︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/12/27
     ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠠᠴᠠ ᠲᠦᠷᠦᠭᠦᠬᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠦᠨᠳᠦᠰᠦᠨ ᠵᠠᠷᠴᠢᠮ ᠪᠠ ᠬᠠᠷᠠᠯᠲᠠ ᠡᠭᠦᠷᠭᠡ ᠵᠡᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ᠂ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠪᠠ ᠤᠰᠤᠨ ᠤ ᠡᠬᠢ ᠪᠠᠶᠠᠯᠢᠭ ᠤᠨ ᠬᠠᠲᠠᠭᠤ ᠴᠢᠩᠭ᠎ᠠ ᠬᠢᠵᠠᠭᠠᠷᠯᠠᠯ ᠢ ᠴᠢᠩᠭᠠᠳᠬᠠᠬᠤ ᠳᠤ ᠳᠦᠷᠢᠮ ᠤᠨ ᠪᠠᠲᠤᠯᠠᠭ᠎ᠠ ᠬᠠᠩᠭᠠᠪᠠ᠃      ︽ᠬᠡᠷᠡᠭᠵᠢᠭᠦᠯᠬᠦ ᠰᠠᠨᠠᠯ︾ ᠳᠤ᠂ ᠤᠰᠤ ᠬᠡᠷᠡᠭᠯᠡᠬᠦ ᠡᠷᠬᠡ ᠶᠢᠨ ᠠᠩᠬᠠᠨ ᠤ ᠬᠤᠪᠢᠶᠠᠷᠢᠯᠠᠯᠲᠠ ᠪᠠ ᠲᠣᠳᠣᠷᠬᠠᠶᠢᠯᠠᠯᠲᠠ ᠶᠢ ᠲᠦᠷᠭᠡᠳᠬᠡᠬᠦ᠂  ᠤᠰᠤ ᠬᠡᠷᠡᠭᠯᠡᠬᠦ ᠡᠷᠬᠡ ᠶᠢ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠶᠢ ᠠᠬᠢᠭᠤᠯᠬᠤ᠂ ᠤᠰᠤ ᠬᠡᠷᠡᠭᠯᠡᠬᠦ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠬᠤ᠂ ᠬᠢᠨᠠᠨ ᠬᠡᠮᠵᠢᠬᠦ ᠪᠠ ᠬᠢᠨᠠᠨ ᠬᠠᠮᠢᠶᠠᠷᠬᠤ ᠶᠢ ᠴᠢᠩᠭᠠᠳᠬᠠᠬᠤ ᠵᠡᠷᠭᠡ 4 ᠲᠠᠯ᠎ᠠ ᠶᠢᠨ ᠪᠣᠳᠠᠲᠠᠢ ᠠᠵᠢᠯ ᠤᠨ ᠡᠭᠦᠷᠭᠡ ᠶᠢ ᠲᠣᠳᠣᠷᠬᠠᠶᠢᠯᠠᠵᠤ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ᠬᠤᠲᠠ ᠲᠣᠭᠤᠷᠢᠭ ᠤᠨ ᠣᠷᠣᠨ ᠪᠦᠰᠡ ᠶᠢᠨ ᠤᠰᠤᠨ ᠤ ᠡᠬᠢ ᠪᠠᠶᠠᠯᠢᠭ  ᠤᠨ ᠨᠥᠬᠦᠴᠡᠯ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠢᠶᠠᠨ ᠦᠨᠳᠦᠰᠦᠯᠡᠨ ᠤᠰᠤ ᠬᠡᠷᠡᠭᠯᠡᠬᠦ ᠡᠷᠬᠡ ᠶᠢᠨ ᠠᠷᠠᠯᠵᠢᠶᠠᠨ ᠤ ᠦᠨ᠎ᠡ ᠬᠠᠩᠰᠢ ᠶᠢᠨ ᠪᠦᠷᠢᠯᠳᠦᠯ ᠪᠠ ᠠᠰᠢᠭ ᠲᠤᠰᠠ ᠶᠢᠨ ᠨᠥᠬᠦᠪᠦᠷᠢ ᠶᠢᠨ ᠲᠣᠭᠲᠠᠴᠠ ᠪᠠᠶᠢᠭᠤᠯᠬᠤ ᠶᠢ ᠵᠣᠷᠢᠭᠵᠢᠭᠤᠯᠵᠤ᠂ ᠰᠤᠯᠠ ᠲᠠᠯᠪᠢᠭᠳᠠᠵᠤ ᠪᠠᠶᠢᠭ᠎ᠠ ᠤᠰᠤ ᠬᠡᠷᠡᠭᠯᠡᠬᠦ ᠡᠷᠬᠡ ᠶᠢ ᠴᠢᠯᠦᠭᠡᠲᠡᠢ ᠪᠤᠯᠭᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠣᠯᠠᠨ ᠵᠦᠢᠯ ᠤᠨ ᠭᠡᠯᠪᠡᠷᠢ ᠶᠢᠨ ᠤᠰᠤ ᠬᠡᠷᠡᠭᠯᠡᠬᠦ ᠡᠷᠬᠡ ᠶᠢᠨ ᠠᠷᠠᠯᠵᠢᠶᠠᠨ ᠤ ᠵᠠᠭᠪᠤᠷ ᠢ ᠬᠡᠷᠡᠭᠵᠢᠭᠦᠯᠦᠨ᠂ ᠨᠠᠩ ᠬᠥᠭᠵᠢᠶᠡᠨ ᠲᠠᠢ ᠤᠰᠤ ᠬᠡᠷᠡᠭᠯᠡᠬᠦ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ ᠪᠣᠶᠢᠵᠢᠭᠤᠯᠤᠨ᠎ᠠ ᠭᠡᠵᠦ ᠳᠤᠷᠠᠳᠴᠠᠢ᠃      ︽ᠬᠡᠷᠡᠭᠵᠢᠭᠦᠯᠬᠦ ᠰᠠᠨᠠᠯ︾ ᠳᠤ᠂ 2027 ᠣᠨ ᠪᠤᠯᠲᠠᠯ᠎ᠠ ᠤᠰᠤ ᠬᠡᠷᠡᠭᠯᠡᠬᠦ ᠡᠷᠬᠡ ᠶᠢᠨ ᠠᠩᠬᠠᠨ ᠤ ᠬᠤᠪᠢᠶᠠᠷᠢᠯᠠᠯᠲᠠ᠂ ᠲᠣᠳᠣᠷᠬᠠᠶᠢᠯᠠᠯᠲᠠ ᠪᠠ ᠠᠷᠠᠯᠵᠢᠶᠠᠨ ᠤ ᠬᠠᠮᠢᠶᠠᠷᠤᠯᠲᠠ ᠶᠢᠨ ᠳᠦᠷᠢᠮ ᠢ ᠦᠨᠳᠦᠰᠦᠨ ᠳᠡᠭᠡᠨ ᠪᠠᠶᠢᠭᠤᠯᠤᠨ ᠪᠦᠷᠢᠨᠰᠢᠭᠦᠯᠵᠦ᠂ ᠬᠤᠰᠢᠭᠤ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠢᠶᠠᠷ ᠨᠢᠭᠡᠴᠢ ᠪᠤᠯᠭᠠᠬᠰᠠᠨ ᠣᠷᠣᠨ ᠪᠦᠰᠡ ᠶᠢᠨ ᠠᠩᠬᠠᠨ ᠤ ᠤᠰᠤᠨ ᠤ ᠡᠷᠬᠡ ᠪᠠ ᠤᠰᠤ ᠲᠠᠲᠠᠵᠤ ᠬᠡᠷᠡᠭᠯᠡᠬᠦ ᠡᠷᠦᠭᠡ᠂ ᠤᠰᠤᠯᠠᠯᠲᠠ ᠶᠢᠨ ᠤᠰᠤ ᠬᠡᠷᠡᠭᠯᠡᠬᠦ ᠡᠷᠦᠭᠡ ᠵᠡᠷᠭᠡ ᠤᠰᠤ ᠬᠡᠷᠡᠭᠯᠡᠬᠦ ᠡᠷᠬᠡ ᠶᠢ ᠲᠣᠳᠣᠷᠬᠠᠢ ᠪᠤᠯᠭᠠᠵᠤ᠂ ᠤᠰᠤ ᠬᠡᠷᠡᠭᠯᠡᠬᠦ ᠡᠷᠬᠡ ᠶᠢᠨ ᠠᠷᠠᠯᠵᠢᠶᠠᠨ ᠤ ᠲᠣᠭᠲᠠᠴᠠ ᠶᠢ ᠲᠡᠭᠦᠯᠳᠡᠷᠵᠢᠭᠦᠯᠦᠨ᠂ ᠠᠷᠠᠯᠵᠢᠶᠠᠨ ᠤ ᠬᠢᠨᠠᠯᠲᠠ ᠬᠠᠮᠢᠶᠠᠷᠤᠯᠲᠠ  ᠶᠢ ᠴᠢᠩᠭᠠᠳᠬᠠᠵᠤ᠂ ᠤᠰᠤ ᠬᠡᠷᠡᠭᠯᠡᠬᠦ ᠡᠷᠬᠡ ᠶᠢᠨ ᠠᠷᠠᠯᠵᠢᠶᠠᠨ ᠤ ᠬᠥᠭᠵᠢᠶᠡᠨ ᠲᠠᠢ ᠵᠠᠬ᠎ᠠ ᠳᠡᠯᠭᠡᠭᠦᠷ ᠢ ᠪᠠᠶᠢᠭᠤᠯᠤᠨ᠂ ᠣᠯᠠᠨ ᠲᠥᠷᠥᠯ ᠭᠡᠯᠪᠡᠷᠢ ᠶᠢᠨ ᠤᠰᠤ ᠬᠡᠷᠡᠭᠯᠡᠬᠦ ᠡᠷᠬᠡ ᠶᠢᠨ ᠠᠷᠠᠯᠵᠢᠶᠠᠨ ᠤ ᠵᠠᠭᠪᠤᠷ ᠢ ᠰᠦᠪᠡᠭᠴᠢᠯᠡᠨ ᠪᠦᠷᠢᠯᠳᠦᠭᠦᠯᠦᠨ᠎ᠡ;2035 ᠣᠨ ᠪᠤᠯᠲᠠᠯ᠎ᠠ ᠬᠠᠷᠢᠶᠠᠯᠠᠯ ᠲᠣᠳᠣᠷᠬᠠᠢ᠂ ᠡᠷᠬᠡ ᠬᠠᠷᠢᠭᠤᠴᠠᠯᠭ᠎ᠠ ᠲᠣᠳᠣᠷᠬᠠᠢ᠂ ᠡᠷᠭᠢᠯᠲᠡ ᠰᠢᠯᠤᠭᠤᠨ᠂ ᠬᠢᠨᠠᠯᠲᠠ ᠬᠠᠮᠢᠶᠠᠷᠤᠯᠲᠠ ᠪᠦᠲᠦᠮᠵᠢᠲᠡᠶ  ᠤᠰᠤ ᠬᠡᠷᠡᠭᠯᠡᠬᠦ ᠡᠷᠬᠡ ᠶᠢᠨ ᠳᠦᠷᠢᠮ ᠤᠨ ᠰᠢᠰᠲ᠋ᠧᠮ ᠢ ᠪᠦᠭᠦ ᠲᠠᠯ᠎ᠠ ᠪᠠᠷ ᠪᠠᠶᠢᠭᠤᠯᠵᠤ᠂ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢᠨ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠪᠠ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠦᠢᠯᠡᠳᠦᠯ ᠢ ᠪᠦᠭᠦ ᠲᠠᠯ᠎ᠠ ᠪᠠᠷ ᠪᠠᠳᠠᠷᠠᠭᠤᠯᠤᠨ᠎ᠠ ᠭᠡᠵᠦ ᠳᠤᠷᠠᠳᠴᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号