ᠬᠠᠷᠢᠶᠠᠲᠤ ᠣᠷᠣᠨ ᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠭᠠᠯ ᠤᠨ ᠠᠶᠤᠯ ᠤᠨ ᠠᠳᠡᠯ | ᠭᠠᠷᠬᠤ ᠶᠢ ᠪᠦᠲᠦᠮᠵᠢᠲᠡᠶ ᠬᠤᠷᠢᠭᠯᠠᠵᠤ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠬᠡᠷᠡᠭᠯᠡᠯᠲᠡ ᠶᠢᠨ | ᠵᠢᠷᠤᠮᠵᠢᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠪᠥᠬᠦ ᠠᠷᠠᠳ ᠤᠨ ᠭᠠᠯ ᠤᠨᠲᠠᠷᠠᠭᠠᠬᠤ | ᠠᠮᠤᠷ ᠲᠦᠪᠰᠢᠨ ᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ 12 ᠰᠠᠷ᠎ᠠ ᠶᠢᠨ 23 ᠤ ᠡᠳᠦᠷ᠂ ᠦᠴᠦᠸᠠᠨ | ᠰᠢᠶᠠᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠦᠴᠦᠸᠠᠨ ᠰᠢᠶᠠᠨ ᠤ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠬᠠᠷᠢᠶᠠᠲᠤ ᠣᠷᠣᠨ ᠤ ᠲᠤᠤᠷᠵᠢᠭᠰᠠᠨ ᠰᠦᠯᠵᠢᠶᠡᠨ ᠤ | ᠬᠠᠮᠢᠶᠠᠷᠤᠯᠲᠠ ᠶᠢᠨ ᠠᠵᠢᠯᠲᠠᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠮᠢᠯᠠᠭᠰᠠᠨ ᠰᠠᠯᠪᠤᠷᠢ᠂ | ᠰᠠᠭᠤᠭᠠᠯᠢ ᠠᠷᠠᠳ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ | ᠭᠠᠯ ᠤᠨᠲᠠᠷᠠᠭᠠᠬᠤ ᠲᠤᠰᠬᠠᠢ ᠵᠠᠰᠠᠯᠲᠠ ᠶᠢᠨ ᠪᠣᠯᠪᠠᠰᠤᠷᠠᠭᠤᠯᠤᠯ ᠤᠨ ᠬᠤᠷᠠᠯ ᠥᠷᠨᠢᠭᠦᠯᠪᠡ᠃ | | | | | | ᠬᠤᠷᠠᠯ ᠳᠡᠭᠡᠷ᠎ᠡ᠂ ᠶᠡᠭᠡ ᠠᠩᠭᠢ ᠶᠢᠨ ᠬᠢᠨᠠᠯᠲᠠ ᠲᠠᠯᠪᠢᠭᠴᠢ ᠣᠶᠢᠷ᠎ᠠ ᠶᠢᠨ ᠬᠤᠭᠤᠴᠠᠭᠠᠨ ᠤ ᠴᠠᠬᠢᠯᠭᠠᠨ | ᠬᠥᠳᠡᠯᠭᠡᠭᠦᠷᠲᠦ ᠳᠤᠭᠤᠢ ᠲᠡᠷᠭᠡᠨ ᠤ ᠭᠠᠯ ᠤᠨ ᠠᠶᠤᠯ ᠤᠨ ᠠᠳᠡᠯ ᠤᠨ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠭᠰᠡᠨ | ᠪᠥᠭᠡᠳ ᠳᠥᠷᠪᠡᠳ ᠬᠤᠰᠢᠭᠤᠨ ᠤ ᠤᠯᠠᠭᠠᠨᠬᠤᠸᠠ ᠪᠠᠯᠭᠠᠰᠤᠨ ᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡ | ᠠᠰᠠᠷ ᠤᠨ ᠬᠤᠩᠬᠢᠯ ᠳᠤ ᠭᠠᠯ ᠭᠠᠷᠤᠭᠰᠠᠨ ᠸᠢᠳᠢᠤ᠋ ᠶᠢ ᠨᠡᠪᠲᠡᠷᠡᠭᠦᠯᠪᠡ᠃ ᠡᠭᠦᠨ ᠤ ᠬᠠᠮᠲᠤ ᠦᠴᠦᠸᠠᠨ ᠰᠢᠶᠠᠨ ᠤ | ᠬᠠᠷᠢᠶ᠎ᠠ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠪᠣᠯᠣᠨ ᠰᠠᠭᠤᠭᠠᠯᠢ ᠠᠷᠠᠳ ᠤᠨ ᠦᠢᠯᠡᠳᠪᠦᠷᠢᠯᠡᠯ | ᠠᠮᠢᠳᠤᠷᠠᠯ ᠤᠨ ᠣᠷᠴᠢᠨ ᠲᠣᠭᠤᠷᠢᠨ ᠤ ᠣᠳᠣᠬᠢ ᠪᠠᠶᠢᠳᠠᠯ ᠲᠠᠢ ᠤᠶᠠᠯᠳᠤᠭᠤᠯᠵᠤ᠂ ᠦᠴᠦᠸᠠᠨ ᠰᠢᠶᠠᠨ ᠤ ᠡᠪᠦᠯ ᠤᠨ | ᠤᠯᠠᠷᠢᠯ ᠤᠨ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠠᠮᠤᠷ ᠲᠦᠪᠰᠢᠨ ᠤ ᠬᠠᠮᠢᠶᠠᠷᠤᠯᠲᠠ ᠳᠤ | ᠣᠳᠣᠬᠠᠨ ᠳᠤ ᠣᠷᠣᠰᠢᠵᠤ ᠪᠠᠶᠢᠭ᠎ᠠ ᠬᠡᠳᠦᠨ ᠲᠣᠪᠣᠶᠢᠮ᠎ᠠ ᠠᠰᠠᠭᠤᠳᠠᠯ ᠢ ᠵᠠᠳᠠᠯᠤᠭᠰᠠᠨ ᠪᠥᠭᠡᠳ ᠲᠠᠷᠠᠭᠠᠴᠢ ᠶᠢᠨ | ᠠᠯᠬᠤᠮ ᠤᠨ ᠠᠵᠢᠯ ᠢ ᠥᠷᠨᠢᠭᠦᠯᠬᠦ ᠲᠤᠬᠠᠢ ᠰᠠᠨᠠᠭᠤᠯᠭ᠎ᠠ ᠳᠤᠷᠠᠳᠤᠭᠰᠠᠨ ᠪᠠᠶᠢᠨ᠎ᠠ᠃ | ᠲᠣᠰ ᠤᠳᠠᠭᠠᠨ ᠤ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠭᠠᠯ ᠤᠨᠲᠠᠷᠠᠭᠠᠬᠤ ᠲᠤᠰᠬᠠᠢ | ᠵᠠᠰᠠᠯᠲᠠ ᠶᠢᠨ ᠪᠣᠯᠪᠠᠰᠤᠷᠠᠭᠤᠯᠤᠯ ᠤᠨ ᠬᠤᠷᠠᠯ ᠢᠶᠠᠷ ᠳᠠᠮᠵᠢᠭᠤᠯᠤᠨ᠂ ᠦᠴᠦᠸᠠᠨ ᠰᠢᠶᠠᠨ ᠤ ᠬᠠᠷᠢᠶ᠎ᠠ ᠣᠷᠣᠨ ᠤ | ᠠᠵᠢᠯᠲᠠᠨ᠂ ᠰᠠᠭᠤᠭᠠᠯᠢ ᠠᠷᠠᠳ ᠤᠨ ᠭᠠᠯ ᠤᠨ ᠠᠶᠤᠯ ᠢ ᠰᠡᠷᠭᠡᠶᠢᠯᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠭᠠᠯ ᠤᠨ ᠠᠶᠤᠯ ᠤᠨ ᠠᠳᠡᠯ ᠭᠠᠷᠬᠤ ᠶᠢ | ᠪᠦᠲᠦᠮᠵᠢᠲᠡᠶ ᠪᠠᠭᠠᠰᠬᠠᠵᠤ᠂ ᠠᠮᠤᠷ ᠲᠦᠪᠰᠢᠨ ᠲᠣᠭᠲᠠᠭᠤᠨ ᠭᠠᠯ ᠤᠨᠲᠠᠷᠠᠭᠠᠬᠤ ᠣᠷᠴᠢᠨ ᠲᠣᠭᠤᠷᠢᠨ ᠢ ᠪᠣᠶ | ᠪᠣᠯᠭᠠᠬᠤ ᠳᠤ ᠬᠦᠴᠦᠨ ᠴᠢᠳᠠᠯ ᠢᠶᠠᠨ ᠡᠷᠭᠦᠪᠡ᠃ ᠳᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠴᠠᠬᠢᠯᠭᠠᠨ | ᠬᠥᠳᠡᠯᠭᠡᠭᠦᠷᠲᠦ ᠳᠤᠭᠤᠢ ᠲᠡᠷᠭᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ | ᠦᠷᠭᠦᠯᠵᠢᠯᠡᠨ ᠴᠢᠩᠭ᠎ᠠ ᠠᠩᠬᠠᠷᠴᠤ᠂ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠪᠦᠬᠦ ᠰᠢᠶᠠᠨ ᠤ | ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |