ᠮᠠᠨ ᠤ ᠣᠷᠣᠨ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ ᠲᠤᠬᠠᠢ ᠰᠢᠨ᠎ᠡ ᠲᠣᠭᠲᠠᠭᠠᠯ ᠭᠠᠷᠭᠠᠵᠠᠢ
ᠨᠡᠶᠢᠲᠡᠯᠡᠭᠰᠡᠨ ᠴᠠᠭ᠄
2024/12/27
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ ᠠᠷᠭ᠎ᠠ︾ ᠶᠢᠨ ᠲᠦᠷᠦ ᠶᠢᠨ ᠪᠣᠳᠣᠯᠭ᠎ᠠ ᠶᠢᠨ ᠲᠤᠬᠠᠢ ᠵᠤᠷᠰᠢᠯ ᠤᠨ ᠪᠠᠶᠢᠳᠠᠯ ᠢ ᠮᠡᠳᠡᠭᠳᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠤᠷᠢᠵᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ ᠠᠷᠭ᠎ᠠ︾ ︵ᠳᠣᠷᠣᠭᠰᠢ ︽ᠠᠷᠭ᠎ᠠ︾ ᠭᠡᠵᠦ ᠳᠥᠭᠦᠮᠴᠢᠯᠡᠨ᠎ᠡ︶   ᠶᠢᠨ ᠲᠤᠬᠠᠢ ᠲᠠᠶᠢᠯᠤᠮᠵᠢ ᠬᠢᠯᠭᠡᠪᠡ᠃      ᠲᠤᠰ ︽ᠠᠷᠭ᠎ᠠ︾ ᠶᠢ  ᠡᠨᠡ ᠵᠢᠯ ᠤᠨ 12 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠪᠡ᠃ ︽ᠠᠷᠭ᠎ᠠ︾ ᠳᠤ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ  ᠶᠢᠨ ᠲᠥᠯᠦᠪᠵᠢᠭᠦᠯᠭᠡ ᠬᠢᠭᠡᠳ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠬᠤᠰᠢᠭᠤ ᠰᠢᠶᠠᠨ  ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠢᠨ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ ᠲᠥᠯᠦᠪᠵᠢᠭᠦᠯᠭᠡ ᠶᠢ ᠦᠨᠳᠦᠰᠦᠯᠡᠨ᠂ ᠬᠤᠭᠤᠯᠠᠢ ᠶᠢᠨ ᠲᠣᠣᠷ᠂ ᠬᠥᠭᠡᠷᠭᠡ ᠶᠢᠨ ᠥᠷᠲᠡᠭᠡ᠂ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠵᠢᠴᠢ ᠪᠣᠬᠢᠷ ᠰᠢᠪᠠᠷ ᠢ ᠰᠢᠢᠳᠪᠦᠷᠢᠯᠡᠬᠦ᠂ ᠳᠠᠬᠢᠯᠲᠠ ᠤᠰᠤ ᠶᠢ ᠠᠰᠢᠭᠯᠠᠬᠤ᠂ ᠪᠣᠷᠣᠭᠠᠨ ᠤ ᠤᠰᠤ ᠶᠢ ᠲᠣᠬᠢᠷᠠᠭᠤᠯᠤᠨ ᠬᠠᠳᠠᠭᠠᠯᠠᠬᠤ ᠪᠠ ᠲᠠᠲᠠᠷᠠᠭᠤᠯᠬᠤ ᠵᠡᠷᠭᠡ ᠤᠰᠤ ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠪᠠ ᠥᠭᠡᠷᠡᠴᠢᠯᠡᠨ ᠰᠢᠨᠡᠳᠬᠡᠬᠦ ᠵᠡᠷᠭᠡ ᠶᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠬᠡᠷᠡᠭᠲᠡᠢ᠃ ᠤᠰᠤ ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠵᠦ ᠪᠣᠬᠢᠷᠳᠤᠯ ᠢ ᠪᠠᠭᠠᠰᠬᠠᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠶᠢ ᠠᠬᠢᠭᠤᠯᠬᠤ ᠬᠡᠷᠡᠭᠲᠡᠢ᠃ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢ ᠵᠣᠷᠢᠭᠵᠢᠭᠤᠯᠵᠤ᠂ ᠦᠷ᠎ᠡ ᠪᠦᠲᠦᠮᠵᠢ ᠶᠢ ᠦᠨᠳᠦᠰᠦᠯᠡᠨ ᠰᠦᠢᠳᠬᠡᠯ ᠲᠤᠰᠢᠶᠠᠬᠤ ᠲᠣᠭᠲᠠᠴᠠ ᠪᠠᠶᠢᠭᠤᠯᠬᠤ ᠶᠢ ᠠᠬᠢᠭᠤᠯᠵᠤ᠂ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠭᠦ ᠬᠡᠷᠡᠭᠲᠡᠢ᠃ ᠤᠰᠤ ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠰᠢᠨ᠎ᠡ ᠪᠠᠷ ᠪᠠᠶᠢᠭᠤᠯᠤᠭᠰᠠᠨ ᠤᠰᠤ ᠲᠠᠲᠠᠷᠠᠭᠤᠯᠬᠤ ᠬᠤᠭᠤᠯᠠᠢ ᠶᠢᠨ ᠲᠣᠣᠷ ᠤᠨ ᠶᠠᠰᠤ ᠴᠢᠨᠠᠷ ᠢ ᠪᠠᠶᠢᠴᠠᠭᠠᠨ ᠬᠡᠮᠵᠢᠬᠦ ᠪᠠ ᠨᠢᠭᠡᠨᠲᠡ ᠪᠠᠶᠢᠭ᠎ᠠ ᠤᠰᠤ ᠲᠠᠲᠠᠷᠠᠭᠤᠯᠬᠤ ᠬᠤᠭᠤᠯᠠᠢ ᠶᠢᠨ ᠲᠣᠣᠷ ᠤᠨ ᠣᠳᠣᠬᠢ ᠪᠠᠶᠢᠳᠠᠯ ᠢ ᠦᠨᠡᠯᠡᠨ ᠵᠢᠱᠢᠬᠦ ᠶᠢ ᠲᠣᠭᠲᠠᠮᠠᠯ ᠬᠤᠭᠤᠴᠠᠭ᠎ᠠ  ᠲᠠᠢ ᠪᠠᠷ ᠥᠷᠨᠢᠭᠦᠯᠵᠦ᠂ ᠬᠠᠭᠤᠴᠢᠷᠠᠨ ᠡᠪᠳᠡᠷᠡᠵᠦ ᠡᠯᠡᠭᠳᠡᠭᠰᠡᠨ ᠵᠡᠷᠭᠡ ᠠᠰᠠᠭᠤᠳᠠᠯ ᠲᠠᠢ ᠬᠤᠭᠤᠯᠠᠢ ᠶᠢᠨ ᠲᠣᠣᠷ ᠢ ᠥᠭᠡᠷᠡᠴᠢᠯᠡᠨ ᠰᠢᠨᠡᠳᠬᠡᠬᠦ ᠶᠢ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠤᠶᠤ ᠥᠭᠡᠷᠡᠴᠢᠯᠡᠨ ᠰᠢᠨᠡᠳᠬᠡᠬᠦ ᠲᠥᠯᠥᠪᠯᠡᠭᠡ ᠵᠡᠷᠭᠡ ᠳᠤ ᠣᠷᠣᠭᠤᠯᠬᠤ ᠬᠡᠷᠡᠭᠲᠡᠢ ᠭᠡᠵᠦ ᠳᠤᠷᠠᠳᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号