ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠵᠢᠯ | ᠤᠨ ᠡᠬᠢᠨ ᠠᠴᠠ ᠨᠠᠭᠠᠰᠢ 11 ᠰᠠᠷ᠎ᠠ ᠶᠢᠨ ᠬᠤᠷᠢᠳ ᠪᠤᠯᠲᠠᠯ᠎ᠠ ᠮᠠᠨ ᠤ ᠣᠷᠣᠨ ᠤᠰᠤᠨ ᠠᠰᠢᠭᠯᠠᠯᠲᠠ ᠶᠢᠨ | ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠨᠡᠶᠢᠲᠡ 180 ᠳ᠋ᠦᠩᠰᠢᠭᠤᠷ ᠲᠥᠭᠦᠷᠢᠭ | ᠨᠠᠶᠢᠳᠠᠪᠤᠷᠢᠵᠢᠭᠤᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 11.5% ᠪᠠᠷ ᠨᠡᠮᠡᠭᠳᠡᠪᠡ᠃ | ᠡᠨᠡ ᠵᠢᠯ ᠮᠠᠨ ᠤ ᠣᠷᠣᠨ ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠲᠠᠬᠤ ᠢᠨᠵᠧᠨᠧᠷᠢᠩ᠂ | ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠲᠠᠬᠤ ᠬᠤᠶᠠᠳᠤᠭᠠᠷ ᠬᠤᠭᠤᠴᠠᠭᠠᠨ ᠤ ᠪᠠᠷᠢᠯᠭ᠎ᠠ ᠵᠡᠷᠭᠡ | ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠬᠢᠭᠤᠯᠵᠤ᠂ | ᠪᠦᠭᠦ ᠣᠷᠣᠨ ᠤ ᠤᠰᠤᠨ ᠤ ᠲᠣᠣᠷ ᠤᠨ ᠭᠤᠣᠯ ᠨᠢᠷᠤᠭᠤᠪᠴᠢ ᠪᠠ ᠲᠣᠮᠣ ᠯᠤᠭᠰᠢᠭᠤᠨ ᠰᠤᠳᠠᠯ ᠢ ᠲᠦᠷᠭᠡᠳᠬᠡᠨ | ᠪᠤᠶ ᠪᠤᠯᠭᠠᠵᠤ᠂ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ᠂ ᠠᠶᠤᠯ ᠲᠠᠢ ᠤᠰᠤᠨ | ᠴᠥᠭᠦᠷᠥᠮ ᠢ ᠵᠠᠰᠠᠨ ᠪᠠᠬᠢᠵᠢᠭᠦᠯᠬᠦ᠂ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ᠂ ᠭᠤᠣᠯ ᠤᠨ | ᠭᠤᠯᠳᠤᠷᠢᠯ ᠢ ᠵᠠᠰᠠᠬᠤ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ | ᠠᠬᠢᠭᠤᠯᠵᠤ ᠢᠯᠡᠳᠲᠡ ᠦᠷ᠎ᠡ ᠪᠦᠲᠦᠮᠵᠢ ᠣᠯᠪᠠ᠃ | ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ | ᠲᠠᠲᠠᠬᠤ ᠪᠠᠷᠢᠯᠭ᠎ᠠ ᠶᠢᠨ ᠨᠦᠭᠡᠨ ᠵᠠᠮ ᠤᠨ ᠬᠡᠰᠡᠭ ᠢ ᠪᠦᠭᠦᠨ ᠢ ᠨᠠᠪᠲᠠᠷᠡᠭᠦᠯᠵᠦ᠂ ᠥᠨᠳᠡᠭᠡᠨ ᠤᠰᠤᠨ ᠠᠰᠢᠭᠯᠠᠯᠲᠠ | ᠶᠢᠨ ᠬᠦᠢᠰᠦ ᠶᠢᠨ ᠬᠠᠭᠠᠯᠲᠠ ᠶᠢ ᠪᠠᠭᠤᠯᠭᠠᠨ ᠤᠰᠤ ᠬᠠᠳᠠᠭᠠᠯᠠᠵᠤ᠂ ᠴᠠᠭᠢᠯᠭᠠᠨ ᠦᠷᠲᠡᠭᠡ ᠶᠢ ᠲᠣᠣᠷ ᠲᠤ | ᠨᠡᠶᠢᠯᠡᠭᠦᠯᠦᠨ ᠴᠠᠭᠢᠯᠭᠠᠨ ᠭᠠᠷᠭᠠᠵᠤ᠂ ᠴᠠᠭᠢᠯᠭᠠᠨ ᠭᠠᠷᠭᠠᠭᠰᠠᠨ ᠬᠡᠮᠵᠢᠶ᠎ᠡ ᠳ᠋ᠦᠩᠰᠢᠭᠤᠷ ᠺᠢᠯᠣᠸᠠᠲ ᠴᠠᠭ ᠲᠤ | ᠬᠦᠷᠴᠦ᠂ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃ ᠵᠡᠭᠦᠨ ᠲᠠᠶᠢᠽᠢ ᠤᠰᠤᠨ ᠴᠥᠭᠦᠷᠥᠮ ᠤᠨ ᠭᠤᠣᠯ | ᠴᠣᠭᠴᠠ ᠶᠢᠨ ᠪᠠᠷᠢᠯᠭ᠎ᠠ ᠶᠢ ᠳᠠᠭᠤᠰᠬᠠᠬᠤ ᠶᠢᠨ ᠬᠠᠮᠲᠤ ᠬᠠᠭᠠᠯᠲᠠ ᠶᠢ ᠪᠠᠭᠤᠯᠭᠠᠨ ᠤᠰᠤ ᠬᠠᠳᠠᠭᠠᠯᠠᠵᠤ᠂ ᠭᠤᠣᠯ | ᠰᠠᠯᠪᠤᠷᠢ ᠤᠷᠤᠰᠬᠠᠯ᠂ ᠳᠤᠮᠳᠠ ᠪᠠᠭ᠎ᠠ ᠭᠤᠣᠯ ᠮᠥᠷᠡᠨ ᠢ ᠵᠠᠰᠠᠬᠤ᠂ ᠠᠶᠤᠯ ᠲᠠᠢ ᠤᠰᠤᠨ ᠴᠥᠭᠦᠷᠥᠮ ᠢ ᠵᠠᠰᠠᠨ | ᠪᠠᠬᠢᠵᠢᠭᠦᠯᠬᠦ ᠵᠡᠷᠭᠡ ᠡᠯ᠎ᠡ ᠲᠥᠷᠥᠯ ᠤᠨ ᠠᠵᠢᠯ ᠢ ᠲᠦᠷᠭᠡᠳᠬᠡᠨ ᠠᠬᠢᠭᠤᠯᠪᠠ᠃ ᠣᠳᠣᠬᠠᠨ ᠪᠤᠯᠲᠠᠯ᠎ᠠ ᠪᠦᠭᠦ ᠣᠷᠣᠨ | ᠤ ᠪᠦᠲᠦᠭᠡᠨ ᠪᠠᠶᠢᠭᠤᠯᠵᠤ ᠪᠠᠶᠢᠭ᠎ᠠ ᠤᠰᠤᠨ ᠠᠰᠢᠭᠯᠠᠯᠲᠠ ᠶᠢᠨ ᠲᠥᠷᠥᠯ ᠵᠦᠢᠯ 1372 ᠪᠠᠶᠢᠵᠤ᠂ ᠪᠦᠲᠦᠭᠡᠨ | ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 797 ᠳ᠋ᠦᠩᠰᠢᠭᠤᠷ ᠲᠥᠭᠦᠷᠢᠭ ᠲᠤ | ᠬᠦᠷᠴᠡᠢ᠃ | | |