ᠰᠢᠨ᠎ᠡ ᠬᠡᠪᠯᠡᠯ ᠤᠨ ᠬᠢᠯᠢ ᠶᠢᠨ ᠪᠠᠶᠢᠴᠠᠭᠠᠯᠲᠠ ᠶᠢᠨ ᠲᠡᠮᠳᠡᠭ ᠢᠯᠡᠷᠬᠡᠶᠢᠯᠡᠯ ᠢ ᠡᠬᠢᠯᠡᠨ ᠬᠡᠷᠡᠭᠯᠡᠵᠡᠢ
ᠨᠡᠶᠢᠲᠡᠯᠡᠭᠰᠡᠨ ᠴᠠᠭ᠄
2024/12/23
     ᠲᠦᠷᠦᠭᠦᠬᠡᠨ᠂ ᠭᠦᠭᠡᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠪᠠᠶᠢᠴᠠᠭᠠᠯᠲᠠ ᠶᠢᠨ ᠥᠷᠲᠡᠭᠡ ᠭᠠᠳᠠᠭᠠᠳᠤ ᠨᠡᠭᠡᠭᠡᠯᠲᠡ ᠬᠢᠬᠦ ᠬᠢᠯᠢ ᠶᠢᠨ ᠪᠣᠭᠤᠮᠲᠠ ᠶᠢᠨ ᠬᠢᠯᠢ ᠶᠢᠨ ᠪᠠᠶᠢᠴᠠᠭᠠᠯᠲᠠ ᠶᠢᠨ ᠲᠤᠬᠠᠢ ᠶᠢᠨ ᠲᠠᠯᠠᠪᠠᠶ ᠶᠢᠨ ᠲᠡᠮᠳᠡᠭ ᠢᠯᠡᠷᠬᠡᠶᠢᠯᠡᠯ ᠢᠶᠠᠨ ᠡᠮᠬᠢ ᠵᠢᠷᠤᠮ ᠲᠠᠢ ᠰᠣᠯᠢᠪᠠ᠃      ᠬᠢᠯᠢ ᠶᠢᠨ ᠪᠠᠶᠢᠴᠠᠭᠠᠯᠲᠠ ᠶᠢᠨ ᠡᠯ᠎ᠡ ᠲᠥᠷᠥᠯ ᠤᠨ ᠲᠡᠮᠳᠡᠭ ᠢᠯᠡᠷᠬᠡᠶᠢᠯᠡᠯ ᠤᠨ ᠵᠢᠷᠤᠮᠵᠢᠯᠳᠤ ᠴᠢᠨᠠᠷ ᠪᠠ ᠢᠯᠭᠠᠨ ᠲᠠᠨᠢᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠭᠦ ᠶᠢᠨ ᠲᠥᠯᠥᠭᠡ᠂ ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ 2024 ᠣᠨ ᠤ 12 ᠰᠠᠷ᠎ᠠ ᠶᠢᠨ 1 ᠤ ᠡᠳᠦᠷ ᠠᠴᠠ ᠡᠬᠢᠯᠡᠨ᠂ ᠪᠦᠭᠦ ᠤᠯᠤᠰ ᠤᠨ ᠤᠰᠤᠨ ᠤ ᠲᠡᠭᠡᠭᠡᠪᠦᠷᠢ᠂ ᠠᠭᠠᠷ ᠤᠨ ᠲᠡᠭᠡᠭᠡᠪᠦᠷᠢ᠂ ᠲᠡᠮᠦᠷ ᠵᠠᠮ᠂ ᠵᠠᠰᠠᠮᠠᠯ ᠵᠠᠮ ᠤᠨ ᠬᠢᠯᠢ ᠶᠢᠨ ᠪᠣᠭᠤᠮᠲᠠ ᠳᠤ ᠰᠢᠨ᠎ᠡ ᠬᠡᠪᠯᠡᠯ ᠤᠨ ᠬᠢᠯᠢ ᠶᠢᠨ ᠪᠠᠶᠢᠴᠠᠭᠠᠯᠲᠠ ᠶᠢᠨ ᠲᠡᠮᠳᠡᠭ ᠢᠯᠡᠷᠬᠡᠶᠢᠯᠡᠯ ᠢ ᠡᠬᠢᠯᠡᠨ ᠬᠡᠷᠡᠭᠯᠡᠪᠡ᠃      ᠲᠠᠨᠢᠯᠴᠠᠭᠤᠯᠭ᠎ᠠ ᠶᠢ ᠦᠨᠳᠦᠰᠦᠯᠡᠪᠡᠯ᠂ ᠰᠢᠨ᠎ᠡ ᠬᠡᠪᠯᠡᠯ ᠤᠨ ᠬᠢᠯᠢ ᠶᠢᠨ ᠪᠠᠶᠢᠴᠠᠭᠠᠯᠲᠠ ᠶᠢᠨ ᠲᠤᠬᠠᠢ ᠶᠢᠨ ᠲᠠᠯᠠᠪᠠᠶ ᠶᠢᠨ ᠲᠡᠮᠳᠡᠭ ᠢᠯᠡᠷᠬᠡᠶᠢᠯᠡᠯ ᠢ ᠭᠤᠣᠯ ᠲᠡᠮᠳᠡᠭ ᠪᠠ ᠴᠢᠳᠠᠮᠵᠢ ᠶᠢᠨ ᠲᠡᠮᠳᠡᠭ ᠭᠡᠵᠦ 2 ᠲᠥᠷᠥᠯ ᠳᠤ ᠬᠤᠪᠢᠶᠠᠨ᠎ᠠ᠃ ᠴᠢᠳᠠᠮᠵᠢ ᠶᠢᠨ ᠲᠡᠮᠳᠡᠭ ᠪᠣᠯ ᠬᠢᠯᠢ ᠶᠢᠨ ᠪᠣᠭᠤᠮᠲᠠ ᠪᠠᠷ ᠣᠷᠣᠵᠤ ᠭᠠᠷᠬᠤ ᠲᠤᠬᠠᠢ ᠶᠢᠨ ᠲᠠᠯᠠᠪᠠᠶ ᠶᠢᠨ ᠬᠠᠮᠢᠶ᠎ᠠ ᠪᠦᠬᠦᠢ ᠨᠡᠪᠲᠡᠷᠡᠬᠦ ᠵᠠᠮ ᠤᠨ ᠲᠥᠬᠦᠭᠡᠷᠦᠮᠵᠢ ᠪᠠ ᠰᠠᠨᠠᠭᠤᠯᠤᠮᠵᠢ ᠶᠢᠨ ᠤᠳᠤᠷᠢᠳᠤᠮᠵᠢ ᠶᠢ ᠢᠯᠡᠳᠬᠡᠭᠰᠡᠨ ᠲᠡᠮᠳᠡᠭ ᠪᠠᠶᠢᠵᠤ᠂ 6 ᠵᠦᠢᠯ ᠤᠨ 70 ᠲᠡᠮᠳᠡᠭ ᠢᠶᠠᠷ ᠨᠠᠷᠢᠨ ᠬᠤᠪᠢᠶᠠᠵᠤ᠂ ᠡᠭᠦᠨ ᠳᠤ 16 ᠨᠡᠪᠲᠡᠷᠡᠬᠦ ᠵᠠᠮ ᠤᠨ ᠲᠡᠮᠳᠡᠭ᠂ 6 ᠣᠯᠠᠨ ᠨᠡᠶᠢᠲᠡ ᠶᠢᠨ ᠲᠣᠭᠤᠷᠢᠭ ᠤᠨ ᠲᠡᠮᠳᠡᠭ᠂ 21 ᠠᠵᠢᠯᠯᠠᠬᠤ ᠲᠠᠯᠠᠪᠤᠷ ᠭᠠᠵᠠᠷ ᠬᠢᠭᠡᠳ ᠲᠥᠬᠦᠭᠡᠷᠦᠮᠵᠢ ᠶᠢᠨ ᠲᠡᠮᠳᠡᠭ᠂ 9 ᠰᠠᠨᠠᠭᠤᠯᠤᠮᠵᠢ ᠶᠢᠨ ᠲᠡᠮᠳᠡᠭ᠂ 9 ᠢᠳᠬᠠᠨ ᠬᠤᠷᠢᠭᠯᠠᠬᠤ ᠲᠡᠮᠳᠡᠭ᠂ 9 ᠤᠳᠤᠷᠢᠳᠤᠮᠵᠢ ᠲᠡᠮᠳᠡᠭ ᠢ ᠪᠠᠭᠲᠠᠭᠠᠪᠠ᠃      ᠭᠦᠭᠡᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠪᠠᠶᠢᠴᠠᠭᠠᠯᠲᠠ ᠶᠢᠨ ᠥᠷᠲᠡᠭᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠰᠢᠨ᠎ᠡ ᠬᠡᠪᠯᠡᠯ ᠤᠨ ᠬᠢᠯᠢ ᠶᠢᠨ ᠪᠠᠶᠢᠴᠠᠭᠠᠯᠲᠠ ᠶᠢᠨ ᠢᠯᠡᠷᠬᠡᠶᠢᠯᠡᠯ ᠲᠡᠮᠳᠡᠭ ᠢ ᠬᠡᠷᠡᠭᠯᠡᠬᠦ ᠨᠢ ᠳᠤᠮᠳᠠᠳᠤ ᠭᠠᠳᠠᠭᠠᠳᠤ ᠶᠢᠨ ᠬᠥᠮᠥᠰ ᠤᠨ ᠪᠣᠭᠤᠮᠲᠠ ᠥᠩᠭᠡᠷᠡᠬᠦ ᠳᠤ ᠨᠠᠩ ᠲᠦᠷᠭᠡᠨ ᠢᠶᠠᠷ ᠢᠯᠭᠠᠨ ᠲᠠᠨᠢᠬᠤ ᠳᠤ ᠲᠥᠭᠦᠮ ᠦᠵᠡᠭᠦᠯᠵᠦ᠂ ᠬᠠᠮᠢᠶ᠎ᠠ ᠪᠦᠬᠦᠢ ᠮᠡᠳᠡᠭᠡ ᠵᠠᠩᠭᠢ ᠶᠢ ᠣᠨᠣᠪᠴᠢᠲᠠᠶ ᠣᠯᠵᠤ᠂ ᠬᠢᠯᠢ ᠶᠢᠨ ᠪᠠᠶᠢᠴᠠᠭᠠᠯᠲᠠ ᠶᠢᠨ ᠠᠵᠢᠯ ᠳᠤ ᠤᠬᠠᠮᠰᠠᠷ ᠠᠴᠠ ᠪᠠᠨ ᠬᠠᠮᠵᠢᠯᠴᠠᠵᠤ᠂ ᠪᠠᠶᠢᠴᠠᠭᠠᠯᠲᠠ ᠶᠢ ᠡᠮᠬᠢ ᠵᠢᠷᠤᠮ ᠲᠠᠢ ᠪᠠᠷ ᠬᠦᠯᠢᠶᠡᠬᠦ᠂ ᠬᠢᠯᠢ ᠶᠢᠨ ᠪᠣᠭᠤᠮᠲᠠ ᠪᠠᠷ ᠰᠠᠭᠠᠳ ᠦᠭᠡᠢ ᠥᠩᠭᠡᠷᠡᠭᠦᠯᠬᠦ ᠶᠢ ᠪᠡᠶᠡᠯᠡᠭᠦᠯᠵᠦ᠂ ᠪᠣᠭᠤᠮᠲᠠ ᠪᠠᠷ ᠥᠩᠭᠡᠷᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠡᠭᠦᠳᠬᠦ ᠳᠤ ᠠᠰᠢᠭᠲᠠᠢ ᠶᠤᠮ ᠭᠡᠵᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号