ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠶᠢᠨ ᠠᠵᠢᠯ ᠤᠨ ᠠᠷᠭ᠎ᠠ ︵ᠲᠤᠷᠰᠢᠨ ᠬᠡᠷᠡᠭᠵᠢᠭᠦᠯᠬᠦ︶ ᠶᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/12/23
     ᠣᠶᠢᠷ᠎ᠠ ᠶᠢᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠶᠢᠨ ᠠᠵᠢᠯ ᠤᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠪᠠ᠂ ᠪᠦᠭᠦ ᠠᠭᠤᠯᠭ᠎ᠠ ᠨᠢ ᠳᠣᠣᠷᠠᠬᠢ ᠮᠡᠲᠦ᠃      ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠶᠢᠨ ᠠᠵᠢᠯ ᠤᠨ ᠠᠷᠭ᠎ᠠ ︵ᠲᠤᠷᠰᠢᠨ ᠬᠡᠷᠡᠭᠵᠢᠭᠦᠯᠬᠦ︶      ︵2024 ᠣᠨ ᠤ 10 ᠰᠠᠷ᠎ᠠ ᠶᠢᠨ 18 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠠᠴᠠ ᠬᠢᠨᠠᠨ ᠵᠥᠪᠯᠡᠵᠦ ᠵᠥᠪᠰᠢᠶᠡᠷᠡᠵᠦ᠂ 2024 ᠣᠨ ᠤ10 ᠰᠠᠷ᠎ᠠ ᠶᠢᠨ 23 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠠᠯᠪᠠᠨ ᠲᠢᠩᠬᠢᠮ ᠨᠡᠶᠢᠲᠡᠯᠡᠪᠡ︶      ᠨᠢᠭᠡᠳᠦᠭᠡᠷ ᠪᠦᠯᠦᠭ   ᠶᠡᠷᠦᠩᠬᠡᠢ ᠳᠦᠷᠢᠮ      ᠨᠢᠭᠡᠳᠦᠭᠡᠷ ᠵᠦᠢᠯ   ᠰᠤᠮᠤ ᠰᠢᠶᠠᠩ ᠪᠠᠯᠭᠠᠰᠤ ᠶᠢᠨ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠵᠤ᠂ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠶᠢᠨ ᠠᠵᠢᠯ ᠤᠨ ᠰᠢᠨᠵᠢᠯᠡᠬᠦ ᠤᠬᠠᠭᠠᠨᠴᠢᠯᠠᠯᠲᠠ᠂ ᠳᠦᠷᠢᠮᠵᠢᠯᠲᠡ᠂ ᠵᠢᠷᠦᠮᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠂ᠮᠠᠯᠵᠢᠬᠤ ᠲᠠᠷᠢᠶᠠᠯᠠᠬᠤ ᠣᠷᠣᠨ ᠳᠠᠬᠢ ᠨᠠᠮ ᠤᠨ ᠲᠥᠷᠥ ᠪᠠᠷᠢᠬᠤ ᠰᠠᠭᠤᠷᠢ ᠶᠢ ᠪᠠᠬᠢᠵᠢᠭᠦᠯᠬᠦ ᠶᠢᠨ ᠲᠥᠯᠥᠭᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠳᠡᠭᠡ ᠲᠣᠰᠬᠤᠨ ᠤ ᠠᠵᠢᠯ ᠤᠨ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠳᠦᠷᠢᠮ︾ ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠦᠨᠳᠦᠰᠦᠯᠡᠨ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ   ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠪᠣᠯ ᠨᠠᠮ ᠤᠨ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠤᠯᠬᠤ ᠪᠥᠭᠡᠳ ᠰᠤᠮᠤ ᠰᠢᠶᠠᠩ ᠪᠠᠯᠭᠠᠰᠤ ᠶᠢᠨ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ ᠪᠣᠯᠣᠨ ᠡᠯ᠎ᠡ ᠲᠥᠷᠥᠯ ᠤᠨ ᠠᠵᠢᠯ ᠢ ᠪᠦᠭᠦ ᠲᠠᠯ᠎ᠠ ᠪᠠᠷ ᠤᠳᠤᠷᠢᠳᠤᠨ᠎ᠠ᠃      ᠭᠤᠷᠪᠠᠳᠤᠭᠠᠷ ᠵᠦᠢᠯ   ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾  ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠠᠷᠠᠳᠴᠢᠯᠠᠯ ᠲᠥᠪᠯᠡᠷᠡᠯ ᠤᠨ ᠶᠣᠰᠣ ᠶᠢ ᠪᠠᠷᠢᠮᠲᠠᠯᠠᠵᠤ᠂ ᠨᠠᠮ ᠨᠢ ᠨᠠᠮ ᠢᠶᠠᠨ ᠬᠠᠮᠢᠶᠠᠷᠬᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠨᠠᠮ ᠤᠨ ᠳᠦᠷᠢᠮ ᠨᠠᠮ ᠤᠨ ᠲᠣᠭᠲᠠᠭᠠᠯ ᠢ ᠦᠨᠳᠦᠰᠦᠯᠡᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠦᠨᠳᠦᠰᠦᠨ ᠬᠠᠤᠯᠢ ᠬᠠᠤᠯᠢ ᠴᠠᠭᠠᠵᠠ ᠶᠢᠨ ᠬᠡᠪᠴᠢᠶᠡᠨ ᠳᠤ ᠠᠵᠢᠯ ᠢᠶᠠᠨ ᠥᠷᠨᠢᠭᠦᠯᠬᠦ ᠬᠡᠷᠡᠭᠲᠡᠢ᠃      ᠬᠤᠶᠠᠳᠤᠭᠠᠷ ᠪᠦᠯᠦᠭ   ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ      ᠳᠥᠷᠪᠡᠳᠦᠭᠡᠷ ᠵᠦᠢᠯ   ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠨᠢ ᠱᠦᠵᠢ᠂ ᠳᠡᠳ᠋ ᠱᠦᠵᠢ ᠪᠣᠯᠣᠨ ᠪᠤᠰᠤᠳ ᠭᠡᠰᠢᠭᠦᠨ ᠢᠶᠠᠷ ᠪᠦᠷᠢᠯᠳᠦᠨ᠎ᠡ᠃ ᠨᠠᠮ ᠤᠨ ᠬᠤᠷᠢᠶ᠎ᠠ ᠶᠢᠨ ᠭᠡᠰᠢᠭᠦᠨ ᠤ ᠲᠤᠭ᠎ᠠ ᠡᠩ ᠤᠨ ᠪᠠᠶᠢᠳᠠᠯ ᠳᠤ 7 ᠠᠴᠠ 9 ᠬᠥᠮᠥᠨ᠂ ᠡᠭᠦᠨ ᠳᠤ ᠱᠦᠵᠢ 1 ᠬᠥᠮᠥᠨ᠂ ᠳᠡᠳ᠋ ᠱᠦᠵᠢ 2 ᠬᠥᠮᠥᠨ᠂ ᠭᠡᠰᠢᠭᠦᠨ ᠨᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠵᠣᠬᠢᠶᠠᠨ ᠪᠠᠶᠢᠭᠤᠯᠬᠤ ᠭᠡᠰᠢᠭᠦᠨ᠂ ᠤᠬᠠᠭᠤᠯᠬᠤ ᠭᠡᠰᠢᠭᠦᠨ ᠢ ᠪᠠᠭᠲᠠᠭᠠᠬᠤ ᠬᠡᠷᠡᠭᠲᠡᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠪᠠ 1 ᠠᠴᠠ 2 ᠨᠡᠷᠡᠰ ᠵᠠᠰᠠᠭ ᠤᠨ ᠣᠷᠳᠣᠨ ᠤ ᠳᠡᠳ᠋ ᠲᠤᠰᠢᠶᠠᠯᠲᠠᠨ ᠢ ᠪᠠᠭᠲᠠᠭᠠᠵᠤ ᠪᠣᠯᠣᠨ᠎ᠠ᠃      ᠠᠶᠢᠮᠠᠭ ᠬᠤᠲᠠ ᠶᠢᠨ ᠨᠠᠮ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠭᠦᠷᠭᠡ ᠪᠠᠷ ᠣᠨᠴᠠᠭᠠᠶ ᠬᠦᠨᠳᠦ ᠰᠤᠮᠤ ᠰᠢᠶᠠᠩ ᠪᠠᠯᠭᠠᠰᠤ 1 ᠳᠡᠳ᠋ ᠱᠦᠵᠢ ᠨᠡᠮᠡᠵᠦ ᠲᠣᠬᠢᠷᠠᠭᠤᠯᠵᠤ ᠪᠣᠯᠣᠨ᠎ᠠ᠂ ᠨᠢᠭᠡᠳᠦᠮᠡᠯ ᠹᠷᠣᠨᠲ ᠪᠤᠶᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠡᠭᠦᠷᠭᠡ ᠪᠠᠷ ᠣᠨᠴᠠᠭᠠᠶ ᠬᠦᠨᠳᠦ ᠰᠤᠮᠤ ᠰᠢᠶᠠᠩ ᠪᠠᠯᠭᠠᠰᠤ ᠪᠣᠯ ᠨᠢᠭᠡᠳᠦᠮᠡᠯ ᠹᠷᠣᠨᠲ ᠤᠨ ᠭᠡᠰᠢᠭᠦᠨ ᠪᠤᠶᠤ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠢ ᠠᠰ ᠲᠤᠨᠢ ᠲᠣᠬᠢᠷᠠᠭᠤᠯᠵᠤ ᠪᠣᠯᠣᠨ᠎ᠠ᠂ ᠭᠡᠬᠦ ᠳᠡᠭᠡᠨ ᠭᠡᠰᠢᠭᠦᠨ ᠤ ᠲᠤᠭ᠎ᠠ ᠶᠢᠨ ᠶᠡᠷᠦᠩᠬᠡᠢ ᠲᠤᠭ᠎ᠠ ᠠᠴᠠ ᠳᠠᠪᠠᠭᠤᠯᠵᠤ ᠪᠤᠯᠬᠤ ᠦᠭᠡᠢ᠃      ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠶᠢᠨ ᠭᠡᠰᠢᠭᠦᠨ ᠲᠤᠰᠢᠶᠠᠯ ᠤᠨ ᠬᠤᠭᠤᠴᠠᠭᠠᠨ ᠳᠤ ᠬᠠᠷᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃      ᠲᠠᠪᠤᠳᠤᠭᠠᠷ ᠵᠦᠢᠯ   ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ ᠨᠢ ᠨᠠᠮ ᠤᠨ ᠬᠤᠷᠢᠶ᠎ᠠ ᠶᠢᠨ ᠪᠦᠭᠦ ᠲᠠᠯ᠎ᠠ ᠶᠢᠨ ᠠᠵᠢᠯ ᠢ ᠡᠷᠭᠢᠯᠡᠨ᠂ ᠵᠠᠰᠠᠭ ᠤᠨ ᠣᠷᠳᠣᠨ ᠤ ᠵᠢᠩᠬᠢᠨᠢ ᠲᠤᠰᠢᠶᠠᠯ ᠢ ᠡᠭᠦᠷᠭᠡᠯᠡᠵᠦ ᠪᠠᠶᠢᠭ᠎ᠠ ᠨᠠᠮ ᠤᠨ ᠬᠤᠷᠢᠶ᠎ᠠ ᠶᠢᠨ ᠳᠡᠳ᠋ ᠱᠦᠵᠢ ᠨᠢ ᠵᠠᠰᠠᠭ ᠤᠨ ᠣᠷᠳᠣᠨ ᠤ ᠪᠦᠭᠦ ᠲᠠᠯ᠎ᠠ ᠶᠢᠨ ᠠᠵᠢᠯ ᠢ ᠡᠷᠭᠢᠯᠡᠨ᠂ ᠲᠤᠰᠬᠠᠢ ᠲᠤᠰᠢᠶᠠᠯ ᠤᠨ ᠳᠡᠳ᠋ ᠱᠦᠵᠢ ᠨᠢ ᠭᠤᠣᠯᠳᠠᠭᠤ ᠱᠦᠵᠢ ᠶᠢ ᠬᠠᠪᠰᠤᠷᠤᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠬᠤ ᠶᠢᠨ ᠬᠠᠮᠲᠤ ᠬᠡᠷᠡᠭᠴᠡᠭᠡ ᠪᠠᠨ ᠦᠨᠳᠦᠰᠦᠯᠡᠨ ᠪᠤᠰᠤᠳ ᠲᠠᠯ᠎ᠠ ᠶᠢᠨ ᠠᠵᠢᠯ ᠢ ᠵᠣᠬᠢᠴᠠᠭᠤᠯᠬᠤ ᠪᠠ ᠬᠠᠷᠢᠭᠤᠴᠠᠵᠤ᠂ ᠪᠤᠰᠤᠳ ᠭᠡᠰᠢᠭᠦᠳ ᠨᠢ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃      ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠶᠢᠨ ᠱᠦᠵᠢ ᠪᠣᠯᠣᠨ ᠵᠠᠰᠠᠭ ᠤᠨ ᠣᠷᠳᠣᠨ ᠤ ᠵᠢᠩᠬᠢᠨᠢ ᠲᠤᠰᠢᠶᠠᠯ ᠢ ᠡᠭᠦᠷᠭᠡᠯᠡᠵᠦ ᠪᠠᠶᠢᠭ᠎ᠠ ᠨᠠᠮ ᠤᠨ ᠬᠤᠷᠢᠶ᠎ᠠ ᠶᠢᠨ ᠳᠡᠳ᠋ ᠱᠦᠵᠢ ᠨᠢ ᠠᠵᠢᠯᠲᠠᠨ ᠤ ᠶᠠᠪᠤᠳᠠᠯ᠂ ᠡᠳ᠋ ᠤᠨ ᠶᠠᠪᠤᠳᠠᠯ᠂ ᠪᠠᠷᠢᠯᠭ᠎ᠠ ᠶᠢᠨ ᠲᠥᠷᠥᠯ ᠵᠦᠢᠯ᠂ ᠡᠳ᠋ ᠪᠠᠷᠠᠭ᠎ᠠ ᠬᠤᠳᠠᠯᠳᠤᠨ ᠠᠪᠬᠤ ᠵᠡᠷᠭᠡ ᠠᠵᠢᠯ ᠢ ᠰᠢᠭᠤᠳ ᠬᠤᠪᠢᠳᠠᠨ ᠬᠠᠮᠢᠶᠠᠷᠴᠤ ᠪᠤᠯᠬᠤ ᠦᠭᠡᠢ᠃      ᠵᠢᠷᠭᠤᠳᠤᠭᠠᠷ ᠵᠦᠢᠯ   ᠰᠤᠮᠤ ᠰᠢᠶᠠᠩ ᠪᠠᠯᠭᠠᠰᠤ ᠶᠢᠨ ᠤᠳᠤᠷᠢᠳᠬᠤ ᠪᠠᠭ ᠤᠨ ᠪᠦᠷᠢᠯᠳᠦᠭᠦᠨ ᠤ ᠠᠵᠢᠯ ᠤᠨ ᠬᠤᠪᠢᠶᠠᠷᠢᠯᠠᠯ ᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠠᠮ ᠤᠨ ᠬᠤᠷᠢᠶ᠎ᠠ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃      ᠭᠤᠷᠪᠠᠳᠤᠭᠠᠷ ᠪᠦᠯᠦᠭ   ᠡᠭᠦᠷᠭᠡ ᠬᠠᠷᠢᠭᠤᠴᠠᠯᠭ᠎ᠠ      ᠳᠣᠯᠣᠳᠤᠭᠠᠷ ᠵᠦᠢᠯ   ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠨᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠳᠦᠷᠢᠮ︾ ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠲᠤᠰ ᠭᠠᠵᠠᠷ ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠢ ᠪᠦᠭᠦ ᠲᠠᠯ᠎ᠠ ᠪᠠᠷ ᠰᠠᠶᠢᠲᠤᠷ ᠠᠳᠬᠤᠵᠤ᠂ ᠠᠵᠤ ᠦᠢᠯᠡᠰ ᠬᠥᠭᠵᠢᠭᠰᠡᠨ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ᠂ ᠨᠤᠲᠤᠭ ᠤᠨ ᠵᠠᠩᠰᠢᠯ ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠪᠠᠶᠠᠨ ᠴᠢᠨᠡᠭᠡᠯᠢᠭ ᠪᠠᠶᠢᠬᠤ ᠣᠳᠣᠬᠢᠴᠢᠯᠠᠭᠰᠠᠨ ᠮᠠᠯᠵᠢᠬᠤ ᠲᠠᠷᠢᠶᠠᠯᠠᠬᠤ ᠣᠷᠣᠨ ᠢ ᠲᠦᠷᠭᠡᠨ ᠪᠠᠶᠢᠭᠤᠯᠬᠤ ᠬᠡᠷᠡᠭᠲᠡᠢ᠃      ᠨᠠᠢᠮᠠᠳᠤᠭᠠᠷ ᠵᠦᠢᠯ   ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠨᠢ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ᠂ ᠦᠢᠯᠡᠳᠪᠦᠷᠢᠯᠡᠯ ᠤᠨ ᠰᠢᠰᠲ᠋ᠧᠮ᠂ ᠡᠵᠡᠩᠨᠡᠯᠲᠡ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠭᠤᠣᠯᠯᠠᠬᠤ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠦᠷᠭᠦᠯᠵᠢᠯᠡᠨ ᠨᠡᠮᠡᠭᠳᠡᠬᠦ ᠶᠢ ᠠᠬᠢᠭᠤᠯᠬᠤ ᠬᠡᠷᠡᠭᠲᠡᠢ᠃      ᠶᠢᠰᠦᠳᠦᠭᠡᠷ ᠵᠦᠢᠯ   ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠨᠢ  ᠬᠥᠳᠡᠭᠡ ᠲᠣᠰᠬᠤᠨ ᠤ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠪᠠ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠴᠢᠳᠠᠪᠤᠷᠢᠲᠠᠨ᠂ ᠰᠢᠨ᠎ᠡ ᠶᠢ ᠡᠭᠦᠳᠬᠦ ᠦᠢᠯᠡᠰ ᠪᠣᠰᠬᠠᠬᠤ ᠳᠠᠭᠠᠭᠤᠯᠤᠭᠴᠢ ᠶᠢ ᠬᠦᠴᠦᠯᠡᠨ ᠬᠥᠮᠥᠵᠢᠭᠦᠯᠵᠦ᠂ ᠠᠷᠭ᠎ᠠ ᠪᠦᠭᠦᠨ ᠢ ᠰᠦᠪᠡᠭᠴᠢᠯᠡᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠲᠣᠰ ᠲᠣᠰ ᠤᠨ ᠬᠢᠨᠢ  ᠴᠢᠳᠠᠪᠤᠷᠢ ᠶᠢ ᠪᠠᠳᠠᠷᠠᠭᠤᠯᠤᠨ  ᠴᠢᠳᠠᠪᠤᠷᠢᠲᠠᠨ ᠢ ᠬᠡᠷᠡᠭᠯᠡᠬᠦ ᠬᠡᠷᠡᠭᠲᠡᠢ᠃      ᠠᠷᠪᠠᠳᠤᠭᠠᠷ ᠵᠦᠢᠯ   ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠨᠢ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠤᠮᠠᠷᠠᠲᠤ ᠬᠢᠯᠢ ᠶᠢᠨ ᠰᠣᠶᠣᠯ ᠢ ᠶᠡᠬᠡᠪᠡᠷ ᠪᠠᠶᠢᠭᠤᠯᠤᠨ᠂ ᠪᠣᠯᠪᠠᠰᠤᠨ ᠢ ᠪᠣᠶᠢᠵᠢᠭᠤᠯᠬᠤ᠂ ᠪᠣᠯᠪᠠᠰᠤᠨ ᠢ ᠦᠢᠯᠡᠳᠦᠯᠭᠡᠵᠢᠭᠦᠯᠬᠦ᠂ ᠪᠣᠯᠪᠠᠰᠤᠨ ᠢ ᠡᠭᠦᠳᠦᠨ ᠪᠠᠶᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠳᠡᠭᠡ ᠲᠣᠰᠬᠤᠨ ᠤ ᠰᠢᠯᠢᠳᠡᠭ ᠤᠯᠠᠮᠵᠢᠯᠠᠯᠲᠤ ᠰᠣᠶᠣᠯ ᠢ ᠪᠦᠲᠦᠮᠵᠢᠲᠡᠶ ᠬᠠᠮᠠᠭᠠᠯᠠᠨ ᠤᠯᠠᠮᠵᠢᠯᠠᠵᠤ᠂ ᠬᠠᠭᠤᠴᠢᠨ ᠬᠡᠪ ᠵᠠᠩᠰᠢᠯ ᠢ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠮᠠᠯᠴᠢᠨ ᠲᠠᠷᠢᠶᠠᠴᠢᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠮᠠᠯᠴᠢᠨ ᠲᠠᠷᠢᠶᠠᠴᠢᠨ ᠤ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠪᠠ ᠮᠠᠯᠵᠢᠬᠤ ᠲᠠᠷᠢᠶᠠᠯᠠᠬᠤ  ᠣᠷᠣᠨ ᠤ  ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ᠃      ᠠᠷᠪᠠᠨ ᠨᠢᠭᠡᠳᠦᠭᠡᠷ ᠵᠦᠢᠯ   ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠨᠢ ᠬᠥᠳᠡᠭᠡ ᠲᠣᠰᠬᠤᠨ ᠤ ᠠᠮᠢ ᠠᠬᠤᠢ ᠶᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠨᠣᠭᠤᠭᠠᠷᠠᠭᠤᠯᠤᠨ ᠭᠤᠶᠣᠵᠢᠭᠤᠯᠵᠤ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠬᠡᠷᠡᠭᠲᠡᠢ᠃      ᠠᠷᠪᠠᠨ ᠬᠤᠶᠠᠳᠤᠭᠠᠷ ᠵᠦᠢᠯ   ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠠᠴᠠ ᠤᠳᠤᠷᠢᠳᠤᠭᠰᠠᠨ ᠥᠪᠡᠷᠰᠡᠳ ᠢᠶᠠᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠡᠯ᠎ᠡ ᠲᠦᠷᠦᠯ ᠤᠨ ᠭᠤᠣᠯ ᠴᠣᠭᠴᠠ ᠪᠠ ᠡᠯ᠎ᠡ ᠲᠠᠯ᠎ᠠ ᠶᠢᠨ ᠬᠦᠴᠦᠨ ᠤ ᠦᠨᠳᠦᠰᠦᠨ ᠱᠠᠲᠤᠨ ᠤ ᠵᠠᠰᠠᠯᠲᠠ ᠳᠤ ᠣᠷᠤᠯᠴᠠᠬᠤ ᠶᠢ ᠠᠬᠢᠭᠤᠯᠵᠤ᠂ ᠬᠥᠳᠡᠭᠡ ᠲᠣᠰᠬᠤᠨ ᠤ ᠴᠢᠳᠠᠮᠠᠭᠠᠢ ᠵᠠᠰᠠᠯᠲᠠ ᠶᠢᠨ ᠲᠦᠪᠰᠢᠨ ᠢ  ᠳᠡᠭᠡᠭᠰᠢᠯᠡᠭᠦᠯᠭᠦ ᠬᠡᠷᠡᠭᠲᠡᠢ᠃      ᠠᠷᠪᠠᠨ ᠭᠤᠷᠪᠠᠳᠤᠭᠠᠷ ᠵᠦᠢᠯ   ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠪᠦᠭᠦ ᠲᠠᠯ᠎ᠠ ᠪᠠᠷ ᠴᠢᠩᠭᠠᠳᠬᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠥᠯᠥᠭᠡᠯᠡᠵᠦ ᠪᠠᠶᠢᠭ᠎ᠠ ᠲᠣᠪᠣᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠵᠢᠯ ᠪᠦᠷᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠠᠮ ᠤᠨ ᠬᠤᠷᠢᠶ᠎ᠠ ᠳᠤ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠲᠤᠰᠬᠠᠢ ᠰᠡᠳᠦᠪ ᠢᠶᠠᠷ ᠮᠡᠳᠡᠭᠦᠯᠬᠦ ᠬᠡᠷᠡᠭᠲᠡᠢ᠃      ᠠᠷᠪᠠᠨ ᠳᠥᠷᠪᠡᠳᠦᠭᠡᠷ ᠵᠦᠢᠯ   ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠨᠢ ᠤᠯᠤᠰ ᠲᠥᠷᠥ ᠶᠢᠨ ᠦᠢᠯᠡᠳᠦᠯ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠴᠢᠳᠠᠮᠵᠢ ᠪᠠᠨ ᠴᠢᠩᠭᠠᠷᠠᠭᠤᠯᠵᠤ᠂ ᠣᠯᠠᠨ ᠲᠦᠮᠡᠨ ᠢ ᠵᠣᠬᠢᠶᠠᠨ ᠪᠠᠶᠢᠭᠤᠯᠬᠤ᠂ ᠣᠯᠠᠨ ᠲᠦᠮᠡᠨ ᠳᠤ ᠤᠬᠠᠭᠤᠯᠬᠤ᠂ ᠣᠯᠠᠨ ᠲᠦᠮᠡᠨ ᠢ ᠨᠢᠭᠲᠠᠷᠠᠭᠤᠯᠬᠤ᠂ ᠣᠯᠠᠨ ᠲᠦᠮᠡᠨ ᠳᠤ  ᠦᠢᠯᠡᠴᠢᠯᠡᠬᠦ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠢ ᠪᠠᠶᠢᠩᠭᠤ ᠥᠷᠨᠢᠭᠦᠯᠦᠨ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠡᠵᠡᠨ ᠬᠥᠮᠥᠨ ᠤ ᠤᠬᠠᠮᠰᠠᠷ ᠢ ᠨᠢ ᠴᠢᠩᠭᠠᠷᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠠᠶᠢᠨ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠬᠤ ᠬᠡᠷᠡᠭᠲᠡᠢ᠃      ᠠᠷᠪᠠᠨ ᠲᠠᠪᠤᠳᠤᠭᠠᠷ ᠵᠦᠢᠯ   ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠨᠢ ᠦᠨᠳᠦᠰᠦᠲᠡᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠡᠨ ᠬᠦ ᠰᠠᠶᠢᠲᠤᠷ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠠᠵᠢᠯ ᠳᠤᠮᠳᠠ  ᠪᠠᠨ ᠲᠤᠭᠤᠰᠢᠯᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠦᠨ ᠥᠷᠨᠢᠭᠦᠯᠵᠦ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠦᠭᠦ ᠲᠠᠯ᠎ᠠ ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃      ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠨᠢ ᠱᠠᠰᠢᠨ ᠰᠤᠷᠲᠠᠬᠤᠨ ᠤ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠨ᠂ ᠲᠤᠰ ᠭᠠᠵᠠᠷ ᠤᠨ ᠢᠶᠠᠨ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠠᠳᠬᠤᠵᠤ᠂ ᠱᠠᠰᠢᠨ ᠰᠤᠷᠲᠠᠬᠤᠨ ᠬᠢᠭᠡᠳ ᠨᠡᠶᠢᠭᠡᠮ ᠵᠢᠷᠤᠮᠲᠤ ᠨᠡᠶᠢᠭᠡᠮ ᠬᠠᠷᠢᠯᠴᠠᠨ ᠲᠣᠬᠢᠷᠠᠯᠴᠠᠬᠤ ᠶᠢ ᠢᠳᠡᠪᠬᠢᠲᠡᠢ ᠬᠥᠲᠥᠯᠥᠨ ᠵᠢᠯᠤᠭᠤᠳᠬᠤ ᠬᠡᠷᠡᠭᠲᠡᠢ᠃      ᠳᠥᠷᠪᠡᠳᠦᠭᠡᠷ ᠪᠦᠯᠦᠭ   ᠬᠡᠷᠡᠭ ᠵᠥᠪᠯᠡᠬᠦ ᠰᠢᠢᠳᠪᠦᠷᠢᠲᠦ ᠪᠣᠳᠣᠯᠭ᠎ᠠ ᠲᠣᠭᠲᠠᠭᠠᠬᠤ      ᠠᠷᠪᠠᠨ ᠵᠢᠷᠭᠤᠳᠤᠭᠠᠷ ᠵᠦᠢᠯ   ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠨᠢ ᠬᠠᠮᠲᠤ ᠪᠠᠷ ᠤᠳᠤᠷᠢᠳᠬᠤ᠂ ᠠᠷᠠᠳᠴᠢᠯᠠᠯ ᠲᠥᠪᠯᠡᠷᠡᠯ᠂ ᠲᠤᠰᠬᠠᠢ ᠶᠠᠷᠢᠯᠴᠠᠬᠤ᠂ ᠬᠤᠷᠠᠯ ᠢᠶᠠᠷ ᠲᠣᠭᠲᠠᠭᠠᠬᠤ ᠵᠠᠷᠴᠢᠮ ᠶᠣᠰᠣᠭᠠᠷ᠂ ᠳᠣᠣᠷᠠᠬᠢ ᠵᠦᠢᠯᠡᠰ ᠢ ᠶᠠᠷᠢᠯᠴᠠᠬᠤ ᠪᠠ ᠲᠣᠭᠲᠠᠭᠠᠨ᠎ᠠ᠄      ︵ᠨᠢᠭᠡ︶ ᠨᠠᠮ ᠤᠨ ᠲᠥᠪ ᠬᠤᠷᠢᠶ᠎ᠠ ᠪᠠ ᠳᠡᠭᠡᠷ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠵᠢᠴᠢ ᠰᠤᠮᠤ ᠰᠢᠶᠠᠩ ᠪᠠᠯᠭᠠᠰᠤ ᠶᠢᠨ ᠨᠠᠮ ᠤᠨ ᠭᠡᠰᠢᠭᠦᠳ ᠤᠨ ᠶᠡᠭᠡ ᠬᠤᠷᠠᠯ ᠪᠤᠶᠤ ᠨᠠᠮ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠰᠢᠢᠳᠪᠦᠷᠢ᠂ ᠲᠣᠭᠲᠠᠭᠠᠯ ᠪᠣᠳᠠᠲᠠᠢ ᠠᠷᠭ᠎ᠠ ᠬᠡᠮᠵᠢᠶ᠎ᠡ   ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ ;      ︵ᠬᠤᠶᠠᠷ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠲᠤᠭᠤᠰᠢᠯᠠᠭᠤᠯᠬᠤ᠂ ᠲᠤᠰ ᠭᠠᠵᠠᠷ ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠶᠢ ᠠᠬᠢᠭᠤᠯᠬᠤ ᠵᠢᠴᠢ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ;      ︵ᠭᠤᠷᠪᠠ︶ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠬᠠᠮᠢᠶᠠᠷᠤᠯᠲᠠ ᠶᠢᠨ ᠠᠵᠢᠯ ᠵᠢᠴᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠠᠯᠠᠭ᠎ᠠ ᠮᠥᠴᠢᠷ ᠤᠨ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠶᠢᠨ ᠠᠵᠢᠯᠲᠠᠨ ᠢ ᠰᠢᠯᠭᠠᠨ ᠬᠢᠨᠠᠬᠤ᠂ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠵᠡᠷᠭᠡ ᠲᠠᠯ᠎ᠠ ᠶᠢᠨ ᠴᠢᠬᠤᠯᠠ ᠵᠦᠶᠯᠡᠰ;      ︵ᠳᠥᠷᠪᠡ︶ ᠴᠢᠬᠤᠯᠠ ᠲᠥᠷᠥᠯ ᠵᠦᠢᠯ ᠤᠨ ᠲᠣᠬᠢᠷᠠᠭᠤᠯᠤᠯᠲᠠ᠂ ᠶᠡᠭᠡ ᠲᠣᠭᠠᠨ ᠤ ᠪᠡᠯᠡ ᠮᠥᠩᠭᠦ ᠶᠢᠨ ᠬᠡᠷᠡᠭᠯᠡᠯᠲᠡ ᠵᠡᠷᠭᠡ ᠵᠦᠶᠯᠡᠰ;      ︵ᠲᠠᠪᠤ︶ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭ᠎ᠠ ᠵᠡᠷᠭᠡ ᠤᠯᠡᠠ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠪᠠ ᠪᠤᠰᠤᠳ ᠡᠯ᠎ᠡ ᠲᠦᠷᠦᠯ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠴᠢᠬᠤᠯᠠ ᠵᠦᠢᠯᠡᠰ;      ︵ᠵᠢᠷᠭᠤᠭ᠎ᠠ︶ ᠨᠠᠮ ᠤᠨ ᠭᠡᠰᠢᠭᠦᠳ ᠤᠨ ᠶᠡᠭᠡ ᠬᠤᠷᠠᠯ ᠪᠤᠶᠤ ᠨᠠᠮ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ ᠳᠤ ᠬᠤᠯᠪᠣᠭᠳᠠᠬᠤ ᠵᠦᠢᠯᠡᠰ ᠵᠢᠴᠢ ᠨᠠᠮ ᠤᠨ ᠭᠡᠰᠢᠭᠦᠳ ᠤᠨ ᠶᠡᠭᠡ ᠬᠤᠷᠠᠯ ᠪᠤᠶᠤ ᠨᠠᠮ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠪᠠᠲᠤᠯᠠᠭᠤᠯᠬᠤ ᠴᠢᠬᠤᠯᠠᠲᠠᠢ ᠵᠦᠢᠯᠡᠰ;      ︵ᠳᠣᠯᠤᠭ᠎ᠠ︶ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠠᠮ ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠬᠦ ᠴᠢᠬᠤᠯᠠ ᠵᠦᠢᠯᠡᠰ ᠵᠢᠴᠢ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠶᠢᠨ ᠨᠡᠷ᠎ᠡ ᠪᠠᠷ ᠪᠠᠭᠤᠯᠭᠠᠭᠰᠠᠨ ᠴᠢᠬᠤᠯᠠ ᠪᠢᠴᠢᠭ ᠮᠠᠲ᠋ᠧᠷᠢᠶᠠᠯ ᠵᠡᠷᠭᠡ ᠵᠦᠶᠯᠡᠰ;      ︵ᠨᠠᠢᠮᠠ︶ ᠨᠠᠮ ᠤᠨ ᠬᠤᠷᠢᠶ᠎ᠠ ᠠᠴᠠ ᠶᠠᠷᠢᠯᠴᠠᠨ ᠲᠣᠭᠲᠠᠭᠠᠬᠤ ᠴᠢᠬᠤᠯᠠᠲᠠᠢ ᠪᠤᠰᠤᠳ ᠵᠦᠢᠯᠡᠰ᠃      ᠠᠷᠪᠠᠨ ᠳᠣᠯᠣᠳᠤᠭᠠᠷ ᠵᠦᠢᠯ   ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠡᠩ ᠤᠨ ᠪᠠᠶᠢᠳᠠᠯ ᠳᠤ ᠨᠠᠮ ᠤᠨ ᠬᠤᠷᠢᠶ᠎ᠠ ᠶᠢᠨ ᠬᠤᠷᠠᠯ ᠤᠨ ᠭᠡᠯᠪᠡᠷᠢ ᠶᠢ ᠠᠪᠴᠤ᠂ ᠨᠠᠮ ᠤᠨ ᠬᠤᠷᠢᠶ᠎ᠠ ᠶᠢᠨ ᠬᠤᠷᠠᠯ ᠢ ᠰᠠᠷ᠎ᠠ ᠪᠦᠷᠢ ᠨᠠᠭᠠᠲᠤ ᠵᠠᠬ᠎ᠠ ᠨᠢ 1 ᠤᠳᠠᠭ᠎ᠠ ᠬᠤᠷᠠᠯᠳᠤᠭᠤᠯᠵᠤ᠂ ᠴᠢᠬᠤᠯᠠ ᠪᠠᠶᠢᠳᠠᠯ ᠲᠣᠬᠢᠶᠠᠯᠳᠤᠪᠠᠯ ᠴᠠᠭ ᠲᠤᠬᠠᠢ ᠳᠤᠨᠢ ᠬᠤᠷᠠᠯᠳᠤᠭᠤᠯᠵᠤ ᠪᠣᠯᠣᠨ᠎ᠠ᠃ ᠨᠠᠮ ᠤᠨ ᠬᠤᠷᠢᠶ᠎ᠠ ᠶᠢᠨ ᠱᠦᠵᠢ ᠬᠤᠷᠠᠯᠳᠤᠭᠤᠯᠬᠤ ᠪᠥᠭᠡᠳ ᠡᠷᠭᠢᠯᠡᠨ᠎ᠡ᠂ ᠱᠦᠵᠢ ᠬᠤᠷᠠᠯ ᠳᠤ ᠣᠷᠣᠯᠴᠠᠵᠤ ᠳᠡᠶᠢᠯᠭᠦ ᠦᠭᠡᠢ ᠪᠣᠯ ᠳᠡᠳ᠋ ᠱᠦᠵᠢ ᠳᠤ ᠨᠠᠶᠢᠳᠠᠵᠤ ᠬᠤᠷᠠᠯᠳᠤᠭᠤᠯᠬᠤ ᠪᠥᠭᠡᠳ ᠡᠷᠭᠢᠯᠡᠵᠤ ᠪᠣᠯᠣᠨ᠎ᠠ᠃      ᠨᠠᠮ ᠤᠨ ᠬᠤᠷᠢᠶ᠎ᠠ ᠶᠢᠨ ᠬᠤᠷᠠᠯ ᠤᠨ ᠵᠥᠪᠯᠡᠬᠦ ᠵᠦᠢᠯ ᠢ ᠱᠦᠵᠢ ᠳᠤᠷᠠᠳᠬᠤ ᠪᠤᠶᠤ ᠪᠤᠰᠤᠳ ᠭᠡᠰᠢᠭᠦᠨ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠠᠨᠠᠭᠤᠯᠭ᠎ᠠ ᠳᠤᠷᠠᠳᠴᠤ᠂ ᠱᠦᠵᠢ ᠶᠡᠷᠦᠩᠬᠡᠶᠢᠯᠡᠨ ᠪᠣᠳᠣᠯᠬᠢᠯᠠᠭᠠᠳ ᠲᠣᠭᠲᠠᠭᠠᠨ᠎ᠠ᠃      ᠨᠠᠮ ᠤᠨ ᠬᠤᠷᠢᠶ᠎ᠠ ᠶᠢᠨ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠪᠠᠶᠢᠭ᠎ᠠ ᠴᠢᠬᠤᠯᠠ ᠤᠴᠢᠷ ᠶᠠᠪᠤᠳᠠᠯ ᠢ ᠱᠦᠵᠢ ᠪᠣᠯᠣᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠭᠡᠰᠢᠭᠦᠳ ᠶᠠᠷᠢᠯᠴᠠᠵᠤ ᠪᠣᠯᠣᠨ᠎ᠠ᠂ ᠱᠦᠵᠢ  ᠠᠴᠠ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠭᠡᠰᠢᠭᠦᠳ ᠲᠤ ᠨᠠᠶᠢᠳᠠᠵᠤ ᠶᠠᠷᠢᠯᠴᠠᠭᠤᠯᠤᠭᠰᠠᠨ ᠴᠤ ᠪᠣᠯᠣᠨ᠎ᠠ᠃      ᠠᠷᠪᠠᠨ ᠨᠠᠢᠮᠠᠳᠤᠭᠠᠷ ᠵᠦᠢᠯ   ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠶᠢᠨ ᠬᠤᠷᠠᠯ ᠢ ᠬᠠᠭᠠᠰ ᠲᠣᠭᠠᠨ ᠠᠴᠠ ᠳᠡᠭᠡᠭᠰᠢᠬᠢ ᠨᠠᠮ ᠤᠨ ᠬᠤᠷᠢᠶ᠎ᠠ ᠶᠢᠨ ᠭᠡᠰᠢᠭᠦᠨ ᠬᠤᠷᠠᠯ ᠳᠤ ᠣᠷᠣᠯᠴᠠᠬᠰᠠᠨ ᠪᠠᠶᠢᠪᠠᠯ ᠰᠠᠶ᠋ᠢ ᠬᠤᠷᠠᠯᠳᠤᠭᠤᠯᠵᠤ ᠪᠤᠯᠣᠨ᠎ᠠ; ᠺᠠᠳ᠋ᠷ ᠢ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠤᠴᠢᠷ ᠶᠠᠪᠤᠳᠠᠯ ᠢ ᠶᠠᠷᠢᠯᠴᠠᠨ ᠲᠣᠭᠲᠠᠭᠠᠬᠤ ᠳᠠᠭᠠᠨ ᠡᠷᠬᠡᠪᠰᠢ ᠭᠤᠷᠪᠠᠨ ᠤ ᠬᠤᠶᠠᠷ ᠠᠴᠠ ᠳᠡᠭᠡᠭᠰᠢᠬᠢ ᠨᠠᠮ ᠤᠨ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠬᠰᠠᠨ ᠪᠠᠶᠢᠬᠤ ᠬᠡᠷᠡᠭᠲᠡᠢ᠃ ᠨᠠᠮ ᠤᠨ ᠬᠤᠷᠢᠶ᠎ᠠ ᠶᠢᠨ ᠭᠡᠰᠢᠭᠦᠨ ᠶᠠᠮᠠᠷ ᠨᠢᠭᠡᠨ ᠰᠢᠯᠲᠠᠭᠠᠨ ᠠᠴᠠ ᠪᠣᠯᠵᠤ ᠬᠤᠷᠠᠯ ᠳᠤ ᠣᠷᠣᠯᠴᠠᠵᠤ ᠳᠡᠶᠢᠯᠭᠦ ᠦᠭᠡᠢ ᠪᠠᠶᠢᠪᠠᠯ᠂ ᠬᠤᠷᠠᠯ ᠠᠴᠠ ᠡᠮᠦᠨ᠎ᠡ ᠴᠢᠯᠦᠭᠡ ᠭᠤᠶᠤᠬᠤ ᠬᠡᠷᠡᠭᠲᠡᠢ᠂ ᠰᠠᠨᠠᠯ ᠢᠶᠠᠨ ᠪᠢᠴᠢᠭ ᠤᠨ ᠭᠡᠯᠪᠡᠷᠢ ᠪᠠᠷ ᠢᠯᠡᠳᠬᠡᠵᠦ ᠪᠣᠯᠣᠨ᠎ᠠ᠃ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠨᠠᠮ ᠤᠨ ᠬᠤᠷᠢᠶ᠎ᠠ ᠠᠴᠠ ᠬᠤᠯᠪᠣᠭᠳᠠᠯ ᠪᠦᠬᠦᠢ ᠬᠥᠮᠥᠰ ᠢ ᠰᠤᠯᠠ ᠣᠷᠣᠯᠴᠠᠭᠤᠯᠬᠤ ᠪᠠᠷ ᠲᠣᠭᠲᠠᠭᠠᠵᠤ ᠪᠣᠯᠣᠨ᠎ᠠ᠃ ᠪᠠᠲᠤᠯᠠᠬᠤ ᠳᠠᠭᠠᠨ ᠬᠢᠨᠠᠨ ᠵᠥᠪᠯᠡᠭᠰᠡᠨ ᠤᠴᠢᠷ ᠶᠠᠪᠤᠳᠠᠯ ᠤᠨ ᠠᠳᠠᠯᠢ ᠪᠤᠰᠤ ᠶᠢ ᠦᠨᠳᠦᠰᠦᠯᠡᠵᠦ᠂ ᠭᠠᠷ ᠡᠷᠭᠦᠬᠦ᠂ ᠨᠡᠷ᠎ᠡ ᠦᠭᠡᠢ  ᠪᠢᠯᠧᠲ ᠥᠭᠬᠦ ᠪᠤᠶᠤ ᠨᠡᠷ᠎ᠡ ᠬᠠᠲᠠᠭᠰᠠᠨ ᠪᠢᠯᠧᠲ ᠥᠭᠬᠦ ᠠᠷᠭ᠎ᠠ ᠪᠠᠷ ᠶᠠᠪᠤᠭᠳᠠᠭᠤᠯᠵᠤ ᠪᠣᠯᠣᠨ᠎ᠠ᠂  ᠵᠥᠪᠰᠢᠶᠡᠷᠡᠬᠦ ᠪᠢᠯᠧᠲ ᠨᠢ ᠬᠤᠷᠠᠯ ᠳᠤ ᠣᠷᠤᠯᠴᠠᠬᠤ ᠶᠣᠰᠣᠲᠠᠢ ᠨᠠᠮ ᠤᠨ ᠬᠤᠷᠢᠶ᠎ᠠ ᠶᠢᠨ ᠭᠡᠰᠢᠭᠦᠳ ᠤᠨ ᠬᠠᠭᠠᠰ ᠲᠤᠭ᠎ᠠ ᠠᠴᠠ ᠬᠡᠲᠦᠷᠡᠭᠰᠡᠨ ᠪᠠᠶᠢᠪᠠᠯ ᠪᠠᠲᠤᠯᠠᠭᠳᠠᠨ᠎ᠠ᠃ ᠬᠤᠷᠠᠯ ᠳᠤ ᠣᠷᠣᠯᠴᠠᠬᠰᠠᠨ ᠦᠭᠡᠢ ᠨᠠᠮ ᠤᠨ ᠬᠤᠷᠢᠶ᠎ᠠ ᠶᠢᠨ ᠭᠡᠰᠢᠭᠦᠳ ᠤᠨ ᠰᠠᠨᠠᠯ ᠢ ᠪᠢᠯᠧᠲ ᠤᠨ ᠲᠣᠭᠠᠨ ᠳᠤ ᠪᠤᠳᠤᠵᠤ ᠣᠷᠣᠭᠤᠯᠵᠤ ᠪᠤᠯᠬᠤ ᠦᠭᠡᠢ᠃ ᠪᠠᠲᠤᠯᠠᠯᠲᠠ ᠬᠢᠬᠦ ᠳᠤ ᠬᠤᠷᠠᠯ ᠡᠷᠭᠢᠯᠡᠭᠴᠢ ᠬᠠᠮᠤᠭ ᠤᠨ ᠰᠡᠭᠦᠯ ᠳᠤ ᠣᠪᠣᠷ ᠢᠶᠠᠨ ᠢᠯᠡᠳᠬᠡᠬᠦ ᠳᠦᠷᠢᠮ ᠢ ᠬᠡᠷᠡᠭᠵᠢᠭᠦᠯᠦᠨ᠎ᠡ᠃ ᠬᠤᠷᠠᠯ ᠠᠴᠠ ᠤᠯᠠᠨ ᠵᠦᠢᠯ ᠢ ᠰᠤᠳᠤᠯᠤᠨ ᠲᠣᠭᠲᠠᠭᠠᠭᠰᠠᠨ ᠪᠠᠶᠢᠪᠠᠯ᠂ ᠵᠦᠢᠯ ᠵᠤᠷᠪᠤᠰ ᠳᠠᠷᠠᠭᠠᠯᠠᠨ ᠪᠠᠲᠤᠯᠠᠬᠤ ᠬᠡᠷᠡᠭᠲᠡᠢ᠃ ᠰᠠᠨᠠᠯ ᠤᠨ ᠵᠥᠷᠢᠯᠳᠦᠭᠡᠨ ᠨᠡᠯᠢᠶᠡᠳ ᠶᠡᠭᠡ ᠪᠠᠶᠢᠭ᠎ᠠ ᠵᠦᠢᠯ ᠳᠤ᠂ ᠪᠠᠴᠢᠮ ᠪᠠᠶᠢᠳᠠᠯ ᠳᠣᠣᠷ᠎ᠠ ᠣᠯᠠᠩᠬᠢ ᠲᠣᠭᠠᠲᠠᠨ ᠤ ᠰᠠᠨᠠᠯ ᠢᠶᠠᠷ ᠬᠡᠷᠡᠭᠵᠢᠭᠦᠯᠬᠦ ᠠᠴᠠ ᠭᠠᠳᠠᠨ᠎ᠠ᠂ ᠲᠣᠭᠲᠠᠭᠠᠯ ᠭᠠᠷᠭᠠᠬᠤ ᠶᠢ ᠲᠦᠷ ᠬᠤᠶᠢᠰᠢᠯᠠᠭᠤᠯᠵᠤ᠂ ᠤᠯᠠᠮ ᠨᠢᠭᠡ ᠠᠯᠬᠤᠮ ᠪᠠᠶᠢᠴᠠᠭᠠᠨ ᠰᠤᠳᠤᠯᠤᠯᠲᠠ ᠬᠢᠵᠦ᠂ ᠰᠠᠨᠠᠯ ᠢᠶᠠᠨ ᠰᠣᠯᠢᠯᠴᠠᠭᠰᠠᠨ ᠤ ᠳᠠᠷᠠᠭ᠎ᠠ᠂ ᠬᠤᠷᠠᠯ ᠳᠤ ᠳᠡᠪᠰᠢᠭᠦᠯᠦᠨ ᠶᠠᠷᠢᠯᠴᠠᠭᠤᠯᠬᠤ ᠪᠠ ᠪᠠᠲᠤᠯᠠᠭᠤᠯᠬᠤ ᠬᠡᠷᠡᠭᠲᠡᠢ᠃      ᠠᠷᠪᠠ ᠶᠢᠰᠦᠳᠦᠭᠡᠷ ᠵᠦᠢᠯ   ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠥᠷᠭᠡᠳᠬᠡᠭᠰᠡᠨ ᠬᠤᠷᠠᠯ ᠬᠤᠷᠠᠯᠳᠤᠭᠤᠯᠵᠤ ᠪᠣᠯᠣᠨ᠎ᠠ᠂ ᠭᠡᠬᠦ ᠳᠡᠭᠡᠨ ᠨᠠᠮ ᠤᠨ ᠬᠤᠷᠢᠶ᠎ᠠ ᠶᠢ ᠣᠷᠣᠯᠠᠨ ᠰᠢᠢᠳᠪᠦᠷᠢᠲᠦ ᠪᠣᠳᠣᠯᠭ᠎ᠠ ᠲᠣᠭᠲᠠᠭᠠᠵᠤ  ᠪᠤᠯᠬᠤ ᠦᠭᠡᠢ᠃      ᠬᠤᠷᠢᠳᠤᠭᠠᠷ ᠵᠦᠢᠯ    ᠨᠠᠮ ᠤᠨ ᠬᠤᠷᠢᠶ᠎ᠠ ᠶᠢᠨ ᠲᠣᠭᠲᠠᠭᠠᠭᠰᠠᠨ ᠵᠦᠢᠯᠡᠰ ᠢ ᠨᠠᠮ ᠤᠨ ᠬᠤᠷᠢᠶ᠎ᠠ ᠶᠢᠨ ᠭᠡᠰᠢᠭᠦᠨ ᠠᠵᠢᠯ ᠤᠨ ᠬᠤᠪᠢᠶᠠᠷᠢᠯᠠᠯ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤᠨᠢ ᠮᠡᠳᠡᠭᠦᠯᠦᠨ᠎ᠡ᠃ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠴᠢᠬᠤᠯᠠ ᠶᠡᠭᠡ ᠲᠣᠬᠢᠷᠠᠭᠤᠯᠤᠯᠲᠠ ᠬᠢᠬᠦ ᠪᠤᠶᠤ ᠬᠤᠪᠢᠷᠠᠭᠤᠯᠬᠤ ᠴᠢᠬᠤᠯᠠᠲᠠᠢ ᠪᠠᠶᠢᠪᠠᠯ᠂ ᠨᠠᠮ ᠤᠨ ᠬᠤᠷᠢᠶ᠎ᠠ ᠶᠢᠨ ᠬᠤᠷᠠᠯ ᠬᠤᠷᠠᠯᠳᠤᠭᠤᠯᠬᠤ ᠪᠠᠷ ᠲᠠᠮᠵᠢᠨ ᠲᠣᠭᠲᠠᠭᠠᠬᠤ ᠬᠡᠷᠡᠭᠲᠡᠢ᠃      ᠬᠤᠪᠢ ᠬᠥᠮᠥᠨ ᠨᠢ  ᠬᠠᠮᠲᠤ ᠪᠠᠷ ᠲᠣᠭᠲᠠᠭᠠᠭᠰᠠᠨ ᠲᠣᠭᠲᠠᠭᠠᠯ ᠢ ᠡᠷᠬᠡᠪᠰᠢ ᠡᠷᠡᠰ ᠬᠡᠷᠡᠭᠵᠢᠭᠦᠯᠬᠦ ᠬᠡᠷᠡᠭᠲᠡᠢ᠂ ᠠᠳᠠᠯᠢ ᠪᠤᠰᠤ ᠰᠠᠨᠠᠯ ᠲᠠᠢ  ᠪᠠᠶᠢᠪᠠᠯ ᠪᠠᠷᠢᠮᠲᠠᠯᠠᠵᠤ ᠪᠣᠯᠣᠨ᠎ᠠ᠂ ᠳᠡᠭᠡᠷ᠎ᠡ  ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠲᠤᠰᠬᠠᠭᠰᠠᠨ ᠴᠤ ᠪᠣᠯᠣᠨ᠎ᠠ᠃      ᠬᠤᠷᠢᠨ ᠨᠢᠭᠡᠳᠦᠭᠡᠷ ᠵᠦᠢᠯ   ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠠᠴᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠳᠤ ᠬᠤᠯᠪᠣᠭᠳᠠᠬᠤ ᠴᠢᠬᠤᠯᠠ ᠲᠣᠭᠲᠠᠭᠠᠯ ᠭᠠᠷᠭᠠᠪᠠᠯ᠂ ᠤᠷᠢᠳ ᠢᠶᠠᠷ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠠᠨᠠᠯ ᠢ ᠬᠤᠷᠢᠶᠠᠬᠤ ᠬᠡᠷᠡᠭᠲᠡᠢ᠃ ᠰᠤᠮᠤ ᠰᠢᠶᠠᠩ ᠪᠠᠯᠭᠠᠰᠤ ᠶᠢᠨ ᠨᠠᠮ ᠤᠨ ᠲᠥᠯᠥᠭᠡᠯᠡᠭᠴᠢᠳ ᠤᠨ ᠬᠤᠷᠠᠯ ᠤᠨ ᠲᠥᠯᠥᠭᠡᠯᠡᠭᠴᠢ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠤ ᠣᠶᠢᠯᠠᠭᠠᠬᠤ ᠴᠢᠬᠤᠯᠠᠲᠠᠢ ᠴᠢᠬᠤᠯᠠ ᠪᠠᠶᠢᠳᠠᠯ ᠪᠠ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠵᠠᠷᠯᠠᠨ ᠮᠡᠳᠡᠭᠳᠡᠬᠦ ᠬᠡᠷᠡᠭᠲᠡᠢ᠃      ᠬᠤᠷᠢᠨ ᠬᠤᠶᠠᠳᠤᠭᠠᠷ ᠵᠦᠢᠯ   ᠬᠦᠨᠳᠦ ᠶᠡᠭᠡ ᠭᠡᠨᠡᠳᠲᠡ ᠶᠢᠨ ᠬᠡᠷᠡᠭ᠂ ᠠᠶᠤᠯ ᠭᠠᠮᠰᠢᠭ ᠠᠴᠠ ᠠᠪᠤᠷᠠᠬᠤ ᠵᠡᠷᠭᠡ ᠪᠠᠴᠢᠮ ᠪᠠᠶᠢᠳᠠᠯ ᠲᠣᠬᠢᠶᠠᠯᠳᠤᠭᠰᠠᠨ ᠦᠶ᠎ᠡ ᠳᠤ ᠴᠠᠭ ᠲᠤᠬᠠᠢ ᠳᠤᠨᠢ ᠨᠠᠮ ᠤᠨ ᠬᠤᠷᠢᠶ᠎ᠠ ᠶᠢᠨ ᠬᠤᠷᠠᠯ ᠢ ᠬᠤᠷᠠᠯᠳᠤᠭᠤᠯᠵᠤ ᠰᠢᠢᠳᠪᠦᠷᠢᠲᠦ ᠪᠣᠳᠣᠯᠭ᠎ᠠ ᠲᠣᠭᠲᠠᠭᠠᠵᠤ ᠳᠡᠶᠢᠯᠭᠦ ᠦᠭᠡᠢ ᠪᠠᠶᠢᠪᠠᠯ᠂ ᠨᠠᠮ ᠤᠨ ᠬᠤᠷᠢᠶ᠎ᠠ ᠶᠢᠨ ᠱᠦᠵᠢ᠂ ᠳᠡᠳ᠋ ᠱᠦᠵᠢ ᠪᠤᠶᠤ ᠪᠤᠰᠤᠳ ᠭᠡᠰᠢᠭᠦᠨ ᠴᠠᠭ ᠲᠤᠬᠠᠢ ᠳᠤᠨᠢ ᠰᠢᠢᠳᠪᠦᠷᠢᠯᠡᠵᠦ ᠪᠣᠯᠣᠨ᠎ᠠ᠂ ᠬᠡᠷᠡᠭ ᠤᠨ ᠲᠠᠷᠠᠭ᠎ᠠ ᠴᠠᠭ ᠲᠤᠬᠠᠢ ᠳᠤᠨᠢ ᠨᠠᠮ ᠤᠨ ᠬᠤᠷᠢᠶ᠎ᠠ ᠳᠤ ᠮᠡᠳᠡᠭᠦᠯᠬᠦ ᠬᠡᠷᠡᠭᠲᠡᠢ᠃      ᠲᠠᠪᠤᠳᠤᠭᠠᠷ ᠪᠦᠯᠦᠭ    ᠲᠤᠰ ᠪᠡᠶ᠎ᠡ ᠶᠢᠨ ᠪᠠᠶᠢᠭᠤᠯᠤᠯᠲᠠ      ᠬᠤᠷᠢᠨ ᠭᠤᠷᠪᠠᠳᠤᠭᠠᠷ ᠵᠦᠢᠯ   ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠨᠢ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠶᠢ ᠪᠠᠷᠢᠮᠲᠠᠯᠠᠵᠤ᠂︽ᠨᠢᠭᠡᠳᠦᠭᠡᠷ ᠵᠥᠪᠯᠡᠬᠦ ᠵᠦᠢᠯ︾᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ᠂ ᠲᠤᠰᠬᠠᠢ ᠰᠡᠳᠦᠪᠲᠦ ᠨᠣᠮ ᠤᠩᠰᠢᠬᠤ ᠠᠩᠭᠢ᠂ ᠲᠤᠰᠬᠠᠢ ᠰᠡᠳᠦᠪᠲᠦ ᠨᠠᠮ ᠤᠨ ᠬᠢᠴᠢᠶᠡᠯ᠂ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠵᠡᠷᠭᠡ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃      ᠬᠤᠷᠢᠨ ᠳᠥᠷᠪᠡᠳᠦᠭᠡᠷ ᠵᠦᠢᠯ  ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠴᠢᠩᠳᠠᠯᠠᠵᠤ᠂ ︽ᠭᠤᠷᠪᠠᠨ ᠬᠤᠷᠠᠯ ᠨᠢᠭᠡ ᠬᠢᠴᠢᠶᠡᠯ︾᠂ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ᠂ ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ ᠵᠡᠷᠭᠡ ᠳᠦᠷᠢᠮ ᠢ ᠨᠠᠶᠢᠳᠠᠪᠤᠷᠢᠵᠢᠭᠤᠯᠤᠨ᠂ ᠤᠳᠤᠷᠢᠳᠬᠤ ᠪᠠᠭ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠵᠢᠯ ᠪᠦᠷᠢ ᠨᠠᠭᠠᠲᠤ ᠵᠠᠬ᠎ᠠ ᠨᠢ 1 ᠤᠳᠠᠭ᠎ᠠ ᠬᠤᠷᠠᠯᠳᠤᠭᠤᠯᠬᠤ ᠬᠡᠷᠡᠭᠲᠡᠢ᠃      ᠬᠤᠷᠢᠨ ᠲᠠᠪᠤᠳᠤᠭᠠᠷ ᠵᠦᠢᠯ  ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠤᠳᠤᠷᠢᠳᠬᠤ ᠪᠠᠭ ᠪᠠ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ᠂ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠺᠠᠳ᠋ᠷ ᠢ ᠬᠠᠯᠠᠮᠵᠢᠯᠠᠨ ᠬᠠᠶᠢᠷᠠᠯᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠺᠠᠳ᠋ᠷ ᠤᠨ ᠳᠠᠪᠰᠢᠵᠤ ᠪᠠᠭᠤᠵᠤ ᠪᠦᠷ ᠪᠤᠯᠬᠤ ᠶᠢ ᠠᠬᠢᠭᠤᠯᠵᠤ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠠᠵᠢᠯ ᠬᠢᠵᠦ ᠦᠢᠯᠡᠰ ᠪᠣᠰᠬᠠᠬᠤ ᠢᠳᠡᠪᠬᠢᠵᠢᠯ ᠢ ᠬᠥᠭᠵᠢᠭᠡᠬᠦ ᠬᠡᠷᠡᠭᠲᠡᠢ᠃      ᠬᠤᠷᠢᠨ ᠵᠢᠷᠭᠤᠳᠤᠭᠠᠷ ᠵᠦᠢᠯ  ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠵᠠᠰᠠᠭ ᠤᠨ ᠠᠵᠢᠯ ᠤᠨ ᠠᠮᠵᠢᠯᠲᠠ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠶ ᠪᠤᠯᠭᠠᠬᠤ ᠪᠠ ᠦᠢᠯᠡᠳᠦᠯᠭᠡᠵᠢᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠨ᠂ ︽ᠳᠦᠷᠢ ᠲᠥᠷᠬᠦ ᠶᠢᠨ ᠢᠨᠵᠧᠨᠧᠷᠢᠩ︾᠂ ︽ᠦᠩᠭᠡᠨ ᠲᠠᠯ᠎ᠠ ᠶᠢᠨ ᠢᠨᠵᠧᠨᠧᠷᠢᠩ︾ ᠢ ᠡᠷᠡᠰ ᠲᠡᠪᠴᠢᠵᠦ᠂ ᠠᠵᠢᠯ ᠤᠨ ︽ᠤᠳᠠᠭᠠᠨ ᠪᠦᠳᠦᠭᠦᠯᠢᠭ ᠬᠡᠶᠢᠰᠪᠦᠷᠢ ᠪᠠᠶᠢᠬᠤ︾ ᠵᠡᠷᠭᠡ ᠠᠰᠠᠭᠤᠳᠠᠯ ᠢ  ᠦᠷᠭᠦᠯᠵᠢᠯᠡᠨ ᠴᠡᠭᠴᠡᠯᠡᠨ ᠵᠠᠰᠠᠬᠤ ᠬᠡᠷᠡᠭᠲᠡᠢ᠃      ᠬᠤᠷᠢᠨ ᠳᠣᠯᠣᠳᠤᠭᠠᠷ ᠵᠦᠢᠯ  ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ᠂ ᠣᠯᠠᠨ ᠲᠦᠮᠡᠨ ᠲᠠᠢ ᠨᠢᠭᠲᠠ ᠬᠠᠷᠢᠯᠴᠠᠬᠤ ᠲᠤᠬᠠᠢ ᠡᠯ᠎ᠡ ᠵᠦᠢᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠤᠳᠤᠷᠢᠳᠬᠤ ᠪᠠᠭ ᠤᠨ ᠪᠦᠷᠢᠯᠳᠦᠭᠦᠨ ᠨᠠᠮ ᠤᠨ ᠡᠭᠦᠷ ᠤᠨ ᠠᠵᠢᠯ ᠤᠨ ᠬᠠᠷᠢᠯᠴᠠᠬᠤ ᠴᠡᠭ ᠵᠡᠷᠭᠡ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠠᠴᠠᠭ᠎ᠠ ᠲᠣᠰᠬᠤᠨ ᠢ ᠳᠠᠭᠠᠭᠠᠴᠢᠯᠠᠨ ᠡᠷᠦᠭᠡ ᠲᠠᠢ ᠬᠠᠷᠢᠯᠴᠠᠬᠤ᠂ ᠭᠠᠴᠠᠭ᠎ᠠ ᠲᠣᠰᠬᠤᠨ ᠢᠶᠠᠷ ᠶᠠᠪᠤᠵᠤ ᠡᠷᠦᠭᠡ ᠳᠤ ᠭᠦᠨᠵᠡᠭᠡᠶᠢᠷᠡᠬᠦ ᠶᠢ ᠪᠠᠶᠢᠩᠭᠤᠵᠢᠭᠤᠯᠬᠤ ᠬᠡᠷᠡᠭᠲᠡᠢ᠃      ᠬᠤᠷᠢᠨ ᠨᠠᠢᠮᠠᠳᠤᠭᠠᠷ ᠵᠦᠢᠯ  ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠳᠡᠭᠡᠷ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠳᠡᠭᠡᠷ᠎ᠡ ᠱᠠᠲᠤ ᠪᠠ ᠲᠤᠰ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠯᠲᠠ ᠶᠢ ᠬᠦᠯᠢᠶᠡᠵᠦ᠂ ᠳᠣᠣᠷ᠎ᠠ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ᠂ ᠺᠠᠳ᠋ᠷ᠂ ᠣᠯᠠᠨ ᠲᠦᠮᠡᠨ ᠤ ᠬᠢᠨᠠᠯᠲᠠ ᠶᠢ ᠬᠦᠯᠢᠶᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠬᠦᠯᠢᠶᠡᠬᠦ ᠬᠡᠷᠡᠭᠲᠡᠢ᠃      ᠵᠢᠷᠭᠤᠳᠤᠭᠠᠷ ᠪᠦᠯᠦᠭ  ᠤᠳᠤᠷᠢᠳᠤᠯᠭ᠎ᠠ ᠪᠠ ᠪᠠᠲᠤᠯᠠᠭ᠎ᠠ      ᠬᠤᠷᠢ ᠶᠢᠰᠦᠳᠦᠭᠡᠷ ᠵᠦᠢᠯ  ᠡᠯ᠎ᠡ ᠱᠠᠲᠤᠨ ᠤ ᠨᠠᠮ ᠤᠨ ᠬᠤᠷᠢᠶ᠎ᠠ ᠢᠯᠠᠩᠭᠤᠶ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠠᠮ ᠤᠨ ᠬᠤᠷᠢᠶ᠎ᠠ ᠰᠤᠮᠤ ᠰᠢᠶᠠᠩ ᠪᠠᠯᠭᠠᠰᠤᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠮᠤ ᠰᠢᠶᠠᠩ ᠪᠠᠯᠭᠠᠰᠤᠨ ᠤ ᠤᠳᠤᠷᠢᠳᠬᠤ ᠪᠠᠭ ᠲᠤ ᠰᠢᠯᠢᠳᠡᠭ ᠢ ᠰᠣᠩᠭᠤᠨ ᠴᠢᠩᠭ᠎ᠠ ᠲᠣᠬᠢᠷᠠᠭᠤᠯᠵᠤ᠂ ᠡᠯ᠎ᠡ ᠲᠦᠷᠦᠯ ᠤᠨ ᠡᠬᠢ ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠬᠤ ᠶᠢ ᠠᠬᠢᠭᠤᠯᠵᠤ᠂ ᠦᠨᠳᠦᠰᠦᠨ ᠱᠠᠲᠤᠨ ᠤ ︽ᠴᠢᠳᠠᠯ ᠠᠴᠠ ᠨᠢ ᠠᠬᠠᠳᠠᠭᠤᠯᠬᠤ︾ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠰᠤᠮᠤ ᠰᠢᠶᠠᠩ ᠪᠠᠯᠭᠠᠰᠤᠨ ᠤ ᠠᠵᠢᠯ ᠬᠢᠵᠦ ᠦᠢᠯᠡᠰ ᠪᠣᠰᠬᠠᠬᠤ ᠳᠤ ᠨᠡᠩ ᠰᠠᠶᠢᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ᠃      ᠭᠤᠴᠢᠳᠤᠭᠠᠷ ᠵᠦᠢᠯ  ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠨᠠᠷᠢᠨ ᠲᠠᠩᠰᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠢᠭᠤᠳ ᠬᠠᠷᠢᠶ᠎ᠠ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠨᠠᠷᠢᠨ ᠲᠠᠩᠰᠠ ᠪᠠ ᠪᠤᠴᠠᠭᠠᠨ ᠠᠪᠬᠤ ᠵᠦᠢᠯᠡᠰ ᠤᠨ ᠨᠠᠷᠢᠨ ᠲᠠᠩᠰᠠ ᠶᠢ ᠨᠠᠷᠢᠨ ᠬᠢᠨᠠᠮᠠᠭᠠᠢ ᠨᠠᠶᠢᠷᠠᠭᠤᠯᠤᠨ ᠵᠣᠬᠢᠶᠠᠵᠤ ᠬᠠᠮᠵᠢᠯᠴᠠᠨ᠂ ᠰᠢᠶᠠᠨ ᠰᠢᠶᠠᠩ ᠤᠨ ᠡᠷᠬᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠢᠯᠤᠭᠤᠳᠬᠠᠨ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠢ᠃      ᠭᠤᠴᠢᠨ ᠨᠢᠭᠡᠳᠦᠭᠡᠷ ᠵᠦᠢᠯ  ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠤᠨ ᠵᠦᠢᠯᠡᠰ ᠤᠨ ᠨᠠᠷᠢᠨ ᠲᠠᠩᠰᠠ᠂ ᠬᠠᠤᠯᠢ ᠶᠣᠰᠣᠭᠠᠷ ᠬᠠᠮᠵᠢᠯᠴᠠᠬᠤ ᠠᠵᠢᠯ ᠤᠨ ᠵᠦᠢᠯᠡᠰ ᠤᠨ ᠨᠠᠷᠢᠨ ᠲᠠᠩᠰᠠ ᠵᠡᠷᠭᠡ ᠳᠦᠷᠢᠮ ᠢ ᠨᠠᠶᠢᠳᠠᠪᠤᠷᠢᠵᠢᠭᠤᠯᠵᠤ᠂ ᠰᠤᠮᠤ ᠰᠢᠶᠠᠩ ᠪᠠᠯᠭᠠᠰᠤ ᠬᠢᠭᠡᠳ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠡᠷᠬᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠲᠣᠳᠣᠷᠬᠠᠶᠢᠯᠠᠨ᠂ ᠲᠣᠰ ᠱᠠᠲᠤᠨ ᠤ ᠭᠦᠢᠴᠡᠳᠬᠡᠪᠡᠰᠦ ᠵᠣᠬᠢᠬᠤ ᠡᠭᠦᠷᠭᠡ ᠬᠠᠷᠢᠭᠤᠴᠠᠯᠭ᠎ᠠ ᠶᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠲᠤᠰᠢᠶᠠᠨ ᠡᠭᠦᠷᠭᠡᠯᠡᠭᠦᠯᠵᠦ ᠪᠤᠯᠬᠤ ᠦᠭᠡᠢ᠃      ᠭᠤᠴᠢᠨ ᠬᠤᠶᠠᠳᠤᠭᠠᠷ ᠵᠦᠢᠯ  ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠵᠢᠯ ᠪᠦᠷᠢ ᠨᠢᠭᠡ ᠤᠳᠠᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠠᠮ ᠤᠨ ᠬᠤᠷᠢᠶ᠎ᠠ ᠳᠤ ᠪᠦᠭᠦ ᠲᠠᠯ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠬᠢᠵᠦ᠂ ᠴᠢᠬᠤᠯᠠ ᠠᠰᠠᠭᠤᠳᠠᠯ᠂ ᠴᠢᠬᠤᠯᠠ ᠶᠡᠭᠡ ᠤᠴᠢᠷ ᠶᠠᠪᠤᠳᠠᠯ ᠲᠣᠬᠢᠶᠠᠯᠳᠤᠪᠠᠯ ᠲᠣᠭᠲᠠᠭᠠᠯ ᠶᠣᠰᠣᠭᠠᠷ ᠵᠢᠭᠠᠪᠤᠷᠢ ᠠᠪᠴᠤ ᠮᠡᠳᠡᠭᠦᠯᠬᠦ ᠬᠡᠷᠡᠭᠲᠡᠢ᠃      ᠭᠤᠴᠢᠨ ᠭᠤᠷᠪᠠᠳᠤᠭᠠᠷ ᠵᠦᠢᠯ  ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠠᠯᠠᠭ᠎ᠠ ᠮᠥᠴᠢᠷ ᠤᠨ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠵᠢᠴᠢ ᠲᠡᠭᠦᠨ ᠤ ᠠᠵᠢᠯᠲᠠᠨ᠂ ᠭᠠᠴᠠᠭ᠎ᠠ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠣᠨ ᠠᠵᠢᠯᠯᠠᠬᠤ ᠠᠩᠭᠢ ᠶᠢᠨ ᠭᠡᠰᠢᠭᠦᠨ᠂ ᠭᠠᠴᠠᠭ᠎ᠠ ᠲᠣᠰᠬᠤᠨ ᠳᠤ ᠣᠴᠢᠵᠤ ᠲᠤᠰᠢᠶᠠᠯ ᠡᠭᠦᠷᠭᠡᠯᠡᠵᠦ ᠪᠠᠶᠢᠭ᠎ᠠ ᠰᠣᠩᠭᠤᠨ ᠲᠣᠬᠢᠷᠠᠭᠤᠯᠬᠤ ᠰᠤᠷᠤᠬᠴᠢ ᠵᠡᠷᠭᠡ ᠬᠥᠮᠥᠰ ᠲᠠᠬᠢ  ᠡᠳᠦᠷ ᠲᠤᠲᠤᠮ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃      ᠭᠤᠴᠢᠨ ᠳᠥᠷᠪᠡᠳᠦᠭᠡᠷ ᠵᠦᠢᠯ  ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠪᠠ ᠦᠨᠳᠦᠰᠦᠨ ᠱᠠᠲᠤᠨ ᠤ ᠤᠯᠠᠨ ᠲᠦᠮᠡᠨ ᠤ ᠥᠪᠡᠷᠰᠡᠳ ᠢᠶᠠᠨ ᠵᠠᠰᠠᠬᠤ ᠵᠣᠬᠢᠶᠠᠨ ᠪᠠᠶᠢᠭᠤᠯᠤᠯᠲᠠ ᠶᠢᠨ ᠬᠠᠤᠯᠢ ᠲᠣᠭᠲᠠᠭᠠᠯ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠳᠡᠮᠵᠢᠬᠦ ᠪᠠ ᠪᠠᠲᠤᠯᠠᠵᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠡᠭᠦᠷ ᠪᠠ ᠠᠷᠠᠳ ᠤᠨ ᠵᠥᠪᠯᠡᠯ ᠤᠨ ᠪᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠲᠤᠷᠤᠢ ᠪᠠᠭᠤᠷᠠᠢ ᠰᠤᠯᠠ ᠵᠠᠳᠠᠭᠠᠢ ᠨᠠᠮ ᠤᠨ ᠵᠣᠬᠢᠶᠠᠨ ᠪᠠᠶᠢᠭᠤᠯᠤᠯᠲᠠ ᠶᠢ ᠦᠷᠭᠦᠯᠵᠢᠯᠡᠨ ᠴᠡᠭᠴᠡᠯᠡᠬᠦ ᠬᠡᠷᠡᠭᠲᠡᠢ᠃      ᠳᠣᠯᠣᠳᠤᠭᠠᠷ ᠪᠦᠯᠦᠭ  ᠳᠠᠭᠠᠯᠳᠤᠭᠤᠯᠤᠯ ᠳᠦᠷᠢᠮ      ᠭᠤᠴᠢᠨ ᠲᠠᠪᠤᠳᠤᠭᠠᠷ ᠵᠦᠢᠯ  ᠲᠤᠰ ᠠᠷᠭ᠎ᠠ ᠶᠢ ᠲᠠᠶᠢᠯᠪᠤᠷᠢᠯᠠᠬᠤ ᠶᠢ ᠭᠦᠢᠴᠡᠳᠬᠡᠬᠦ ᠠᠵᠢᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠠᠴᠠ ᠡᠭᠦᠷᠭᠡᠯᠡᠨ᠎ᠡ᠃      ᠭᠤᠴᠢᠨ ᠵᠢᠷᠭᠤᠳᠤᠭᠠᠷ ᠵᠦᠢᠯ  ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号