ᠰᠤᠷᠪᠤᠯᠵᠢᠯᠠᠬᠴᠢ 12 ᠰᠠᠷ᠎ᠠ ᠶᠢᠨ 19 ᠤ ᠦᠳᠡ ᠶᠢᠨ ᠬᠤᠶᠢᠨ᠎ᠠ ᠬᠤᠷᠠᠯᠳᠤᠭᠤᠯᠤᠭᠰᠠᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠰᠣᠨᠢᠨ ᠮᠡᠳᠡᠭᠡ | ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠥᠷᠥᠯᠬᠢ ᠵᠡᠷᠡᠮᠳᠡᠭ ᠪᠤᠯᠬᠤ ᠶᠢ ᠰᠡᠷᠭᠡᠶᠢᠯᠡᠨ ᠵᠠᠰᠠᠬᠤ ᠳᠦᠷᠢᠮ︾ ︵ᠳᠣᠷᠣᠭᠰᠢ︽ᠳᠦᠷᠢᠮ︾ ᠭᠡᠵᠦ ᠲᠣᠪᠴᠢᠯᠠᠨ᠎ᠠ︶ ᠢ | 2025 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠲᠣᠰ ︽ᠳᠦᠷᠢᠮ︾ ᠨᠢ ᠲᠥᠷᠥᠯᠬᠢ | ᠵᠡᠷᠡᠮᠳᠡᠭ ᠪᠤᠯᠬᠤ ᠶᠢ ᠰᠡᠷᠭᠡᠶᠢᠯᠡᠨ ᠵᠠᠰᠠᠬᠤ ᠪᠦᠭᠦ ᠤᠯᠤᠰ ᠤᠨ ᠠᠩᠬᠠᠳᠠᠭᠴᠢ ᠣᠷᠣᠨ ᠨᠤᠲᠤᠭ ᠤᠨ ᠴᠢᠨᠠᠷᠲᠠᠢ | ᠬᠠᠤᠯᠢ ᠲᠣᠭᠲᠠᠭᠠᠯ ᠪᠣᠯᠣᠨ᠎ᠠ᠃ | ︽ᠳᠦᠷᠢᠮ︾ ᠨᠢ ᠶᠡᠷᠦᠩᠬᠡᠢ ᠳᠦᠷᠢᠮ᠂ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ᠂ ᠪᠠᠲᠤᠯᠠᠭ᠎ᠠ ᠶᠢᠨ ᠠᠷᠭ᠎ᠠ | ᠬᠡᠮᠵᠢᠶ᠎ᠡ᠂ ᠬᠠᠤᠯᠢ ᠴᠠᠭᠠᠵᠠ ᠶᠢᠨ ᠬᠠᠷᠢᠭᠤᠴᠠᠯᠭ᠎ᠠ᠂ ᠳᠠᠭᠠᠯᠳᠤᠭᠤᠯᠤᠯ ᠵᠡᠷᠭᠡ 5 ᠪᠦᠯᠦᠭ 32 ᠵᠦᠢᠯ ᠢ ᠪᠠᠭᠲᠠᠭᠠᠵᠤ᠂ | ︽ᠭᠤᠷᠪᠠᠨ ᠴᠢᠩᠭ᠎ᠠ ᠨᠢᠭᠡ ᠪᠣᠳᠠᠲᠠᠢ︾ᠪᠠᠶᠢᠬᠤ ᠢᠯᠡ ᠲᠣᠳᠣ ᠣᠨᠴᠠᠯᠢᠭ ᠢ ᠢᠯᠡᠷᠡᠭᠦᠯᠪᠡ᠃ ᠳᠠᠷᠤᠢ ᠲᠥᠷᠥ ᠶᠢᠨ | ᠪᠣᠳᠣᠯᠭ᠎ᠠ ᠶᠢᠨ ᠴᠢᠨᠠᠷ ᠢᠶᠠᠷ ᠴᠢᠩᠭ᠎ᠠ ᠪᠠᠶᠢᠵᠤ᠂ ᠡᠷᠡᠭᠦᠯ ᠡᠩᠬᠡ ᠳᠤᠮᠳᠠᠳᠤ ᠤᠯᠤᠰ ᠤᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠨᠳᠦᠰᠦᠯᠡᠨ᠂ ᠲᠥᠷᠥᠯᠬᠢ ᠵᠡᠷᠡᠮᠳᠡᠭ ᠪᠤᠯᠬᠤ ᠶᠢ ᠰᠡᠷᠭᠡᠶᠢᠯᠡᠨ | ᠵᠠᠰᠠᠬᠤ ᠠᠵᠢᠯ ᠳᠤ ᠲᠣᠳᠣᠷᠬᠠᠢ ᠬᠠᠤᠯᠢ ᠴᠠᠭᠠᠵᠠ ᠶᠢᠨ ᠦᠨᠳᠦᠰᠦ ᠪᠠᠷᠢᠮᠲᠠ ᠪᠠ ᠵᠢᠷᠤᠮᠵᠢᠬᠰᠠᠨ ᠵᠢᠯᠣᠭᠤᠳᠤᠯᠭ᠎ᠠ | ᠬᠠᠩᠭᠠᠪᠠ; ᠠᠵᠢᠯᠯᠠᠭᠠᠨ ᠤ ᠴᠢᠨᠠᠷ ᠢᠶᠠᠷ ᠴᠢᠩᠭ᠎ᠠ ᠪᠠᠶᠢᠵᠤ᠂ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ | ᠲᠥᠷᠥᠯᠬᠢ ᠵᠡᠷᠡᠮᠳᠡᠭ ᠪᠤᠯᠬᠤ ᠶᠢ ᠰᠡᠷᠭᠡᠶᠢᠯᠡᠨ ᠵᠠᠰᠠᠬᠤ ᠦᠢᠯᠡᠴᠢᠯᠡᠭᠡ ᠶᠢ ᠴᠢᠨᠠᠭᠰᠢᠳᠠ ᠵᠢᠷᠤᠮᠵᠢᠭᠤᠯᠪᠠ᠂ ᠡᠭᠦᠨ ᠳᠤ | ᠵᠢᠷᠮᠦᠰᠦᠨ ᠬᠤᠭᠤᠴᠠᠭᠠᠨ ᠤ ᠡᠷᠡᠭᠦᠯᠵᠢᠯ ᠤᠨ ᠦᠢᠯᠡᠴᠢᠯᠡᠭᠡ᠂ ᠳᠠᠭᠢᠨ ᠬᠡᠦᠬᠡᠳ ᠠᠪᠬᠤ ᠶᠢ ᠦᠨᠡᠯᠡᠨ ᠵᠢᠱᠢᠬᠦ ᠪᠠ | ᠵᠢᠯᠤᠭᠤᠳᠬᠤ᠂ ᠬᠥᠩᠭᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠯᠲᠠ ᠪᠠ ᠣᠨᠣᠰᠢᠯᠠᠯᠲᠠ᠂ ᠨᠢᠯᠬ᠎ᠠ ᠬᠡᠦᠬᠡᠳ ᠤᠨ | ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ ᠵᠢᠴᠢ ᠬᠡᠦᠬᠡᠳ ᠤᠨ ᠵᠡᠮᠳᠡᠭ ᠢ ᠰᠢᠭᠰᠢᠨ ᠪᠠᠶᠢᠴᠠᠭᠠᠬᠤ᠂ ᠡᠮᠨᠡᠨ ᠵᠠᠰᠠᠬᠤ | ᠪᠠ ᠡᠷᠡᠭᠦᠯᠵᠢᠭᠦᠯᠬᠦ ᠵᠡᠷᠭᠡ ᠶᠢ ᠪᠠᠭᠲᠠᠭᠠᠵᠠᠢ; ᠰᠢᠰᠲ᠋ᠧᠮᠲᠦ ᠴᠢᠨᠠᠷ ᠢᠶᠠᠷ ᠴᠢᠩᠭ᠎ᠠ ᠪᠠᠶᠢᠵᠤ᠂ ᠠᠵᠢᠯ ᠬᠤᠪᠢᠶᠠᠷᠢᠯᠠᠨ | ᠬᠠᠮᠵᠢᠯᠴᠠᠬᠤ᠂ ᠬᠠᠮᠲᠤ ᠪᠠᠷ ᠠᠬᠢᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠥᠷᠥᠯᠬᠢ ᠵᠡᠷᠡᠮᠳᠡᠭ ᠪᠤᠯᠬᠤ ᠶᠢ ᠰᠡᠷᠭᠡᠶᠢᠯᠡᠨ | ᠵᠠᠰᠠᠬᠤ ᠠᠵᠢᠯ ᠢ︽ᠬᠥᠨᠳᠡᠯᠡᠨ ᠢᠶᠠᠷ ᠬᠤᠯᠪᠣᠭᠠᠯᠠᠵᠤ᠂ ᠭᠤᠯᠳᠤ ᠪᠠᠷ ᠨᠡᠪᠲᠡᠷᠡᠯᠴᠡᠭᠦᠯᠬᠦ︾ ᠶᠢ ᠠᠭᠢᠭᠤᠯᠪᠠ; | ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠪᠠ᠂ ︽ᠳᠦᠷᠢᠮ︾ ᠨᠢ ᠦᠢᠯᠡᠴᠢᠯᠡᠭᠡᠨ ᠤ ᠬᠠᠩᠭᠠᠯᠭ᠎ᠠ᠂ ᠮᠡᠳᠡᠭᠡ | ᠵᠠᠩᠭᠢ ᠶᠢᠨ ᠬᠢᠨᠠᠨ ᠬᠡᠮᠵᠢᠯᠲᠡ᠂ ᠶᠠᠰᠤ ᠴᠢᠨᠠᠷ ᠤᠨ ᠬᠠᠮᠢᠶᠠᠷᠤᠯᠲᠠ᠂ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠶᠢᠨ | ᠲᠣᠭᠤᠷᠢᠨ ᠳᠤ ᠵᠠᠰᠠᠭ ᠤᠨ ᠣᠷᠳᠣᠨ ᠵᠢᠴᠢ ᠰᠠᠯᠠᠭ᠎ᠠ ᠮᠥᠴᠢᠷ᠂ ᠡᠮᠴᠢᠯᠡᠭᠡᠨ ᠤ ᠪᠠᠶᠢᠭᠤᠯᠤᠮᠵᠢ᠂ ᠦᠨᠳᠦᠰᠦᠨ | ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠪᠤᠪᠠᠰᠤ ᠵᠣᠬᠢᠬᠤ ᠪᠠᠲᠤᠯᠠᠭ᠎ᠠ ᠶᠢᠨ ᠠᠷᠭ᠎ᠠ | ᠬᠡᠮᠵᠢᠶ᠎ᠡ ᠶᠢ ᠲᠣᠭᠲᠠᠭᠠᠵᠤ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ᠂ ᠡᠮᠴᠢᠯᠡᠭᠡᠨ ᠤ ᠪᠠᠶᠢᠭᠤᠯᠤᠮᠵᠢ ᠵᠡᠷᠭᠡ ᠨᠢᠭᠡᠴᠢ ᠶᠢᠨ ᠲᠥᠷᠥᠯᠬᠢ ᠵᠡᠷᠡᠮᠳᠡᠭ ᠪᠤᠯᠬᠤ ᠶᠢ ᠰᠡᠷᠭᠡᠶᠢᠯᠡᠨ ᠵᠠᠰᠠᠬᠤ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠤᠳᠤᠯᠭᠠᠨ ᠥᠷᠨᠢᠭᠦᠯᠬᠦ ᠶᠢ ᠵᠣᠷᠢᠭᠵᠢᠭᠤᠯᠤᠨ ᠳᠡᠮᠵᠢᠨ᠎ᠡ᠃ | ︽ᠳᠦᠷᠢᠮ︾ ᠢ ᠨᠡᠶᠢᠲᠡᠯᠡᠭᠰᠡᠨ ᠨᠢ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠢ | ᠬᠠᠤᠯᠢ ᠶᠣᠰᠣᠭᠠᠷ ᠲᠡᠭᠦᠯᠳᠡᠷᠵᠢᠭᠦᠯᠵᠦ᠂ ᠭᠤᠷᠪᠠᠨ ᠱᠠᠲᠤᠨ ᠤ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠪᠦᠭᠦ ᠬᠥᠮᠥᠰ ᠢ ᠬᠠᠮᠤᠷᠤᠭᠰᠠᠨ᠂ ᠪᠦᠭᠦ ᠲᠠᠯ᠎ᠠ ᠶᠢᠨ᠂ ᠪᠦᠭᠦ ᠦᠶᠡᠯᠡᠯ ᠤᠨ ᠬᠤᠭᠤᠴᠠᠭᠠᠨ ᠤ | ᠡᠷᠡᠭᠦᠯ ᠮᠡᠨᠳᠦ ᠶᠢᠨ ᠬᠥᠮᠦᠵᠢᠯ ᠪᠠ ᠤᠷᠢᠳᠴᠢᠯᠠᠨ ᠰᠡᠷᠭᠡᠶᠢᠯᠡᠬᠦ᠂ ᠰᠢᠭᠰᠢᠨ ᠪᠠᠶᠢᠴᠠᠭᠠᠬᠤ᠂ ᠣᠨᠣᠰᠢᠯᠠᠬᠤ᠂ ᠡᠮᠨᠡᠨ | ᠵᠠᠰᠠᠬᠤ᠂ ᠡᠷᠡᠭᠦᠯᠵᠢᠭᠦᠯᠬᠦ᠂ ᠡᠷᠡᠭᠦᠯ ᠮᠡᠨᠳᠦ ᠶᠢᠨ ᠬᠠᠮᠢᠶᠠᠷᠤᠯᠲᠠ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡ ᠶᠢ | ᠴᠢᠩᠭᠠᠳᠬᠠᠬᠤ ᠪᠠᠷ ᠳᠠᠮᠵᠢᠨ᠂ ᠬᠥᠮᠥᠨ ᠠᠮᠠ ᠶᠢᠨ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠪᠠᠲᠤᠯᠠᠨ ᠬᠠᠮᠠᠭᠠᠯᠠᠵᠤ᠂ ᠡᠷᠡᠭᠦᠯ ᠡᠩᠬᠡ ᠥᠪᠥᠷ ᠮᠣᠩᠭᠤᠯ ᠤᠨ | ᠪᠠᠶᠢᠭᠤᠯᠤᠯᠲᠠ ᠳᠤ ᠡᠷᠡᠭᠦᠯ ᠮᠠᠨᠳᠤ ᠬᠥᠮᠥᠨ ᠤ ᠬᠦᠴᠦᠨ ᠤ ᠡᠬᠢ ᠪᠠᠶᠠᠯᠢᠭ ᠢ ᠬᠠᠩᠭᠠᠬᠤ ᠪᠣᠯᠣᠨ᠎ᠠ᠃ | | | | |