠷᠭᠡᠵᠢᠯ ᠤᠨ ᠲᠦᠷᠤᠯ᠂ ᠡᠳ᠋ ᠤᠨ | ᠶᠠᠪᠤᠳᠠᠯ ᠤᠨ ᠲᠦᠷᠤᠯ ᠤᠨ ᠦᠢᠯᠡᠴᠢᠯᠡᠭᠡ ᠬᠠᠩᠭᠠᠵᠠᠢ᠃ | 240 ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ 1.44 ᠳ᠋ᠦᠩᠰᠢᠭᠤᠷ ᠲᠥᠭᠦᠷᠢᠭ ᠨᠡᠮᠡᠨ | ᠪᠤᠳᠤᠵᠥ ᠰᠠᠭᠤᠯᠭᠠᠨ ᠬᠠᠰᠤᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠪᠡᠯᠡ ᠬᠤᠷᠠᠮᠳᠤᠭᠤᠯᠬᠤ ᠬᠡᠷᠡᠭᠴᠡᠭᠡ ᠶᠢ 2.07 ᠳ᠋ᠦᠩᠰᠢᠭᠤᠷ ᠲᠥᠭᠦᠷᠢᠭ ᠲᠠᠨᠢᠯᠴᠠᠭᠤᠯᠪᠠ᠃ | ᠮᠡᠳᠡᠯᠭᠡ ᠶᠢᠨ ᠥᠮᠴᠢᠯᠡᠯ ᠤᠨ ᠡᠷᠬᠡ ᠶᠢᠨ ᠦᠢᠯᠡᠴᠢᠯᠡᠭᠡᠨ ᠤ ᠦᠷᠳᠡᠭᠡ ᠶᠢ ᠪᠠᠶᠢᠭᠤᠯᠵᠤ᠂ ᠰᠢᠨ᠎ᠡ ᠪᠠᠷ | ᠨᠡᠮᠡᠭᠳᠡᠭᠰᠡᠨ ᠲᠤᠰᠬᠠᠢ ᠠᠰᠢᠭ 3599 ᠬᠤᠪᠢ ᠪᠠᠶᠢᠵᠤ᠂ ᠡᠭᠦᠨ ᠤ ᠳᠣᠲᠣᠷ᠎ᠠ ᠡᠭᠦᠳᠦᠯᠲᠡ ᠶᠢᠨ ᠲᠤᠰᠬᠠᠢ ᠠᠰᠢᠭ | 886 ᠬᠤᠪᠢ ᠪᠠᠶᠢᠨ᠎ᠠ᠃ | ᠡᠭᠦᠨ ᠤ ᠬᠠᠮᠲᠤ᠂ ᠰᠢᠨ᠎ᠡ ᠶᠢ ᠡᠭᠦᠳᠬᠦ ᠭᠡᠯᠪᠡᠷᠢ ᠶᠢᠨ ᠠᠵᠤ ᠠᠬᠤᠶᠢᠯᠠᠯ ᠤᠨ ᠱᠠᠲᠤᠯᠵᠢᠨ ᠡᠩᠨᠡᠭᠡ ᠶᠢ | ᠬᠦᠴᠦᠯᠡᠨ ᠪᠠᠶᠢᠭᠤᠯᠵᠤ᠂ ︽ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠳᠤᠮᠳᠠ ᠪᠠᠭ᠎ᠠ ᠠᠵᠤ | ᠠᠬᠤᠶᠢᠯᠠᠯ - ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ - ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠳᠠᠭᠠᠭᠤᠯᠤᠭᠴᠢ ᠠᠵᠤ ᠠᠬᠤᠶᠢᠯᠠᠯ︾ ᠢ ᠪᠣᠶᠢᠵᠢᠭᠤᠯᠬᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠲᠦᠷᠦᠭᠦᠯᠡᠨ | ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠥᠷᠨᠢᠭᠦᠯᠬᠦ ᠶᠢ ᠠᠬᠢᠭᠤᠯᠪᠠ᠃ | ᠣᠳᠣᠬᠠᠨ ᠪᠤᠯᠲᠠᠯ᠎ᠠ ᠭᠦᠭᠡᠬᠤᠲᠠ 32 ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠳᠠᠭᠠᠭᠤᠯᠤᠭᠴᠢ | ᠠᠵᠤ ᠠᠬᠤᠶᠢᠯᠠᠯ᠂ 533 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠵᠢᠴᠢ 649 ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠤᠨ ᠭᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ ᠠᠮᠵᠢᠯᠲᠠ ᠲᠠᠢ ᠪᠣᠶᠢᠵᠢᠭᠤᠯᠪᠠ᠃ | ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ 224 ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠲᠥᠪ ᠪᠣᠯᠣᠨ 32 ᠠᠵᠤ ᠠᠬᠤᠶᠢᠯᠠᠯ ᠤᠨ ᠣᠨᠴᠠ ᠲᠣᠮᠢᠯᠠᠭᠳᠠᠭᠰᠠᠳ ᠤᠨ ᠠᠵᠢᠯᠯᠠᠬᠤ | ᠦᠷᠳᠡᠭᠡ ᠶᠢ ᠪᠠᠶᠢᠭᠤᠯᠵᠤ᠂ ᠮᠡᠷᠭᠡᠵᠢᠯ ᠤᠨ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠣᠨᠳᠣᠣᠰᠢᠭᠤᠯᠬᠤ ᠳᠤ | ᠪᠠᠲᠤ ᠪᠠᠬᠢ ᠦᠨᠳᠦᠰᠦ ᠰᠠᠭᠤᠷᠢ ᠶᠢ ᠲᠠᠯᠪᠢᠵᠠᠢ᠃ ᠠᠵᠤ ᠦᠢᠯᠡᠰ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ | ᠰᠤᠳᠤᠯᠭᠠᠨ ᠤ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ 79 ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ | ᠪᠣᠯᠣᠨ ᠰᠢᠨ᠎ᠡ ᠶᠢ ᠡᠭᠦᠳᠬᠦ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠪᠡᠶᠡᠯᠡᠭᠦᠯᠪᠡ᠃ | ᠤᠶᠠᠨ ᠬᠠᠳᠠᠨ ᠴᠢᠨᠠᠷᠲᠠᠢ ᠪᠠᠷ ᠳᠡᠭᠡᠳᠦ ᠲᠡᠰ ᠤᠨ ᠴᠢᠳᠠᠪᠤᠷᠢᠲᠠᠨ ᠤ ᠪᠦᠯᠭᠦᠮ ᠢ 50 ᠭᠠᠷᠤᠢ᠂ ᠬᠤᠶᠠᠷ | ᠬᠦᠷᠢᠶᠡᠯᠡᠩ ᠤᠨ ᠠᠺᠠᠳᠧᠮᠢᠴᠢ ᠶᠢ 30 ᠭᠠᠷᠤᠢ ᠣᠷᠣᠭᠤᠯᠤᠨ ᠠᠪᠴᠢᠷᠠᠵᠤ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠴᠦᠨ ᠢ ᠶᠡᠭᠡ ᠪᠠᠷ ᠪᠤᠵᠠᠭᠠᠶᠢᠷᠠᠭᠤᠯᠵᠤ᠂ ᠠᠵᠤ ᠦᠢᠯᠡᠰ ᠤᠨ 200 ᠭᠠᠷᠤᠢ ᠳᠡᠭᠡᠳᠦ ᠲᠡᠰ ᠤᠨ | ᠴᠢᠳᠠᠪᠤᠷᠢᠲᠠᠨ ᠢ ᠬᠥᠮᠥᠵᠢᠭᠦᠯᠬᠦ ᠶᠢ ᠲᠠᠶᠢᠴᠢᠯᠠᠪᠠ᠃ 34 ᠵᠠᠬ᠎ᠠ ᠳᠡᠯᠭᠡᠭᠦᠷᠴᠢᠯᠡᠭᠰᠡᠨ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠦᠢᠯᠡᠴᠢᠯᠡᠭᠡ ︵ᠮᠡᠷᠭᠡᠵᠢᠯ ᠢ ᠰᠢᠯᠵᠢᠭᠦᠯᠬᠦ︶ ᠶᠢᠨ ᠪᠠᠶᠢᠭᠤᠯᠤᠮᠵᠢ ᠶᠢ ᠢᠳᠡᠪᠬᠢᠲᠡᠢ ᠪᠣᠶᠢᠵᠢᠭᠤᠯᠵᠤ᠂ | 3251 ᠬᠥᠮᠥᠨ ᠲᠠᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠤᠰᠬᠠᠢ ᠲᠤᠰᠢᠶᠠᠯᠲᠠᠨ ᠤ ᠡᠩᠨᠡᠭᠡ ᠶᠢ | ᠪᠠᠶᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭ᠎ᠠ ᠳᠤ ᠪᠦᠭᠦ ᠲᠠᠯ᠎ᠠ ᠶᠢᠨ | ᠦᠢᠯᠡᠴᠢᠯᠡᠭᠡ ᠪᠠ ᠬᠦᠴᠦᠲᠡᠢ ᠳᠡᠮᠵᠢᠯᠭᠡ ᠬᠠᠩᠭᠠᠪᠠ᠃ | | |