ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠠᠵᠢᠯ ᠤᠨ ᠠᠯᠳᠠᠭ᠎ᠠ ᠪᠤᠷᠤᠭᠤ ᠶᠢ ᠠᠭᠤᠴᠢᠯᠠᠵᠤ ᠬᠠᠷᠢᠭᠤᠴᠠᠯᠭ᠎ᠠ ᠠᠴᠠ ᠬᠡᠯᠲᠦᠷᠢᠭᠦᠯᠬᠦ ᠨᠠᠷᠢᠨ ᠲᠠᠩᠰᠠ | ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠨᠠᠷᠢᠨ ᠲᠠᠩᠰᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ | ᠳᠤᠮᠳᠠᠬᠢ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠬᠠᠷᠢᠭᠤᠴᠠᠯᠭ᠎ᠠ ᠠᠴᠠ ᠬᠡᠯᠲᠦᠷᠢᠭᠦᠯᠬᠦ ᠲᠣᠭᠲᠠᠴᠠ ᠶᠢ | ᠴᠢᠨᠠᠭᠰᠢᠳᠠ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠶᠢ ᠵᠣᠷᠢᠭᠵᠢᠭᠤᠯᠬᠤ᠂ ᠢᠯᠠᠭᠳᠠᠯ ᠢ ᠠᠭᠤᠴᠢᠯᠠᠨ ᠪᠠᠭᠲᠠᠭᠠᠬᠤ | ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠤᠯᠭᠠᠵᠤ ᠪᠤᠢ᠃ | ︽ᠨᠠᠷᠢᠨ ᠲᠠᠩᠰᠠ︾ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠠᠪᠤᠴᠠ ᠳᠤ | ᠲᠤᠯᠭᠠᠷᠠᠵᠤ ᠮᠡᠳᠡᠬᠦ ᠬᠦᠴᠢᠷᠳᠡᠯ ᠢ ᠭᠦᠢᠴᠡᠳ ᠪᠣᠳᠣᠯᠬᠢᠯᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ | ᠵᠦᠢᠯ ᠤᠨ ᠬᠠᠮᠢᠶᠠᠷᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ | ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ | ᠨᠢᠭᠡᠴᠢ ᠵᠢᠴᠢ ᠬᠠᠮᠢᠶᠠᠷᠤᠯᠲᠠ ᠶᠢᠨ ᠠᠵᠢᠯᠲᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠠᠯᠳᠠᠭ᠎ᠠ | ᠪᠤᠷᠤᠭᠤ ᠶᠢ ᠠᠭᠤᠴᠢᠯᠠᠨ ᠪᠠᠭᠲᠠᠭᠠᠵᠤ ᠬᠠᠷᠢᠭᠤᠴᠠᠯᠭ᠎ᠠ ᠠᠴᠠ ᠬᠡᠯᠲᠦᠷᠢᠭᠦᠯᠬᠦ ᠳᠤ ᠴᠢᠭᠯᠡᠭᠦᠯᠦᠨ 13 ᠵᠤᠷᠪᠤᠰ | ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠴᠠᠢ᠃ | ︽ᠨᠠᠷᠢᠨ ᠲᠠᠩᠰᠠ︾ ᠳᠤ᠂ ᠡᠯ᠎ᠡ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠵᠢᠴᠢ ᠬᠠᠮᠢᠶᠠᠷᠤᠯᠲᠠ ᠶᠢᠨ | ᠠᠵᠢᠯᠲᠠᠨ ᠥᠭᠡᠷᠡᠴᠢᠯᠡᠯᠲᠡ ᠶᠢ ᠠᠬᠢᠭᠤᠯᠬᠤ ᠳᠤᠮᠳᠠ ᠲᠤᠷᠰᠢᠯᠭ᠎ᠠ ᠳᠤᠲᠠᠮᠠᠭ ᠠᠴᠠ ᠪᠣᠯᠵᠤ ᠤᠷᠢᠳ ᠢᠶᠠᠷ | ᠬᠡᠷᠡᠭᠵᠢᠭᠦᠯᠵᠦ ᠤᠷᠢᠳ ᠢᠶᠠᠷ ᠲᠤᠷᠰᠢᠭᠠᠳ ᠠᠯᠳᠠᠭ᠎ᠠ ᠪᠤᠷᠤᠭᠤ ᠭᠠᠷᠭᠠᠭᠰᠠᠨ ᠪᠤᠯᠪᠠᠴᠤ ᠬᠦᠨᠳᠦ ᠶᠡᠭᠡ ᠬᠤᠬᠢᠷᠠᠯ | ᠤᠴᠠᠷᠠᠭᠤᠯᠤᠭᠰᠠᠨ ᠦᠭᠡᠢ ᠪᠠᠶᠢᠪᠠᠯ᠂ ᠠᠯᠳᠠᠭ᠎ᠠ ᠪᠤᠷᠤᠭᠤ ᠶᠢ ᠨᠢ ᠠᠭᠤᠴᠢᠯᠠᠨ ᠪᠠᠭᠲᠠᠭᠠᠵᠤ ᠬᠠᠷᠢᠭᠤᠴᠠᠯᠭ᠎ᠠ ᠠᠴᠠ | ᠬᠡᠯᠲᠦᠷᠢᠭᠦᠯᠵᠦ ᠪᠣᠯᠣᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠬᠠᠮᠢᠶ᠎ᠠ ᠪᠦᠬᠦᠢ ᠲᠣᠭᠲᠠᠭᠠᠯ | ᠶᠣᠰᠣᠭᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠥᠷᠨᠢᠭᠦᠯᠵᠦ᠂ ᠡᠭᠦᠷᠭᠡ | ᠬᠠᠷᠢᠭᠤᠴᠠᠯᠭ᠎ᠠ ᠪᠠᠨ ᠴᠢᠷᠮᠠᠶᠢᠨ ᠭᠦᠢᠴᠡᠳᠬᠡᠵᠦ᠂ ᠪᠡᠶᠡᠴᠢ ᠵᠣᠷᠢᠭᠤᠳᠠ ᠪᠤᠰᠤ ᠠᠴᠠ ᠪᠣᠯᠵᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠲᠥᠷᠥᠯ ᠵᠦᠢᠯ ᠢ ᠬᠡᠷᠡᠭᠵᠢᠭᠦᠯᠦᠭᠡᠳ ᠠᠮᠵᠢᠯᠲᠠ ᠣᠯᠣᠭᠰᠠᠨ ᠦᠭᠡᠢ | ᠪᠠᠶᠢᠪᠠᠯ ᠬᠠᠷᠢᠭᠤᠴᠠᠯᠭ᠎ᠠ ᠠᠴᠠ ᠬᠡᠯᠲᠦᠷᠢᠭᠦᠯᠵᠦ ᠪᠣᠯᠣᠨ᠎ᠠ ᠭᠡᠵᠦ ᠲᠣᠳᠣᠷᠬᠠᠢ ᠳᠤᠷᠠᠳᠤᠭᠰᠠᠨ ᠪᠠᠶᠢᠨ᠎ᠠ᠃ | ︽ᠨᠠᠷᠢᠨ ᠲᠠᠩᠰᠠ︾ ᠨᠢ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠢᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠠᠵᠢᠯᠯᠠᠭ᠎ᠠ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠡᠷᠭᠡ ᠪᠤᠶ ᠪᠦᠬᠦᠢ ᠰᠢᠨ᠎ᠡ ᠶᠢ | ᠡᠭᠦᠳᠬᠦ ᠠᠵᠢᠯᠯᠠᠭ᠎ᠠ ᠶᠢᠨ ᠭᠤᠣᠯ ᠴᠣᠭᠴᠠ ᠶᠢ ᠬᠠᠮᠤᠷᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠭᠤᠣᠯ ᠴᠣᠭᠴᠠ ᠶᠢᠨ ᠢᠳᠡᠪᠬᠢᠵᠢᠯ ᠪᠣᠯᠣᠨ ᠬᠠᠤᠯᠢ ᠶᠣᠰᠣᠨ ᠤ ᠡᠷᠬᠡ ᠠᠰᠢᠭ ᠢ ᠬᠠᠮᠤᠭ ᠤᠨ ᠶᠡᠭᠡ | ᠬᠡᠮᠵᠢᠶ᠎ᠡ ᠪᠠᠷ ᠬᠠᠮᠠᠭᠠᠯᠠᠵᠤ ᠪᠠᠶᠢᠨ᠎ᠠ᠃ | | |