ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠵᠠᠬ᠎ᠠ ᠳᠡᠯᠭᠡᠭᠦᠷ ᠤᠨ ᠥᠷᠲᠡᠭ ᠤᠨ ᠬᠠᠮᠢᠶᠠᠷᠤᠯᠲᠠ ᠳᠤ ᠬᠤᠯᠪᠣᠭᠳᠠᠨ᠎ᠠ
ᠨᠡᠶᠢᠲᠡᠯᠡᠭᠰᠡᠨ ᠴᠠᠭ᠄
2024/12/23
     ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠦᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠰᠢᠨ᠎ᠡ ᠲᠣᠭᠲᠠᠭᠠᠯ ᠳᠠᠷᠤᠮᠠᠯᠯᠠᠨ ᠲᠠᠷᠬᠠᠭᠠᠪᠠ      ᠰᠤᠷᠪᠤᠯᠵᠢᠯᠠᠬᠴᠢ 17 ᠤ ᠡᠳᠦᠷ ᠣᠶᠢᠯᠠᠭᠠᠭᠰᠠᠨ ᠢᠶᠠᠷ᠂ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠤᠪᠢ ᠤᠷᠤᠭᠤᠯᠤᠯᠲᠠ ᠶᠢ ᠡᠷᠬᠡᠰᠢᠶᠡᠬᠦ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠵᠠᠬ᠎ᠠ ᠳᠡᠯᠭᠡᠭᠦᠷ ᠤᠨ ᠥᠷᠲᠡᠭ ᠤᠨ ᠢᠯᠡᠷᠡᠯ ᠢ ᠤᠯᠠᠮ ᠨᠢᠭᠡ ᠠᠯᠬᠤᠮ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠵᠠᠬ᠎ᠠ ᠳᠡᠯᠭᠡᠭᠦᠷ ᠤᠨ ᠥᠷᠲᠡᠭ ᠤᠨ ᠬᠠᠮᠢᠶᠠᠷᠤᠯᠲᠠ ᠶᠢᠨ ᠠᠵᠢᠯ ᠢ ᠵᠢᠷᠤᠮᠵᠢᠩᠭᠤᠢ ᠪᠥᠭᠡᠳ ᠡᠮᠬᠢ ᠵᠢᠷᠤᠮ ᠲᠠᠢ ᠥᠷᠨᠢᠭᠦᠯᠦᠨ᠂ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠪᠡᠯᠡ ᠣᠷᠣᠭᠤᠯᠤᠯᠲᠠ ᠶᠢᠨ ᠥᠷᠲᠡᠭ ᠢ ᠳᠡᠭᠡᠭᠰᠢᠯᠡᠭᠦᠯᠵᠦ᠂ ᠪᠡᠯᠡ ᠣᠷᠣᠭᠤᠯᠤᠭᠴᠢᠳ ᠤᠨ ᠡᠷᠬᠡ ᠠᠰᠢᠭ ᠢ ᠦᠨᠡᠨ ᠬᠦ ᠬᠠᠮᠠᠭᠠᠯᠠᠨ᠂ ᠨᠠᠩ ᠬᠦᠴᠦᠲᠡᠢ ᠠᠷᠭ᠎ᠠ ᠬᠡᠮᠵᠢᠶ᠎ᠡ ᠪᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠪᠥᠭᠡᠳ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠣᠶᠢᠷ᠎ᠠ ᠳᠤ ︽ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠤᠪᠢ ᠤᠷᠤᠭᠤᠯᠤᠯᠲᠠ ᠶᠢ ᠡᠷᠬᠡᠰᠢᠶᠡᠬᠦ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠵᠠᠬ᠎ᠠ ᠳᠡᠯᠭᠡᠭᠦᠷ ᠤᠨ ᠥᠷᠲᠡᠭ ᠤᠨ ᠬᠠᠮᠢᠶᠠᠷᠤᠯᠲᠠ ᠶᠢᠨ ᠠᠵᠢᠯ ᠢ ᠰᠠᠶᠢᠵᠢᠷᠠᠭᠤᠯᠤᠨ ᠴᠢᠩᠭᠠᠳᠬᠠᠬᠤ ᠲᠤᠬᠠᠢ ᠰᠠᠨᠠᠯ ᠤᠳ︾ ᠢ ᠳᠠᠷᠤᠮᠠᠯᠯᠠᠨ ᠲᠠᠷᠬᠠᠭᠠᠪᠠ᠃      ᠰᠠᠨᠠᠯ ᠳᠤ ᠨᠡᠶᠢᠲᠡ ᠶᠢᠰᠦᠨ ᠵᠦᠢᠯ ᠪᠤᠶ᠂ ᠭᠤᠣᠯ ᠠᠭᠤᠯᠭ᠎ᠠ ᠨᠢ᠄ ᠨᠢᠭᠡ ᠳᠤ᠂ ᠵᠠᠬ᠎ᠠ ᠳᠡᠯᠭᠡᠭᠦᠷ ᠤᠨ ᠥᠷᠲᠡᠭ ᠤᠨ ᠬᠠᠮᠢᠶᠠᠷᠤᠯᠲᠠ ᠶᠢᠨ ᠬᠠᠷᠠᠯᠲᠠ ᠪᠠ ᠴᠢᠭᠯᠡᠯ ᠢ ᠲᠣᠳᠣᠷᠬᠠᠶᠢᠯᠠᠨ᠎ᠠ᠃ ᠬᠤᠶᠠᠷ ᠲᠤ᠂ ᠵᠠᠬ᠎ᠠ ᠳᠡᠯᠭᠡᠭᠦᠷ ᠤᠨ ᠥᠷᠲᠡᠭ ᠤᠨ ᠬᠠᠮᠢᠶᠠᠷᠤᠯᠲᠠ ᠶᠢᠨ︽ᠪᠠᠭᠠᠵᠢ ᠶᠢᠨ ᠬᠠᠶᠢᠷᠴᠠᠭ︾ ᠢ ᠰᠠᠶᠢᠲᠤᠷ ᠭᠡᠷᠡᠭᠯᠡᠨ᠎ᠡ᠃ ᠭᠤᠷᠪᠠ ᠳᠤ᠂ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠵᠥᠪ ᠴᠢᠭᠯᠡᠯ ᠢᠶᠠᠷ ᠤᠷᠮᠠᠰᠢᠭᠤᠯᠬᠤ ᠶᠢ ᠴᠢᠩᠭᠠᠳᠬᠠᠨ᠎ᠠ᠃ ᠳᠥᠷᠪᠡ ᠳᠤ᠂ ᠲᠣᠭᠲᠠᠭᠠᠯ ᠳᠤ ᠨᠡᠶᠢᠴᠡᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃      ᠰᠠᠨᠠᠯ ᠳᠤ᠂ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ ᠨᠢ ᠨᠡᠶᠢᠯᠡᠭᠦᠯᠦᠨ ᠬᠤᠳᠠᠯᠳᠤᠨ ᠠᠪᠴᠤ ᠳᠠᠭᠢᠨ ᠵᠣᠬᠢᠶᠠᠨ ᠪᠠᠶᠢᠭᠤᠯᠬᠤ᠂ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ᠂ ᠮᠡᠳᠡᠭᠡ ᠵᠠᠩᠭᠢ ᠨᠡᠶᠢᠲᠡᠯᠡᠬᠦ᠂ ᠪᠡᠯᠡ ᠣᠷᠣᠭᠤᠯᠤᠭᠴᠢᠳ ᠤᠨ ᠬᠠᠷᠢᠴᠠᠭ᠎ᠠ ᠶᠢ ᠬᠠᠮᠢᠶᠠᠷᠬᠤ᠂ ᠪᠡᠯᠡ ᠣᠷᠣᠭᠤᠯᠤᠭᠴᠢ ᠶᠢᠨ ᠠᠰᠢᠭ ᠤᠷᠤᠯᠭ᠎ᠠ᠂ ᠰᠲ᠋ᠣᠺ ᠢ ᠪᠤᠴᠠᠭᠠᠨ ᠬᠤᠳᠠᠯᠳᠤᠨ ᠠᠪᠴᠤ ᠨᠡᠮᠡᠵᠦ ᠡᠵᠡᠮᠰᠢᠬᠦ ᠵᠡᠷᠭᠡ ᠲᠠᠯ᠎ᠠ ᠪᠠᠷ ᠬᠤᠪᠢ ᠤᠷᠤᠭᠤᠯᠤᠯᠲᠠ ᠶᠢ ᠡᠷᠬᠡᠰᠢᠶᠡᠬᠦ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠵᠠᠬ᠎ᠠ ᠳᠡᠯᠭᠡᠭᠦᠷ ᠤᠨ ᠥᠷᠲᠡᠭ ᠤᠨ ᠬᠠᠮᠢᠶᠠᠷᠤᠯᠲᠠ ᠶᠢᠨ ᠠᠵᠢᠯ ᠢ ᠰᠠᠶᠢᠵᠢᠷᠠᠭᠤᠯᠤᠨ ᠴᠢᠩᠭᠠᠳᠬᠠᠬᠤ ᠬᠡᠷᠡᠭᠲᠡᠢ ᠭᠡᠵᠦ ᠳᠤᠷᠠᠳᠪᠠ᠃      ᠰᠠᠨᠠᠯ ᠳᠤ᠂ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ ᠵᠠᠬ᠎ᠠ ᠳᠡᠯᠭᠡᠭᠦᠷ ᠤᠨ ᠥᠷᠲᠡᠭ ᠤᠨ ᠬᠠᠮᠢᠶᠠᠷᠤᠯᠲᠠ ᠶᠢ ᠨᠢᠭᠡ ᠵᠦᠢᠯ ᠤᠨ ᠣᠷᠳᠣ ᠬᠤᠭᠤᠴᠠᠭᠠᠨ ᠤ ᠪᠠᠶᠢᠯᠳᠤᠬᠤ ᠪᠣᠳᠣᠯᠭ᠎ᠠ ᠶᠢᠨ ᠬᠠᠮᠢᠶᠠᠷᠤᠯᠲᠠ ᠶᠢᠨ ᠠᠵᠢᠯᠯᠠᠭ᠎ᠠ ᠪᠤᠯᠭᠠᠵᠤ᠂ ᠵᠠᠬ᠎ᠠ ᠳᠡᠯᠭᠡᠭᠦᠷ ᠤᠨ ᠥᠷᠲᠡᠭ ᠤᠨ ᠬᠠᠮᠢᠶᠠᠷᠤᠯᠲᠠ ᠶᠢᠨ ᠠᠵᠢᠯ ᠤᠨ ᠳᠦᠷᠢᠮ ᠲᠣᠭᠲᠠᠴᠠ ᠶᠢ ᠪᠦᠷᠢᠨᠰᠢᠭᠦᠯᠵᠦ᠂ ᠵᠠᠬ᠎ᠠ ᠳᠡᠯᠭᠡᠭᠦᠷ ᠤᠨ ᠥᠷᠲᠡᠭ ᠤᠨ ᠬᠠᠮᠢᠶᠠᠷᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠱᠠᠭᠠᠷᠳᠠᠪᠠ᠃ ᠰᠠᠨᠠᠯ ᠢ ᠦᠨᠳᠦᠰᠦᠯᠡᠪᠡᠯ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠲᠥᠪ ᠠᠴᠠ ᠬᠠᠮᠢᠶᠠᠷᠴᠤ ᠪᠠᠶᠢᠭ᠎ᠠ  ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠲᠡᠭ ᠤᠨ ᠬᠠᠮᠢᠶᠠᠷᠤᠯᠲᠠ ᠶᠢᠨ ᠠᠵᠢᠯ ᠢ ᠮᠥᠷᠳᠡᠨ ᠵᠢᠯᠤᠭᠤᠳᠬᠤ ᠪᠠᠨ ᠴᠢᠩᠭᠠᠳᠬᠠᠵᠤ᠂ ᠵᠠᠬ᠎ᠠ ᠳᠡᠯᠭᠡᠭᠦᠷ ᠤᠨ ᠥᠷᠲᠡᠭ ᠤᠨ ᠬᠠᠮᠢᠶᠠᠷᠤᠯᠲᠠ ᠶᠢ ᠲᠥᠪ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠵᠡᠩᠨᠡᠯᠲᠡ ᠶᠢᠨ  ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠵᠤ᠂ ᠵᠥᠪ ᠴᠢᠭᠯᠡᠯ ᠢᠶᠠᠷ ᠤᠷᠮᠠᠰᠢᠭᠤᠯᠬᠤ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃      ᠰᠠᠨᠠᠯ ᠳᠤ᠂ ᠵᠠᠬ᠎ᠠ ᠳᠡᠯᠭᠡᠭᠦᠷ ᠤᠨ ᠥᠷᠲᠡᠭ ᠤᠨ ᠬᠠᠮᠢᠶᠠᠷᠤᠯᠲᠠ ᠶᠢᠨ ᠨᠡᠷ᠎ᠡ ᠪᠠᠷ ᠮᠡᠳᠡᠭᠡ ᠵᠠᠩᠭᠢ ᠨᠡᠶᠢᠲᠡᠯᠡᠬᠦ ᠶᠢ ᠴᠢᠩᠭ᠎ᠠ ᠴᠠᠭᠠᠵᠠᠯᠠᠵᠤ᠂ ᠰᠲ᠋ᠣᠺ ᠤᠨ ᠦᠨ᠎ᠡ ᠶᠢ ᠡᠷᠬᠡᠰᠢᠶᠡᠨ ᠡᠵᠡᠮᠳᠡᠬᠦ ᠶᠢ ᠴᠢᠩᠭ᠎ᠠ ᠴᠠᠭᠠᠵᠠᠯᠠᠵᠤ᠂ ᠳᠣᠲᠣᠭᠠᠳᠤ ᠳᠠᠭᠠᠨ ᠠᠷᠠᠯᠵᠢᠶᠠᠯᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠲᠣᠭᠲᠠᠭᠠᠯ ᠢ ᠵᠥᠷᠢᠴᠡᠭᠰᠡᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠤᠶᠤ ᠵᠥᠪ ᠤᠨᠤᠪᠴᠢᠳᠠᠢ  ᠭᠦᠢᠴᠡᠳᠬᠡᠭᠰᠡᠨ ᠦᠭᠡᠢ ᠠᠴᠠ ᠪᠣᠯᠵᠤ ᠤᠯᠤᠰ ᠤᠨ ᠥᠮᠴᠢᠯᠡᠯ ᠤᠨ ᠡᠳ᠋ ᠬᠥᠷᠥᠩᠭᠡ ᠳᠤ ᠬᠤᠬᠢᠷᠠᠯ ᠤᠴᠠᠷᠠᠭᠤᠯᠤᠭᠰᠠᠨ᠂ ᠪᠡᠯᠡ ᠣᠷᠣᠭᠤᠯᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠪᠤᠶᠤ ᠪᠤᠰᠤᠳ ᠬᠦᠨᠳᠦ ᠨᠣᠴᠢᠲᠠᠢ ᠮᠠᠭᠤ ᠦᠷ᠎ᠡ ᠳ᠋ᠦᠩ ᠭᠠᠷᠭᠠᠭᠰᠠᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ ᠭᠡᠵᠦ ᠴᠢᠬᠤᠯᠠᠴᠢᠯᠠᠪᠠ᠃      ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠰᠠᠨᠠᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠪᠠᠷ ᠭᠤᠣᠯ ᠪᠤᠯᠭᠠᠵᠤ᠂ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠤᠪᠢ ᠤᠷᠤᠭᠤᠯᠤᠯᠲᠠ ᠶᠢ ᠡᠷᠬᠡᠰᠢᠶᠡᠬᠦ ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠤᠮᠫᠠᠨᠢ ᠶᠢᠨ ᠪᠡᠯᠡ ᠣᠷᠣᠭᠤᠯᠤᠯᠲᠠ ᠶᠢᠨ ᠥᠷᠲᠡᠭ ᠢ ᠳᠡᠭᠡᠭᠰᠢᠯᠡᠭᠦᠯᠭᠦ᠂ ᠪᠡᠯᠡ ᠣᠷᠣᠭᠤᠯᠤᠭᠴᠢ ᠶᠢᠨ ᠣᠯᠬᠤ ᠠᠰᠢᠭ ᠤᠷᠤᠯᠭ᠎ᠠ ᠶᠢ ᠨᠡᠮᠡᠭᠳᠡᠭᠦᠯᠬᠦ ᠶᠢ ᠨᠢᠭᠡ ᠵᠦᠢᠯ ᠤᠨ ᠣᠷᠳᠣ ᠬᠤᠭᠤᠴᠠᠭᠠᠨ ᠤ ᠠᠵᠢᠯ ᠪᠣᠯᠭᠠᠨ ᠠᠳᠬᠤᠵᠤ᠂ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠲᠡᠭ ᠤᠨ ᠬᠠᠮᠢᠶᠠᠷᠤᠯᠲᠠ ᠶᠢᠨ ᠠᠷᠭ᠎ᠠ ᠪᠠᠷᠢᠯ ᠢ ᠰᠠᠶᠢᠲᠤᠷ ᠬᠡᠷᠡᠭᠯᠡᠬᠦ ᠶᠢ ᠵᠢᠯᠣᠭᠤᠳᠤᠨ ᠠᠬᠢᠭᠤᠯᠵᠤ᠂ ᠵᠠᠬ᠎ᠠ ᠳᠡᠯᠭᠡᠭᠦᠷ ᠤᠨ ᠲᠤᠬᠠᠢ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠪᠡᠯᠡ ᠣᠷᠣᠭᠤᠯᠤᠭᠴᠢ ᠶᠢᠨ ᠠᠰᠢᠭ ᠲᠤᠰᠠ ᠶᠢ ᠬᠠᠮᠠᠭᠠᠯᠠᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号