ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽2025 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭ᠎ᠠ ᠶᠢᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/12/27
     ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽2025 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠳᠠᠷᠤᠮᠠᠯᠯᠠᠨ ᠲᠠᠷᠬᠠᠭᠠᠪᠠ᠃ ᠪᠦᠭᠦ ᠠᠭᠤᠯᠭ᠎ᠠ ᠨᠢ ᠳᠣᠣᠷᠠᠬᠢ ᠮᠡᠲᠦ᠄      2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠷᠠᠳ ᠣᠯᠠᠨ ᠤ ᠪᠠᠶᠠᠷ ᠭᠦᠷ ᠲᠠᠢ ᠠᠮᠤᠷ ᠠᠮᠤᠭᠤᠯᠠᠩ ᠢᠶᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠥᠪᠰᠢᠶᠡᠷᠡᠯ ᠢᠶᠠᠷ᠂ ᠤᠳᠤ ᠳᠣᠣᠷᠠᠬᠢ ᠬᠤᠯᠪᠣᠭᠳᠠᠯ ᠪᠦᠬᠦᠢ ᠵᠦᠢᠯ ᠢ ᠮᠡᠳᠡᠭᠳᠡᠶ᠎ᠡ᠃      ᠨᠢᠭᠡ᠂ ᠬᠦᠴᠢᠷᠳᠡᠯᠲᠡᠢ ᠣᠯᠠᠨ ᠲᠦᠮᠡᠨ ᠢ ᠬᠠᠯᠠᠮᠵᠢᠯᠠᠨ ᠬᠠᠶᠢᠷᠠᠯᠠᠵᠤ᠂ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠨᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ᠂ ᠡᠷᠭᠢᠨ ᠦᠵᠡᠵᠦ ᠲᠣᠬᠤᠨᠢᠭᠤᠯᠬᠤ ᠵᠡᠷᠭᠡ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠤᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠤᠯᠠᠨ ᠲᠦᠮᠡᠨ ᠳᠤ ᠦᠨᠡᠨ ᠬᠦ ᠪᠣᠳᠠᠲᠤ ᠶᠠᠪᠤᠳᠠᠯ ᠬᠢᠵᠦ ᠬᠦᠴᠢᠷ ᠶᠠᠪᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ ᠡᠯ᠎ᠡ ᠵᠦᠢᠯ ᠤᠨ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠵᠤ᠂ ᠡᠯ᠎ᠡ ᠲᠥᠷᠥᠯ ᠤᠨ ᠠᠪᠤᠷᠠᠨ ᠲᠤᠰᠠᠯᠠᠬᠤ ᠮᠥᠩᠭᠦ ᠶᠢ ᠲᠣᠭᠲᠠᠭᠠᠯ ᠶᠣᠰᠣᠭᠠᠷ ᠴᠠᠭ ᠲᠤᠬᠠᠢ ᠳᠤᠨᠢ ᠲᠤᠭ᠎ᠠ ᠶᠣᠰᠣᠭᠠᠷ ᠣᠯᠭᠤᠬᠤ ᠬᠡᠷᠡᠭᠲᠡᠢ᠃ ᠲᠦᠷ ᠴᠠᠭ ᠤᠨ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ᠭᠡᠨᠡᠳᠲᠡ ᠶᠢᠨ ᠴᠢᠨᠠᠷᠲᠠᠢ᠂ ᠲᠤᠯᠭᠠᠮ  ᠴᠢᠨᠠᠷᠲᠠᠢ ᠬᠦᠴᠢᠷᠳᠡᠯ ᠳᠤ ᠲᠤᠯᠭᠠᠷᠠᠭᠰᠠᠨ ᠣᠯᠠᠨ ᠲᠦᠮᠡᠨ ᠳᠤ ᠴᠠᠭ ᠲᠤᠬᠠᠢ ᠳᠤᠨᠢ ᠦᠨᠳᠦᠰᠦᠨ ᠠᠮᠢᠳᠤᠷᠠᠯ ᠤᠨ ᠪᠠᠲᠤᠯᠠᠭ᠎ᠠ ᠬᠠᠩᠭᠠᠬᠤ ᠬᠡᠷᠡᠭᠲᠡᠢ᠃ ᠣᠨᠴᠠ ᠬᠦᠴᠢᠷᠳᠡᠯᠲᠡᠢ ᠨᠠᠰᠤᠲᠠᠶᠢᠴᠤᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ᠂ ᠵᠡᠮᠳᠡᠭᠴᠦᠳ ᠵᠡᠷᠭᠡ ᠬᠥᠮᠥᠰ ᠢ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠪᠠᠨ ᠴᠢᠩᠭᠠᠳᠬᠠᠬᠤ ᠬᠡᠷᠡᠭᠲᠡᠢ᠃ ︽ᠬᠠᠬᠢᠷ ᠡᠪᠦᠯ ᠬᠠᠶᠢᠷ᠎ᠠ ᠬᠠᠯᠠᠮᠵᠢ ᠬᠦᠷᠭᠡᠬᠦ︾ ᠲᠤᠰᠬᠠᠢ ᠠᠪᠤᠷᠠᠨ ᠲᠤᠰᠠᠯᠠᠬᠤ ᠠᠵᠢᠯᠯᠠᠭ᠎ᠠ ᠶᠢ ᠥᠷᠨᠢᠭᠦᠯᠵᠦ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠬᠤ ᠵᠡᠷᠭᠡ ᠲᠦᠷ ᠴᠠᠭ ᠬᠦᠴᠢᠷᠳᠡᠯ ᠳᠤ ᠲᠤᠯᠭᠠᠷᠠᠭᠰᠠᠨ ᠬᠥᠮᠥᠰ ᠤᠨ ᠠᠮᠤᠷ ᠲᠦᠪᠰᠢᠨ ᠢᠶᠠᠷ ᠡᠪᠦᠯᠵᠢᠬᠦ ᠶᠢ  ᠪᠠᠲᠤᠯᠠᠬᠤ ᠬᠡᠷᠡᠭᠲᠡᠢ᠃ ᠴᠠᠯᠢᠩ ᠥᠷᠢᠲᠦᠬᠦ ᠶᠢ ᠵᠠᠰᠠᠬᠤ ᠡᠪᠦᠯ ᠤᠨ ᠤᠯᠠᠷᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠥᠯᠥᠰᠦᠨ ᠲᠠᠷᠢᠶᠠᠴᠢᠳ ᠤᠨ ᠴᠠᠯᠢᠩ ᠢ ᠥᠷᠢᠲᠦᠬᠦ ᠬᠠᠤᠯᠢ ᠪᠤᠰᠤ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠬᠡᠷᠡᠭᠲᠡᠢ᠃ ᠠᠵᠢᠯ ᠣᠯᠬᠤ ᠳᠤ ᠬᠦᠴᠢᠷᠲᠡᠢ ᠬᠥᠮᠥᠰ ᠲᠤ ᠠᠵᠢᠯ ᠣᠯᠭᠤᠬᠤ ᠲᠤᠰᠠᠯᠠᠮᠵᠢ ᠶᠢ ᠴᠢᠩᠭᠠᠳᠬᠠᠬᠤ ᠬᠡᠷᠡᠭᠲᠡᠢ᠃ ᠰᠢᠨ᠎ᠡ ᠪᠠᠷ ᠠᠵᠢᠯ ᠣᠯᠣᠭᠰᠠᠨ ᠬᠥᠮᠥᠰ ᠢ ᠡᠷᠭᠢᠨ ᠦᠵᠡᠵᠦ ᠲᠣᠬᠤᠨᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠦᠨᠳᠦᠰᠦᠨ ᠱᠠᠲᠤᠨ ᠤ ᠺᠠᠳ᠋ᠷ ᠠᠵᠢᠯᠲᠠᠨ ᠠᠵᠢᠯᠴᠢᠨ ᠢ ᠬᠠᠯᠠᠮᠵᠢᠯᠠᠵᠤ᠂ ᠢᠯᠠᠩᠭᠤᠶ᠎ᠠ ᠨᠥᠬᠦᠴᠡᠯ ᠨᠢ ᠪᠡᠷᠬᠡ ᠬᠠᠲᠠᠭᠤᠵᠢᠯᠲᠠᠢ ᠭᠠᠵᠠᠷ ᠣᠷᠣᠨ ᠪᠠ ᠪᠠᠴᠢᠮ ᠬᠦᠴᠢᠷᠲᠡᠢ ᠠᠶᠤᠯᠲᠠᠢ ᠬᠦᠨᠳᠦ ᠡᠭᠦᠷᠭᠡ ᠶᠢᠨ ᠨᠢᠭᠡᠳᠦᠭᠡᠷ ᠹᠷᠣᠨᠲ ᠲᠤ ᠠᠵᠢᠯᠯᠠᠵᠤ ᠪᠠᠶᠢᠭ᠎ᠠ ᠨᠥᠬᠦᠳ ᠢ ᠬᠠᠯᠠᠮᠵᠢᠯᠠᠬᠤ ᠬᠡᠷᠡᠭᠲᠡᠢ᠃ ᠠᠮᠢᠳᠤᠷᠠᠯ ᠨᠢ ᠬᠦᠴᠢᠷᠳᠡᠯᠲᠡᠢ ᠨᠠᠮ ᠤᠨ ᠭᠡᠰᠢᠭᠦᠨ᠂ ᠠᠬᠠᠮᠠᠳ ᠨᠠᠮ ᠤᠨ ᠭᠡᠰᠢᠭᠦᠨ ᠪᠣᠯᠣᠨ ᠠᠬᠠᠮᠠᠳ ᠺᠠᠳ᠋ᠷ᠂ ᠤᠯᠠᠭᠠᠨ ᠴᠡᠷᠢᠭ ᠤᠨ ᠠᠬᠠᠮᠠᠳ ᠪᠠᠶᠢᠯᠳᠤᠭᠴᠢ᠂ ᠠᠬᠠᠮᠠᠳ ᠴᠡᠷᠢᠭ ᠠᠴᠠ ᠬᠠᠯᠠᠭᠳᠠᠭᠰᠠᠳ᠂ ᠴᠡᠷᠢᠭ ᠠᠩᠭᠢ ᠶᠢᠨ ᠠᠵᠢᠯ ᠠᠴᠠ ᠪᠠᠨ ᠳᠠᠷᠬᠠᠯᠠᠬᠳᠠᠬᠰᠠᠨ ᠠᠵᠢᠯ ᠠᠴᠠ ᠪᠠᠨ ᠠᠮᠠᠷᠠᠭᠰᠠᠨ ᠺᠠᠳ᠋ᠷ᠂ ᠵᠡᠮᠳᠡᠭ ᠴᠡᠷᠢᠭ᠂ ᠦᠷᠡᠭᠳᠡᠭᠰᠡᠨ ᠴᠡᠷᠢᠭ ᠤᠨ ᠭᠡᠷ ᠪᠦᠯᠢ ᠵᠡᠷᠭᠡ ᠶᠢ ᠭᠦᠨᠵᠡᠭᠡᠢ ᠪᠣᠯᠭᠤᠭᠠᠨ ᠲᠣᠬᠤᠨᠢᠭᠤᠯᠬᠤ ᠬᠡᠷᠡᠭᠲᠡᠢ᠃      ᠬᠤᠶᠠᠷ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠵᠤ᠂ ᠣᠯᠠᠨ ᠲᠦᠮᠡᠨ ᠤ ᠪᠠᠶᠠᠷ ᠤᠨ ᠡᠳᠦᠷ ᠤᠨ ᠬᠡᠷᠡᠭᠯᠡᠭᠡ ᠶᠢᠨ ᠬᠡᠷᠡᠭᠴᠡᠭᠡ ᠶᠢ ᠬᠠᠩᠭᠠᠬᠤ ᠬᠡᠷᠡᠭᠲᠡᠢ᠃ ᠨᠡᠭᠦᠷᠡᠰᠦ ᠴᠠᠭᠢᠯᠭᠠᠨ ᠲᠣᠰᠣ ᠰᠢᠲᠠᠮᠠᠬᠠᠢ ᠬᠡᠢ ᠶᠢᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠤᠶᠢᠯ ᠤᠨ ᠭᠠᠮᠰᠢᠭ ᠲᠠᠢ ᠴᠠᠭ ᠠᠭᠤᠷ ᠤᠨ ᠬᠤᠭᠤᠴᠠᠭᠠᠨ ᠳᠠᠬᠢ ᠬᠠᠮᠢᠶ᠎ᠠ ᠪᠦᠬᠦᠢ ᠠᠮᠤᠷ ᠲᠦᠪᠰᠢᠨ ᠤ ᠰᠡᠷᠭᠡᠶᠢᠯᠡᠯᠲᠡ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠪᠠ ︽ᠬᠤᠯᠢᠰᠢᠨ ᠢᠳᠡᠭᠡᠨ︾ ᠢ ᠬᠤᠲᠠ ᠶᠢᠨ ᠳᠠᠷᠤᠭ᠎ᠠ ᠬᠠᠷᠢᠭᠤᠴᠠᠬᠤ ᠳᠦᠷᠢᠮ ᠢ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠲᠣᠰᠣ ᠮᠢᠬ᠎ᠠ ᠥᠨᠳᠡᠭᠡ ᠰᠦ ᠵᠢᠮᠢᠰ ᠢᠳᠡᠰᠢᠨ ᠨᠣᠭᠤᠭ᠎ᠠ ᠵᠡᠷᠭᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠦᠢᠯᠡᠳᠪᠦᠷᠢᠯᠡᠯ ᠪᠣᠷᠤᠯᠠᠭᠤᠯᠭ᠎ᠠ ᠬᠠᠩᠭᠠᠯᠭ᠎ᠠ ᠶᠢ ᠪᠠᠲᠤᠯᠠᠬᠤ ᠶᠢ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠲᠠᠸᠠᠷ ᠪᠠ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠠᠮᠠᠷᠠᠯᠲᠠ ᠶᠢᠨ ᠬᠤᠭᠤᠴᠠᠭᠠᠨ ᠤ ᠬᠡᠷᠡᠭᠯᠡᠭᠡ ᠶᠢᠨ ᠬᠡᠷᠡᠭᠴᠡᠭᠡ ᠶᠢ ᠬᠠᠩᠭᠠᠬᠤ ᠬᠡᠷᠡᠭᠲᠡᠢ᠃ ᠵᠠᠮ ᠬᠠᠷᠢᠯᠴᠠᠭ᠎ᠠ ᠪᠠᠷᠠᠭ᠎ᠠ ᠶᠢᠨ ᠭᠦᠢᠯᠭᠡᠭᠡ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠣᠯᠳᠠᠯᠭ᠎ᠠ ᠲᠠᠢ ᠬᠦᠢᠰᠦ᠂ ᠭᠤᠣᠯᠳᠠᠯᠭ᠎ᠠ ᠲᠠᠢ ᠨᠡᠪᠲᠡᠷᠡᠬᠦ ᠵᠠᠮ᠂ ᠭᠤᠣᠯᠳᠠᠯᠭ᠎ᠠ ᠲᠠᠢ ᠣᠷᠣᠨ ᠪᠦᠰᠡ ᠶᠢᠨ ᠵᠠᠮ ᠬᠠᠷᠢᠯᠴᠠᠭ᠎ᠠ ᠪᠠᠷᠠᠭ᠎ᠠ ᠶᠢᠨ ᠭᠦᠢᠯᠭᠡᠭᠡ ᠶᠢᠨ ᠠᠵᠢᠯᠯᠠᠭᠠᠨ ᠢ ᠬᠢᠨᠠᠨ ᠬᠡᠮᠵᠢᠬᠦ ᠪᠠ ᠮᠥᠷᠳᠡᠨ ᠲᠣᠬᠢᠷᠠᠭᠤᠯᠬᠤ ᠶᠢ ᠴᠢᠩᠭᠠᠳᠬᠠᠵᠤ᠂ ᠳᠤᠯᠠᠭᠠᠯᠠᠭ᠎ᠠ ᠶᠢ ᠪᠠᠲᠤᠯᠠᠨ ᠬᠠᠩᠭᠠᠬᠤ ᠡᠨᠧᠷᠭᠢ ᠶᠢᠨ ᠪᠠᠷᠠᠭ᠎ᠠ ᠶᠢᠨ ᠲᠡᠭᠡᠭᠡᠪᠦᠷᠢ ᠶᠢᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠪᠥᠭᠡᠮ ᠢᠳᠡᠭᠡᠨ ᠪᠠ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠢᠳᠡᠭᠡᠨ ᠤ ᠠᠮᠤᠷ ᠲᠦᠪᠰᠢᠨ ᠤ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠂ ᠬᠠᠮᠢᠶ᠎ᠠ ᠪᠦᠬᠦᠢ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢ ᠱᠠᠯᠠᠪᠳᠠᠭᠤᠯᠵᠤ ᠢᠳᠡᠭᠡᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾  ᠢ ᠰᠠᠬᠢᠨ ᠬᠠᠮᠠᠭᠠᠯᠠᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠴᠢᠬᠤᠯᠠ ᠲᠠᠸᠠᠷ ᠤᠨ ᠦᠢᠯᠡᠴᠢᠯᠡᠭᠡᠨ ᠤ ᠦᠨ᠎ᠡ ᠬᠠᠩᠰᠢ ᠶᠢ ᠬᠢᠨᠠᠨ ᠬᠡᠮᠵᠢᠵᠦ ᠬᠢᠨᠠᠨ ᠬᠠᠮᠢᠶᠠᠷᠬᠤ ᠪᠠᠨ ᠴᠢᠩᠭᠠᠷᠠᠭᠤᠯᠤᠨ᠂ ᠦᠨ᠎ᠡ ᠬᠠᠩᠰᠢ ᠶᠢ ᠥᠰᠬᠡᠬᠦ᠂ ᠰᠥᠯᠪᠡᠭᠡᠯᠳᠦᠨ ᠦᠨ᠎ᠡ ᠬᠠᠩᠰᠢ ᠶᠢ ᠥᠰᠬᠡᠬᠦ᠂ ᠦᠨ᠎ᠡ ᠬᠠᠩᠰᠢ ᠶᠢᠨ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠰᠦᠯᠵᠢᠶ᠎ᠡ ᠶᠢᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠵᠤ᠂ ᠬᠡᠷᠡᠭᠯᠡᠭᠴᠢᠳ ᠤᠨ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠭᠥᠯᠢᠶᠡᠨ ᠠᠪᠴᠤ ᠰᠢᠢᠳᠪᠦᠷᠢᠯᠡᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃      ᠭᠤᠷᠪᠠ᠂ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠥᠳᠬᠡᠨ ᠵᠤᠵᠠᠭᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠶ ᠪᠤᠯᠭᠠᠬᠤ ᠬᠡᠷᠡᠭᠲᠡᠢ᠃ ︽ᠬᠥᠳᠡᠭᠡ ᠨᠤᠲᠤᠭ ᠤᠨ ᠴᠠᠭᠠᠨ ᠰᠠᠷ᠎ᠠ︾   ᠶᠢᠨ ᠭᠤᠣᠯ ᠰᠡᠳᠦᠪᠲᠦ ᠰᠣᠷᠪᠤᠯᠵᠢᠯᠠᠭ᠎ᠠ ᠶᠢᠨ ᠠᠵᠢᠯᠯᠠᠭ᠎ᠠ  ᠪᠣᠯᠣᠨ ︽ᠳᠤᠮᠳᠠᠳᠤ ᠤᠯᠤᠰ ᠤᠨ ᠰᠣᠶᠣᠯ  ᠤᠨ ᠠᠶᠠᠯᠠᠯ︾ ᠤᠨ ᠭᠤᠣᠯ ᠰᠡᠳᠦᠪᠲᠦ ᠤᠬᠠᠭᠤᠯᠭ᠎ᠠ ᠶᠢ ᠭᠦᠨᠵᠡᠭᠡᠢ ᠥᠷᠨᠢᠭᠦᠯᠵᠦ᠂ ᠭᠤᠣᠯ ᠭᠦᠭ ᠠᠶᠠᠰ ᠢ ᠴᠢᠪᠬᠠᠳᠠᠵᠤ᠂ ᠢᠳᠡᠪᠬᠢ ᠬᠦᠴᠦᠨ ᠢ ᠤᠯᠠᠮᠵᠢᠯᠠᠬᠤ ᠬᠡᠷᠡᠭᠲᠡᠢ᠃ ᠴᠠᠭᠠᠨ ᠰᠠᠷ᠎ᠠ ᠶᠢᠨ ︽ᠲᠣᠰᠬᠤᠨ ᠤ ᠦᠳᠡᠰᠢᠯᠡᠭᠡ︾  ᠶᠢᠨ ᠵᠢᠱᠢᠶ᠎ᠡ ᠦᠵᠡᠭᠦᠯᠭᠦ ᠠᠵᠢᠯᠯᠠᠭ᠎ᠠ ᠥᠷᠨᠢᠭᠦᠯᠵᠦ᠂ ᠲᠠᠷᠢᠶᠠᠴᠢᠳ ᠤᠨ ᠣᠶᠤᠨ ᠰᠠᠨᠠᠭᠠᠨ ᠤ ᠰᠢᠨ᠎ᠡ ᠳᠦᠷᠰᠦ ᠪᠠᠶᠢᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠢ᠃ ᠰᠣᠶᠣᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠡᠷᠡᠭᠦᠯ ᠬᠠᠮᠠᠭᠠᠯᠠᠯ ᠤᠨ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠢᠯᠢᠳᠡᠭ ᠰᠣᠶᠣᠯ ᠤᠨ ᠪᠦᠲᠦᠭᠡᠭᠳᠡᠬᠦᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠡᠷᠡᠭᠦᠯ ᠮᠡᠨᠳᠦ ᠶᠢᠨ ᠮᠡᠳᠡᠯᠭᠡ ᠵᠡᠷᠭᠡ ᠶᠢ ᠣᠯᠠᠨ ᠲᠦᠮᠡᠨ ᠤ ᠳᠡᠷᠭᠡᠳᠡ ᠬᠦᠷᠭᠡᠬᠦ ᠬᠡᠷᠡᠭᠲᠡᠢ᠃ ︽ᠪᠣᠳᠠᠰ ᠤᠨ ᠪᠤᠰᠤ ᠰᠣᠶᠣᠯ ᠤᠨ ᠥᠪ ᠢᠶᠠᠷ ᠴᠠᠭᠠᠨ ᠰᠠᠷ᠎ᠠ ᠶᠢ ᠪᠡᠯᠭᠡᠯᠡᠬᠦ︾ᠰᠢᠷᠢᠰ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ ᠬᠡᠷᠡᠭᠲᠡᠢ᠃ ︽ᠪᠢᠳᠡᠨ ᠤ ᠳᠤᠮᠳᠠᠳᠤ ᠶᠢᠨ ᠵᠡᠭᠦᠳᠦ - ᠰᠣᠶᠣᠯ ᠢ ᠲᠦᠮᠡᠨ ᠡᠷᠦᠭᠡ ᠳᠤ ᠬᠦᠷᠭᠡᠬᠦ︾ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠥᠷᠭᠡᠨ ᠣᠯᠠᠨ ᠰᠣᠶᠣᠯ ᠤᠳᠬ᠎ᠠ ᠤᠷᠠᠯᠢᠭ ᠤᠨ ᠠᠵᠢᠯᠲᠠᠨ ᠤ ᠦᠨᠳᠦᠰᠦᠨ ᠱᠠᠲᠤᠨ ᠳᠤ ᠦᠨᠳᠦᠰᠦᠯᠡᠵᠦ᠂ ᠣᠯᠠᠨ ᠲᠦᠮᠡᠨ ᠳᠤ ᠦᠢᠯᠡᠴᠢᠯᠡᠬᠦ ᠶᠢ ᠳᠠᠶᠢᠴᠢᠯᠠᠨ ᠵᠣᠬᠢᠶᠠᠨ ᠪᠠᠶᠢᠭᠤᠯᠵᠤ᠂ ᠠᠷᠠᠳ ᠣᠯᠠᠨ ᠤ ᠦᠵᠡᠵᠦ ᠰᠣᠨᠢᠷᠬᠠᠬᠤ ᠳᠤᠷᠠᠲᠠᠢ ᠨᠢᠭᠡ ᠪᠦᠯᠦᠭ ᠴᠢᠨᠠᠷ ᠰᠠᠶᠢᠲᠠᠢ ᠰᠣᠶᠣᠯ ᠤᠳᠬ᠎ᠠ ᠤᠷᠠᠯᠢᠭ ᠤᠨ ᠪᠦᠲᠦᠭᠡᠭᠳᠡᠬᠦᠨ ᠢ ᠭᠠᠷᠭᠠᠬᠤ ᠬᠡᠷᠡᠭᠲᠡᠢ᠃ ᠡᠯᠪᠡᠭ ᠪᠠᠶᠠᠯᠢᠭ ᠰᠢᠯᠢᠳᠡᠭ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠬᠠᠩᠭᠠᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠪᠠ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ ᠬᠡᠷᠡᠭᠲᠡᠢ᠃      ᠳᠥᠷᠪᠡ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠣᠯᠠᠨ ᠲᠦᠮᠡᠨ ᠤ ᠠᠮᠤᠷ ᠲᠦᠪᠰᠢᠨ ᠳᠥᠭᠦᠮ ᠳᠥᠲᠡ ᠪᠠᠷ ᠶᠠᠪᠤᠵᠤ ᠰᠠᠭᠤᠬᠤ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠴᠠᠭ ᠬᠤᠭᠤᠴᠠᠭ᠎ᠠ᠂ ᠭᠤᠣᠯᠳᠠᠯᠭ᠎ᠠ ᠲᠠᠢ ᠣᠷᠣᠨ ᠪᠦᠰᠡ᠂ ᠬᠠᠯᠠᠮᠰᠢᠯ ᠵᠠᠮ ᠱᠤᠭᠤᠮ ᠤᠨ ᠲᠡᠭᠡᠭᠡᠪᠦᠷᠢ ᠶᠢᠨ ᠬᠦᠴᠦᠨ ᠢ ᠨᠡᠮᠡᠭᠳᠡᠭᠦᠯᠬᠦ ᠪᠠ ᠵᠣᠬᠢᠶᠠᠨ ᠪᠠᠶᠢᠭᠤᠯᠤᠨ ᠲᠣᠬᠢᠷᠠᠭᠤᠯᠬᠤ ᠶᠢ ᠴᠢᠩᠭᠠᠷᠠᠭᠤᠯᠵᠤ᠂ ᠣᠯᠠᠨ ᠲᠦᠮᠡᠨ ᠤ ᠶᠠᠪᠤᠵᠤ ᠰᠠᠭᠤᠬᠤ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠬᠤ ᠬᠡᠷᠡᠭᠲᠡᠢ᠃ ᠶᠡᠷᠦᠩᠬᠡᠶᠢᠯᠡᠭᠰᠡᠨ ᠲᠡᠭᠡᠭᠡᠪᠦᠷᠢ ᠶᠢ ᠵᠣᠬᠢᠴᠠᠯᠳᠤᠭᠤᠯᠤᠨ ᠵᠣᠯᠭᠠᠭᠤᠯᠬᠤ ᠶᠢ ᠴᠢᠩᠭᠠᠳᠬᠠᠵᠤ᠂ ᠲᠡᠮᠦᠷ ᠵᠠᠮ᠂ ᠵᠠᠰᠠᠮᠠᠯ ᠵᠠᠮ᠂ ᠤᠰᠤᠨ ᠵᠠᠮ᠂ ᠠᠷᠠᠳ ᠤᠨ ᠠᠭᠠᠷ ᠤᠨ ᠠᠶᠠᠯᠠᠯ ᠬᠢᠭᠡᠳ ᠬᠤᠲᠠ ᠶᠢᠨ ᠠᠶᠠᠨᠴᠢᠳ ᠤᠨ ᠵᠥᠭᠡᠭᠡᠪᠦᠷᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠷᠠᠭᠤᠯᠤᠨ᠂ ᠠᠶᠠᠨᠴᠢᠳ ᠤᠨ ᠶᠠᠪᠤᠵᠤ ᠰᠠᠭᠤᠬᠤ ᠶᠢᠨ ︽ᠬᠠᠮᠤᠭ ᠲᠦᠷᠦᠭᠦᠦ ᠪᠠ ᠬᠠᠮᠤᠭ ᠰᠡᠭᠦᠯᠴᠢ ᠶᠢᠨ ᠨᠢᠭᠡ ᠺᠢᠯᠣᠮᠧᠲᠷ︾ ᠢ ᠰᠢᠯᠤᠭᠤᠳᠬᠠᠬᠤ ᠬᠡᠷᠡᠭᠲᠡᠢ᠃ ᠥᠪᠡᠷᠲᠡᠭᠡᠨ ᠲᠡᠷᠭᠡ ᠵᠢᠯᠤᠭᠤᠳᠴᠤ ᠭᠠᠳᠠᠭᠰᠢ ᠭᠠᠷᠬᠤ ᠶᠢᠨ ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠵᠤ᠂ ᠴᠢᠬᠤᠯᠠ ᠶᠡᠭᠡ ᠪᠠᠶᠠᠷ ᠳᠤᠷᠠᠰᠬᠠᠯ ᠠᠮᠠᠷᠠᠯᠲᠠ ᠶᠢᠨ ᠬᠤᠭᠤᠴᠠᠭᠠᠨ ᠳᠤ ᠵᠢᠵᠢᠭ ᠭᠡᠯᠪᠡᠷᠢ ᠶᠢᠨ ᠠᠶᠠᠨᠴᠢᠳ ᠤᠨ ᠲᠡᠷᠭᠡ ᠨᠡᠪᠲᠡᠷᠡᠬᠦ ᠰᠦᠢᠳᠬᠡᠯ ᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠠᠮᠠᠷᠬᠠᠨ ᠲᠦᠭᠵᠢᠷᠡᠬᠦ ᠵᠠᠮ ᠤᠨ ᠬᠡᠰᠡᠭ ᠤᠨ ᠲᠦᠭᠵᠢᠷᠡᠯ ᠢ ᠰᠢᠯᠤᠭᠤᠳᠬᠠᠵᠤ ᠰᠠᠭᠠᠳ ᠦᠭᠡᠢ ᠨᠡᠪᠲᠡᠷᠡᠭᠦᠯᠬᠦ ᠶᠢ ᠴᠢᠩᠭᠠᠳᠬᠠᠵᠤ᠂ ᠰᠢᠨ᠎ᠡ ᠡᠨᠧᠷᠭᠢ ᠶᠢᠨ ᠲᠡᠷᠭᠡ ᠶᠢᠨ ᠴᠠᠭᠢᠯᠭᠠᠨ ᠴᠡᠨᠡᠭᠯᠡᠬᠦ ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠨ᠂ ᠦᠢᠯᠡᠴᠢᠯᠡᠭᠡᠨ ᠤ ᠲᠣᠭᠤᠷᠢᠭ᠂ ᠰᠦᠢᠳᠬᠡᠯ ᠬᠤᠷᠢᠶᠠᠬᠤ ᠥᠷᠲᠡᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠡᠯ᠎ᠡ ᠨᠢᠭᠡᠴᠢ ᠶᠢᠨ ᠴᠠᠯᠢᠩ ᠲᠠᠢ ᠪᠠᠷ ᠠᠮᠠᠷᠠᠯᠲᠠ ᠠᠪᠬᠤ ᠵᠡᠷᠭᠡ ᠳᠦᠷᠢᠮ ᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠣᠷᠭᠢᠯ ᠬᠤᠭᠤᠴᠠᠭ᠎ᠠ ᠠᠴᠠ ᠵᠠᠶᠢᠯᠠᠰᠬᠢᠨ ᠭᠠᠳᠠᠭᠰᠢ ᠭᠠᠷᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃ ᠬᠥᠯᠥᠰᠦᠨ ᠠᠵᠢᠯᠴᠢᠨ᠂ ᠰᠤᠷᠤᠬᠴᠢᠳ᠂ ᠵᠢᠭᠤᠯᠴᠢᠯᠠᠬᠰᠡᠳ ᠵᠡᠷᠭᠡ ᠭᠤᠣᠯᠳᠠᠯᠭ᠎ᠠ ᠲᠠᠢ ᠠᠶᠠᠨᠴᠢᠳ ᠤᠨ ᠶᠠᠪᠤᠵᠤ ᠰᠠᠭᠤᠬᠤ ᠪᠠᠲᠤᠯᠠᠭ᠎ᠠ ᠶᠢ ᠴᠢᠩᠭᠠᠳᠬᠠᠵᠤ᠂ ᠴᠡᠷᠢᠭ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠬᠥᠮᠥᠰ᠂ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢᠨ ᠭᠠᠳᠠᠭᠰᠢ ᠭᠠᠷᠬᠤ ᠳᠤ ᠬᠠᠤᠯᠢ ᠶᠣᠰᠣᠭᠠᠷ ᠤᠷᠢᠳ ᠢᠶᠠᠷ ᠬᠠᠷᠠᠭᠠᠯᠵᠠᠬᠤ ᠲᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠳᠣᠣᠷ᠎ᠠ ᠳᠤᠯᠠᠭᠠᠨ ᠪᠣᠷᠣᠭᠠᠨ ᠴᠠᠰᠤ ᠮᠥᠰᠥᠲᠦᠯ ᠵᠡᠷᠭᠡ ᠬᠠᠴᠢᠨ ᠴᠠᠭ ᠠᠭᠤᠷ ᠢ ᠰᠡᠷᠭᠡᠶᠢᠯᠡᠨ ᠠᠷᠭᠠᠴᠠᠭᠠᠬᠤ᠂ ᠪᠡᠯᠡᠳᠬᠡᠯ ᠲᠥᠰᠥᠯ ᠢ ᠲᠡᠭᠦᠯᠳᠡᠷᠵᠢᠭᠦᠯᠵᠦ᠂ ᠬᠡᠮᠵᠢᠶ᠎ᠡ ᠠᠴᠠ ᠬᠡᠲᠦᠷᠡᠬᠦ᠂ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠬᠤᠷᠳᠤᠴᠠ ᠬᠡᠲᠦᠷᠡᠬᠦ᠂ ᠬᠠᠤᠯᠢ ᠪᠤᠰᠤ ᠪᠠᠷ ᠡᠵᠡᠩᠨᠡᠬᠦ᠂ ᠲᠠᠷᠢᠶᠠᠯᠠᠩ ᠳᠤ ᠬᠡᠷᠡᠭᠯᠡᠬᠦ ᠲᠡᠷᠭᠡ ᠪᠣᠯᠣᠨ ᠪᠠᠷᠠᠭ᠎ᠠ ᠶᠢᠨ ᠲᠡᠷᠭᠡ ᠬᠠᠤᠯᠢ ᠠᠴᠠ ᠵᠥᠷᠢᠴᠡᠨ ᠬᠥᠮᠥᠨ ᠲᠡᠭᠡᠭᠡᠬᠦ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠦᠨᠳᠦ ᠣᠨᠴᠠ ᠶᠡᠭᠡ ᠵᠠᠮ ᠬᠠᠷᠢᠯᠴᠠᠭᠠᠨ ᠤ ᠠᠳᠡᠯ ᠢ ᠴᠢᠩᠭ᠎ᠠ ᠰᠡᠷᠭᠡᠶᠢᠯᠡᠨ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃      ᠲᠠᠪᠤ᠂ ᠠᠳᠡᠯ ᠤᠨ ᠳᠠᠯᠳᠠ ᠭᠡᠮ ᠰᠣᠭᠤᠭ ᠢ ᠡᠷᠡᠰ ᠴᠡᠭᠴᠡᠯᠡᠨ ᠵᠠᠰᠠᠵᠤ᠂ ᠠᠶᠤᠯᠭᠦᠢ ᠦᠢᠯᠡᠳᠪᠦᠷᠢᠯᠡᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ ︽ᠠᠶᠤᠯᠭᠦᠢ ᠦᠢᠯᠡᠳᠪᠦᠷᠢᠯᠡᠯ ᠪᠣᠯᠣᠨ ᠪᠠᠶᠢᠭᠠᠯᠢ ᠶᠢᠨ ᠭᠠᠮᠰᠢᠭ ᠤᠨ ᠲᠦᠭᠰᠢᠭᠦᠷᠢ ᠶᠢᠨ ᠳᠠᠯᠳᠠ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ︾ ᠲᠤᠰᠬᠠᠢ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ ᠡᠪᠦᠯ ᠤᠨ ᠤᠯᠠᠷᠢᠯ ᠤᠨ ᠳᠤᠯᠠᠭᠠᠯᠠᠭ᠎ᠠ᠂ ᠬᠤᠸᠠᠷ ᠫᠤᠤᠵᠢᠩ᠂ ᠴᠠᠭᠠᠨ ᠰᠠᠷ᠎ᠠ ᠶᠢᠨ ᠲᠡᠭᠡᠭᠡᠪᠦᠷᠢ ᠶᠢᠨ ᠵᠠᠮ ᠬᠠᠷᠢᠯᠴᠠᠭ᠎ᠠ᠂ ᠠᠭᠤᠷᠬᠠᠢ᠂ ᠬᠢᠮᠢ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ᠂ ᠪᠠᠷᠢᠯᠭ᠎ᠠ ᠶᠢᠨ ᠠᠵᠢᠯ᠂ ᠵᠢᠭᠠᠰᠤᠨ ᠠᠵᠤ ᠠᠬᠤᠢ ᠶᠢᠨ ᠣᠩᠭᠤᠴᠠ ᠰᠠᠯ ᠵᠡᠷᠭᠡ ᠬᠦᠷᠢᠶᠡᠨ ᠳᠠᠬᠢ ᠠᠳᠠᠯ ᠤᠨ ᠳᠠᠯᠳᠠ ᠭᠡᠮ ᠰᠣᠭᠤᠭ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠰᠢᠲᠠᠮᠠᠬᠠᠢ ᠬᠡᠢ᠂ ᠭᠠᠯ ᠬᠥᠳᠡᠯᠭᠡᠬᠦ ᠠᠵᠢᠯ᠂ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠪᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠭᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ᠂ ᠳᠤᠯᠠᠭᠠᠨ ᠢ ᠬᠠᠮᠠᠭᠠᠯᠠᠬᠤ ᠮᠠᠲ᠋ᠧᠷᠢᠶᠠᠯ ᠵᠢᠴᠢ︽ᠶᠢᠰᠦᠨ ᠵᠢᠵᠢᠭ ᠲᠠᠯᠠᠪᠤᠷ︾᠂ ᠣᠯᠠᠨ ᠡᠵᠡᠩᠨᠡᠯᠲᠡ ᠶᠢᠨ ᠪᠠᠶᠢᠳᠠᠯ ᠲᠠᠢ ᠬᠤᠯᠢᠮᠠᠭ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠵᠡᠷᠭᠡ ᠲᠠᠯ᠎ᠠ ᠪᠠᠷ ᠬᠢ ᠭᠠᠯ ᠤᠨ ᠭᠠᠮᠰᠢᠭ ᠤᠨ ᠳᠠᠯᠳᠠ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠳᠤᠯᠠᠭᠠᠯᠠᠭ᠎ᠠ ᠬᠠᠩᠭᠠᠬᠤ ᠭᠦᠸᠧᠯᠦ᠂ ᠲᠣᠮᠣ ᠭᠡᠯᠪᠡᠷᠢ ᠶᠢᠨ ᠵᠤᠭ᠎ᠠ ᠴᠡᠩᠭᠡᠯ ᠤᠨ ᠲᠥᠬᠦᠭᠡᠷᠦᠮᠵᠢ᠂ ᠠᠶᠠᠨᠴᠢᠳ ᠤᠨ ᠲᠡᠭᠡᠭᠡᠪᠦᠷᠢ ᠶᠢᠨ ᠳᠡᠭᠦᠵᠢᠩ ᠵᠠᠮ ᠵᠡᠷᠭᠡ ᠣᠨᠴᠠ ᠲᠥᠷᠥᠯ ᠤᠨ ᠲᠥᠬᠦᠭᠡᠷᠦᠮᠵᠢ ᠶᠢᠨ ᠳᠠᠯᠳᠠ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠠᠷᠠᠴᠢᠯᠠᠨ ᠬᠠᠮᠠᠭᠠᠯᠠᠬᠤ ᠠᠵᠢᠯ ᠢ ᠥᠷᠨᠢᠭᠦᠯᠬᠦ ᠬᠡᠷᠡᠭᠲᠡᠢ᠃ ᠪᠦᠭᠦ ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠦᠢᠮᠡᠷ ᠤᠨ ᠭᠠᠮᠰᠢᠭ ᠤᠨ ᠬᠦᠨᠳᠦ ᠶᠡᠭᠡ ᠳᠠᠯᠳᠠ ᠭᠡᠮ ᠰᠣᠭᠤᠭ ᠢ ᠭᠦᠨᠵᠡᠭᠡᠢ ᠣᠶᠢᠯᠠᠭᠠᠨ ᠵᠢᠭᠰᠠᠭᠠᠬᠤ ᠬᠡᠷᠡᠭᠲᠡᠢ᠃ ᠰᠢᠨ᠎ᠡ ᠣᠨ᠂ ᠪᠢᠲᠡᠭᠦᠨ ᠤ ᠰᠥᠨᠢ ᠵᠡᠷᠭᠡ ᠭᠤᠣᠯᠳᠠᠯᠭ᠎ᠠ ᠲᠠᠢ ᠴᠠᠭ ᠬᠤᠭᠤᠴᠠᠭᠠᠨ ᠤ ᠭᠡᠷᠡᠯᠲᠦᠭᠦᠯᠭᠡ ᠶᠢᠨ ᠦᠵᠡᠭᠦᠯᠭᠡ᠂ ᠬᠤᠸᠠᠷ ᠫᠤᠤᠵᠢᠩ ᠤᠨ ᠦᠳᠡᠰᠢᠯᠡᠭᠡ ᠵᠡᠷᠭᠡ ᠲᠣᠮᠣ ᠭᠡᠯᠪᠡᠷᠢ ᠶᠢᠨ ᠣᠯᠠᠨ ᠲᠦᠮᠡᠨᠴᠢ ᠴᠢᠨᠠᠷᠲᠠᠢ ᠠᠵᠢᠯᠯᠠᠭ᠎ᠠ ᠶᠢᠨ ᠲᠦᠭᠰᠢᠭᠦᠷᠢ ᠶᠢ ᠦᠨᠡᠯᠡᠨ ᠵᠢᠱᠢᠬᠦ ᠪᠠ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠭᠠᠮᠰᠢᠭᠲᠤ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠭᠦ ᠪᠠ ᠠᠶᠤᠯ ᠲᠦᠭᠰᠢᠭᠦᠷᠢ ᠶᠢᠨ ᠰᠠᠨᠠᠭᠤᠯᠤᠮᠵᠢ ᠶᠢ ᠴᠢᠩᠭᠠᠳᠬᠠᠵᠤ᠂ ᠠᠮᠤᠷ ᠲᠦᠪᠰᠢᠨ ᠤ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ᠤᠯᠠᠨ ᠲᠦᠮᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠠᠶᠤᠯ ᠠᠴᠠ ᠵᠠᠶᠢᠯᠠᠵᠤ ᠥᠪᠡᠷ ᠢ ᠪᠠᠨ ᠠᠪᠤᠷᠠᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠂ ᠬᠠᠯᠳᠠᠪᠤᠷᠢᠲᠤ ᠲᠠᠭᠰᠢᠭᠤᠷ᠂ ᠠᠭᠤᠰᠬᠢᠨ ᠤ ᠦᠷᠪᠢᠰᠦᠯ ᠤᠨ ᠰᠠᠯᠠᠭᠠᠲᠤ ᠠᠩᠬᠠᠨ ᠤ ᠪᠡᠶ᠎ᠡ ᠶᠢᠨ ᠬᠠᠯᠳᠠᠪᠤᠷᠢᠯᠠᠯ ᠵᠡᠷᠭᠡ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠪᠣᠯᠣᠨ ᠪᠤᠰᠤᠳ ᠭᠤᠣᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠪᠠ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠡᠳᠦᠷ ᠲᠤᠳᠤᠮ ᠤᠨ ᠰᠡᠷᠭᠡᠶᠢᠯᠡᠯᠲᠡ ᠬᠠᠮᠠᠭᠠᠯᠠᠯᠲᠠ ᠶᠢ ᠴᠢᠩᠭᠠᠳᠬᠠᠵᠤ᠂ ᠡᠮᠴᠢᠯᠡᠭᠡᠨ ᠤ ᠠᠪᠤᠷᠠᠨ ᠵᠠᠰᠠᠬᠤ ᠡᠳ᠋ ᠪᠣᠳᠠᠰ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃      ᠵᠢᠷᠭᠤᠭ᠎ᠠ᠂ ᠵᠥᠷᠢᠴᠡᠯ ᠵᠠᠭᠤᠷᠠᠯᠳᠤᠭᠠᠨ ᠢ ᠭᠦᠨᠵᠡᠭᠡᠢ ᠵᠢᠭᠰᠠᠭᠠᠨ ᠪᠠᠶᠢᠴᠠᠭᠠᠵᠤ ᠨᠠᠮᠳᠠᠭᠤᠯᠤᠨ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ︽ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂︽ᠵᠥᠷᠢᠴᠡᠯ ᠠᠶᠤᠯ ᠲᠦᠭᠰᠢᠭᠦᠷᠢ ᠶᠢ ᠠᠷᠢᠯᠭᠠᠨ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ︾ᠲᠤᠰᠬᠠᠢ ᠵᠠᠰᠠᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠬᠥᠮᠥᠰ ᠲᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠲᠥᠷᠥᠯ ᠤᠨ ᠵᠥᠷᠢᠴᠡᠯ ᠵᠠᠭᠤᠷᠠᠯᠳᠤᠭᠠᠨ ᠪᠠ ᠠᠶᠤᠯ ᠲᠦᠭᠰᠢᠭᠦᠷᠢ ᠳᠠᠯᠳᠠ ᠭᠡᠮ ᠰᠣᠭᠤᠭ ᠲᠤ ᠲᠣᠣᠷ ᠲᠠᠲᠠᠬᠤ ᠮᠠᠶ᠋ᠢᠭ ᠤᠨ ᠵᠢᠭᠰᠠᠭᠠᠨ ᠪᠠᠶᠢᠴᠠᠭᠠᠯᠲᠠ ᠶᠢ ᠥᠷᠨᠢᠭᠦᠯᠵᠦ᠂ ᠡᠯ᠎ᠡ ᠵᠦᠢᠯ ᠤᠨ ᠲᠣᠭᠲᠠᠭᠤᠨ ᠪᠤᠰᠤ ᠬᠦᠴᠦᠨ ᠵᠦᠢᠯ ᠢ ᠡᠬᠢ ᠡᠭᠦᠰᠦᠯ ᠠᠴᠠ ᠨᠢ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ᠃ ᠶᠡᠷᠦᠩᠬᠡᠶᠢᠯᠡᠨ ᠵᠠᠰᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠰᠢᠰᠲ᠋ᠧᠮ ᠪᠠ ᠬᠡᠰᠡᠭ ᠢ ᠤᠶᠠᠯᠳᠤᠭᠤᠯᠬᠤ᠂ ᠰᠠᠯᠠᠭ᠎ᠠ ᠮᠥᠴᠢᠷ ᠬᠠᠮᠵᠢᠯᠴᠠᠬᠤ ᠶᠢ ᠴᠢᠩᠭᠠᠳᠬᠠᠵᠤ᠂ ᠮᠡᠳᠡᠭᠡ ᠵᠠᠩᠭᠢ ᠶᠢ ᠬᠤᠯᠪᠣᠯᠳᠤᠭᠤᠯᠬᠤ᠂ ᠵᠥᠷᠢᠴᠡᠯ ᠢ ᠬᠤᠯᠪᠤᠭᠠᠯᠠᠨ ᠨᠠᠮᠳᠠᠭᠠᠬᠤ᠂ ᠠᠶᠤᠯ ᠲᠦᠭᠰᠢᠭᠦᠷᠢ ᠶᠢ ᠬᠤᠯᠪᠤᠭᠠᠯᠠᠨ ᠡᠵᠡᠮᠳᠡᠬᠦ᠂ ᠠᠰᠠᠭᠤᠳᠠᠯ ᠢ ᠬᠤᠯᠪᠤᠭᠠᠯᠠᠨ ᠵᠠᠰᠠᠬᠤ ᠶᠢ ᠴᠢᠩᠭᠠᠳᠬᠠᠵᠤ᠂ ᠠᠵᠢᠯ ᠤᠨ ᠨᠡᠶᠢᠯᠡᠯ ᠬᠦᠴᠦᠨ ᠢ ᠪᠤᠢ ᠪᠤᠯᠭᠠᠬᠤ ᠬᠡᠷᠡᠭᠲᠡᠢ᠃ ᠬᠦᠨᠳᠦ ᠨᠣᠴᠢᠲᠠᠢ ᠬᠦᠴᠦᠷᠬᠡᠭᠯᠡᠯ ᠤᠨ ᠶᠠᠯᠠᠲᠤ ᠠᠵᠢᠯᠯᠠᠭ᠎ᠠ᠂ ᠡᠮᠡᠭᠲᠡᠶᠢᠴᠦᠳ ᠬᠡᠦᠬᠡᠳ ᠤᠨ ᠡᠷᠬᠡ ᠠᠰᠢᠭ ᠲᠤ ᠬᠠᠯᠳᠠᠭᠰᠠᠨ᠂ ︽ᠬᠤᠯᠠᠭᠠᠶᠢᠯᠠᠬᠤ ᠪᠤᠯᠢᠶᠠᠬᠤ ᠮᠡᠬᠡᠯᠡᠬᠦ︾᠂ ︽ᠱᠠᠯᠢᠭ ᠵᠠᠪᠬᠠᠢ ᠵᠦᠢᠯ᠂ ᠵᠣᠭᠤᠰ ᠨᠠᠭᠠᠳᠬᠤ᠂ ᠬᠤᠣᠷᠲᠤ ᠡᠳ᠋ ᠫᠠᠨᠽᠠᠯᠠᠵᠤ ᠡᠳ᠋ᠯᠡᠬᠦ︾᠂ ︽ᠢᠳᠡᠭᠡᠨ ᠤᠮᠳᠠᠭᠠᠨ ᠡᠮ ᠲᠠᠩ ᠤᠨ ᠭᠤᠭᠴᠤᠭ᠎ᠠ︾ ᠵᠢᠴᠢ ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ᠂ ᠬᠢᠯᠢ ᠠᠯᠤᠰᠯᠠᠨ ᠵᠣᠭᠤᠰ ᠨᠠᠭᠠᠳᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠬᠤ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠢ᠃ ᠬᠥᠭᠵᠢᠶᠡᠨ ᠨᠠᠷᠭᠢᠶᠠᠨᠲᠠᠢ ᠬᠤᠳᠠᠯᠳᠤᠭᠠᠨ ᠤ ᠲᠣᠭᠤᠷᠢᠭ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠣᠯᠠᠨ ᠨᠡᠶᠢᠲᠡ ᠶᠢᠨ ᠮᠠᠰᠢᠨ ᠲᠡᠷᠭᠡ ᠭᠠᠵᠠᠷ ᠳᠣᠣᠷᠠᠬᠢ ᠲᠡᠮᠦᠷ ᠵᠠᠮ᠂ ᠲᠡᠷᠭᠡᠨ ᠥᠷᠲᠡᠭᠡ ᠨᠢᠰᠬᠡᠯ ᠤᠨ ᠪᠠᠭᠤᠳᠠᠯ᠂ ᠰᠤᠷᠭᠠᠭᠤᠯᠢ ᠶᠢᠨ ᠬᠦᠷᠢᠶ᠎ᠡ ᠡᠮᠨᠡᠯᠭᠡ ᠶᠢᠨ ᠬᠤᠷᠢᠶ᠎ᠠ᠂ ᠰᠣᠶᠣᠯ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠵᠡᠷᠭᠡ ᠬᠥᠮᠥᠨ ᠣᠯᠠᠨ ᠴᠤᠭᠯᠠᠷᠠᠬᠤ ᠭᠠᠵᠠᠷ ᠲᠠᠯᠠᠪᠤᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠵᠤ᠂ ᠫᠤᠤ ᠵᠡᠪᠰᠡᠭ ᠰᠤᠮᠤ ᠳᠠᠷᠢ᠂ ᠠᠶᠤᠯᠲᠠᠢ ᠳᠡᠯᠪᠡᠷᠡᠬᠦ ᠡᠳ᠋ ᠪᠣᠳᠠᠰ᠂ ᠵᠠᠬᠢᠷᠤᠨ ᠬᠠᠮᠢᠶᠠᠷᠴᠤ ᠪᠠᠶᠢᠭ᠎ᠠ ᠢᠷᠲᠦ ᠪᠠᠭᠠᠵᠢ ᠵᠡᠷᠭᠡ ᠭᠤᠣᠯᠳᠠᠯᠭ᠎ᠠ ᠲᠠᠢ ᠡᠳ᠋ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠳᠠᠯᠳᠠ ᠭᠡᠮ ᠰᠣᠭᠤᠭ ᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠬᠤ ᠬᠡᠷᠡᠭᠲᠡᠢ᠃ ᠨᠡᠶᠢᠭᠡᠮ ᠤᠨ ᠲᠠᠯ᠎ᠠ ᠶᠢᠨ ᠴᠠᠭᠳᠠᠨ ᠰᠡᠷᠭᠡᠶᠢᠯᠡᠵᠦ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠠᠷᠠᠯᠲᠠ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠵᠤ᠂ ᠬᠦᠴᠦᠷᠬᠡᠭᠯᠡᠯ ᠰᠦᠷᠳᠡᠭᠦᠯᠦᠯ ᠤᠨ ᠠᠵᠢᠯᠯᠠᠭ᠎ᠠ ᠶᠢ ᠡᠷᠡᠰ ᠰᠡᠷᠭᠡᠶᠢᠯᠡᠨ ᠲᠡᠭᠦᠨ ᠳᠤ ᠴᠣᠬᠢᠯᠲᠠ ᠥᠭᠴᠦ᠂ ᠬᠡᠲᠦᠷᠡᠮᠡᠬᠡᠢ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠨᠢᠭᠲᠠ ᠠᠩᠬᠠᠷᠴᠤ᠂ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠠᠷᠭᠠᠴᠠᠭᠠᠨ ᠰᠢᠢᠳᠪᠦᠷᠢᠯᠡᠬᠦ ᠠᠵᠢᠯ ᠢ ᠢᠳᠡᠪᠬᠢᠲᠡᠢ ᠪᠥᠭᠡᠳ ᠯᠠᠪᠳᠠᠭᠤᠨ ᠰᠠᠶᠢᠲᠤᠷ ᠬᠢᠵᠦ᠂ ᠵᠥᠪ ᠲᠠᠯ᠎ᠠ ᠠᠴᠠ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠳᠣᠯᠤᠭ᠎ᠠ᠂ ᠠᠵᠢᠯᠴᠢ ᠠᠷᠪᠢᠴᠢ ᠪᠣᠯᠪᠠᠰᠤᠨ ᠠᠷᠢᠭᠤᠨ ᠴᠢᠬᠡᠴᠢ ᠪᠠᠷ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠰᠠᠨᠠᠭᠠᠴᠢᠯᠠᠵᠤ᠂ ︽ᠳᠥᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠵᠤ ᠰᠢᠨ᠎ᠡ ᠰᠤᠷᠲᠠᠯ ᠢ ᠪᠤᠶ ᠪᠤᠯᠭᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠤᠷᠲᠠᠯ ᠢ ᠪᠠᠳᠠᠷᠠᠭᠤᠯᠵᠤ᠂ ᠭᠡᠷ ᠤᠨ ᠰᠤᠷᠭᠠᠯ ᠭᠡᠷ ᠤᠨ ᠰᠤᠷᠲᠠᠯ ᠢ ᠴᠢᠩᠳᠠᠯᠠᠨ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠰᠠᠨᠠᠭᠠᠴᠢᠯᠠᠵᠤ᠂ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠤᠨ᠂ ᠯᠠᠷᠵᠢᠶ᠎ᠠ ᠶᠠᠮᠪᠠ ᠲᠠᠲᠠᠵᠤ ᠪᠠᠶᠠᠨ ᠢᠶᠠᠨ ᠠᠳᠠᠯᠢᠳᠬᠠᠬᠤ᠂ ᠠᠲᠠᠭᠠᠷᠬᠠᠨ ᠮᠥᠴᠡᠭᠡᠷᠬᠡᠬᠦ᠂ ᠱᠠᠯᠢᠨ ᠪᠦᠷᠢᠯᠭᠡᠬᠦ ᠵᠡᠷᠭᠡ ᠮᠠᠭᠤ ᠰᠤᠷᠲᠠᠯ ᠢ ᠡᠰᠡᠷᠭᠦᠴᠡᠵᠦ᠂ ᠣᠨᠴᠠ ᠡᠷᠬᠡ ᠶᠢᠨ ᠦᠵᠡᠯ ᠰᠠᠨᠠᠭ᠎ᠠ ᠪᠠ ᠣᠨᠴᠠ ᠡᠷᠬᠡ ᠶᠢᠨ ᠦᠵᠡᠭᠳᠡᠯ ᠢ ᠡᠰᠡᠷᠭᠦᠴᠡᠬᠦ ᠬᠡᠷᠡᠭᠲᠡᠢ᠃ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠳᠠᠯᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠬᠤ ᠬᠡᠷᠡᠭᠲᠡᠢ᠃ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠢ ᠴᠢᠩᠭ᠎ᠠ ᠰᠡᠷᠭᠡᠶᠢᠯᠡᠨ ᠵᠠᠯᠠᠷᠠᠭᠤᠯᠵᠤ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠭᠠᠵᠢᠭᠤ ᠰᠤᠷᠲᠠᠯ ᠢ ᠴᠢᠩᠭ᠎ᠠ ᠬᠤᠷᠢᠭᠯᠠᠨ ᠵᠣᠭᠰᠣᠭᠠᠵᠤ᠂ ᠲᠣᠭᠲᠠᠭᠠᠯ ᠠᠴᠠ ᠵᠥᠷᠢᠴᠡᠨ ᠪᠡᠯᠡᠭ ᠰᠡᠯᠲᠡ ᠪᠡᠯᠡᠭ ᠤᠨ ᠵᠣᠭᠤᠰ ᠬᠤᠷᠢᠶᠠᠨ ᠠᠪᠴᠤ ᠬᠦᠷᠭᠡᠬᠦ᠂ ᠲᠣᠭᠲᠠᠭᠠᠯ ᠠᠴᠠ ᠵᠥᠷᠢᠴᠡᠨ ᠨᠡᠮᠡᠭᠦᠷᠢ ᠮᠥᠩᠭᠦ ᠨᠥᠬᠦᠪᠦᠷᠢ ᠮᠥᠩᠭᠦ ᠪᠤᠶᠤ ᠠᠰᠠᠷᠠᠮᠵᠢ ᠶᠢᠨ ᠮᠥᠩᠭᠦ ᠣᠯᠭᠤᠬᠤ᠂ ᠲᠣᠭᠲᠠᠭᠠᠯ ᠠᠴᠠ ᠵᠥᠷᠢᠴᠡᠨ ᠬᠤᠷᠢᠮ ᠨᠠᠶᠢᠷ ᠡᠷᠭᠢᠯᠡᠭᠦ ᠵᠠᠪᠰᠢᠶᠠᠨ ᠢ ᠳᠠᠯᠢᠮᠳᠠᠭᠤᠯᠤᠨ ᠡᠳ᠋ ᠠᠰᠢᠭ ᠣᠯᠬᠤ᠂ ᠠᠯᠪᠠᠨ ᠤ ᠲᠡᠷᠭᠡ ᠶᠢ ᠬᠤᠪᠢᠨ ᠳᠠᠭᠠᠨ ᠬᠡᠷᠡᠭᠯᠡᠬᠦ ᠵᠡᠷᠭᠡ ᠠᠰᠠᠭᠤᠳᠠᠯ ᠢ ᠴᠢᠩᠭ᠎ᠠ ᠵᠠᠯᠠᠷᠠᠭᠤᠯᠤᠨ ᠵᠠᠰᠠᠵᠤ᠂ ᠳᠠᠯᠳᠠ ᠭᠡᠮ ᠤᠨ ᠣᠨᠳᠣᠣᠰᠢᠬᠤ ᠠᠰᠠᠭᠤᠳᠠᠯ ᠢ ᠴᠠᠭ ᠢᠮᠠᠭᠲᠠ ᠰᠡᠷᠭᠡᠶᠢᠯᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠢ ᠳᠤᠨᠢ ᠵᠠᠷᠯᠠᠨ ᠮᠡᠳᠡᠭᠳᠡᠵᠦ ᠢᠯᠡᠴᠢᠯᠡᠬᠦ ᠬᠡᠷᠡᠭᠲᠡᠢ᠃ ᠠᠷᠪᠢᠴᠢ ᠭᠠᠮᠲᠠᠢ ᠠᠮᠢᠳᠤᠷᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠳᠡᠭᠡᠳᠦ ᠲᠠᠰ ᠤᠨ ᠠᠷᠢᠬᠢ ᠲᠠᠮᠠᠬᠢ ᠴᠠᠢ᠂ ︽ᠬᠡᠭᠡᠨᠴᠢᠷ ᠪᠢᠲᠡᠭᠦᠨ ᠤ ᠬᠤᠭᠤᠯᠠ︾᠂ ᠪᠠᠶᠠᠷ ᠤᠨ ᠡᠳᠦᠷ ᠤᠨ ᠪᠡᠯᠡᠭ ᠢ ᠬᠡᠲᠦᠷᠡᠲᠡᠯ᠎ᠡ ᠵᠠᠰᠠᠵᠤ ᠪᠣᠭᠤᠳᠠᠯᠯᠠᠬᠤ ᠵᠡᠷᠭᠡ ᠦᠵᠡᠭᠳᠡᠯ ᠤᠨ ᠠᠷᠤ ᠳᠠᠬᠢ ᠵᠢᠷᠭᠠᠵᠤ ᠪᠦᠷᠢᠯᠭᠡᠬᠦ ᠠᠰᠠᠭᠤᠳᠠᠯ ᠢ ᠶᠡᠭᠡ ᠪᠠᠷ ᠵᠠᠯᠠᠷᠠᠭᠤᠯᠬᠤ ᠬᠡᠷᠡᠭᠲᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠬᠦᠴᠦᠯᠡᠨ ᠴᠡᠭᠴᠡᠯᠡᠨ ᠵᠠᠰᠠᠵᠤ᠂ ᠳ᠋ᠦᠩᠨᠡᠬᠦ ᠪᠠ ᠠᠬᠢᠭᠤᠯᠬᠤ ᠨᠡᠷ᠎ᠡ ᠪᠠᠷ ᠪᠢᠴᠢᠭ ᠮᠠᠲ᠋ᠧᠷᠢᠶᠠᠯ ᠬᠤᠷᠠᠯ ᠴᠤᠭᠯᠠᠭ᠎ᠠ ᠬᠢᠬᠦ᠂ ᠳᠤᠷ᠎ᠠ ᠪᠠᠷ ᠢᠶᠠᠨ ᠦᠨᠳᠦᠰᠦᠨ ᠱᠠᠲᠤᠨ ᠳᠤ ᠡᠭᠦᠷᠭᠡ ᠪᠠᠭᠤᠯᠭᠠᠬᠤ᠂ ᠮᠠᠲ᠋ᠧᠷᠢᠶᠠᠯ ᠮᠡᠳᠡᠭᠦᠯᠬᠦ᠂ ᠬᠦᠰᠦᠨᠦᠭ ᠲᠠᠭᠯᠠᠬᠤ ᠶᠢ ᠤᠯᠠᠨ ᠲᠠᠯ᠎ᠠ ᠠᠴᠠ ᠳᠠᠭᠢᠨ ᠳᠠᠪᠲᠠᠨ ᠱᠠᠭᠠᠷᠳᠠᠬᠤ᠂ ᠱᠠᠯᠠᠪᠳᠠᠭᠤᠯᠤᠨ ᠪᠠᠶᠢᠴᠠᠭᠠᠬᠤ ᠬᠢᠨᠠᠨ ᠪᠠᠶᠢᠴᠠᠭᠠᠬᠤ ᠰᠢᠯᠭᠠᠨ ᠦᠨᠡᠯᠡᠬᠦ ᠨᠢ ᠭᠡᠳᠤ ᠤᠯᠠᠨ᠂ ᠲᠠᠭᠢᠨ ᠳᠠᠪᠲᠠᠨ ᠬᠢᠬᠦ᠂ ᠬᠡᠲᠦᠷᠬᠡᠢ ᠤᠷᠤᠮ ᠦᠯᠡᠳᠡᠭᠡᠬᠦ ᠵᠡᠷᠭᠡ ᠦᠵᠡᠭᠳᠡᠯ ᠢ ᠡᠷᠡᠰ ᠵᠠᠯᠠᠷᠠᠭᠤᠯᠬᠤ ᠬᠡᠷᠡᠭᠲᠡᠢ᠃ ᠠᠰᠢᠭ ᠬᠥᠭᠡᠭᠡᠴᠡᠯᠳᠦᠬᠦ ᠴᠢᠨᠠᠷᠲᠠᠢ ᠬᠠᠤᠯᠢ ᠬᠡᠷᠡᠭᠵᠢᠭᠦᠯᠬᠦ ᠠᠰᠠᠭᠤᠳᠠᠯ ᠢ ᠠᠩᠬᠠᠷᠴᠤ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠳᠤᠷ᠎ᠠ ᠪᠠᠷ ᠢᠶᠠᠨ ᠪᠠᠶᠢᠴᠠᠭᠠᠬᠤ᠂ ᠳᠤᠷ᠎ᠠ ᠪᠠᠷ ᠢᠶᠠᠨ ᠪᠢᠲᠡᠭᠦᠮᠵᠢᠯᠡᠬᠦ ᠵᠡᠷᠭᠡ ᠦᠵᠡᠭᠳᠡᠯ ᠢ ᠶᠡᠭᠡ ᠪᠠᠷ ᠵᠠᠯᠠᠷᠠᠭᠤᠯᠬᠤ ᠬᠡᠷᠡᠭᠲᠡᠢ᠃      ᠨᠠᠢᠮᠠ᠂ ᠵᠢᠵᠢᠭᠦᠷᠯᠡᠨ ᠰᠠᠬᠢᠬᠤ ᠪᠠ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ 24 ᠴᠠᠭ ᠢᠶᠠᠷ ᠲᠤᠰᠬᠠᠢ ᠬᠥᠮᠥᠨ ᠵᠢᠵᠢᠭᠦᠷᠯᠡᠬᠦ ᠪᠠ ᠤᠳᠤᠷᠢᠳᠬᠤ ᠺᠠᠳ᠋ᠷ ᠠᠵᠢᠯ ᠤᠨ ᠪᠠᠶᠢᠷᠢ ᠳᠠᠭᠠᠨ ᠵᠢᠵᠢᠭᠦᠷᠯᠡᠬᠦ᠂ ᠭᠠᠳᠠᠭᠰᠢ ᠭᠠᠷᠬᠤ ᠳᠤ ᠮᠡᠳᠡᠭᠦᠯᠦᠨ ᠳᠠᠩᠰᠠᠯᠠᠭᠤᠯᠬᠤ ᠵᠡᠷᠭᠡ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠵᠢᠵᠢᠭᠦᠷᠯᠡᠬᠦ ᠬᠦᠴᠦᠨ ᠢ ᠪᠦᠷᠢᠨ ᠭᠦᠢᠴᠡᠳ ᠴᠢᠩᠭ᠎ᠠ ᠰᠢᠯᠢᠳᠡᠭ ᠢ ᠨᠢ ᠲᠣᠬᠢᠷᠠᠭᠤᠯᠵᠤ᠂ ᠣᠯᠠᠨ ᠲᠦᠮᠡᠨ ᠳᠤ ᠰᠢᠭᠤᠳ ᠦᠢᠯᠡᠴᠢᠯᠡᠬᠦ ᠨᠢᠭᠡᠴᠢ ᠨᠢ ᠪᠠᠶᠠᠷ ᠤᠨ ᠡᠳᠦᠷ ᠤᠨ ᠬᠤᠭᠤᠴᠠᠭᠠᠨ ᠳᠤ ᠵᠢᠵᠢᠭᠦᠷ ᠢ ᠵᠦᠢ ᠵᠣᠬᠢᠰᠲᠠᠢ ᠲᠣᠬᠢᠷᠠᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠪᠠᠲᠤᠯᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠰᠣᠷᠢᠯᠲᠠ ᠶᠢ ᠴᠢᠩᠭᠠᠷᠠᠭᠤᠯᠵᠤ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠢ ᠰᠠᠶᠢᠲᠤᠷ ᠬᠢᠵᠦ᠂ ᠭᠡᠨᠡᠳᠲᠡ ᠶᠢᠨ ᠬᠡᠷᠡᠭ ᠲᠣᠬᠢᠶᠠᠯᠳᠤᠪᠠᠯ ᠦᠳᠲᠡᠷ ᠲᠦᠷᠭᠡᠨ ᠬᠠᠷᠢᠭᠤ ᠲᠤᠰᠬᠠᠯ ᠭᠠᠷᠭᠠᠵᠤ᠂ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠤᠳᠠᠭᠠᠰᠢᠷᠠᠭᠤᠯᠤᠨ ᠮᠡᠳᠡᠭᠦᠯᠬᠦ᠂ ᠬᠤᠳᠠᠯ ᠢᠶᠠᠷ ᠮᠡᠳᠡᠭᠦᠯᠬᠦ᠂ ᠮᠡᠳᠡᠭᠦᠯᠬᠦ ᠦᠭᠡᠢ ᠨᠢᠭᠤᠬᠤ ᠶᠢ ᠡᠷᠡᠰ ᠲᠡᠪᠴᠢᠬᠦ ᠬᠡᠷᠡᠭᠲᠡᠢ᠃      ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠯᠪᠣᠭᠳᠠᠯ ᠪᠦᠬᠦᠢ ᠠᠵᠢᠯ ᠢ ᠨᠠᠷᠢᠨ ᠬᠢᠨᠠᠮᠠᠭᠠᠢ ᠪᠠᠶᠢᠷᠢᠯᠠᠭᠤᠯᠤᠨ ᠨᠠᠶᠢᠳᠠᠪᠤᠷᠢᠵᠢᠭᠤᠯᠵᠤ᠂ ᠲᠣᠰ ᠮᠡᠳᠡᠭᠳᠡᠯ ᠤᠨ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号