ᠮᠠᠨ ᠤ ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶᠡᠵᠢᠯ 1.2 ᠳ᠋ᠦᠩᠰᠢᠭᠤᠷ ᠺᠢᠯᠣᠸᠠᠲ ᠢ ᠳᠠᠪᠠᠪᠠ
ᠨᠡᠶᠢᠲᠡᠯᠡᠭᠰᠡᠨ ᠴᠠᠭ᠄
2024/12/27
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠮᠠᠨ ᠤ ᠣᠷᠣᠨ ᠤ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ 100 ᠲᠦᠮᠡᠨ ᠺᠢᠯᠣᠸᠠᠲ ᠭᠡᠷᠡᠯᠴᠢ ᠴᠡᠨᠡᠭ ᠤᠨ ᠲᠥᠷᠥᠯ ᠵᠦᠢᠯ ᠢ ᠪᠦᠲᠦᠭᠡᠨ ᠪᠠᠶᠢᠭᠤᠯᠵᠤ ᠳᠠᠭᠤᠰᠬᠠᠨ ᠲᠣᠣᠷ ᠲᠤ ᠨᠡᠶᠢᠯᠡᠭᠦᠯᠬᠦ ᠶᠢ ᠳᠠᠭᠠᠯᠳᠤᠨ᠂ ᠮᠠᠨ ᠤ ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶᠡᠵᠢᠯ 1.2 ᠳ᠋ᠦᠩᠰᠢᠭᠤᠷ ᠺᠢᠯᠣᠸᠠᠲ ᠢ ᠳᠠᠪᠠᠪᠠ᠃      ᠣᠶᠢᠯᠠᠭᠠᠭᠰᠠᠨ ᠢᠶᠠᠷ᠂ ᠮᠠᠨ ᠤ ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶᠡᠵᠢᠯ 1.2 ᠳ᠋ᠦᠩᠰᠢᠭᠤᠷ ᠺᠢᠯᠣᠸᠠᠲ ᠢ ᠳᠠᠪᠠᠵᠤ᠂ 1.17 ᠳ᠋ᠦᠩᠰᠢᠭᠤᠷ ᠺᠢᠯᠣᠸᠠᠲ ᠢᠯᠴᠢ ᠶᠢᠨ ᠴᠠᠭᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶᠡᠵᠢᠯ ᠠᠴᠠ ᠳᠠᠪᠠᠵᠤ᠂ ᠡᠭᠦᠨ ᠤ ᠬᠠᠮᠲᠤ ᠬᠠᠮᠢᠶ᠎ᠠ ᠪᠦᠬᠦᠢ ᠤᠰᠤ ᠴᠠᠭᠢᠯᠭᠠᠨ ᠵᠡᠷᠭᠡ ᠴᠠᠭᠢᠯᠭᠠᠨ ᠭᠠᠷᠭᠠᠬᠤ ᠲᠥᠷᠥᠯ ᠵᠦᠢᠯ ᠢ ᠨᠡᠮᠡᠪᠡᠯ᠂ ᠮᠠᠨ ᠤ ᠣᠷᠣᠨ 2.4 ᠳ᠋ᠦᠩᠰᠢᠭᠤᠷ ᠺᠢᠯᠣᠸᠠᠲ ᠤᠨ ᠴᠠᠭᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠶᠢᠨ ᠬᠡᠪᠴᠢᠶᠡᠵᠢᠯ ᠢᠶᠠᠷ ᠪᠦᠭᠦ ᠤᠯᠤᠰ ᠤᠨ ᠲᠡᠷᠢᠭᠦᠨ ᠳᠤ ᠵᠢᠭᠰᠠᠪᠠ᠃ ᠡᠨᠡ ᠵᠢᠯ ᠠᠴᠠ ᠨᠠᠭᠠᠰᠢ᠂ ᠮᠠᠨ ᠤ ᠣᠷᠣᠨ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠴᠠᠭᠢᠯᠭᠠᠨ ᠲᠣᠣᠷ ᠲᠤ ᠨᠡᠶᠢᠯᠡᠭᠦᠯᠬᠦ ᠢᠨᠵᠧᠨᠧᠷᠢᠩ ᠢ ᠤᠷᠢᠳᠴᠢᠯᠠᠨ ᠲᠥᠰᠥᠪᠯᠡᠵᠦ᠂ ᠲᠥᠷᠥᠯ ᠵᠦᠢᠯ ᠤᠨ ᠭᠠᠷᠳᠠᠮ ᠭᠦᠢᠴᠡᠳᠬᠡᠬᠦ ᠴᠠᠭ ᠤᠨ ᠬᠢᠵᠠᠭᠠᠷ ᠢ ᠰᠢᠯᠢᠳᠡᠭᠵᠢᠭᠦᠯᠵᠦ᠂ ᠲᠥᠷᠥᠯ ᠵᠦᠢᠯ ᠤᠨ ᠪᠦᠭᠦ ᠶᠠᠪᠤᠴᠠ ᠶᠢᠨ ᠲᠣᠬᠢᠷᠠᠭᠤᠯᠤᠯᠲᠠ ᠬᠠᠮᠢᠶᠠᠷᠤᠯᠲᠠ ᠶᠢ ᠴᠢᠩᠭᠠᠳᠬᠠᠨ᠂ ᠰᠢᠨ᠎ᠡ ᠡᠨᠧᠷᠭᠢ ᠶᠢᠨ ᠲᠥᠷᠥᠯ ᠵᠦᠢᠯ ᠢ ︽ᠳᠠᠭᠢᠨ ᠲᠤᠶᠢᠯᠪᠤᠷᠢᠲᠠᠢ ᠪᠠᠶᠢᠴᠠᠭᠠᠬᠤ︾ ᠠᠵᠢᠯ ᠢ ᠪᠠᠶᠢᠩᠭᠤ ᠥᠷᠨᠢᠭᠦᠯᠵᠦ᠂ ᠪᠦᠲᠦᠭᠡᠨ ᠪᠠᠶᠢᠭᠤᠯᠬᠤ ᠨᠥᠬᠦᠴᠡᠯ ᠢ ᠪᠦᠷᠢᠳᠦᠭᠦᠯᠦᠭᠰᠡᠨ ᠦᠭᠡᠢ ᠬᠠᠮᠢᠶ᠎ᠠ ᠪᠦᠬᠦᠢ ᠰᠢᠨ᠎ᠡ ᠡᠨᠧᠷᠭᠢ ᠶᠢᠨ ᠲᠥᠷᠥᠯ ᠵᠦᠢᠯ ᠢ ᠴᠠᠭ ᠲᠤᠬᠠᠢ ᠳᠤᠨᠢ ᠬᠦᠴᠦᠨ ᠦᠭᠡᠢ ᠪᠣᠯᠭᠠᠨ᠂ ᠲᠥᠷᠥᠯ ᠵᠦᠢᠯ ᠤᠨ ᠠᠰᠢᠭᠯᠠᠯᠲᠠ ᠳᠤ ᠣᠷᠣᠬᠤ ᠴᠠᠭ ᠤᠨ ᠳᠠᠷᠠᠭᠠᠯᠠᠯ ᠤᠨ ᠲᠡᠩᠴᠡᠭᠦᠷᠢᠲᠡᠢ ᠪᠠᠶᠢᠬᠤ ᠶᠢ ᠪᠡᠶᠡᠯᠡᠭᠦᠯᠵᠦ᠂ ᠰᠢᠨ᠎ᠡ ᠡᠨᠧᠷᠭᠢ ᠶᠢᠨ ᠴᠠᠭᠢᠯᠭᠠᠨ ᠭᠠᠷᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠥᠨᠳᠥᠷ ᠪᠦᠲᠦᠮᠵᠢᠲᠡᠶ ᠬᠥᠭᠵᠢᠯᠲᠡ ᠶᠢ ᠠᠬᠢᠭᠤᠯᠪᠠ᠃ ᠣᠳᠣᠬᠠᠨ ᠳᠤ᠂ ᠮᠠᠨ ᠤ ᠣᠷᠣᠨ ᠤ ᠨᠢᠭᠡᠨᠲᠡ ᠲᠣᠣᠷ ᠲᠤ ᠨᠡᠶᠢᠯᠡᠭᠦᠯᠦᠭᠰᠡᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠵᠢᠯ ᠳᠤ 2700 ᠳ᠋ᠦᠩᠰᠢᠭᠤᠷ ᠺᠢᠯᠣᠸᠠᠲ ᠴᠠᠭ ᠤᠨ ᠪᠣᠬᠢᠷᠳᠤᠯ ᠦᠭᠡᠢ ᠴᠠᠭᠢᠯᠭᠠᠨ ᠭᠠᠷᠭᠠᠵᠤ᠂ ᠡᠨᠡ ᠨᠢ 8400 ᠲᠦᠮᠡᠨ ᠲᠣᠨ ᠪᠠᠷᠢᠮᠵᠢᠶᠠᠲᠤ ᠨᠡᠭᠦᠷᠡᠰᠦ ᠶᠢ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 2.2 ᠳ᠋ᠦᠩᠰᠢᠭᠤᠷ ᠲᠣᠨ ᠪᠠᠭᠠᠰᠬᠠᠭᠰᠠᠨ ᠲᠠᠢ ᠲᠡᠩᠴᠡᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号