ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠠᠶᠤᠯᠭᠦᠢ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠬᠠᠩᠭᠠᠯᠭ᠎ᠠ ᠪᠣᠯᠣᠨ ᠪᠠᠶᠠᠷ ᠤᠨ ᠡᠳᠦᠷ ᠤᠨ ᠰᠣᠶᠣᠯ ᠵᠢᠭᠤᠯᠴᠢᠯᠠᠯ  ᠤᠨ ᠠᠵᠢᠯᠯᠠᠭ᠎ᠠ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ  ᠶᠠᠩ ᠰᠢᠩ ᠱᠧᠩ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/12/26
     12 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠴᠦᠸᠠᠨ ᠰᠢᠶᠠᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠬᠤᠷᠠᠯ ᠡᠷᠭᠢᠯᠡᠪᠡ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠠᠶᠢᠨᠠᠨ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ᠂ ᠴᠢᠶᠣᠤ ᠱᠢ ᠨᠥᠬᠦᠷ ᠤᠨ ᠮᠡᠨᠳᠦᠯᠡᠭᠰᠡᠨ 100 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷ᠎ᠡ᠂ ᠣᠣᠮᠧᠨ ᠤ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠪᠣᠯᠤᠨ ᠾᠧᠩ ᠴᠢᠨ ᠳᠠᠬᠢ ᠭᠤᠸᠠᠩᠳᠦ᠋ᠩ ᠣᠣᠮᠧᠨ ᠤ ᠭᠦᠨᠵᠡᠭᠡᠢ ᠬᠠᠮᠲᠤᠷᠠᠯᠴᠠᠭᠠᠨ ᠤ ᠣᠷᠣᠨ ᠢ ᠰᠢᠨᠵᠢᠯᠡᠨ ᠪᠠᠶᠢᠴᠠᠭᠠᠬᠤ ᠦᠶ᠎ᠡ᠂ ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠢᠴᠢ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠴᠦᠸᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠬᠥᠳᠡᠭᠡ ᠠᠵᠤ ᠠᠬᠤᠢ ᠬᠥᠳᠡᠭᠡ ᠲᠣᠰᠬᠤᠨ ᠢ ᠰᠢᠯᠢᠳᠡᠭᠵᠢᠭᠦᠯᠦᠨ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠥᠳᠡᠭᠡ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠡᠮᠬᠢ ᠵᠢᠷᠤᠮ ᠲᠠᠢ ᠠᠬᠢᠭᠤᠯᠵᠤ᠂ ︽ᠬᠤᠶᠠᠷ ᠪᠤᠭᠤᠳᠠᠶ ᠨᠢᠭᠡ ᠲᠥᠮᠥᠰᠥ ᠨᠢᠭᠡ ᠬᠤᠨᠢ︾ ᠵᠡᠷᠭᠡ ᠠᠷᠠᠳ ᠢ ᠪᠠᠶᠠᠵᠢᠭᠤᠯᠬᠤ ᠠᠵᠤ ᠦᠢᠯᠡᠰ ᠢ ᠢᠳᠡᠪᠬᠢᠲᠡᠢ ᠬᠥᠭᠵᠢᠭᠦᠯᠦᠨ ᠪᠤᠵᠠᠭᠠᠶᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠮᠵᠢᠯᠠᠯᠲᠤ ᠠᠵᠤ ᠦᠢᠯᠡᠰ ᠤᠨ ᠲᠡᠰ ᠳᠡᠪᠰᠢᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠴᠢᠨᠠᠭᠰᠢᠳᠠ ᠪᠣᠶᠢᠵᠢᠭᠤᠯᠤᠨ ᠪᠤᠵᠠᠭᠠᠶᠢᠷᠠᠭᠤᠯᠵᠤ᠂ ᠵᠢᠭᠤᠯᠴᠢᠯᠠᠯ ᠤᠨ ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ᠂ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠦᠢᠯᠡᠰ ᠵᠡᠷᠭᠡ ᠬᠡᠯᠬᠢᠶ᠎ᠡ ᠶᠢ ᠤᠷᠲᠤᠳᠬᠠᠨ ᠨᠥᠬᠦᠪᠦᠷᠢᠯᠡᠬᠦ ᠶᠢ ᠠᠬᠢᠭᠤᠯᠬᠤ ᠬᠡᠷᠡᠭᠲᠡᠢ᠃ 2025 ᠣᠨ ᠤ ᠭᠤᠣᠯᠳᠠᠯᠭ᠎ᠠ ᠲᠠᠢ ᠲᠥᠷᠥᠯ ᠵᠦᠢᠯ ᠢ ᠨᠢᠭᠡᠳᠦᠯᠲᠡᠢ ᠲᠥᠯᠥᠪᠯᠡᠨ ᠰᠦᠪᠡᠭᠴᠢᠯᠡᠵᠦ᠂ ᠮᠥᠷᠳᠡᠨ ᠲᠣᠬᠢᠷᠠᠭᠤᠯᠬᠤ ᠶᠢ ᠴᠢᠩᠭᠠᠳᠬᠠᠵᠤ᠂ ᠰᠠᠭᠤᠷᠢ ᠬᠦᠴᠦᠨ ᠵᠦᠢᠯ ᠤᠨ ᠪᠠᠲᠤᠯᠠᠭ᠎ᠠ ᠬᠢᠭᠡᠳ ᠭᠠᠷᠳᠠᠮ ᠢ ᠭᠦᠢᠴᠡᠳᠬᠡᠬᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠪᠣᠯᠣᠨ ᠬᠦᠷᠦᠯᠴᠡᠬᠦ ᠦᠭᠡᠢ ᠲᠠᠯ᠎ᠠ ᠶᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠴᠠᠭ ᠲᠤᠬᠠᠢ ᠳᠤᠨᠢ ᠠᠵᠢᠯ ᠢᠶᠠᠨ ᠡᠬᠢᠯᠡᠭᠦᠯᠵᠦ ᠰᠡᠷᠭᠦᠭᠡᠬᠦ ᠶᠢ ᠪᠠᠲᠤᠯᠠᠬᠤ ᠬᠡᠷᠡᠭᠲᠡᠢ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠭᠠᠶᠢᠯᠢ ᠲᠠᠲᠠᠪᠤᠷᠢ ᠶᠢᠨ ᠪᠠᠶᠢᠭᠤᠯᠤᠮᠵᠢ ᠪᠣᠯᠣᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠥᠨᠳᠥᠷ ᠪᠦᠲᠦᠮᠵᠢᠲᠡᠢ ᠴᠢᠨᠠᠷ ᠰᠠᠶᠢᠲᠠᠢ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ᠃ ᠪᠣᠬᠢᠷᠲᠤᠯ ᠦᠭᠡᠢ ᠠᠮᠢ ᠠᠬᠤᠢ᠂ ᠲᠡᠦᠬᠡ ᠰᠣᠶᠣᠯ᠂ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠦᠴᠦᠸᠠᠨ ᠤ ᠣᠨᠴᠠᠯᠢᠭ ᠲᠠᠢ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ︽ᠨᠢᠭᠡ ᠪᠦᠰᠡ ᠬᠤᠶᠠᠷ ᠣᠷᠣᠨ ᠭᠤᠷᠪᠠᠨ ᠣᠨᠴᠠᠯᠢᠭ︾ ᠤᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠲᠠᠰᠤᠷᠠᠯᠲᠠ ᠦᠭᠡᠢ ᠪᠦᠷᠢᠨᠰᠢᠭᠦᠯᠵᠦ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠴᠢᠩᠭᠠᠳᠬᠠᠨ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠴᠢᠶᠣᠤ ᠱᠢ ᠨᠥᠬᠦᠷ ᠤᠨ ᠬᠤᠪᠢᠰᠬᠠᠯ ᠤᠨ ᠵᠣᠷᠢᠭ ᠰᠠᠨᠠᠭ᠎ᠠ ᠪᠣᠯᠣᠨ ᠡᠷᠬᠢᠮ ᠳᠡᠭᠡᠳᠦ ᠰᠤᠷᠲᠠᠯ ᠢ ᠰᠤᠷᠤᠯᠴᠠᠨ ᠪᠠᠳᠠᠷᠠᠭᠤᠯᠵᠤ᠂ ᠬᠤᠪᠢᠰᠬᠠᠯ ᠤᠨ ᠭᠧᠨ ᠢ ᠤᠯᠠᠮᠵᠢᠯᠠᠵᠤ᠂ ᠪᠣᠳᠠᠲᠠᠢ ᠶᠢ ᠡᠷᠬᠢᠮᠯᠡᠬᠦ ᠰᠤᠷᠲᠠᠯ ᠢ ᠶᠡᠬᠡᠪᠡᠷ ᠮᠠᠨᠳᠤᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠴᠢᠩᠭᠠᠳᠬᠠᠵᠤ᠂ ᠪᠣᠳᠠᠲᠤ ᠪᠠᠶᠢᠳᠠᠯ ᠢ ᠪᠠᠶᠢᠴᠠᠭᠠᠵᠤ᠂ ᠪᠣᠳᠠᠲᠠᠢ ᠠᠷᠭ᠎ᠠ ᠤᠬᠠᠭᠠᠨ ᠭᠠᠷᠭᠠᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯᠯᠠᠭᠠᠨ ᠤ ᠪᠦᠯᠦᠭᠲᠡᠨ ᠪᠣᠯᠣᠨ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠦᠬᠦ ᠰᠢᠶᠠᠨ ᠤ ︽ᠬᠤᠶᠠᠷ ᠪᠠᠶᠠᠷ︾ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠪᠣᠯᠣᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠠᠵᠢᠯ ᠢ ᠰᠣᠨᠣᠰᠴᠤ᠂ ᠴᠠᠭᠠᠨ ᠰᠠᠷ᠎ᠠ᠂ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠠᠵᠢᠯᠯᠠᠭ᠎ᠠ ᠶᠢᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠭᠤᠷᠬᠠᠢ ᠶᠢᠨ ᠡᠨᠧᠷᠭᠢ ᠶᠢᠨ ᠠᠵᠤ ᠠᠬᠤᠶᠢᠯᠠᠯ᠂ ᠵᠠᠮ ᠬᠠᠷᠢᠯᠴᠠᠭ᠎ᠠ᠂ ᠬᠤᠸᠠᠷ ᠫᠤᠤᠵᠢᠩ᠂ ᠰᠣᠶᠣᠯ ᠵᠢᠭᠤᠯᠴᠢᠯᠠᠯ ᠤᠨ ᠠᠵᠢᠯᠯᠠᠭ᠎ᠠ᠂ ᠰᠢᠲᠠᠮᠠᠬᠠᠢ ᠬᠡᠢ ᠪᠣᠯᠣᠨ ᠠᠶᠤᠯᠲᠠᠢ ᠬᠢᠮᠢ ᠶᠢᠨ ᠪᠣᠳᠠᠰ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠶᠢ ᠴᠢᠩᠭ᠎ᠠ ᠠᠩᠬᠠᠷᠴᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ︽ᠬᠤᠶᠠᠷ ᠪᠠᠶᠠᠷ︾ ᠤᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ᠂ ᠠᠵᠢᠯᠯᠠᠭᠠᠨ ᠲᠣᠭᠲᠠᠭᠤᠨ ᠪᠠᠶᠢᠬᠤ ᠶᠢ ᠬᠦᠴᠦᠯᠡᠨ ᠪᠠᠲᠤᠯᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠢᠳᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠴᠣᠭᠴᠠᠯᠠᠵᠤ᠂ ᠠᠷᠠᠳ ᠣᠯᠠᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠠᠮᠤᠷ ᠲᠦᠪᠰᠢᠨ ᠠᠷᠪᠢᠯᠠᠨ ᠭᠠᠮᠨᠠᠬᠤ ᠵᠠᠷᠴᠢᠮ ᠢ ᠪᠠᠷᠢᠮᠲᠠᠯᠠᠵᠤ᠂ ᠰᠢᠨ᠎ᠡ ᠣᠨ ᠢᠶᠠᠨ ᠤᠭᠲᠤᠬᠤ᠂ ᠴᠠᠭᠠᠨ ᠰᠠᠷ᠎ᠠ᠂ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠡᠯ᠎ᠡ ᠲᠥᠷᠥᠯ ᠤᠨ ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠲᠣᠬᠢᠷᠠᠭᠤᠯᠵᠤ᠂ ᠰᠢᠶᠠᠩ ᠪᠠᠯᠭᠠᠰᠤᠨ ᠤ ᠣᠯᠠᠨ ᠬᠡᠯᠪᠡᠷᠢ ᠶᠢᠨ ᠠᠷᠠᠳ ᠤᠨ ᠵᠠᠩ ᠦᠢᠯᠡ ᠶᠢᠨ ᠰᠣᠶᠣᠯ ᠤᠨ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠪᠠᠶᠠᠷ ᠤᠨ ᠡᠳᠦᠷ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠰᠢᠶᠠᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠪᠠᠳᠤᠭᠠᠷ ᠪᠦᠬᠦᠳᠡ ᠬᠤᠷᠠᠯ ᠵᠢᠴᠢ ᠪᠦᠬᠦ ᠰᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃  ︵ᠰᠣᠷᠪᠤᠯᠵᠢᠯᠠᠬᠴᠢ᠄ ᠵᠣᠤ ᠯᠢᠩ ᠾᠦᠢ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号