ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | | | ᠥᠪᠥᠷ ᠵᠠᠰᠠᠭ ᠠᠯᠪᠠᠨ ᠲᠠᠷᠬᠠᠭᠠᠭᠰᠠᠨ ﹇2024﹈ 24 ᠳ᠋ᠦ᠋ᠭᠡᠷ ᠲᠣᠭᠠᠲᠤ | | | ᠤᠰᠤᠲᠥ᠋ᠷᠥᠭᠴᠢᠲᠤ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ | ᠠᠯᠬᠤᠮ ᠲᠦᠷᠭᠡᠳᠬᠡᠨ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠤᠰᠤᠲᠥ᠋ᠷᠥᠭᠴᠢᠲᠤ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ | ᠠᠯᠬᠤᠮ ᠲᠦᠷᠭᠡᠳᠬᠡᠨ ᠠᠬᠢᠭᠤᠯᠬᠤ ᠶᠢᠨ ᠲᠤᠰᠠᠳᠠ᠂ ᠤᠯᠤᠰ ᠤᠨ ᠤᠰᠤᠲᠥ᠋ᠷᠥᠭᠴᠢᠲᠤ ᠡᠨᠧᠷᠭᠢ ᠶᠢᠨ ᠠᠵᠤ | ᠦᠢᠯᠡᠰ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ | ᠮᠡᠲᠦ ᠮᠡᠳᠡᠭᠳᠡᠪᠡ᠃ | ᠨᠢᠭᠡ᠂ ᠤᠰᠤᠲᠥ᠋ᠷᠥᠭᠴᠢᠲᠤ ᠡᠨᠧᠷᠭᠢ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ | ︵ᠨᠢᠭᠡ︶ ᠤᠰᠤᠲᠥ᠋ᠷᠥᠭᠴᠢᠲᠤ ᠡᠨᠧᠷᠭᠢ ᠶᠢᠨ ᠠᠵᠤ ᠦᠢᠯᠡᠰ ᠤᠨ ᠰᠠᠭᠤᠷᠢ ᠰᠤᠳᠤᠯᠭᠠᠨ ᠢ ᠴᠢᠩᠭᠠᠳᠬᠠᠨ᠎ᠠ᠃ | ᠠᠵᠤ ᠠᠬᠤᠶᠢᠯᠠᠯ᠂ ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ | ᠭᠠᠵᠠᠷ ᠤᠨ ᠤᠯᠤᠰ ᠤᠨ ᠭᠤᠣᠯᠳᠠᠯᠭ᠎ᠠ ᠪᠣᠯᠬᠤ ᠰᠤᠳᠤᠯᠤᠨ ᠨᠡᠭᠡᠭᠡᠬᠦ ᠲᠥᠯᠥᠪᠯᠡᠭᠡ ᠶᠢᠨ ᠲᠤᠰᠬᠠᠢ ᠵᠦᠢᠯ ᠵᠢᠴᠢ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠲᠤᠰᠬᠠᠢ ᠵᠦᠢᠯ ᠳᠤ | ᠢᠳᠡᠪᠬᠢᠲᠡᠢ ᠪᠠᠷ ᠭᠤᠶᠤᠴᠢᠯᠠᠨ ᠮᠡᠳᠡᠭᠦᠯᠵᠦ᠂ ᠳᠠᠬᠢᠨ ᠡᠭᠦᠰᠴᠦ ᠪᠣᠯᠬᠤ ᠡᠨᠧᠷᠭᠢ ᠪᠠᠷ ᠤᠰᠤᠲᠥ᠋ᠷᠥᠭᠴᠢ | ᠦᠢᠯᠡᠳᠬᠦ ᠳᠠᠬᠢ ᠡᠵᠡᠮᠰᠢᠬᠦ ᠠᠵᠢᠯᠯᠠᠭᠠᠨ ᠢ ᠲᠦᠷᠭᠡᠨ ᠳᠠᠭᠠᠵᠤ ᠭᠦᠢᠴᠡᠳᠬᠡᠬᠦ᠂ ᠥᠪᠡᠷ ᠤᠨ ᠥᠷᠲᠡᠭ ᠢᠶᠠᠷ ᠳᠣᠣᠷ᠎ᠠ | ᠪᠣᠬᠢᠷᠲᠤᠯ ᠦᠭᠡᠢ ᠶᠡᠭᠡ ᠬᠡᠪᠴᠢᠶᠡᠨ ᠤ ᠤᠰᠤᠲᠥ᠋ᠷᠥᠭᠴᠢ ᠦᠢᠯᠡᠳᠬᠦ ᠨᠥᠭᠡᠴᠡᠯᠡᠬᠦ ᠵᠥᠭᠡᠭᠡᠪᠦᠷᠢᠯᠡᠬᠦ ᠵᠡᠷᠭᠡ ᠰᠠᠭᠤᠷᠢ | ᠰᠤᠳᠤᠯᠭᠠᠨ ᠥᠷᠨᠢᠭᠦᠯᠬᠦ ᠶᠢ ᠨᠢ ᠳᠡᠮᠵᠢᠨ᠎ᠡ᠃ᠳᠠᠯᠠᠨ ᠬᠠᠷ᠎ᠠ ᠠᠭᠤᠯᠠ ᠶᠢᠨ ᠲᠤᠷᠰᠢᠯᠲᠠ ᠶᠢᠨ ᠲᠠᠰᠤᠭ ᠵᠡᠷᠭᠡ | ᠰᠢᠨ᠎ᠡ ᠶᠢ ᠡᠭᠦᠳᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠳᠠᠬᠢᠨ ᠡᠭᠦᠰᠴᠦ ᠪᠣᠯᠬᠤ | ᠡᠨᠧᠷᠭᠢ ᠪᠠᠷ ᠤᠰᠤᠲᠥ᠋ᠷᠥᠭᠴᠢ ᠦᠢᠯᠡᠳᠬᠦ ᠪᠠ ᠬᠡᠷᠡᠭᠯᠡᠬᠦ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠢ | ᠠᠬᠢᠭᠤᠯᠤᠨ᠎ᠠ᠃ | ︵ᠬᠤᠶᠠᠷ︶ ᠤᠰᠤᠲᠥ᠋ᠷᠥᠭᠴᠢᠲᠤ ᠡᠨᠧᠷᠭᠢ ᠶᠢᠨ ᠭᠤᠣᠯᠯᠠᠬᠤ ᠮᠡᠷᠭᠡᠵᠢᠯ ᠳᠤ ᠰᠢᠨ᠎ᠡ ᠶᠢ ᠡᠭᠦᠳᠬᠦ ᠪᠠᠨ | ᠴᠢᠩᠭᠠᠳᠬᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ | ᠭᠦᠨᠵᠡᠭᠡᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠰᠤᠳᠤᠯᠤᠨ ᠨᠡᠭᠡᠭᠡᠯᠲᠡ ᠳᠠᠬᠢ ᠣᠷᠣᠭᠤᠯᠤᠯᠲᠠ ᠶᠢᠨ ᠡᠷᠴᠢᠮ ᠢ | ᠴᠢᠩᠭᠠᠷᠠᠭᠤᠯᠤᠨ᠂ ᠨᠢᠭᠡ ᠪᠦᠯᠦᠭ ᠤᠰᠤᠲᠥ᠋ᠷᠥᠭᠴᠢᠲᠤ ᠡᠨᠧᠷᠭᠢ ᠶᠢᠨ ᠠᠵᠤ ᠦᠢᠯᠡᠰ ᠤᠨ ᠭᠤᠣᠯᠯᠠᠬᠤ | ᠮᠡᠷᠭᠡᠵᠢᠯ ᠤᠨ ᠬᠤᠭᠤᠰᠤᠨ ᠵᠠᠢ ᠶᠢ ᠨᠥᠬᠦᠪᠦᠷᠢᠯᠡᠵᠦ ᠳᠡᠶᠢᠯᠬᠦ ᠰᠤᠳᠤᠯᠤᠨ ᠨᠡᠭᠡᠭᠡᠬᠦ ᠲᠥᠷᠥᠯ ᠵᠦᠢᠯ ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠳᠡᠭᠡᠳᠦ ᠬᠡᠯᠬᠢᠶᠡᠨ ᠳᠤ ᠦᠢᠯᠡᠳᠬᠦ᠂ ᠳᠤᠮᠳᠠ ᠬᠡᠯᠬᠢᠶᠡᠨ ᠳᠤ ᠨᠥᠭᠡᠴᠡᠯᠡᠨ | ᠵᠥᠭᠡᠭᠡᠪᠦᠷᠢᠯᠡᠬᠦ᠂ ᠳᠣᠣᠷᠠᠳᠤ ᠬᠡᠯᠬᠢᠶᠡᠨ ᠳᠤ ᠬᠡᠷᠡᠭᠯᠡᠬᠦ ᠵᠢᠴᠢ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠲᠠᠯ᠎ᠠ ᠪᠠᠷ | ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠬᠤ ᠰᠢᠨ᠎ᠡ ᠠᠷᠭ᠎ᠠ ᠵᠠᠮ ᠢ ᠭᠤᠣᠯᠳᠠᠯᠭ᠎ᠠ ᠲᠠᠢ ᠪᠠᠷ | ᠰᠦᠪᠡᠭᠴᠢᠯᠡᠨ᠎ᠡ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ ᠨᠢ | ᠪᠠᠳᠠᠷᠠᠭᠤᠯᠤᠨ᠂ ᠠᠵᠤ ᠦᠢᠯᠡᠰ ᠤᠨ ᠬᠤᠰᠢᠭᠤᠷᠠᠯ ᠮᠡᠷᠭᠡᠵᠢᠯ ᠪᠠ ᠵᠠᠩᠭᠢᠯᠠᠭ᠎ᠠ ᠶᠢᠨ ᠨᠡᠶᠢᠲᠡᠴᠢ ᠴᠢᠨᠠᠷᠲᠠᠢ | ᠮᠡᠷᠭᠡᠵᠢᠯ ᠢᠶᠠᠷ ᠤᠳᠤᠷᠢᠳᠤᠮᠵᠢ ᠪᠣᠯᠭᠠᠵᠤ᠂ ᠤᠰᠤᠲᠥ᠋ᠷᠥᠭᠴᠢ ᠦᠢᠯᠡᠳᠬᠦ ᠠᠵᠤ ᠠᠬᠤᠶᠢᠯᠠᠯ ᠬᠢᠭᠡᠳ | ᠤᠰᠤᠲᠥ᠋ᠷᠥᠭᠴᠢᠲᠤ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠠᠵᠤ ᠠᠬᠤᠶᠢᠯᠠᠯ ᠤᠨ ︽ᠬᠡᠯᠬᠢᠶᠡᠵᠢᠭᠦᠯᠦᠨ | ᠬᠠᠮᠲᠤᠷᠠᠯᠴᠠᠭᠤᠯᠬᠤ︾ ᠵᠠᠭᠪᠤᠷ ᠢ ᠶᠡᠭᠡ ᠪᠠᠷ ᠳᠡᠮᠵᠢᠵᠦ᠂ ᠪᠣᠬᠢᠷᠲᠤᠯ ᠦᠭᠡᠢ ᠤᠰᠤᠲᠥ᠋ᠷᠥᠭᠴᠢ ᠦᠢᠯᠡᠳᠬᠦ | ᠨᠥᠭᠡᠴᠡᠯᠡᠬᠦ ᠵᠥᠭᠡᠭᠡᠪᠦᠷᠢᠯᠡᠬᠦ ᠡᠯ᠎ᠡ ᠭᠤᠭᠴᠣᠭᠠᠨ ᠤ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠳᠤ ᠰᠢᠪᠲᠤᠯᠤᠯᠲᠠ | ᠭᠠᠷᠭᠠᠬᠤ ᠪᠠᠨ ᠲᠦᠷᠭᠡᠳᠬᠡᠨ᠎ᠡ᠃ | ︵ᠭᠤᠷᠪᠠ︶ ᠤᠰᠤᠲᠥ᠋ᠷᠥᠭᠴᠢᠲᠤ ᠡᠨᠧᠷᠭᠢ ᠶᠢᠨ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠲᠡᠮᠵᠢᠨ᠎ᠡ᠃ | ᠤᠰᠤᠲᠥ᠋ᠷᠥᠭᠴᠢᠲᠤ ᠡᠨᠧᠷᠭᠢ ᠶᠢᠨ ᠠᠵᠤ ᠦᠢᠯᠡᠰ ᠤᠨ ᠴᠢᠬᠤᠯᠠ ᠶᠡᠭᠡ ᠮᠡᠷᠭᠡᠵᠢᠯ ᠤᠨ ᠲᠣᠨᠤᠭ ᠲᠥᠬᠦᠭᠡᠷᠦᠮᠵᠢ ᠪᠠ | ᠮᠠᠲ᠋ᠧᠷᠢᠶᠠᠯ ᠢ ᠤᠯᠤᠰ ᠤᠨ ᠡᠨᠧᠷᠭᠢ ᠶᠢᠨ ᠬᠦᠷᠢᠶᠡᠨ ᠳᠠᠬᠢ ᠠᠩᠬᠠᠳᠠᠭᠴᠢ ᠰᠠᠭᠤᠷᠢ ︵ᠢᠵᠢ︶ ᠴᠢᠬᠤᠯᠠ ᠶᠡᠭᠡ | ᠮᠡᠷᠭᠡᠵᠢᠯ ᠤᠨ ᠲᠣᠨᠤᠭ ᠲᠥᠬᠦᠭᠡᠷᠦᠮᠵᠢ᠂ ᠭᠤᠣᠯᠳᠠᠯᠭ᠎ᠠ ᠪᠣᠯᠬᠤ ᠰᠢᠨ᠎ᠡ ᠮᠠᠲ᠋ᠧᠷᠢᠶᠠᠯ ᠤᠨ ᠬᠡᠷᠡᠭᠯᠡᠭᠡᠨ ᠢᠶᠠᠷ ᠵᠢᠱᠢᠶ᠎ᠡ | ᠦᠵᠡᠭᠦᠯᠬᠦ᠂ ᠪᠣᠬᠢᠷᠲᠤᠯ ᠦᠭᠡᠢ ᠮᠡᠷᠭᠡᠵᠢᠯ ᠵᠡᠷᠭᠡ ᠲᠤᠰᠬᠠᠢ ᠵᠦᠢᠯ ᠢᠶᠠᠷ ᠭᠤᠶᠤᠴᠢᠯᠠᠨ ᠮᠡᠳᠡᠭᠦᠯᠬᠦ ᠶᠢ ᠶᠡᠭᠡ ᠪᠠᠷ | ᠳᠡᠮᠵᠢᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠳᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ | ᠤᠰᠤᠲᠥ᠋ᠷᠥᠭᠴᠢᠲᠤ ᠡᠨᠧᠷᠭᠢ ᠶᠢᠨ ᠠᠵᠤ ᠦᠢᠯᠡᠰ ᠢ ᠲᠠᠰ ᠳᠡᠪᠰᠢᠭᠦᠯᠵᠦ᠂ ᠠᠵᠤ ᠦᠢᠯᠡᠰ ᠤᠨ ᠬᠡᠯᠬᠢᠶᠡᠨ ᠤ ᠡᠯ᠎ᠡ | ᠭᠤᠭᠴᠣᠭᠠᠨ ᠳᠤ ᠪᠠᠶᠢᠭ᠎ᠠ ᠠᠵᠤ ᠠᠬᠤᠶᠢᠯᠠᠯ ᠤᠨ ᠥᠪᠥᠷ ᠮᠣᠩᠭᠤᠯ ᠢᠶᠠᠷ ᠲᠤᠷᠰᠢᠯᠲᠠ ᠶᠢᠨ ᠲᠠᠯᠠᠪᠠᠶ ᠪᠣᠯᠭᠠᠨ ᠰᠢᠨ᠎ᠡ | ᠮᠡᠷᠭᠡᠵᠢᠯ᠂ ᠰᠢᠨ᠎ᠡ ᠲᠣᠨᠤᠭ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢᠶᠠᠨ ᠳᠡᠯᠭᠡᠷᠡᠭᠦᠯᠦᠨ ᠬᠡᠷᠡᠭᠯᠡᠬᠦ ᠶᠢ ᠨᠢ ᠶᠡᠭᠡ ᠪᠠᠷ | ᠳᠡᠮᠵᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ︽ᠡᠷᠴᠢᠮᠯᠡᠬᠦ︾ ᠦᠢᠯᠡᠴᠢᠯᠡᠭᠡ ᠶᠢ ᠨᠢ ᠶᠡᠬᠡᠰᠬᠡᠨ᠎ᠡ᠃ | ᠰᠢᠨ᠎ᠡ ᠬᠡᠯᠪᠡᠷᠢ ᠶᠢᠨ ᠬᠤᠪᠣᠷ ᠰᠢᠷᠣᠢ ᠶᠢᠨ ᠤᠰᠤᠲᠥ᠋ᠷᠥᠭᠴᠢ ᠨᠥᠭᠡᠴᠡᠯᠡᠬᠦ ᠬᠠᠶᠢᠯᠤᠰᠢ ᠶᠢᠨ ᠮᠠᠲ᠋ᠧᠷᠢᠶᠠᠯ᠂ ᠬᠠᠲᠠᠭᠤ | ᠲᠥᠯᠥᠪᠲᠦ ᠤᠰᠤᠲᠥ᠋ᠷᠥᠭᠴᠢ ᠨᠥᠭᠡᠴᠡᠯᠡᠬᠦ ᠲᠣᠨᠣᠭᠯᠠᠯ᠂ ᠴᠠᠬᠢᠯᠭᠠᠨ ᠬᠦᠴᠦᠨ ᠤ ᠲᠣᠣᠷ ᠠᠴᠠ ᠰᠠᠯᠤᠩᠭᠢ ᠪᠠᠷ | ᠤᠰᠤᠲᠥ᠋ᠷᠥᠭᠴᠢ ᠦᠢᠯᠡᠳᠬᠦ ᠵᠡᠷᠭᠡ ᠦᠷ᠎ᠡ ᠪᠦᠲᠦᠭᠡᠯ ᠢ ᠠᠵᠤ ᠦᠢᠯᠡᠰᠵᠢᠭᠦᠯᠬᠦ ᠠᠬᠢᠴᠠ ᠪᠠᠨ ᠲᠦᠷᠭᠡᠳᠬᠡᠵᠦ᠂ | ᠲᠣᠣᠷᠯᠢᠭ ᠬᠡᠯᠪᠡᠷᠢ ᠶᠢᠨ ᠮᠡᠷᠭᠡᠵᠢᠯ᠂ ᠴᠠᠬᠢᠯᠭᠠᠨ ᠦᠭᠡᠢ ᠪᠠᠷ ᠬᠥᠳᠡᠯᠭᠡᠬᠦ ᠮᠡᠷᠭᠡᠵᠢᠯ᠂ ᠣᠶᠤᠨᠴᠢ ᠪᠢᠴᠢᠯ ᠴᠠᠬᠢᠯᠭᠠᠨ | ᠬᠦᠴᠦᠨ ᠤ ᠲᠣᠣᠷ ᠤᠨ ᠮᠡᠷᠭᠡᠵᠢᠯ ᠵᠡᠷᠭᠡ ᠶᠢ ᠳᠠᠬᠢᠨ ᠡᠭᠦᠰᠴᠦ ᠪᠣᠯᠬᠤ ᠡᠨᠧᠷᠭᠢ ᠪᠠᠷ ᠤᠰᠤᠲᠥ᠋ᠷᠥᠭᠴᠢ ᠦᠢᠯᠡᠳᠬᠦ | ᠬᠦᠷᠢᠶ᠎ᠡ ᠴᠠᠷᠠᠭᠠᠨ ᠳᠠᠬᠢ ᠬᠡᠷᠡᠭᠯᠡᠭᠡᠨ ᠢ ᠬᠠᠶᠢᠨ ᠰᠦᠪᠡᠭᠴᠢᠯᠡᠵᠦ᠂ ᠴᠠᠬᠢᠯᠭᠠᠨ ᠬᠦᠴᠦᠨ ᠤ ᠲᠣᠣᠷ ᠲᠤ ᠨᠡᠶᠢᠯᠡᠭᠦᠯᠬᠦ | ᠬᠡᠯᠪᠡᠷᠢ ᠪᠠᠷ ᠤᠰᠤᠲᠥ᠋ᠷᠥᠭᠴᠢ ᠦᠢᠯᠡᠳᠬᠦ ᠠᠴᠠ ᠴᠠᠬᠢᠯᠭᠠᠨ ᠬᠦᠴᠦᠨ ᠤ ᠲᠣᠣᠷ ᠠᠴᠠ ᠰᠠᠯᠤᠩᠭᠢ ᠬᠡᠯᠪᠡᠷᠢ ᠪᠠᠷ | ᠤᠰᠤᠲᠥ᠋ᠷᠥᠭᠴᠢ ᠦᠢᠯᠡᠳᠬᠦ ᠲᠡᠶᠢᠰᠢ ᠬᠥᠭᠵᠢᠭᠦᠯᠬᠦ ᠶᠢ ᠠᠬᠢᠭᠤᠯᠤᠨ᠎ᠠ᠃ ᠰᠢᠨ᠎ᠡ ᠶᠢ ᠡᠭᠦᠳᠬᠦ ᠲᠠᠪᠴᠠᠩ ᠤᠨ | ᠠᠴᠢᠶᠠᠯᠠᠪᠤᠷᠢ ᠶᠢ ᠪᠠᠶᠢᠭᠤᠯᠵᠤ᠂ ᠪᠣᠬᠢᠷᠲᠤᠯ ᠦᠭᠡᠢ ᠤᠰᠤᠲᠥ᠋ᠷᠥᠭᠴᠢᠲᠤ ᠲᠣᠨᠤᠭ ᠲᠥᠬᠦᠭᠡᠷᠦᠮᠵᠢ ᠶᠢᠨ ᠮᠡᠷᠭᠡᠵᠢᠯ ᠢ | ᠰᠤᠳᠤᠯᠤᠨ ᠨᠡᠭᠡᠭᠡᠬᠦ᠂ ᠰᠢᠰᠲ᠋ᠧᠮᠵᠢᠨ ᠬᠤᠷᠠᠭᠤᠯᠬᠤ᠂ ᠪᠠᠷᠢᠮᠵᠢᠶ᠎ᠠ ᠲᠣᠭᠲᠠᠭᠠᠬᠤ ᠵᠡᠷᠭᠡ ᠠᠵᠢᠯ ᠢ ᠥᠷᠨᠢᠭᠦᠯᠦᠨ᠎ᠡ᠃ | ᠤᠰᠤᠲᠥ᠋ᠷᠥᠭᠴᠢᠲᠤ ᠡᠨᠧᠷᠭᠢ ᠶᠢᠨ ᠲᠣᠨᠤᠭ ᠲᠥᠬᠦᠭᠡᠷᠦᠮᠵᠢ ᠶᠢ ᠪᠠᠶᠢᠴᠠᠭᠠᠨ ᠰᠢᠯᠭᠠᠵᠤ ᠭᠡᠷᠡᠴᠢᠯᠡᠬᠦ ᠲᠠᠪᠴᠠᠩ ᠤᠨ | ᠪᠠᠶᠢᠭᠤᠯᠤᠯᠲᠠ ᠶᠢ ᠳᠡᠮᠵᠢᠵᠦ᠂ ᠤᠰᠤᠲᠥ᠋ᠷᠥᠭᠴᠢᠲᠤ ᠡᠨᠧᠷᠭᠢ ᠶᠢᠨ ᠠᠵᠤ ᠦᠢᠯᠡᠰ ᠤᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ ᠢ ᠰᠦᠪᠡᠭᠴᠢᠯᠡᠨ ᠪᠠᠶᠢᠭᠤᠯᠤᠨ᠎ᠠ᠃ | ︵ᠳᠥᠷᠪᠡ︶ ᠲᠤᠰᠬᠠᠢ ᠮᠡᠷᠭᠡᠵᠢᠯ ᠤᠨ ᠴᠢᠳᠠᠪᠤᠷᠢᠲᠠᠨ ᠬᠥᠮᠥᠵᠢᠭᠦᠯᠬᠦ ᠠᠵᠢᠯ ᠢ ᠴᠢᠩᠭᠠᠳᠬᠠᠨ᠎ᠠ᠃ ︽ᠬᠤᠶᠠᠷ ᠢ | ᠡᠯᠰᠡᠵᠦ ᠬᠤᠶᠠᠷ ᠢ ᠲᠠᠲᠠᠬᠤ︾᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ | ᠮᠠᠨᠳᠤᠭᠤᠯᠬᠤ︾᠂ ︽ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠳᠤ ᠦᠢᠯᠡᠴᠢᠯᠡᠬᠦ︾ ᠵᠡᠷᠭᠡ ᠲᠥᠷᠥ ᠶᠢᠨ | ᠪᠣᠳᠣᠯᠭ᠎ᠠ ᠶᠢ ᠭᠦᠢᠴᠡᠳ ᠠᠰᠢᠭᠯᠠᠨ᠂ ︽ᠳᠡᠭᠡᠳᠦ ᠨᠠᠷᠢᠯᠢᠭ ᠣᠬᠢ ᠬᠤᠮᠰᠠ︾ ᠴᠢᠳᠠᠪᠤᠷᠢᠲᠠᠨ ᠤ ᠪᠦᠯᠬᠦᠮ | ᠨᠡᠶᠢᠲᠡ ᠲᠠᠢ ᠢᠳᠡᠪᠬᠢᠲᠡᠢ ᠪᠠᠷ ᠵᠣᠯᠭᠠᠭᠤᠯᠵᠤ᠂ ᠳᠡᠭᠡᠳᠦ ᠲᠠᠰ ᠳᠠᠪᠬᠤᠷᠭ᠎ᠠ ᠶᠢᠨ ᠤᠰᠤᠲᠥ᠋ᠷᠥᠭᠴᠢᠲᠤ ᠡᠨᠧᠷᠭᠢ ᠶᠢᠨ | ᠰᠢᠨ᠎ᠡ ᠶᠢ ᠡᠭᠦᠳᠬᠦ ᠬᠡᠯᠪᠡᠷᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠨ᠎ᠠ᠃ ᠥᠪᠡᠷᠲᠡᠭᠡᠨ ᠵᠠᠰᠠᠬᠤ ᠣᠷᠣᠨ ᠤ | ᠳᠡᠭᠡᠳᠦ ᠵᠡᠷᠭᠡ ᠶᠢᠨ ᠰᠤᠷᠭᠠᠭᠤᠯᠢ ᠪᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠰᠤᠲᠥ᠋ᠷᠥᠭᠴᠢᠲᠤ | ᠡᠨᠧᠷᠭᠢ ᠲᠠᠢ ᠬᠠᠮᠢᠶᠠᠳᠠᠬᠤ ᠲᠤᠰᠬᠠᠢ ᠮᠡᠷᠭᠡᠵᠢᠯ ᠤᠨ ᠬᠢᠴᠢᠶᠡᠯ ᠰᠢᠨᠵᠢᠯᠡᠭᠡᠨ ᠤ ᠰᠠᠯᠠᠭ᠎ᠠ ᠶᠢ ᠪᠠᠶᠢᠭᠤᠯᠵᠤ᠂ | ᠰᠣᠷᠣᠭᠴᠢ ᠡᠯᠰᠡᠬᠦ ᠬᠡᠪᠴᠢᠶ᠎ᠡ ᠪᠠᠨ ᠵᠣᠬᠢᠬᠤ ᠬᠡᠮᠵᠢᠶ᠎ᠡ ᠪᠠᠷ ᠥᠷᠭᠡᠳᠬᠡᠬᠦ ᠶᠢ ᠨᠢ ᠠᠬᠢᠭᠤᠯᠤᠨ᠂ ᠠᠵᠤ ᠦᠢᠯᠡᠰ ᠲᠤ | ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠲᠦᠷᠭᠡᠳᠬᠡᠵᠦ ᠬᠥᠮᠥᠵᠢᠭᠦᠯᠦᠨ ᠪᠣᠶᠢᠵᠢᠭᠤᠯᠤᠨ᠎ᠠ᠃ ᠦᠢᠯᠡᠳᠪᠦᠷᠢᠯᠡᠯ | ᠵᠢᠭᠠᠨ ᠰᠤᠷᠭᠠᠯᠲᠠ ᠰᠤᠳᠤᠯᠭᠠᠨ ᠤ ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠬᠠᠮ ᠬᠡᠯᠪᠡᠷᠢ ᠶᠢᠨ | ᠲᠤᠰᠬᠠᠢ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠲᠦᠷᠭᠡᠳᠬᠡᠨ ᠬᠥᠮᠥᠵᠢᠭᠦᠯᠵᠦ᠂ ᠴᠢᠳᠠᠪᠤᠷᠢᠲᠠᠨ ᠤ | ᠨᠡᠶᠢᠯᠡᠮᠡᠯ ᠬᠦᠴᠦᠨ ᠢ ᠪᠣᠶ ᠪᠣᠯᠭᠠᠨ᠎ᠠ᠃ | ᠬᠤᠶᠠᠷ᠂ ᠤᠰᠤᠲᠥ᠋ᠷᠥᠭᠴᠢᠲᠤ ᠡᠨᠧᠷᠭᠢ ᠶᠢᠨ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠶᠢ | ᠲᠦᠷᠭᠡᠳᠬᠡᠨ ᠠᠬᠢᠭᠤᠯᠤᠨ᠎ᠠ | ︵ᠨᠢᠭᠡ︶ ᠤᠰᠤᠲᠥ᠋ᠷᠥᠭᠴᠢᠲᠤ ᠡᠨᠧᠷᠭᠢ ᠶᠢᠨ ᠠᠵᠤ ᠦᠢᠯᠡᠰ ᠤᠨ ᠪᠠᠶᠢᠷᠢᠰᠢᠯ ᠢ ᠰᠢᠯᠢᠳᠡᠭᠵᠢᠭᠦᠯᠦᠨ᠎ᠡ᠃ | ᠰᠠᠯᠬᠢᠨ ᠪᠠ ᠭᠡᠷᠡᠯᠴᠢ ᠴᠡᠨᠡᠭ ᠤᠨ ᠡᠬᠢ ᠪᠠᠶᠠᠯᠢᠭ᠂ ᠭᠠᠵᠠᠷ ᠰᠢᠷᠣᠢ ᠶᠢᠨ ᠡᠬᠢ ᠪᠠᠶᠠᠯᠢᠭ᠂ ᠤᠰᠤᠨ ᠤ ᠡᠬᠢ ᠪᠠᠶᠠᠯᠢᠭ | ᠂ ᠴᠠᠬᠢᠯᠭᠠᠨ ᠬᠦᠴᠦᠨ ᠤ ᠲᠣᠣᠷ ᠲᠤ ᠵᠠᠯᠭᠠᠨ ᠣᠷᠣᠭᠤᠯᠬᠤ ᠵᠡᠷᠭᠡ ᠨᠥᠬᠦᠴᠡᠯ ᠢ ᠶᠡᠷᠦᠩᠬᠡᠶᠢᠯᠡᠨ ᠪᠣᠳᠣᠯᠬᠢᠯᠠᠵᠤ᠂ | ᠪᠣᠬᠢᠷᠲᠤᠯ ᠦᠭᠡᠢ ᠤᠰᠤᠲᠥ᠋ᠷᠥᠭᠴᠢ ᠶᠢᠨ ᠲᠥᠷᠥᠯ ᠵᠦᠢᠯ ᠢ ᠵᠦᠢ ᠵᠣᠬᠢᠰᠲᠠᠢ ᠪᠠᠶᠢᠷᠢᠰᠢᠭᠤᠯᠤᠨ᠎ᠠ᠃ | ᠤᠰᠤᠲᠥ᠋ᠷᠥᠭᠴᠢ ᠦᠢᠯᠡᠳᠬᠦ᠂ ᠨᠥᠭᠡᠴᠡᠯᠡᠵᠦ ᠵᠥᠭᠡᠭᠡᠪᠦᠷᠢᠯᠡᠬᠦ᠂ ᠰᠢᠩᠭᠡᠬᠡᠨ ᠪᠠᠭᠲᠠᠭᠠᠬᠤ ᠵᠡᠷᠭᠡ ᠭᠤᠭᠴᠤᠭ᠎ᠠ ᠶᠢ | ᠨᠢᠭᠡᠳᠦᠯᠲᠡᠢ ᠲᠥᠯᠥᠪᠯᠡᠵᠦ᠂ ᠠᠵᠤ ᠦᠢᠯᠡᠳᠪᠦᠷᠢ ᠠᠵᠤ ᠦᠢᠯᠡᠰ ᠤᠨ ᠪᠠᠶᠢᠷᠢᠰᠢᠭᠤᠯᠤᠯᠲᠠ ᠯᠤᠭ᠎ᠠ ᠨᠢᠭᠲᠠ | ᠵᠣᠯᠭᠠᠭᠤᠯᠬᠤ ᠶᠢ ᠪᠡᠶᠡᠯᠡᠭᠦᠯᠦᠨ᠎ᠡ᠃ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠤᠨ ᠤᠰᠤᠲᠥ᠋ᠷᠥᠭᠴᠢ | ᠦᠢᠯᠡᠳᠬᠦ ᠲᠥᠷᠥᠯ ᠵᠦᠢᠯ ᠪᠠᠶᠢᠷᠢᠰᠢᠭᠤᠯᠬᠤ ᠶᠢ ᠨᠢ ᠲᠡᠮᠵᠢᠵᠤ᠂ ᠰᠢᠨ᠎ᠡ ᠡᠨᠧᠷᠭᠢ ᠶᠢ ᠰᠢᠩᠭᠡᠬᠡᠨ ᠪᠠᠭᠲᠠᠭᠠᠬᠤ ᠶᠢ | ᠠᠬᠢᠭᠤᠯᠤᠨ᠎ᠠ᠃ ᠰᠠᠯᠬᠢᠨ ᠪᠠ ᠭᠡᠷᠡᠯᠴᠢ ᠴᠡᠨᠡᠭ ᠢᠶᠠᠷ ᠤᠰᠤᠲᠥ᠋ᠷᠥᠭᠴᠢ ᠦᠢᠯᠡᠳᠬᠦ ᠲᠥᠷᠥᠯ ᠵᠦᠢᠯ ᠬᠢᠭᠡᠳ | ᠪᠣᠬᠢᠷᠲᠤᠯ ᠦᠭᠡᠢ ᠤᠰᠤᠲᠥ᠋ᠷᠥᠭᠴᠢ ᠶᠢᠨ ᠬᠡᠷᠡᠭᠯᠡᠭᠡᠨ ᠤ ᠲᠥᠷᠥᠯ ᠵᠦᠢᠯ ᠢ ᠨᠢᠭᠡ ᠴᠣᠭᠴᠠᠵᠢᠭᠤᠯᠤᠨ ᠬᠢᠨᠠᠨ | ᠵᠥᠪᠰᠢᠶᠡᠷᠡᠬᠦ ᠪᠠ ᠪᠦᠲᠦᠭᠡᠨ ᠪᠠᠶᠢᠭᠤᠯᠵᠤ ᠬᠠᠮᠢᠶᠠᠷᠬᠤ ᠶᠢ ᠠᠬᠢᠭᠤᠯᠤᠨ᠎ᠠ᠃ ᠪᠣᠬᠢᠷᠲᠤᠯ ᠦᠭᠡᠢ | ᠤᠰᠤᠲᠥ᠋ᠷᠥᠭᠴᠢ ᠶᠢᠨ ᠦᠢᠯᠡᠳᠪᠦᠷᠢᠯᠡᠯ ᠳᠤ ᠬᠡᠷᠡᠭᠯᠡᠬᠦ ᠤᠰᠤᠨ ᠤ ᠪᠠᠲᠤᠯᠠᠭ᠎ᠠ ᠶᠢ ᠴᠢᠩᠭᠠᠷᠠᠭᠤᠯᠵᠤ᠂ ᠪᠠᠶᠢᠩᠭᠤ ᠶᠢᠨ | ᠪᠤᠰᠤ ᠤᠰᠤᠨ ᠤ ᠡᠬᠢ ᠰᠤᠷᠪᠤᠯᠵᠢ ᠶᠢ ᠤᠷᠢᠳ ᠢᠶᠠᠷ ᠠᠰᠢᠭᠯᠠᠵᠤ ᠤᠰᠤᠲᠥ᠋ᠷᠥᠭᠴᠢ ᠦᠢᠯᠡᠳᠬᠦ ᠶᠢ | ᠵᠣᠷᠢᠭᠵᠢᠭᠤᠯᠤᠨ᠎ᠠ᠃ | ︵ᠬᠤᠶᠠᠷ︶ ᠲᠦᠷᠦᠯ ᠵᠦᠢᠯ ᠤᠨ ᠠᠵᠢᠯᠯᠠᠭᠠᠨ ᠤ ᠲᠣᠭᠲᠠᠴᠠ ᠶᠢ ᠰᠢᠯᠢᠳᠡᠭᠵᠢᠭᠦᠯᠦᠨ᠎ᠡ᠃ ᠰᠠᠯᠬᠢᠨ ᠪᠠ | ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠬᠢᠭᠡᠳ ᠤᠰᠤᠲᠥ᠋ᠷᠥᠭᠴᠢ ᠦᠢᠯᠡᠳᠬᠦ ᠳᠠᠭᠠᠭᠠᠴᠠ ᠶᠢ ᠥᠨᠳᠥᠷ ᠦᠷ᠎ᠡ | ᠪᠦᠲᠦᠮᠵᠢᠲᠡᠶ ᠪᠠᠷ ᠵᠣᠯᠭᠠᠭᠤᠯᠬᠤ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠰᠠᠯᠬᠢᠨ ᠬᠦᠴᠦᠨ ᠤ ᠮᠠᠰᠢᠨ ᠤ | ᠬᠡᠯᠪᠡᠷᠢ ᠶᠢᠨ ᠲᠣᠬᠢᠷᠠᠯᠴᠠᠭᠤᠯᠤᠯ᠂ ᠭᠡᠷᠡᠯᠴᠢ ᠴᠡᠨᠡᠭ ᠢᠶᠠᠷ ᠤᠰᠤᠲᠥ᠋ᠷᠥᠭᠴᠢ ᠦᠢᠯᠡᠳᠬᠦ ᠰᠢᠰᠲ᠋ᠧᠮ ᠤᠨ ᠵᠢᠷᠤᠭ | ᠲᠥᠯᠥᠪᠯᠡᠭᠡ ᠶᠢ ᠰᠢᠯᠢᠳᠡᠭᠵᠢᠭᠦᠯᠦᠨ᠂ ᠪᠣᠬᠢᠷᠲᠤᠯ ᠦᠭᠡᠢ ᠤᠰᠤᠲᠥ᠋ᠷᠥᠭᠴᠢ ᠶᠢᠨ ᠬᠡᠪᠴᠢᠶᠡᠵᠢᠭᠦᠯᠦᠭᠰᠡᠨ | ᠦᠢᠯᠡᠳᠪᠦᠷᠢᠯᠡᠯ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ᠲᠥᠷᠥᠯ ᠵᠦᠢᠯ ᠢ ᠭᠤᠶᠤᠴᠢᠯᠠᠨ ᠮᠡᠳᠡᠭᠦᠯᠬᠦ᠂ | ᠬᠢᠨᠠᠨ ᠵᠥᠪᠰᠢᠶᠡᠷᠡᠬᠦ᠂ ᠰᠢᠯᠭᠠᠨ ᠬᠤᠷᠢᠶᠠᠵᠤ ᠠᠪᠬᠤ ᠵᠡᠷᠭᠡ ᠴᠤᠪᠤᠷᠠᠯ ᠪᠠ ᠱᠠᠭᠠᠷᠳᠠᠯᠭ᠎ᠠ ᠶᠢ ᠲᠡᠭᠦᠯᠳᠡᠷᠵᠢᠭᠦᠯᠵᠦ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠪᠤᠴᠠᠭᠠᠨ ᠭᠠᠷᠭᠠᠬᠤ ᠬᠠᠮᠢᠶᠠᠷᠤᠯᠲᠠ ᠶᠢ ᠵᠢᠷᠤᠮᠵᠢᠭᠤᠯᠤᠨ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠤᠨ᠎ᠠ᠃ ︽ᠬᠠᠷ᠎ᠠ ᠴᠠᠭᠠᠨ ᠨᠡᠷᠡᠰ ᠤᠨ | ᠲᠠᠩᠰᠠ︾ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠥᠷᠥᠯ ᠵᠦᠢᠯ ᠢ ᠬᠡᠷᠡᠭᠵᠢᠭᠦᠯᠦᠭᠰᠡᠨ ᠠᠵᠤ | ᠠᠬᠤᠶᠢᠯᠠᠯ ᠳᠤ ᠤᠷᠮᠠᠰᠢᠭᠤᠯᠬᠤ ᠪᠠ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ ᠭᠤᠣᠯᠳᠠᠯᠭ᠎ᠠ ᠪᠣᠯᠬᠤ ᠠᠵᠤ | ᠠᠬᠤᠶᠢᠯᠠᠯ ᠤᠨ ᠪᠣᠬᠢᠷᠲᠤᠯ ᠦᠭᠡᠢ ᠤᠰᠤᠲᠥ᠋ᠷᠥᠭᠴᠢ ᠶᠢᠨ ᠲᠥᠷᠥᠯ ᠵᠦᠢᠯ ᠢ ᠪᠦᠲᠦᠭᠡᠨ ᠪᠠᠶᠢᠭᠤᠯᠬᠤ ᠠᠬᠢᠴᠠ ᠪᠠᠨ | ᠲᠦᠷᠭᠡᠳᠬᠡᠬᠦ ᠶᠢ ᠨᠢ ᠳᠡᠮᠵᠢᠵᠦ᠂ ᠪᠣᠬᠢᠷᠲᠤᠯ ᠦᠭᠡᠢ ᠤᠰᠤᠲᠥ᠋ᠷᠥᠭᠴᠢ ᠶᠢᠨ ᠠᠵᠤ ᠦᠢᠯᠡᠰ ᠤᠨ ᠬᠥᠭᠵᠢᠨ | ᠪᠤᠵᠠᠭᠠᠶᠢᠷᠠᠬᠤ ᠶᠢ ᠠᠬᠢᠭᠤᠯᠤᠨ᠎ᠠ᠃ | ︵ᠭᠤᠷᠪᠠ︶ ᠤᠰᠤᠲᠥ᠋ᠷᠥᠭᠴᠢᠲᠤ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ | ᠪᠤᠵᠠᠭᠠᠶᠢᠷᠠᠭᠤᠯᠤᠨ᠎ᠠ᠃ ᠤᠰᠤᠲᠥ᠋ᠷᠥᠭᠴᠢᠲᠤ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ | ᠡᠯ᠎ᠡ ᠭᠤᠭᠴᠤᠭ᠎ᠠ ᠪᠠ ᠬᠡᠯᠬᠢᠶ᠎ᠡ ᠶᠢ ᠬᠦᠴᠦᠷᠬᠡᠭᠵᠢᠭᠦᠯᠦᠨ᠂ ᠬᠥᠬᠡᠬᠤᠲᠠ ᠪᠤᠭᠤᠲᠤ ᠣᠷᠳᠣᠰ ᠲᠦᠩᠯᠢᠶᠣᠣ ᠶᠢᠨ | ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ | ᠤᠰᠤᠲᠥ᠋ᠷᠥᠭᠴᠢᠲᠤ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠡᠯᠬᠢᠶᠡᠨ ᠤ ᠳᠤᠮᠳᠠ | ᠳᠡᠭᠡᠳᠦ ᠦᠵᠦᠭᠦᠷ ᠲᠡᠶᠢᠰᠢ ᠳᠠᠪᠰᠢᠬᠤ ᠶᠢ ᠨᠢ ᠠᠬᠢᠭᠤᠯᠤᠨ᠎ᠠ᠃ ᠤᠰᠤᠲᠥ᠋ᠷᠥᠭᠴᠢᠲᠤ ᠡᠨᠧᠷᠭᠢ ᠶᠢᠨ ︽ᠦᠢᠯᠡᠳᠬᠦ | ᠨᠥᠭᠡᠴᠡᠯᠡᠬᠦ ᠵᠥᠭᠡᠭᠡᠪᠦᠷᠢᠯᠡᠬᠦ ᠨᠡᠮᠡᠬᠦ︾ ᠠᠵᠤ ᠦᠢᠯᠡᠰ ᠤᠨ ᠪᠦᠯᠦᠭᠵᠢᠯ ᠢ ᠪᠣᠶ ᠪᠣᠯᠭᠠᠵᠤ᠂ ᠴᠠᠬᠢᠯᠭᠠᠨ ᠵᠠᠳᠠᠯᠤᠯ ᠤᠨ | ᠤᠰᠤ ᠪᠠᠷ ᠤᠰᠤᠲᠥ᠋ᠷᠥᠭᠴᠢ ᠦᠢᠯᠡᠳᠬᠦ ᠲᠣᠨᠤᠭ ᠲᠥᠬᠦᠭᠡᠷᠦᠮᠵᠢ᠂ ᠰᠢᠩᠭᠡᠨ ᠤᠰᠤᠲᠥ᠋ᠷᠥᠭᠴᠢ ᠶᠢ ᠨᠥᠭᠡᠴᠡᠯᠡᠵᠦ | ᠵᠥᠭᠡᠭᠡᠪᠦᠷᠢᠯᠡᠬᠦ ᠲᠣᠨᠤᠭ ᠲᠥᠬᠦᠭᠡᠷᠦᠮᠵᠢ᠂ ᠤᠰᠤᠲᠥ᠋ᠷᠥᠭᠴᠢ ᠳᠠᠮᠵᠢᠭᠤᠯᠬᠤ ᠬᠤᠭᠤᠯᠠᠢ ᠭᠤᠤᠷᠰᠤ᠂ | ᠤᠰᠤᠲᠥ᠋ᠷᠥᠭᠴᠢ ᠨᠡᠮᠡᠬᠦ ᠲᠣᠨᠤᠭ ᠲᠥᠬᠦᠭᠡᠷᠦᠮᠵᠢ ᠪᠠ ᠤᠰᠤᠲᠥ᠋ᠷᠥᠭᠴᠢ ᠰᠢᠲᠠᠮᠠᠬᠠᠢ ᠬᠡᠢ ᠶᠢᠨ ᠲᠦᠷᠪᠢᠨ ᠵᠡᠷᠭᠡ ᠶᠢ | ᠰᠤᠳᠤᠯᠤᠨ ᠨᠡᠭᠡᠭᠡᠵᠦ ᠬᠡᠷᠡᠭᠯᠡᠬᠦ ᠠᠵᠢᠯ ᠢ ᠥᠷᠨᠢᠭᠦᠯᠦᠨ᠎ᠡ᠃ ᠤᠰᠤᠲᠥ᠋ᠷᠥᠭᠴᠢᠲᠤ ᠲᠦᠯᠡᠰᠢᠨ ᠴᠠᠬᠢᠯᠭᠠᠨ ᠵᠠᠢ ᠵᠢᠴᠢ | ᠭᠤᠣᠯ ᠰᠡᠯᠪᠢᠭ ᠲᠤᠨᠤᠭ᠂ ᠤᠰᠤᠲᠥ᠋ᠷᠥᠭᠴᠢᠲᠤ ᠲᠦᠯᠡᠰᠢᠨ ᠴᠠᠬᠢᠯᠭᠠᠨ ᠵᠠᠢ ᠶᠢᠨ ᠮᠠᠰᠢᠨ ᠲᠡᠷᠭᠡ ᠶᠢ ᠪᠦᠬᠦ᠋ᠢᠯᠡ | ᠴᠣᠭᠴᠠ ᠪᠠᠷ ᠨᠢ ᠠᠵᠤ ᠦᠢᠯᠡᠰᠵᠢᠭᠦᠯᠬᠦ ᠶᠢ ᠠᠬᠢᠭᠤᠯᠵᠤ᠂ ᠡᠯ᠎ᠡ ᠵᠦᠢᠯ ᠤᠨ ᠤᠰᠤᠲᠥ᠋ᠷᠥᠭᠴᠢᠲᠤ ᠲᠦᠯᠡᠰᠢᠨ | ᠴᠠᠬᠢᠯᠭᠠᠨ ᠵᠠᠢ ᠶᠢᠨ ᠮᠠᠰᠢᠨ ᠲᠡᠷᠭᠡᠨ ᠤ ᠬᠡᠯᠪᠡᠷᠢ ᠬᠢᠴᠡ ᠶᠢ ᠰᠤᠳᠤᠯᠤᠨ ᠨᠡᠭᠡᠭᠡᠵᠦ ᠬᠡᠷᠡᠭᠯᠡᠬᠦ ᠠᠵᠢᠯ ᠢ ᠥᠷᠨᠢᠭᠦᠯᠦᠨ᠎ᠡ | ᠃ ᠠᠵᠤ ᠦᠢᠯᠡᠰ ᠤᠨ ᠬᠡᠯᠬᠢᠶᠡᠨ ᠤ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠭᠠᠵᠠᠷ ᠣᠷᠣᠨ ᠪᠠ | ᠲᠣᠯᠣᠭᠠᠶᠢᠯᠠᠭᠴᠢ ᠠᠵᠤ ᠠᠬᠤᠶᠢᠯᠠᠯ ᠢᠶᠠᠷ ᠬᠠᠷᠠᠯᠲᠠ ᠪᠣᠯᠭᠠᠵᠤ᠂ ᠬᠤᠳᠠᠯᠳᠤᠭᠠᠴᠢᠨ ᠤᠷᠢᠵᠤ ᠪᠡᠯᠡ ᠲᠠᠲᠠᠬᠤ | ᠡᠷᠴᠢᠮ ᠢᠶᠠᠨ ᠴᠢᠩᠭᠠᠷᠠᠭᠤᠯᠤᠨ᠂ ᠤᠰᠤᠲᠥ᠋ᠷᠥᠭᠴᠢᠲᠤ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ | ᠦᠢᠯᠡᠰ ᠢ ᠬᠡᠪᠴᠢᠶᠡᠵᠢᠭᠦᠯᠦᠨ ᠬᠥᠭᠵᠢᠭᠦᠯᠬᠦ ᠪᠠᠨ ᠲᠦᠷᠭᠡᠳᠬᠡᠨ᠎ᠡ᠃ | ᠭᠤᠷᠪᠠ᠂ ᠤᠰᠤᠲᠥ᠋ᠷᠥᠭᠴᠢᠲᠤ ᠡᠨᠧᠷᠭᠢ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠤᠨ᠎ᠠ | ︵ᠨᠢᠭᠡ︶ ᠤᠰᠤᠲᠥ᠋ᠷᠥᠭᠴᠢ ᠬᠡᠢ ᠶᠢ ᠥᠨᠳᠥᠷ ᠪᠦᠲᠦᠮᠵᠢᠲᠡᠶ ᠪᠠᠷ ᠨᠥᠭᠡᠴᠡᠯᠡᠵᠦ ᠵᠥᠭᠡᠭᠡᠪᠦᠷᠢᠯᠡᠬᠦ ᠶᠢ ᠶᠡᠭᠡ ᠪᠠᠷ | ᠠᠬᠢᠭᠤᠯᠤᠨ᠎ᠠ᠃ ᠪᠣᠬᠢᠷᠲᠤᠯ ᠦᠭᠡᠢ ᠤᠰᠤᠲᠥ᠋ᠷᠥᠭᠴᠢ ᠶᠢᠨ ᠰᠠᠭᠤᠷᠢ ᠪᠡᠯᠡᠳᠬᠡᠮᠵᠢ ᠶᠢ ᠵᠣᠬᠢᠬᠤ ᠬᠡᠮᠵᠢᠶ᠎ᠡ ᠪᠠᠷ | ᠤᠷᠢᠳᠴᠢᠯᠠᠨ ᠪᠠᠶᠢᠷᠢᠰᠢᠭᠤᠯᠵᠤ᠂ ᠤᠰᠤᠲᠥ᠋ᠷᠥᠭᠴᠢ ᠨᠡᠮᠡᠬᠦ ᠥᠷᠲᠡᠭᠡᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ | ᠂ ᠲᠣᠰᠣ ᠨᠡᠮᠡᠬᠦ᠂ ᠬᠡᠢ ᠨᠡᠮᠡᠬᠦ᠂ ᠴᠠᠬᠢᠯᠭᠠᠨ ᠴᠡᠨᠡᠭᠯᠡᠬᠦ ᠥᠷᠲᠡᠭᠡ ᠳᠤ ᠤᠰᠤᠲᠥ᠋ᠷᠥᠭᠴᠢ ᠨᠡᠮᠡᠬᠦ ᠥᠷᠲᠡᠭᠡ | ᠲᠣᠬᠢᠷᠠᠭᠤᠯᠤᠨ ᠪᠠᠶᠢᠭᠤᠯᠬᠤ ᠶᠢ ᠵᠣᠷᠢᠭᠵᠢᠭᠤᠯᠤᠨ᠎ᠠ᠃ 30 ᠮᠧᠭ᠎ᠠ ᠫᠠᠰᠺᠠᠯ ᠪᠠ 50 ᠮᠧᠭ᠎ᠠ ᠫᠠᠰᠺᠠᠯ | ᠠᠪᠴᠢᠭᠤᠯᠤᠭᠰᠠᠨ ᠤᠰᠤᠲᠥ᠋ᠷᠥᠭᠴᠢ ᠬᠡᠢ ᠶᠢᠨ ᠤᠷᠳᠤ ᠬᠤᠭᠤᠯᠠᠶᠢᠲᠤ ᠴᠢᠷᠦᠭᠦᠯ ᠲᠡᠷᠭᠡ ᠶᠢᠨ ᠬᠡᠷᠡᠭᠯᠡᠭᠡᠨ ᠢ | ᠲᠡᠮᠵᠢᠵᠤ᠂ 70 ᠮᠧᠭ᠎ᠠ ᠫᠠᠰᠺᠠᠯ ᠲᠡᠷᠭᠡᠨ ᠳᠤ ᠲᠠᠭᠠᠷᠠᠭᠤᠯᠬᠤ ᠤᠰᠤᠲᠥ᠋ᠷᠥᠭᠴᠢ ᠨᠥᠭᠡᠴᠡᠯᠡᠬᠦ ᠥᠨᠳᠥᠷ ᠳᠠᠷᠤᠯᠲᠠᠲᠤ | ᠯᠣᠩᠬᠤᠯᠢᠭ ᠪᠡᠶ᠎ᠡ ᠶᠢᠨ ᠬᠡᠷᠡᠭᠯᠡᠭᠡᠨ ᠢ ᠬᠠᠶᠢᠨ ᠰᠦᠪᠡᠭᠴᠢᠯᠡᠵᠦ᠂ ᠲᠡᠷᠭᠡᠨ ᠳᠤ ᠲᠠᠭᠠᠷᠠᠭᠤᠯᠬᠤ ᠤᠰᠤᠲᠥ᠋ᠷᠥᠭᠴᠢ | ᠨᠥᠭᠡᠴᠡᠯᠡᠬᠦ ᠶᠡᠭᠡ ᠪᠠᠭᠲᠠᠭᠠᠮᠵᠢᠲᠤ ᠯᠣᠩᠬᠤᠯᠢᠭ ᠪᠡᠶ᠎ᠡ ᠶᠢ ᠨᠡᠭᠡᠭᠡᠨ ᠠᠰᠢᠭᠯᠠᠬᠤ ᠪᠠ ᠬᠡᠷᠡᠭᠯᠡᠬᠦ ᠶᠢ ᠲᠡᠮᠵᠢᠨ᠎ᠡ᠃ | ᠮᠧᠲ᠋ᠢᠯ ᠠᠯᠺᠣᠤᠯ ᠤᠨ ᠰᠢᠩᠭᠡᠨ ᠰᠢᠪᠲᠦᠷ ᠢᠶᠠᠷ ᠤᠰᠤᠲᠥ᠋ᠷᠥᠭᠴᠢ ᠨᠥᠭᠡᠴᠡᠯᠡᠬᠦ ᠠᠴᠢᠶᠠᠯᠠᠭᠴᠢ ᠪᠣᠯᠭᠠᠭᠰᠠᠨ | ᠬᠡᠷᠡᠭᠯᠡᠭᠡᠨ ᠢ ᠬᠠᠶᠢᠨ ᠰᠦᠪᠡᠭᠴᠢᠯᠡᠵᠦ᠂ ᠰᠢᠩᠭᠡᠨ ᠤᠰᠤᠲᠥ᠋ᠷᠥᠭᠴᠢ ᠶᠢ ᠨᠥᠭᠡᠴᠡᠯᠡᠵᠦ ᠵᠥᠭᠡᠭᠡᠪᠦᠷᠢᠯᠡᠬᠦ ᠮᠡᠷᠭᠡᠵᠢᠯ ᠤᠨ | ᠬᠡᠷᠡᠭᠯᠡᠭᠡᠨ ᠢ ᠠᠬᠢᠭᠤᠯᠤᠨ᠎ᠠ᠃ ᠬᠠᠲᠠᠭᠤ ᠲᠥᠯᠥᠪᠲᠦ ᠨᠥᠭᠡᠴᠡ ᠤᠰᠤᠲᠥ᠋ᠷᠥᠭᠴᠢ ᠶᠢ ᠤᠰᠤᠲᠥ᠋ᠷᠥᠭᠴᠢ ᠨᠡᠮᠡᠬᠦ | ᠦᠷᠳᠡᠭᠡ᠂ ᠡᠨᠧᠷᠭᠢ ᠶᠢᠨ ᠬᠠᠩᠭᠠᠯᠭ᠎ᠠ᠂ ᠲᠡᠷᠭᠡ ᠬᠥᠰᠬᠡ ᠳᠤ ᠬᠡᠷᠡᠭᠯᠡᠬᠦ ᠲᠤᠷᠰᠢᠯᠲᠠ ᠪᠠ ᠵᠢᠱᠢᠶ᠎ᠡ ᠦᠵᠡᠭᠦᠯᠬᠦ | ᠠᠵᠢᠯ ᠢ ᠥᠷᠨᠢᠭᠦᠯᠦᠨ᠎ᠡ᠃ ᠠᠵᠤ ᠠᠬᠤᠶᠢᠯᠠᠯ ᠤᠨ ᠪᠣᠬᠢᠷᠲᠤᠯ ᠦᠭᠡᠢ ᠤᠰᠤᠲᠥ᠋ᠷᠥᠭᠴᠢ ᠶᠢ ︽ᠨᠥᠭᠡᠴᠡᠯᠡᠬᠦ᠂ | ᠵᠥᠭᠡᠭᠡᠪᠦᠷᠢᠯᠡᠬᠦ᠂ ᠳᠦᠭᠦᠷᠭᠡᠨ ᠰᠠᠪᠠᠯᠠᠬᠤ︾ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ | ᠣᠷᠣᠯᠴᠠᠬᠤ ᠪᠠ ᠳᠠᠭᠠᠭᠠᠨ ᠪᠠᠶᠢᠭᠤᠯᠬᠤ ᠶᠢ ᠵᠣᠷᠢᠭᠵᠢᠭᠤᠯᠤᠨ᠎ᠠ᠃ | ︵ᠬᠤᠶᠠᠷ︶ ᠤᠰᠤᠲᠥ᠋ᠷᠥᠭᠴᠢ ᠬᠡᠢ ᠶᠢᠨ ᠬᠤᠭᠤᠯᠠᠢ ᠭᠤᠤᠷᠰᠤ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ | ᠠᠬᠢᠭᠤᠯᠤᠨ᠎ᠠ᠃ ᠤᠰᠤᠲᠥ᠋ᠷᠥᠭᠴᠢ ᠳᠠᠮᠵᠢᠭᠤᠯᠬᠤ ᠬᠤᠭᠤᠯᠠᠢ ᠭᠤᠤᠷᠰᠤ ᠶᠢᠨ ᠬᠥᠭᠵᠢᠯᠲᠡ ᠶᠢᠨ ᠲᠥᠯᠦᠪᠵᠢᠭᠦᠯᠭᠡ ᠶᠢ | ᠲᠣᠭᠲᠠᠭᠠᠵᠤ᠂ ᠳᠣᠲᠣᠭᠠᠳᠤ ᠳᠤ ᠪᠠᠨ ᠰᠢᠩᠭᠡᠬᠡᠨ ᠪᠠᠭᠲᠠᠭᠠᠬᠤ ᠪᠠ ︽ᠥᠪᠥᠷ ᠮᠣᠩᠭᠤᠯ ᠤᠨ ᠤᠰᠤᠲᠥ᠋ᠷᠥᠭᠴᠢ ᠶᠢ | ᠭᠠᠳᠠᠭᠰᠢ ᠬᠦᠷᠭᠡᠬᠦ︾ ᠨᠡᠪᠲᠡᠷᠡᠯ ᠵᠠᠮ ᠢ ᠪᠥᠬᠦ ᠲᠠᠯ᠎ᠠ ᠪᠠᠷ ᠨᠡᠪᠲᠡᠷᠡᠭᠦᠯᠦᠨ᠎ᠡ᠃ ᠳᠣᠲᠣᠷ ᠭᠠᠳᠠᠷ ᠢ ᠬᠤᠯᠪᠣᠯᠳᠤᠭᠤᠯᠤᠨ | ᠨᠡᠪᠲᠡᠷᠡᠭᠦᠯᠦᠭᠰᠡᠨ ᠬᠦᠷᠭᠡᠯᠲᠡ ᠶᠢᠨ ᠭᠤᠣᠯ ᠱᠤᠭᠤᠮ ᠢ ᠭᠤᠣᠯᠳᠠᠯᠭ᠎ᠠ ᠪᠣᠯᠭᠠᠨ ᠴᠣᠭᠴᠠᠯᠠᠵᠤ᠂ ᠠᠮᠢᠳᠤᠯᠢᠭ ᠢᠶᠠᠷ | ᠨᠥᠭᠡᠴᠡᠯᠡᠵᠦ ᠰᠠᠯᠭᠠᠨ ᠠᠪᠬᠤ ᠰᠠᠯᠪᠤᠷᠢ ᠱᠤᠭᠤᠮ ᠢ ᠪᠠᠶᠢᠭᠤᠯᠤᠨ᠂ ︽ᠨᠢᠭᠡ ᠭᠤᠣᠯ ᠱᠤᠭᠤᠮ ᠬᠤᠣᠰ | ᠴᠠᠭᠠᠷᠢᠭᠯᠠᠭᠰᠠᠨ ᠲᠣᠣᠷ ᠳᠥᠷᠪᠡᠨ ᠭᠠᠷᠴᠠ︾ ᠲᠠᠢ ᠪᠣᠬᠢᠷᠲᠤᠯ ᠦᠭᠡᠢ ᠤᠰᠤᠲᠥ᠋ᠷᠥᠭᠴᠢ ᠶᠢ ᠳᠠᠮᠵᠢᠭᠤᠯᠤᠨ ᠬᠦᠷᠭᠡᠬᠦ | ᠬᠤᠭᠤᠯᠠᠢ ᠭᠤᠤᠷᠰᠤ ᠶᠢᠨ ᠪᠠᠶᠢᠷᠢᠰᠢᠭᠤᠯᠤᠯᠲᠠ ᠶᠢ ᠪᠣᠶ ᠪᠣᠯᠭᠠᠨ᠎ᠠ᠃ ᠤᠰᠤᠲᠥ᠋ᠷᠥᠭᠴᠢ ᠬᠡᠢ ᠳᠠᠮᠵᠢᠭᠤᠯᠤᠨ ᠬᠦᠷᠭᠡᠬᠦ | ᠬᠤᠭᠤᠯᠠᠢ ᠭᠤᠤᠷᠰᠤ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠥᠬᠦᠨ ᠢ ᠥᠪᠡᠷᠲᠡᠭᠡᠨ ᠵᠠᠰᠠᠬᠤ | ᠣᠷᠣᠨ ᠤ ᠲᠥᠯᠦᠪᠵᠢᠭᠦᠯᠭᠡ ᠶᠢᠨ ᠪᠠᠶᠢᠷᠢᠰᠢᠭᠤᠯᠤᠯ ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠢᠯ | ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠡᠢ ᠳᠠᠮᠵᠢᠭᠤᠯᠬᠤ ᠬᠤᠭᠤᠯᠠᠢ ᠭᠤᠤᠷᠰᠤ ᠶᠢᠨ | ᠲᠣᠣᠷ ᠤᠨ ᠲᠥᠷᠥᠯ ᠵᠦᠢᠯ ᠢᠶᠠᠷ ᠯᠠᠪᠯᠠᠯᠲᠠ ᠪᠣᠯᠭᠠᠨ ᠬᠠᠮᠢᠶᠠᠷᠤᠨ᠎ᠠ᠃ ᠥᠪᠡᠷᠲᠡᠭᠡᠨ ᠵᠠᠰᠠᠬᠤ ᠣᠷᠣᠨ ᠤ | ᠲᠥᠯᠦᠪᠵᠢᠭᠦᠯᠭᠡ ᠳᠤ ᠣᠷᠣᠭᠤᠯᠤᠭᠰᠠᠨ ᠦᠭᠡᠢ ᠳᠠᠮᠵᠢᠭᠤᠯᠬᠤ ᠬᠤᠭᠤᠯᠠᠢ ᠭᠤᠤᠷᠰᠤ ᠶᠢᠨ ᠲᠥᠷᠥᠯ ᠵᠦᠢᠯ ᠢ | ᠲᠥᠷᠥᠯ ᠵᠦᠢᠯ ᠪᠣᠯᠭᠠᠨ ᠲᠣᠭᠲᠠᠭᠠᠵᠤ ᠪᠣᠯᠬᠤ ᠦᠭᠡᠢ᠃ | ᠳᠥᠷᠪᠡ᠂ ᠬᠡᠷᠡᠭᠯᠡᠭᠡᠨ ᠤ ᠠᠬᠤᠢ ᠪᠠᠶᠢᠳᠠᠯ ᠤᠨ ᠲᠤᠷᠰᠢᠯᠲᠠ ᠪᠠ ᠵᠢᠱᠢᠶ᠎ᠡ ᠦᠵᠡᠭᠦᠯᠬᠦ ᠠᠵᠢᠯ ᠢ ᠲᠦᠷᠭᠡᠳᠬᠡᠨ | ᠠᠬᠢᠭᠤᠯᠤᠨ᠎ᠠ | ︵ᠨᠢᠭᠡ︶ ᠪᠣᠬᠢᠷᠲᠤᠯ ᠦᠭᠡᠢ ᠤᠰᠤᠲᠥ᠋ᠷᠥᠭᠴᠢ ᠶᠢᠨ ᠣᠷᠤᠯᠠᠭᠤᠯᠤᠯᠲᠠ ᠶᠢ ᠶᠡᠭᠡ ᠪᠠᠷ ᠠᠬᠢᠭᠤᠯᠵᠤ᠂ | ᠣᠷᠣᠯᠠᠭᠤᠯᠵᠤ ᠳᠡᠶᠢᠯᠬᠦ ᠪᠦᠬᠦᠨ ᠢ ᠣᠷᠣᠯᠠᠭᠤᠯᠬᠤ ᠶᠢ ᠪᠡᠶᠡᠯᠡᠭᠦᠯᠦᠨ᠎ᠡ᠃ ︽ᠪᠣᠬᠢᠷᠲᠤᠯ ᠦᠭᠡᠢ ᠤᠰᠤᠲᠥ᠋ᠷᠥᠭᠴᠢ + | ᠠᠵᠤ ᠦᠢᠯᠡᠳᠪᠦᠷᠢ︾ ᠶᠢ ᠭᠦᠨᠵᠡᠭᠡᠢ ᠠᠬᠢᠭᠤᠯᠵᠤ᠂ ᠪᠣᠬᠢᠷᠲᠤᠯ ᠦᠭᠡᠢ ᠤᠰᠤᠲᠥ᠋ᠷᠥᠭᠴᠢ ᠶᠢ ᠬᠢᠮᠢ ᠶᠢᠨ ᠠᠵᠤ | ᠦᠢᠯᠡᠳᠪᠦᠷᠢ ᠲᠠᠢ ᠡᠪᠴᠡᠯᠳᠦᠭᠦᠯᠬᠦ᠂ ᠪᠣᠬᠢᠷᠲᠤᠯ ᠦᠭᠡᠢ ᠤᠰᠤᠲᠥ᠋ᠷᠥᠭᠴᠢ ᠪᠠᠷ ᠲᠡᠮᠦᠷᠯᠢᠭ ᠬᠠᠶᠢᠯᠤᠭᠤᠯᠬᠤ᠂ | ᠪᠣᠬᠢᠷᠲᠤᠯ ᠦᠭᠡᠢ ᠤᠰᠤᠲᠥ᠋ᠷᠥᠭᠴᠢ ᠪᠠᠷ ᠪᠣᠯᠪᠠᠰᠤᠷᠠᠭᠤᠯᠵᠤ ᠬᠠᠶᠢᠯᠤᠭᠤᠯᠬᠤ ᠶᠢ ᠬᠡᠷᠡᠭᠵᠢᠭᠦᠯᠦᠨ᠂ ᠠᠵᠤ | ᠦᠢᠯᠡᠳᠪᠦᠷᠢ ᠶᠢ ᠨᠡᠭᠦᠷᠡᠰᠦᠲᠥ᠋ᠷᠥᠭᠴᠢ ᠦᠭᠡᠶᠢᠳᠡᠭᠦᠯᠬᠦ ᠤᠷᠤᠭᠤ ᠬᠥᠲᠥᠯᠥᠨ ᠳᠠᠭᠠᠭᠤᠯᠵᠤ᠂ ᠠᠵᠤ | ᠦᠢᠯᠡᠳᠪᠦᠷᠢ ᠶᠢᠨ ᠬᠦᠷᠢᠶ᠎ᠡ ᠴᠠᠷᠠᠭ᠎ᠠ ᠶᠢᠨ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ | ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ ᠤᠰᠤᠲᠥ᠋ᠷᠥᠭᠴᠢᠲᠤ ᠡᠨᠧᠷᠭᠢ ᠶᠢᠨ ᠬᠠᠩᠭᠠᠯᠭ᠎ᠠ ᠶᠢᠨ ᠪᠦᠲᠦᠴᠡ ᠳᠤ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠯᠭᠠᠬᠤ ᠶᠢ ᠨᠢ ᠲᠦᠷᠭᠡᠳᠬᠡᠵᠦ᠂ ᠠᠵᠤ ᠦᠢᠯᠡᠳᠪᠦᠷᠢ ᠶᠢᠨ | ᠳᠠᠭᠠᠯᠳᠤᠪᠤᠷᠢ ᠤᠰᠤᠲᠥ᠋ᠷᠥᠭᠴᠢ ᠶᠢ ᠰᠢᠯᠢᠵᠦ ᠴᠡᠪᠡᠷᠰᠢᠭᠦᠯᠦᠨ ᠠᠰᠢᠭᠯᠠᠬᠤ ᠶᠢ ᠳᠡᠮᠵᠢᠵᠦ᠂ ᠠᠵᠤ ᠦᠢᠯᠡᠳᠪᠦᠷᠢ ᠶᠢᠨ | ᠳᠠᠭᠠᠯᠳᠤᠪᠤᠷᠢ ᠤᠰᠤᠲᠥ᠋ᠷᠥᠭᠴᠢ ᠶᠢ ᠣᠶᠢᠷ᠎ᠠ ᠬᠠᠪᠢ ᠳᠤ ᠪᠠᠨ ᠰᠢᠩᠭᠡᠬᠡᠨ ᠪᠠᠭᠲᠠᠭᠠᠬᠤ ᠶᠢ ᠵᠣᠷᠢᠭᠵᠢᠭᠤᠯᠤᠨ᠂ | ᠤᠰᠤᠲᠥ᠋ᠷᠥᠭᠴᠢᠲᠤ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠡᠬᠢᠨ ᠤ ᠬᠤᠭᠤᠴᠠᠭᠠᠨ ᠳᠠᠬᠢ | ᠤᠰᠤᠲᠥ᠋ᠷᠥᠭᠴᠢ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠵᠤ᠂ ᠪᠣᠬᠢᠷᠲᠤᠯ ᠦᠭᠡᠢ ᠤᠰᠤᠲᠥ᠋ᠷᠥᠭᠴᠢ ᠪᠠᠷ | ᠣᠷᠣᠯᠠᠭᠤᠯᠬᠤ ᠳᠤ ᠰᠢᠯᠵᠢᠨ ᠣᠷᠣᠬᠤ ᠳᠤ ᠪᠦᠲᠦᠮᠵᠢᠲᠡᠶ ᠲᠤᠯᠭᠠᠭᠤᠷᠢᠯᠠᠯ ᠬᠠᠩᠭᠠᠨ᠎ᠠ᠃ | ︵ᠬᠤᠶᠠᠷ︶ ᠪᠣᠬᠢᠷᠲᠤᠯ ᠦᠭᠡᠢ ᠤᠰᠤᠲᠥ᠋ᠷᠥᠭᠴᠢ ᠶᠢᠨ ᠬᠡᠷᠡᠭᠯᠡᠭᠡᠨ ᠢ ᠶᠡᠭᠡ ᠪᠠᠷ ᠠᠬᠢᠭᠤᠯᠵᠤ᠂ ᠬᠡᠷᠡᠭᠯᠡᠭᠡᠨ ᠳᠤ | ᠣᠷᠣᠭᠤᠯᠵᠤ ᠪᠣᠯᠬᠤ ᠪᠥᠬᠦᠨ ᠢ ᠬᠡᠷᠡᠭᠯᠡᠭᠡᠨ ᠳᠤ ᠣᠷᠣᠭᠤᠯᠬᠤ ᠶᠢ ᠪᠡᠶᠡᠯᠡᠭᠦᠯᠦᠨ᠎ᠡ᠃ ︽ᠪᠣᠬᠢᠷᠲᠤᠯ ᠦᠭᠡᠢ | ᠤᠰᠤᠲᠥ᠋ᠷᠥᠭᠴᠢ ++ ᠵᠠᠮ ᠬᠠᠷᠢᠯᠴᠠᠭ᠎ᠠ︾ ᠶᠢ ᠭᠦᠨᠵᠡᠭᠡᠢ ᠠᠬᠢᠭᠤᠯᠵᠤ᠂ ᠠᠭᠤᠷᠬᠠᠢ ᠶᠢᠨ ᠣᠷᠣᠨ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ ᠡᠵᠡᠩᠨᠡᠯᠲᠡ ᠶᠢᠨ ᠬᠦᠴᠦᠯᠡᠴᠡ ᠪᠠᠷ ᠶᠡᠭᠡ᠂ ᠠᠶᠠᠯᠠᠨ ᠶᠠᠪᠤᠬᠤ | ᠵᠠᠮ ᠱᠤᠭᠤᠮ ᠨᠢ ᠲᠣᠭᠲᠠᠮᠠᠯ ᠠᠬᠤᠢ ᠪᠠᠶᠢᠳᠠᠯ ᠪᠠ ᠬᠤᠳᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠲᠡᠷᠭᠡ᠂ | ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠡᠷᠭᠡ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠡᠷᠭᠡ | ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠤ ᠭᠤᠣᠯᠳᠠᠯᠭ᠎ᠠ ᠲᠠᠢ ᠪᠠᠷ ᠤᠰᠤᠲᠥ᠋ᠷᠥᠭᠴᠢᠲᠤ | ᠲᠦᠯᠡᠰᠢᠨ ᠴᠠᠬᠢᠯᠭᠠᠨ ᠵᠠᠢ ᠶᠢᠨ ᠮᠠᠰᠢᠨ ᠲᠡᠷᠭᠡ ᠶᠢ ᠶᠡᠭᠡ ᠪᠠᠷ ᠳᠡᠯᠭᠡᠷᠡᠭᠦᠯᠦᠨ ᠬᠡᠷᠡᠭᠯᠡᠵᠦ᠂ ᠤᠰᠤᠲᠥ᠋ᠷᠥᠭᠴᠢᠲᠤ | ᠲᠦᠯᠡᠰᠢᠨ ᠴᠠᠬᠢᠯᠭᠠᠨ ᠵᠠᠢ ᠶᠢᠨ ᠮᠠᠰᠢᠨ ᠲᠡᠷᠭᠡᠨ ᠤ ᠵᠢᠱᠢᠶ᠎ᠡ ᠦᠵᠡᠭᠦᠯᠬᠦ ᠬᠤᠳᠠ ᠶᠢᠨ ᠪᠦᠯᠦᠭᠵᠢᠯ ᠢ ᠡᠭᠦᠳᠦᠨ | ᠪᠠᠶᠢᠭᠤᠯᠬᠤ ᠡᠭᠦᠷᠭᠡ ᠪᠠᠨ ᠪᠡᠶᠡᠯᠡᠭᠦᠯᠬᠦ ᠶᠢ ᠠᠬᠢᠭᠤᠯᠤᠨ᠎ᠠ᠃ ᠤᠰᠤᠲᠥ᠋ᠷᠥᠭᠴᠢᠲᠤ ᠲᠦᠯᠡᠰᠢᠨ ᠴᠠᠬᠢᠯᠭᠠᠨ ᠵᠠᠢ ᠶᠢᠨ | ᠮᠠᠰᠢᠨ ᠲᠡᠷᠭᠡ ᠬᠢᠭᠡᠳ ᠯᠢᠲ᠋ᠢ ᠴᠠᠬᠢᠯᠭᠠᠨ ᠵᠠᠢ ᠶᠢᠨ ᠴᠣᠯ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠶᠢᠨ | ᠬᠠᠷᠢᠯᠴᠠᠨ ᠨᠥᠬᠦᠪᠦᠷᠢᠯᠡᠬᠦ ᠬᠥᠭᠵᠢᠯᠲᠡ ᠶᠢᠨ ᠬᠡᠪ ᠵᠠᠭᠪᠤᠷ ᠢ ᠪᠠᠶᠢᠭᠤᠯᠵᠤ᠂ ᠴᠠᠶᠢᠶ᠋ᠢᠦ ᠲᠣᠰᠣᠨ ᠤ ᠮᠠᠰᠢᠨ | ᠲᠡᠷᠭᠡ ᠪᠠᠨ ᠤᠰᠤᠲᠥ᠋ᠷᠥᠭᠴᠢᠲᠤ ᠲᠦᠯᠡᠰᠢᠨ ᠴᠠᠬᠢᠯᠭᠠᠨ ᠵᠠᠢ ᠶᠢᠨ ᠮᠠᠰᠢᠨ ᠲᠡᠷᠭᠡ ᠪᠠᠷ ᠰᠣᠯᠢᠭᠤᠯᠬᠤ ᠶᠢ ᠬᠥᠲᠥᠯᠥᠨ | ᠵᠢᠯᠤᠭᠤᠳᠴᠤ᠂ ᠤᠰᠤᠲᠥ᠋ᠷᠥᠭᠴᠢᠲᠤ ᠲᠦᠯᠡᠰᠢᠨ ᠴᠠᠬᠢᠯᠭᠠᠨ ᠵᠠᠢ ᠶᠢᠨ ᠮᠠᠰᠢᠨ ᠲᠡᠷᠭᠡᠨ ᠤ ᠠᠵᠤ ᠦᠢᠯᠡᠰ ᠤᠨ | ᠬᠥᠭᠵᠢᠯᠲᠡ ᠶᠢᠨ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠎ᠡ᠃ ︽ᠪᠣᠬᠢᠷᠲᠤᠯ ᠦᠭᠡᠢ ᠤᠰᠤᠲᠥ᠋ᠷᠥᠭᠴᠢ + | ᠴᠠᠬᠢᠯᠭᠠᠨ ᠬᠦᠴᠦᠨ︾᠂ ︽ᠪᠣᠬᠢᠷᠲᠤᠯ ᠦᠭᠡᠢ ᠤᠰᠤᠲᠥ᠋ᠷᠥᠭᠴᠢ + ᠪᠠᠷᠢᠯᠭ᠎ᠠ︾ ᠶᠢ ᠰᠦᠪᠡᠭᠴᠢᠯᠡᠵᠦ᠂ ᠴᠠᠬᠢᠯᠭᠠᠨ | ᠬᠦᠴᠦᠨ ᠪᠠ ᠪᠠᠷᠢᠯᠭ᠎ᠠ ᠶᠢᠨ ᠬᠦᠷᠢᠶ᠎ᠡ ᠴᠠᠷᠠᠭ᠎ᠠ ᠳᠤ ᠪᠡᠯᠡᠳᠬᠡᠯ ᠴᠠᠬᠢᠯᠭᠠᠨ ᠡᠭᠦᠰᠬᠡᠭᠴᠢ᠂ ᠲᠠᠷᠬᠠᠮᠠᠯ ᠮᠠᠶ᠋ᠢᠭ ᠤᠨ | ᠴᠠᠬᠢᠯᠭᠠᠨ ᠭᠠᠷᠭᠠᠯᠲᠠ᠂ ᠢᠯᠴᠢ ᠴᠠᠬᠢᠯᠭᠠᠨ ᠢ ᠵᠡᠷᠭᠡ ᠪᠠᠷ ᠬᠠᠩᠭᠠᠬᠤ ᠵᠡᠷᠭᠡ ᠪᠣᠬᠢᠷᠲᠤᠯ ᠦᠭᠡᠢ | ᠤᠰᠤᠲᠥ᠋ᠷᠥᠭᠴᠢ ᠶᠢᠨ ᠬᠡᠷᠡᠭᠯᠡᠭᠡᠨ ᠤ ᠠᠬᠤᠢ ᠪᠠᠶᠢᠳᠠᠯ ᠢ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠦᠨ᠎ᠡ᠃ | ︵ᠭᠤᠷᠪᠠ︶ ᠪᠣᠬᠢᠷᠲᠤᠯ ᠦᠭᠡᠢ ᠤᠰᠤᠲᠥ᠋ᠷᠥᠭᠴᠢ ᠶᠢᠨ ᠤᠯᠠᠷᠢᠭᠤᠯᠤᠯᠲᠠ ᠶᠢ ᠶᠡᠭᠡ ᠪᠠᠷ ᠠᠬᠢᠭᠤᠯᠵᠤ᠂ | ᠤᠯᠠᠷᠢᠭᠤᠯᠵᠤ ᠳᠡᠶᠢᠯᠬᠦ ᠪᠥᠬᠦᠨ ᠢ ᠤᠯᠠᠷᠢᠭᠤᠯᠬᠤ ᠶᠢ ᠪᠡᠶᠡᠯᠡᠭᠦᠯᠦᠨ᠎ᠡ᠃ ︽ᠪᠣᠬᠢᠷᠲᠤᠯ ᠦᠭᠡᠢ ᠤᠰᠤᠲᠥ᠋ᠷᠥᠭᠴᠢ + | ᠤᠯᠠᠷᠢᠭᠤᠯᠤᠯᠲᠠ︾ ᠶᠢ ᠭᠦᠨᠵᠡᠭᠡᠢ ᠠᠬᠢᠭᠤᠯᠵᠤ᠂ ᠪᠣᠬᠢᠷᠲᠤᠯ ᠦᠭᠡᠢ ᠤᠰᠤᠲᠥ᠋ᠷᠥᠭᠴᠢ ᠪᠠᠷ ᠪᠣᠬᠢᠷᠲᠤᠯ ᠦᠭᠡᠢ | ᠮᠧᠲ᠋ᠢᠯ ᠠᠯᠺᠣᠣᠯ᠂ ᠪᠣᠬᠢᠷᠲᠤᠯ ᠦᠭᠡᠢ ᠨᠡᠶᠢᠯᠡᠯᠭᠡ ᠰᠢᠪᠲᠦᠷ᠂ ᠪᠣᠬᠢᠷᠲᠤᠯ ᠦᠭᠡᠢ ᠠᠭᠠᠷ ᠤᠨ ᠠᠶᠠᠯᠠᠯ ᠤᠨ ᠨᠡᠭᠦᠷᠡᠰᠦ | ᠦᠢᠯᠡᠳᠬᠦ ᠵᠡᠷᠭᠡ ᠶᠢ ᠭᠤᠣᠯᠳᠠᠯᠭ᠎ᠠ ᠲᠠᠢ ᠬᠥᠭᠵᠢᠭᠦᠯᠵᠦ᠂ ᠪᠣᠬᠢᠷᠲᠤᠯ ᠦᠭᠡᠢ ᠤᠰᠤᠲᠥ᠋ᠷᠥᠭᠴᠢ ᠶᠢᠨ ᠠᠵᠤ | ᠦᠢᠯᠡᠰ ᠤᠨ ᠬᠡᠯᠬᠢᠶ᠎ᠡ᠂ ᠪᠣᠬᠢᠷᠲᠤᠯ ᠦᠭᠡᠢ ᠥᠷᠲᠡᠭ ᠤᠨ ᠬᠡᠯᠬᠢᠶ᠎ᠡ ᠶᠢ ᠤᠷᠲᠤᠳᠬᠠᠨ᠂ ᠪᠣᠬᠢᠷᠲᠤᠯ ᠦᠭᠡᠢ | ᠤᠰᠤᠲᠥ᠋ᠷᠥᠭᠴᠢ ᠶᠢᠨ ᠦᠢᠯᠡᠳᠪᠦᠷᠢᠯᠡᠯ ᠬᠡᠷᠡᠭᠯᠡᠭᠡᠨ ᠤ ᠲᠣᠮᠣ ᠣᠷᠣᠨ ᠢ ᠴᠣᠭᠴᠠᠯᠠᠨ᠎ᠠ᠃ ᠪᠢᠤᠮᠠᠰ ᠤᠨ ᠡᠬᠢ | ᠪᠠᠶᠠᠯᠢᠭ ᠤᠨ ᠬᠠᠩᠭᠠᠯᠭ᠎ᠠ ᠳᠠᠬᠢ ᠦᠢᠯᠡᠴᠢᠯᠡᠭᠡ ᠬᠠᠮᠢᠶᠠᠷᠤᠯᠲᠠ ᠪᠠᠨ ᠴᠢᠩᠭᠠᠳᠬᠠᠵᠤ᠂ ᠪᠣᠬᠢᠷᠲᠤᠯ ᠦᠭᠡᠢ | ᠤᠰᠤᠲᠥ᠋ᠷᠥᠭᠴᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠳᠤ ᠠᠮᠤᠷ ᠲᠦᠪᠰᠢᠨ ᠲᠣᠭᠲᠠᠭᠤᠨ ᠡᠬᠢ | ᠪᠠᠶᠠᠯᠢᠭ ᠤᠨ ᠪᠠᠲᠤᠯᠠᠭ᠎ᠠ ᠶᠢ ᠬᠠᠩᠭᠠᠨ᠎ᠠ᠃ | ︵ᠳᠥᠷᠪᠡ︶ ᠪᠣᠬᠢᠷᠲᠤᠯ ᠦᠭᠡᠢ ᠤᠰᠤᠲᠥ᠋ᠷᠥᠭᠴᠢ ᠶᠢᠨ ᠭᠠᠳᠠᠭᠰᠢ ᠳᠠᠮᠵᠢᠭᠤᠯᠤᠯᠲᠠ ᠶᠢ ᠶᠡᠭᠡ ᠪᠠᠷ | ᠠᠬᠢᠭᠤᠯᠵᠤ᠂ ᠭᠠᠳᠠᠭᠰᠢ ᠳᠠᠮᠵᠢᠭᠤᠯᠵᠤ ᠳᠡᠶᠢᠯᠬᠦ ᠪᠦᠬᠦᠨ ᠢ ᠳᠠᠮᠵᠢᠭᠤᠯᠬᠤ ᠶᠢ ᠪᠡᠶᠡᠯᠡᠭᠦᠯᠦᠨ᠎ᠡ᠃ ︽ᠪᠣᠬᠢᠷᠲᠤᠯ | ᠦᠭᠡᠢ ᠤᠰᠤᠲᠥ᠋ᠷᠥᠭᠴᠢ + ᠭᠠᠳᠠᠭᠰᠢ ᠳᠠᠮᠵᠢᠭᠤᠯᠤᠯᠲᠠ︾ ᠶᠢ ᠭᠦᠨᠵᠡᠭᠡᠢ ᠠᠬᠢᠭᠤᠯᠵᠤ᠂ ᠭᠤᠣᠯᠳᠠᠭᠤ ᠪᠣᠬᠢᠷᠲᠤᠯ | ᠦᠭᠡᠢ ᠤᠰᠤᠲᠥ᠋ᠷᠥᠭᠴᠢ ᠶᠢᠨ ᠬᠤᠩᠭᠢᠯ ᠳᠤ ᠲᠦᠰᠢᠭᠯᠡᠨ ᠡᠷᠬᠢᠨ ᠲᠣᠭᠤᠷᠢᠨ ᠤ ᠮᠤᠵᠢ ︵ᠣᠷᠣᠨ᠂ ᠬᠤᠲᠠ︶ ᠯᠤᠭ᠎ᠠ | ᠪᠣᠬᠢᠷᠲᠤᠯ ᠦᠭᠡᠢ ᠤᠰᠤᠲᠥ᠋ᠷᠥᠭᠴᠢ ᠶᠢᠨ ᠠᠷᠠᠯᠵᠢᠶᠠᠨ ᠤ ᠬᠠᠮᠲᠤᠷᠠᠯᠴᠠᠭ᠎ᠠ ᠬᠢᠬᠦ ᠶᠢ ᠴᠢᠩᠭᠠᠳᠬᠠᠵᠤ᠂ ︽ᠪᠠᠷᠠᠭᠤᠨ | ᠣᠷᠣᠨ ᠤ ᠤᠰᠤᠲᠥ᠋ᠷᠥᠭᠴᠢ ᠶᠢ ᠵᠡᠭᠦᠨᠰᠢ ᠬᠦᠷᠭᠡᠬᠦ︾ ᠵᠡᠷᠭᠡ ᠭᠤᠣᠯᠳᠠᠯᠭ᠎ᠠ ᠪᠣᠯᠬᠤ ᠢᠨᠵᠧᠨᠧᠷᠢᠩ ᠢ ᠥᠷᠨᠢᠭᠦᠯᠵᠦ᠂ | ᠭᠤᠣᠯ ᠱᠤᠭᠤᠮ ᠤᠨ ᠬᠤᠭᠤᠯᠠᠢ ᠭᠤᠤᠷᠰᠤ ᠳᠤ ᠭᠠᠳᠠᠭᠰᠢ ᠳᠠᠮᠵᠢᠭᠤᠯᠬᠤ ᠨᠡᠪᠲᠡᠷᠡᠯ ᠵᠠᠮ ᠤᠨ ᠬᠤᠯᠪᠣᠨ | ᠨᠡᠪᠲᠡᠷᠡᠭᠦᠯᠦᠭᠰᠡᠨ ᠴᠡᠭ ᠢ ᠪᠠᠶᠢᠭᠤᠯᠵᠤ᠂ ᠪᠥᠬᠦ ᠣᠷᠣᠨ ᠤ ᠤᠰᠤᠲᠥ᠋ᠷᠥᠭᠴᠢ ᠶᠢᠨ ᠢᠷᠡᠯᠲᠡ ᠶᠢ ᠴᠤᠭᠯᠠᠭᠤᠯᠤᠨ | ᠣᠷᠣᠨ ᠤ ᠭᠠᠳᠠᠨᠠᠬᠢ ᠤᠰᠤᠲᠥ᠋ᠷᠥᠭᠴᠢ ᠶᠢᠨ ᠬᠡᠷᠡᠭᠯᠡᠭᠡᠨ ᠤ ᠵᠠᠬ᠎ᠠ ᠳᠡᠯᠭᠡᠭᠦᠷ ᠲᠤ ᠳᠠᠮᠵᠢᠭᠤᠯᠤᠨ ᠬᠦᠷᠭᠡᠨ᠎ᠡ᠃ | ᠲᠠᠪᠤ᠂ ᠦᠢᠯᠡᠳᠪᠦᠷᠢᠯᠡᠯ ᠤᠨ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ | ︵ᠨᠢᠭᠡ︶ ᠴᠠᠬᠢᠯᠭᠠᠨ ᠬᠦᠴᠦᠨ ᠤ ᠲᠣᠣᠷ ᠤᠨ ᠪᠠᠲᠤᠯᠠᠭ᠎ᠠ ᠲᠤᠯᠭᠠᠭᠤᠷᠢᠯᠠᠯ ᠢ ᠴᠢᠩᠭᠠᠷᠠᠭᠤᠯᠤᠨ᠎ᠠ᠃ ᠴᠠᠬᠢᠯᠭᠠᠨ | ᠬᠦᠴᠦᠨ ᠤ ᠲᠣᠣᠷ ᠲᠤ ᠨᠡᠶᠢᠯᠡᠭᠦᠯᠬᠦ ᠬᠡᠯᠪᠡᠷᠢ ᠶᠢᠨ ᠰᠠᠯᠬᠢᠨ ᠪᠠ ᠭᠡᠷᠡᠯᠴᠢ ᠴᠡᠨᠡᠭ ᠢᠶᠠᠷ ᠤᠰᠤᠲᠥ᠋ᠷᠥᠭᠴᠢ | ᠦᠢᠯᠡᠳᠬᠦ ᠶᠢ ᠨᠢᠭᠡ ᠴᠣᠭᠴᠠᠵᠢᠭᠤᠯᠬᠤ ᠲᠥᠷᠥᠯ ᠵᠦᠢᠯ ᠤᠨ ᠵᠢᠯ ᠤᠨ ᠴᠠᠬᠢᠯᠭᠠᠨ ᠬᠦᠴᠦᠨ ᠤ ᠲᠣᠣᠷ ᠲᠤ | ᠣᠷᠣᠭᠤᠯᠬᠤ ᠴᠠᠬᠢᠯᠭᠠᠨ ᠤ ᠬᠡᠮᠵᠢᠶ᠎ᠡ ᠶᠢ ᠲᠥᠷᠥᠯ ᠵᠦᠢᠯ ᠤᠨ ᠵᠢᠯ ᠤᠨ ᠴᠠᠬᠢᠯᠭᠠᠨ ᠭᠠᠷᠭᠠᠬᠤ ᠶᠡᠷᠦᠩᠬᠡᠢ ᠬᠡᠮᠵᠢᠶᠡᠨ ᠤ | 20% ᠠᠴᠠ ᠬᠡᠲᠦᠷᠡᠭᠦᠯᠵᠦ ᠪᠣᠯᠬᠤ ᠦᠭᠡᠢ᠂ ᠵᠢᠯ ᠢᠶᠠᠷ ᠨᠢᠭᠡᠴᠢ ᠪᠣᠯᠭᠠᠨ ᠬᠢᠨᠠᠨ ᠬᠠᠷᠭᠤᠭᠤᠯᠵᠤ᠂ ᠵᠠᠷᠴᠢᠮ | ᠳᠡᠭᠡᠷ᠎ᠡ ᠪᠠᠨ ᠵᠢᠯ ᠪᠦᠷᠢ ᠶᠢᠨ 1 ᠳ᠋ᠦ᠋ᠭᠡᠷ ᠰᠠᠷ᠎ᠠ ᠳᠤ ᠳᠡᠭᠡᠷ᠎ᠡ ᠨᠢᠭᠡ ᠵᠢᠯ ᠤᠨ ᠴᠠᠬᠢᠯᠭᠠᠨ ᠬᠦᠴᠦᠨ ᠤ ᠲᠣᠣᠷ ᠲᠤ | ᠣᠷᠣᠭᠤᠯᠤᠭᠰᠠᠨ ᠴᠠᠬᠢᠯᠭᠠᠨ ᠤ ᠬᠡᠮᠵᠢᠶ᠎ᠡ ᠶᠢ ᠬᠢᠨᠠᠨ ᠬᠠᠷᠭᠤᠭᠤᠯᠤᠨ᠎ᠠ︔ ᠢᠵᠢ ᠪᠦᠷᠢᠳᠦᠭᠦᠯᠦᠭᠰᠡᠨ ᠰᠢᠨ᠎ᠡ | ᠡᠨᠧᠷᠭᠢ ᠶᠢᠨ ᠲᠠᠯᠠᠪᠤᠷ ᠥᠷᠲᠡᠭᠡ ᠶᠢ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠠᠴᠠ ᠤᠷᠢᠳ ᠢᠶᠠᠷ ᠢᠯᠭᠠᠷᠠᠭᠤᠯᠤᠨ | ᠭᠠᠷᠭᠠᠬᠤ ᠶᠢᠨ ᠬᠠᠮᠲᠤ᠂ ᠵᠣᠬᠢᠴᠠᠬᠤ ᠲᠣᠭᠲᠠᠭᠰᠠᠨ ᠴᠠᠭ ᠲᠠᠬᠢ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠭᠥᠯᠢᠶᠡᠨ | ᠠᠪᠴᠤ ᠪᠣᠯᠣᠨ᠎ᠠ︔ ᠥᠪᠡᠰᠦᠪᠡᠨ ᠭᠠᠷᠭᠠᠵᠤ ᠥᠪᠡᠰᠦᠪᠡᠨ ᠬᠡᠷᠡᠭᠯᠡᠬᠦ ᠴᠠᠬᠢᠯᠭᠠᠨ ᠠᠴᠠ ᠰᠢᠰᠲ᠋ᠧᠮ ᠤᠨ ᠪᠡᠯᠡᠳᠬᠡᠯ | ᠵᠠᠷᠤᠳᠠᠯ ᠪᠠ ᠲᠥᠷᠥ ᠶᠢᠨ ᠪᠣᠳᠣᠯᠭ᠎ᠠ ᠶᠢᠨ ᠴᠢᠨᠠᠷᠲᠠᠢ ᠰᠣᠯᠪᠢᠴᠠᠯ ᠤᠨ ᠨᠡᠮᠡᠭᠦᠷᠢ ᠶᠢ ᠲᠦᠷ ᠲᠠᠲᠠᠪᠤᠷᠢᠯᠠᠬᠤ ᠦᠭᠡᠢ᠃ | | ︵ᠬᠤᠶᠠᠷ︶ ᠪᠣᠬᠢᠷᠲᠤᠯ ᠦᠭᠡᠢ ᠤᠰᠤᠲᠥ᠋ᠷᠥᠭᠴᠢ ᠶᠢᠨ ᠠᠵᠤ ᠦᠢᠯᠡᠰ ᠤᠨ ᠪᠠᠷᠢᠮᠵᠢᠶᠠᠨ ᠤ ᠲᠣᠭᠲᠠᠯᠴᠠᠭ᠎ᠠ ᠶᠢ | ᠲᠡᠭᠦᠯᠳᠡᠷᠵᠢᠭᠦᠯᠦᠨ᠎ᠡ᠃ ᠪᠣᠬᠢᠷᠲᠤᠯ ᠦᠭᠡᠢ ᠤᠰᠤᠲᠥ᠋ᠷᠥᠭᠴᠢᠲᠤ ᠠᠵᠤ ᠦᠢᠯᠡᠰ ᠢ ᠪᠠᠷᠢᠮᠵᠢᠶᠠᠵᠢᠭᠤᠯᠬᠤ ᠠᠵᠢᠯ ᠢᠶᠠᠨ | ᠴᠢᠩᠭᠠᠳᠬᠠᠵᠤ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠭᠡᠨ ᠤ ᠡᠯ᠎ᠡ ᠲᠠᠯ᠎ᠠ ᠶᠢᠨ ᠬᠢᠨ ᠤ | ᠤᠯᠤᠰ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠶᠢ ᠲᠣᠭᠲᠠᠭᠠᠬᠤ ᠳᠤ | ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠤᠨ᠂ ᠳᠠᠬᠢᠨ ᠡᠭᠦᠰᠴᠦ ᠪᠣᠯᠬᠤ ᠡᠨᠧᠷᠭᠢ ᠪᠠᠷ ᠤᠰᠤᠲᠥ᠋ᠷᠥᠭᠴᠢ | ᠦᠢᠯᠡᠳᠬᠦ᠂ ᠤᠰᠤᠲᠥ᠋ᠷᠥᠭᠴᠢ ᠬᠡᠢ ᠶᠢᠨ ᠶᠠᠰᠤ ᠴᠢᠨᠠᠷ ᠢ ᠪᠠᠶᠢᠴᠠᠭᠠᠨ ᠰᠢᠯᠭᠠᠬᠤ᠂ ᠤᠰᠤᠲᠥ᠋ᠷᠥᠭᠴᠢᠲᠤ ᠡᠨᠧᠷᠭᠢ ᠶᠢᠨ | ᠬᠤᠭᠤᠯᠠᠢ ᠭᠤᠤᠷᠰᠤ᠂ ᠤᠰᠤᠲᠥ᠋ᠷᠥᠭᠴᠢ ᠨᠡᠮᠡᠬᠦ ᠥᠷᠲᠡᠭᠡ ᠵᠡᠷᠭᠡ ᠲᠠᠯ᠎ᠠ ᠶᠢᠨ ᠪᠠᠷᠢᠮᠵᠢᠶ᠎ᠠ ᠶᠢ ᠲᠣᠭᠲᠠᠭᠠᠬᠤ ᠳᠤ | ᠭᠤᠣᠯᠳᠠᠯᠭ᠎ᠠ ᠲᠠᠢ ᠪᠠᠷ ᠣᠷᠣᠯᠴᠠᠵᠤ᠂ ᠪᠣᠬᠢᠷᠲᠤᠯ ᠦᠭᠡᠢ ᠤᠰᠤᠲᠥ᠋ᠷᠥᠭᠴᠢᠲᠤ ᠠᠵᠤ ᠦᠢᠯᠡᠰ ᠤᠨ ᠬᠥᠭᠵᠢᠯᠲᠡ ᠳᠤ | ᠲᠤᠯᠭᠠᠭᠤᠷᠢᠯᠠᠯ ᠬᠠᠩᠭᠠᠨ᠎ᠠ᠃ ᠪᠣᠬᠢᠷᠲᠤᠯ ᠦᠭᠡᠢ ᠤᠰᠤᠲᠥ᠋ᠷᠥᠭᠴᠢᠲᠤ ᠠᠵᠤ ᠦᠢᠯᠡᠰ ᠤᠨ ᠪᠠᠷᠢᠮᠵᠢᠶ᠎ᠠ ᠶᠢ | ᠬᠡᠷᠡᠭᠯᠡᠭᠡᠨ ᠳᠤ ᠣᠷᠣᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ | ᠴᠢᠩᠭ᠎ᠠ ᠬᠡᠷᠡᠭᠵᠢᠭᠦᠯᠦᠨ᠂ ᠲᠠᠨᠢᠯᠴᠠᠭᠤᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠢᠳᠡᠪᠬᠢᠲᠡᠢ ᠬᠡᠷᠡᠭᠯᠡᠨ᠎ᠡ᠃ | ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠤᠳᠤᠷᠢᠳᠤᠯᠭ᠎ᠠ ᠪᠠᠨ ᠦᠨᠡᠨ ᠬᠦ | ᠴᠢᠩᠭᠠᠳᠬᠠᠵᠤ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ | ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ᠤᠰᠤᠲᠥ᠋ᠷᠥᠭᠴᠢᠲᠤ ᠡᠨᠧᠷᠭᠢ ᠶᠢᠨ ᠠᠵᠤ | ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠲᠣᠰ ᠮᠡᠳᠡᠭᠳᠡᠯ ᠢ | ᠬᠡᠷᠡᠭᠵᠢᠭᠦᠯᠦᠭᠰᠡᠨ ᠪᠠᠶᠢᠳᠠᠯ ᠢ ᠬᠥᠳᠡᠯᠦᠩᠭᠦᠢ ᠪᠠᠷ ᠬᠢᠨᠠᠨ ᠬᠡᠮᠵᠢᠬᠦ ᠪᠠ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ | ᠵᠢᠱᠢᠬᠦ ᠠᠵᠢᠯ ᠢᠶᠠᠨ ᠰᠠᠶᠢᠲᠤᠷ ᠬᠢᠵᠦ᠂ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤ ᠨᠢ ᠰᠤᠳᠤᠯᠤᠨ | ᠰᠢᠢᠳᠪᠦᠷᠢᠯᠡᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ | ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ | | | 2024ᠣᠨ ᠤ 5 ᠳ᠋ᠤᠭᠠᠷ ᠰᠠᠷ᠎ᠠ ᠶᠢᠨ 30 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2024 ᠣᠨ ᠤ 6 ᠳ᠋ᠤᠭᠠᠷ ᠰᠠᠷ᠎ᠠ ᠶᠢᠨ 3 ᠤ ᠡᠳᠦᠷ ᠳᠠᠷᠤᠮᠠᠯᠯᠠᠨ ᠲᠠᠷᠬᠠᠭᠠᠪᠠ | | |