ᠲᠦᠷᠦᠭᠦᠬᠡᠨ ᠨᠡᠶᠢᠲᠡᠯᠡᠭᠰᠡᠨ 2024 ᠣᠨ ᠤ 10 ᠳ᠋ᠤᠭᠠᠷ ᠬᠤᠭᠤᠴᠠᠭ᠎ᠠ ᠶᠢᠨ ᠪᠦᠭᠦ ᠤᠯᠤᠰ ᠤᠨ | ᠠᠵᠢᠯᠴᠢᠨ ᠤ ᠡᠪᠯᠡᠯ ᠤᠨ ᠭᠤᠣᠯᠳᠠᠯᠭ᠎ᠠ ᠲᠠᠢ ᠠᠵᠢᠯ ᠤᠨ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠳᠤ᠂ ᠮᠠᠨ ᠤ | ᠣᠷᠣᠨ ᠤ ︽ᠥᠪᠥᠷ ᠮᠣᠩᠭᠤᠯ ᠤᠨ ᠭᠦᠭᠡᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠣᠯᠠᠨ ᠵᠦᠢᠯ ᠢ | ᠰᠤᠨᠳᠠᠯᠠᠭᠰᠠᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠦᠭᠦ ᠠᠵᠢᠯ ᠲᠥᠷᠥᠯ ᠤᠨ ᠠᠵᠢᠯᠲᠠᠨ ᠠᠵᠢᠯᠴᠢᠨ | ᠬᠠᠮᠲᠤ ᠪᠠᠷ ᠤᠷ᠎ᠠ ᠮᠡᠷᠭᠡᠵᠢᠯ ᠢᠶᠠᠨ ᠥᠷᠢᠰᠦᠯᠳᠦᠬᠦ ᠶᠢ ᠪᠡᠶᠡᠯᠡᠭᠦᠯᠪᠡ︾ ᠭᠡᠬᠦ ᠬᠡᠷᠡᠭ ᠤᠨ ᠵᠢᠱᠢᠶ᠎ᠡ ᠭᠦᠳᠡᠯᠮᠦᠷᠢ ᠪᠠ | ᠤᠷ᠎ᠠ ᠮᠡᠷᠭᠡᠵᠢᠯ ᠤᠨ ᠤᠷᠤᠯᠳᠤᠭᠠᠨ ᠤ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃ | ᠣᠳᠣᠬᠠᠨ ᠪᠤᠯᠲᠠᠯ᠎ᠠ᠂ ᠮᠠᠨ ᠤ ᠣᠷᠣᠨ ᠤ ᠨᠡᠶᠢᠳᠡ 23 ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠪᠦᠭᠦ | ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃ | ᠡᠳᠡᠭᠡᠷ ᠬᠡᠷᠡᠭ ᠤᠨ ᠵᠢᠱᠢᠶ᠎ᠡ ᠳᠤ᠂ ᠦᠵᠡᠯ ᠰᠠᠨᠠᠭ᠎ᠠ ᠤᠯᠤᠰ ᠲᠥᠷᠥ ᠪᠠᠷ ᠬᠥᠲᠥᠯᠥᠨ ᠳᠠᠭᠠᠭᠤᠯᠤᠭᠰᠠᠨ | ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ 2᠂ ᠭᠦᠳᠡᠯᠮᠦᠷᠢ ᠶᠢᠨ ᠮᠠᠷᠭᠤᠯᠳᠤᠭᠠᠨ ᠢ ᠡᠶᠡᠳᠡᠭᠦᠯᠬᠦ ᠳᠤ | ᠣᠷᠣᠯᠴᠠᠬᠰᠠᠨ ᠪᠠ ᠠᠵᠢᠯᠲᠠᠨ ᠠᠵᠢᠯᠴᠢᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠰᠢᠨ᠎ᠡ ᠶᠢ ᠡᠭᠦᠳᠦᠭᠰᠡᠨ | ᠬᠡᠷᠡᠭ ᠤᠨ ᠵᠢᠱᠢᠶ᠎ᠡ 2᠂ ᠠᠵᠢᠯᠴᠢᠨ ᠤ ᠡᠪᠯᠡᠯ ᠤᠨ ᠣᠶᠤᠨᠲᠤ ᠪᠠᠶᠢᠭᠤᠯᠤᠯᠲᠠ ᠶᠢᠨ ᠰᠢᠨ᠎ᠡ ᠶᠢ ᠡᠭᠦᠳᠦᠭᠰᠡᠨ | ᠬᠡᠷᠡᠭ ᠤᠨ ᠵᠢᠱᠢᠶ᠎ᠡ1᠂ ᠤᠬᠠᠭᠤᠯᠭ᠎ᠠ ᠳᠠᠮᠵᠢᠭᠤᠯᠭ᠎ᠠ ᠶᠢᠨ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ 3᠂ ᠰᠢᠨ᠎ᠡ | ᠠᠵᠢᠯ ᠣᠯᠭᠤᠯᠲᠠ ᠶᠢᠨ ᠭᠡᠯᠪᠡᠷᠢ ᠶᠢᠨ ᠬᠥᠳᠡᠯᠮᠦᠷᠢᠴᠢᠨ ᠤ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ 1᠂ | ᠭᠦᠳᠡᠯᠮᠦᠷᠢ ᠶᠢᠨ ᠵᠢᠱᠢᠶᠡᠴᠢ ᠤᠷᠠᠨ ᠳᠠᠷᠬᠠᠨ ᠤ ᠦᠢᠯᠡᠳᠦᠯ ᠢ ᠪᠠᠳᠠᠷᠠᠭᠤᠯᠤᠭᠰᠠᠨ ᠰᠢᠨ᠎ᠡ ᠶᠢ ᠡᠭᠦᠳᠦᠭᠰᠡᠨ | ᠬᠡᠷᠡᠭ ᠤᠨ ᠵᠢᠱᠢᠶ᠎ᠡ 1᠂ ︽ᠳᠥᠷᠪᠡᠨ ᠮᠡᠷᠭᠡᠵᠢᠯ︾᠂ ︽ᠲᠠᠪᠤᠨ ᠪᠠᠭ᠎ᠠ︾᠂ ︽ᠬᠤᠶᠠᠷ ᠥᠷᠢᠰᠦᠯᠳᠦᠭᠡᠨ︾ ᠤ ᠰᠢᠨ᠎ᠡ ᠶᠢ | ᠡᠭᠦᠳᠦᠭᠰᠡᠨ ᠬᠡᠷᠡᠭ ᠤᠨ ᠵᠢᠱᠢᠶ᠎ᠡ 2᠂ ᠡᠶ᠎ᠡ ᠵᠣᠬᠢᠴᠠᠯ ᠲᠠᠢ ᠭᠦᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠭᠰᠠᠨ | ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ 2᠂ ᠠᠵᠤ ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ | ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ 1᠂ ᠭᠦᠳᠡᠯᠮᠦᠷᠢ ᠶᠢᠨ ᠬᠠᠤᠯᠢ | ᠴᠠᠭᠠᠵᠠ ᠶᠢᠨ ᠬᠢᠨᠠᠯᠲᠠ ᠲᠠᠯᠪᠢᠬᠤ ︽ᠨᠢᠭᠡ ᠵᠠᠬᠢᠳᠠᠯ ᠬᠤᠶᠠᠷ ᠪᠢᠴᠢᠭ︾ ᠤᠨ ᠰᠢᠨ᠎ᠡ ᠶᠢ ᠡᠭᠦᠳᠦᠭᠰᠡᠨ ᠬᠡᠷᠡᠭ ᠤᠨ | ᠵᠢᠱᠢᠶ᠎ᠡ 1᠂ ᠠᠵᠢᠯᠴᠢᠨ ᠤ ᠡᠪᠯᠡᠯ ᠤᠨ ᠠᠵᠢᠯᠲᠠᠨ ᠠᠵᠢᠯᠴᠢᠨ ᠳᠤ ᠦᠢᠯᠡᠴᠢᠯᠡᠬᠦ ᠰᠢᠨ᠎ᠡ ᠶᠢ ᠡᠭᠦᠳᠦᠭᠰᠡᠨ ᠬᠡᠷᠡᠭ ᠤᠨ | ᠵᠢᠱᠢᠶ᠎ᠡ 1᠂ ᠭᠦᠳᠡᠯᠮᠦᠷᠢ ᠪᠠ ᠤᠷ᠎ᠠ ᠮᠡᠷᠭᠡᠵᠢᠯ ᠤᠨ ᠤᠷᠤᠯᠳᠤᠭᠠᠨ ᠤ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ 1᠂ | ᠪᠤᠰᠤᠳ ᠠᠵᠢᠯ ᠤᠨ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ 5 ᠪᠤᠶ᠃ | ᠳᠤᠰ ᠤᠳᠠᠭ᠎ᠠ ᠶᠢᠨ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠳᠤ᠂ ᠭᠦᠭᠡᠬᠤᠲᠠ ᠶᠢᠨ ᠠᠵᠢᠯᠴᠢᠨ ᠤ | ᠶᠡᠷᠦᠩᠬᠡᠢ ᠡᠪᠯᠡᠯ ᠤᠨ ᠬᠢᠨ ᠴᠠᠭᠢᠯᠭᠠᠨ ᠲᠣᠣᠷ᠂ ᠪᠦᠯᠦᠭᠯᠡᠯ ᠬᠠᠷᠢᠶ᠎ᠠ᠂ ᠠᠵᠤ ᠠᠬᠤᠶᠢᠯᠠᠯ᠂ ᠮᠡᠷᠭᠡᠵᠢᠯ ᠤᠨ ᠪᠠᠷᠢᠮᠵᠢᠶ᠎ᠠ | ︽ᠳᠥᠷᠪᠡ ᠶᠢ ᠰᠤᠨᠳᠠᠯᠠᠭᠰᠠᠨ︾ ᠬᠦᠴᠢᠷ ᠠᠰᠠᠭᠤᠳᠠᠯ ᠢ ᠰᠢᠨ᠎ᠡ ᠶᠢ ᠡᠭᠦᠳᠦᠨ ᠰᠢᠢᠳᠪᠦᠷᠢᠯᠡᠬᠦ ᠶᠢ ᠬᠠᠶᠢᠨ | ᠰᠦᠪᠡᠭᠴᠢᠯᠡᠵᠦ᠂ ᠪᠦᠭᠦ ᠬᠤᠲᠠ ᠶᠢᠨ ᠢᠯᠴᠢ ᠶᠢᠨ ᠬᠦᠴᠦᠨ ᠤ ᠴᠠᠭᠢᠯᠭᠠᠨ ᠭᠠᠷᠭᠠᠬᠤ ᠠᠵᠢᠯ ᠲᠥᠷᠥᠯ ᠤᠨ | ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠢ ᠠᠮᠵᠢᠯᠲᠠ ᠲᠠᠢ ᠡᠷᠭᠢᠯᠡᠵᠦ᠂ | ᠪᠦᠭᠦ ᠠᠵᠢᠯ ᠲᠥᠷᠥᠯ ᠳᠤ ︽ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠤᠨ ᠡᠩᠨᠡᠭᠡ ᠶᠢ ᠪᠤᠯᠪᠠᠰᠤᠷᠠᠭᠤᠯᠵᠦ᠂ | ᠤᠷ᠎ᠠ ᠴᠢᠳᠠᠪᠤᠷᠢ ᠪᠠᠨ ᠬᠠᠮᠲᠤ ᠪᠠᠷ ᠮᠥᠷᠥᠶᠢᠴᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠤᠯᠭᠠᠵᠤ᠂ ᠨᠠᠩ | ᠥᠪᠡᠷᠮᠢᠴᠡ ᠣᠨᠴᠠᠯᠢᠭ ᠲᠠᠢ᠂ ᠨᠠᠩ ᠥᠷᠭᠡᠨ ᠬᠡᠪᠴᠢᠶ᠎ᠡ ᠲᠠᠢ ᠠᠵᠢᠯᠲᠠᠨ ᠠᠵᠢᠯᠴᠢᠨ ᠤ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠤᠷᠤᠯᠳᠤᠭᠠᠨ ᠢ ᠥᠷᠨᠢᠭᠦᠯᠬᠦ ᠳᠤ ᠵᠣᠬᠢᠶᠠᠨ ᠪᠠᠶᠢᠭᠤᠯᠤᠯᠲᠠ ᠶᠢᠨ ᠵᠠᠭᠪᠤᠷ ᠪᠠ ᠤᠷᠤᠯᠳᠤᠭᠠᠨ ᠤ | ᠵᠠᠮ ᠤᠨ ᠵᠢᠯᠣᠭᠤᠳᠤᠯᠭ᠎ᠠ ᠬᠠᠩᠭᠠᠪᠠ᠃ | | |