ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 39 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/25
     12 ᠰᠠᠷ᠎ᠠ ᠶᠢᠨ 24 ᠤ ᠡᠳᠦᠷ᠂ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ 2024 ᠣᠨ ᠤ 39 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ ᠦᠴᠦᠸᠠᠨ ᠰᠢᠶᠠᠨ ᠤ ᠬᠤᠶᠠᠷ ᠪᠠᠶᠠᠷ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠪᠠ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ᠂ ᠰᠢᠨ᠎ᠡ ᠵᠢᠯ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠡᠯ᠎ᠡ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠬᠢᠨ ᠵᠠᠮ ᠬᠠᠷᠢᠯᠴᠠᠭ᠎ᠠ᠂ ᠰᠣᠶᠣᠯ ᠵᠢᠭᠤᠯᠴᠢᠯᠠᠯ᠂ ᠬᠤᠸᠠᠷ ᠫᠤᠤᠵᠢᠩ᠂ ᠬᠤᠳᠠ ᠬᠥᠳᠡᠭᠡ ᠶᠢᠨ ᠭᠠᠯ ᠤᠨᠲᠠᠷᠠᠭᠠᠬᠤ ᠵᠡᠷᠭᠡ ᠲᠠᠯ᠎ᠠ ᠶᠢᠨ ᠲᠣᠭᠤᠷᠢᠨ ᠳᠤ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠡᠷᠡᠰ ᠬᠠᠮᠠᠭᠠᠯᠠᠬᠤ ᠶᠢᠨ ᠬᠠᠮᠲᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ ᠢ ᠰᠠᠶᠢᠲᠤᠷ ᠬᠢᠵᠦ᠂ ᠡᠭᠦᠷᠭᠡ ᠶᠢ ᠠᠵᠢᠯ ᠤᠨ ᠪᠠᠶᠢᠷᠢ ᠳᠤ ᠬᠦᠷᠭᠡᠬᠦ᠂ ᠬᠠᠷᠢᠭᠤᠴᠠᠯᠭ᠎ᠠ ᠶᠢ ᠬᠥᠮᠥᠨ ᠳᠤ ᠨᠠᠶᠢᠳᠠᠪᠤᠷᠢᠵᠢᠭᠤᠯᠬᠤ᠂ ᠬᠠᠮᠢᠶᠠᠷᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠴᠢᠬᠤᠯᠠ ᠪᠠᠶᠢᠳᠠᠯ ᠪᠣᠯᠣᠨ ᠪᠠᠴᠢᠮ ᠭᠡᠨᠡᠳᠲᠡ ᠶᠢᠨ ᠬᠡᠷᠡᠭ ᠲᠤᠯᠭᠠᠷᠠᠪᠠᠯ ᠳᠠᠷᠤᠶᠢᠬᠠᠨ ᠵᠢᠭᠠᠪᠤᠷᠢ ᠠᠪᠴᠤ ᠮᠡᠳᠡᠭᠦᠯᠵᠦ᠂ ᠴᠠᠭ ᠲᠤᠬᠠᠢ ᠳᠤᠨᠢ ᠲᠣᠬᠢᠲᠠᠢ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠪᠠᠷᠠᠭᠠᠨ ᠤ ᠢᠷᠡᠯᠲᠡ ᠶᠢᠨ ᠪᠣᠭᠤᠮᠲᠠ᠂ ᠶᠠᠰᠤ ᠴᠢᠨᠠᠷ ᠤᠨ ᠪᠣᠭᠤᠮᠲᠠ᠂ ᠪᠠᠶᠢᠴᠠᠭᠠᠨ ᠰᠢᠯᠭᠠᠬᠤ ᠪᠣᠭᠤᠮᠲᠠ ᠶᠢ ᠴᠢᠩᠭ᠎ᠠ ᠠᠳᠬᠤᠵᠤ᠂ ᠡᠬᠢ ᠡᠭᠦᠰᠦᠯ ᠠᠴᠠ ᠨᠢ ᠪᠠᠶᠢᠴᠠᠭᠠᠵᠤ ᠪᠣᠯᠬᠤ ᠶᠢ ᠪᠡᠶᠡᠯᠡᠭᠦᠯᠵᠦ᠂ ᠬᠢᠷᠢ ᠲᠡᠩᠴᠡᠬᠦ ᠦᠭᠡᠢ ᠢᠳᠡᠭᠡᠨ ᠤ ᠵᠠᠬ᠎ᠠ ᠳᠡᠯᠭᠡᠭᠦᠷ ᠲᠤ ᠣᠷᠣᠬᠤ ᠶᠢ ᠴᠢᠩᠭ᠎ᠠ ᠰᠡᠷᠭᠡᠶᠢᠯᠡᠵᠦ᠂ ᠣᠯᠠᠨ ᠲᠦᠮᠡᠨ ᠢ ᠦᠨᠡᠨᠬᠦ ᠰᠠᠨᠠᠭ᠎ᠠ ᠠᠮᠤᠷ ᠬᠤᠳᠠᠯᠳᠤᠨ ᠠᠪᠤᠭᠤᠯᠵᠤ᠂ ᠰᠠᠨᠠᠭ᠎ᠠ ᠠᠮᠤᠷ ᠢᠳᠡᠭᠦᠯᠬᠦ ᠬᠡᠷᠡᠭᠲᠡᠢ᠃ ᠵᠠᠬ᠎ᠠ ᠳᠡᠯᠭᠡᠭᠦᠷ ᠤᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠵᠤ᠂ ᠲᠠᠸᠠᠷ ᠤᠨ ᠬᠠᠩᠭᠠᠯᠭ᠎ᠠ ᠭᠦᠢᠴᠡᠳ᠂ ᠲᠠᠸᠠᠷ ᠤᠨ ᠦᠨ᠎ᠡ ᠬᠠᠩᠰᠢ ᠲᠣᠭᠲᠠᠭᠤᠨ᠂ ᠢᠳᠡᠭᠡᠨ ᠤ ᠠᠮᠤᠷ ᠲᠦᠪᠰᠢᠨ ᠡᠷᠡᠭᠦᠯ ᠬᠠᠮᠠᠭᠠᠯᠠᠯ ᠢ ᠦᠨᠡᠨᠬᠦ ᠪᠠᠲᠤᠯᠠᠵᠤ᠂ ᠠᠷᠠᠳ ᠣᠯᠠᠨ ᠤ ᠰᠠᠨᠠᠭ᠎ᠠ ᠠᠮᠤᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠤᠨ ᠪᠠᠶᠢᠷᠢᠯᠠᠭᠤᠯᠪᠠ᠃ ︵ᠰᠤᠷᠪᠤᠯᠵᠢᠯᠠᠭᠴᠢ᠄ ᠯᠢᠦᠢ ᠫᠢᠩ ᠫᠢᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号